2025-01-14 10:39:04
1 ᠰᠠᠷ᠎ᠠ᠎ᠶᠢᠨ 13 ᠤ᠋ ᠦᠳᠡ᠎ᠶᠢᠨ ᠡᠮᠦᠨᠡᠬᠢ 8 ᠴᠠᠭ᠎ᠲᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ ᠡᠬᠢᠯᠡᠬᠦ᠎ᠡᠴᠡ ᠡᠮᠦᠨ᠎ᠡ᠂ ᠠᠩᠬᠠᠨ᠎ᠤ ᠲᠠᠯᠠᠪᠠᠢ 《ᠭᠡᠰᠢᠭᠦᠳ᠎ᠦᠨ ᠰᠤᠷᠪᠤᠯᠵᠢᠯᠠᠭ᠎ᠠ ᠬᠦᠯᠢᠶᠡᠬᠦ ᠵᠠᠮ》 ᠢ᠋ ᠲᠣᠭᠲᠠᠭᠰᠠᠨ ᠴᠠᠭ᠎ᠲᠠᠭᠠᠨ ᠨᠡᠭᠡᠭᠡᠪᠡ᠃ ᠤᠯᠤᠰ ᠲᠥᠷᠥ᠎ᠶᠢᠨ ᠵᠥᠪᠯᠡᠯᠭᠡᠨ᠎ᠦ ᠠᠳᠠᠯᠢ ᠪᠤᠰᠤ ᠡᠲᠡᠭᠡᠳ ᠢᠯᠭᠠᠯ ᠤ᠋ᠨ 4 ᠭᠡᠰᠢᠭᠦᠨ ᠵᠠᠭᠤᠴᠢᠯᠠᠭᠤᠷ᠎ᠤᠨ ᠰᠤᠷᠪᠤᠯᠵᠢᠯᠠᠭ᠍ᠴᠢ᠎ᠲᠠᠢ ᠨᠢᠭᠤᠷᠳᠠᠨ ᠠᠭᠤᠯᠵᠠᠵᠤ᠂ ᠥᠪᠥᠷ ᠮᠣᠩᠭᠣᠯ ᠪᠣᠯᠣᠨ ᠣᠣᠮᠧᠨ᠎ᠦ ᠠᠵᠤ ᠠᠬᠤᠢ ᠠᠷᠠᠯᠵᠢᠶ᠎ᠠ ᠵᠡᠷᠭᠡ ᠲᠠᠯ᠎ᠠ᠎ᠶᠢᠨ ᠬᠠᠮᠲᠤᠷᠠᠯᠴᠠᠭ᠎ᠠ᠎ᠶᠢ ᠴᠢᠩᠭᠠᠳᠬᠠᠬᠤ᠂ ᠮᠠᠯ ᠠᠵᠤ ᠠᠬᠤᠢ ᠲᠠᠷᠢᠶᠠᠯᠠᠩ ᠤ᠋ᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠬᠤ᠂ ᠪᠠᠷᠢᠯᠭ᠎ᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠵᠡᠷᠭᠡ ᠰᠡᠳᠦᠪ᠎ᠦᠨ ᠲᠤᠬᠠᠢ ᠬᠥᠭᠵᠢᠯᠲᠡ᠎ᠶᠢ ᠶᠠᠷᠢᠯᠴᠠᠵᠤ᠂ ᠰᠠᠨᠠᠭᠤᠯᠭ᠎ᠠ ᠳᠤᠷᠠᠳᠴᠤ᠂ ᠰᠠᠢᠨ ᠠᠷᠭ᠎ᠠ ᠪᠣᠳᠣᠯᠭ᠎ᠠ ᠳᠡᠪᠰᠢᠭᠦᠯᠪᠡ᠃
ᠣᠣᠮᠧᠨ ᠣᠷᠣᠨ ᠡᠴᠡ ᠢᠷᠡᠭᠰᠡᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠪᠠᠢᠩᠭᠤ᠎ᠶᠢᠨ ᠭᠡᠰᠢᠭᠦᠨ᠂ ᠣᠣᠮᠧᠨ᠎ᠦ ᠢᠦᠶ ᠳ᠋ᠦ᠋ᠸᠸ ᠯᠢ ᠣᠯᠠᠨ ᠤᠯᠤᠰ᠎ᠤᠨ ᠪᠠᠷᠠᠭᠠᠨ᠎ᠤ ᠭᠦᠢᠯᠭᠡᠭᠡ ᠵᠢᠨ ᠪᠦᠯᠦᠭᠯᠡᠯ᠎ᠦᠨ ᠶᠡᠷᠦᠩᠬᠡᠢ ᠵᠠᠬᠢᠷᠤᠭ᠍ᠴᠢ ᠯᠢ ᠭᠦᠸᠧ ᠬᠣᠶ ᠡᠩ ᠲᠡᠷᠢᠭᠦᠨ᠎ᠳᠦ ᠰᠤᠷᠪᠤᠯᠵᠢᠯᠠᠭ᠎ᠠ ᠬᠦᠯᠢᠶᠡᠬᠦ ᠵᠠᠮ ᠵᠢᠡᠷ ᠤᠷᠤᠵᠤ ᠢᠷᠡᠪᠡ᠃ ᠲᠡᠷᠡ᠄ 《ᠣᠣᠮᠧᠨ ᠣᠷᠣᠨ ᠡᠴᠡ ᠢᠷᠡᠭᠰᠡᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠪᠣᠯᠤᠭᠰᠠᠨ᠎ᠤ ᠬᠤᠪᠢ᠎ᠳᠤ᠂ ᠪᠢ ᠥᠪᠥᠷ ᠮᠣᠩᠭᠣᠯ ᠪᠣᠯᠣᠨ ᠣᠣᠮᠧᠨ᠎ᠦ ᠬᠣᠭᠣᠷᠣᠨᠳᠣᠬᠢ ᠠᠵᠤ ᠠᠬᠤᠢ ᠠᠷᠠᠯᠵᠢᠶᠠᠨ᠎ᠤ ᠬᠠᠷᠢᠯᠴᠠᠭ᠎ᠠ᠂ ᠵᠢᠭᠤᠯᠴᠢᠯᠠᠯ᠎ᠤᠨ ᠬᠠᠷᠢᠯᠴᠠᠭ᠎ᠠ᠂ ᠰᠣᠶᠣᠯ᠎ᠤᠨ ᠬᠠᠷᠢᠯᠴᠠᠭ᠎ᠠ ᠵᠢ ᠳᠡᠯᠭᠡᠷᠡᠭᠦᠯᠬᠦ᠎ᠶᠢ ᠲᠠᠢ᠍ᠢᠴᠢᠯᠠᠨᠠ᠃ ᠥᠪᠥᠷ ᠮᠣᠩᠭᠣᠯ ᠪᠣᠯᠣᠨ ᠳᠡᠯᠡᠬᠡᠢ᠎ᠶᠢᠨ ᠡᠯ᠎ᠡ ᠭᠠᠵᠠᠷ᠎ᠤᠨ ᠬᠠᠷᠢᠯᠴᠠᠭ᠎ᠠ᠎ᠶᠢ ᠴᠢᠩᠭᠠᠳᠬᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠦᠢᠯᠡᠳᠬᠦᠨ᠎ᠢ ᠣᠣᠮᠧᠨ᠎ᠦ ᠲᠠᠪᠴᠠᠩ ᠪᠣᠯᠣᠨ ᠬᠥᠭᠥᠷᠭᠡ ᠵᠢ ᠠᠰᠢᠭᠯᠠᠨ ᠡᠯ᠎ᠡ ᠭᠠᠵᠠᠷ᠎ᠲᠤ ᠳᠡᠯᠭᠡᠷᠡᠭᠦᠯᠦᠨ᠎ᠠ᠃ ᠡᠭᠦᠨ᠎ᠦ ᠬᠠᠮᠲᠤ᠂ ᠥᠪᠥᠷ ᠮᠣᠩᠭᠣᠯ ᠪᠣᠯᠣᠨ ᠣᠣᠮᠧᠨ᠎ᠦ ᠵᠢᠭᠤᠯᠴᠢᠯᠠᠯ᠂ ᠬᠤᠷᠠᠯ ᠦᠵᠡᠰᠬᠦᠯᠡᠩ᠂ ᠮᠥᠩᠭᠥᠨ ᠭᠦᠢᠯᠭᠡᠭᠡᠨ ᠵᠡᠷᠭᠡ ᠬᠦᠷᠢᠶᠡᠨ᠎ᠳᠡᠬᠢ ᠭᠦᠨᠵᠡᠭᠡᠢ ᠬᠠᠮᠲᠤᠷᠠᠯᠴᠠᠭ᠎ᠠ᠎ᠶᠢ ᠠᠬᠢᠭᠤᠯᠵᠤ᠂ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ᠂ ᠳᠠᠪᠠᠭᠤᠯᠢᠭ᠋᠎ᠢᠶᠠᠨ ᠬᠠᠷᠢᠯᠴᠠᠨ ᠨᠥᠬᠥᠪᠦᠷᠢᠯᠡᠬᠦ᠎ᠶᠢ ᠪᠡᠶᠡᠯᠡᠭᠦᠯᠵᠦ᠂ ᠥᠪᠥᠷ ᠮᠣᠩᠭᠣᠯ ᠢ᠋ ᠭᠤᠸᠠᠩᠳᠦ᠋ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ᠎ᠤ ᠣᠷᠣᠨ ᠪᠦᠰᠡ᠎ᠶᠢᠨ ᠬᠠᠮᠵᠢᠯᠴᠠᠨ ᠬᠥᠭᠵᠢᠬᠦ ᠪᠠᠢᠯᠳᠤᠬᠤ ᠪᠣᠳᠣᠯᠭ᠎ᠠ᠎ᠳᠤ ᠢᠳᠡᠪᠬᠢᠲᠡᠢ ᠠᠭᠤᠰᠤᠯᠴᠠᠭᠤᠯᠬᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠣᠷᠴᠢᠯ᠎ᠤᠨ ᠬᠥᠭᠵᠢᠯᠲᠡ᠎ᠶᠢᠨ ᠪᠠᠢᠷᠢᠰᠢᠯ᠎ᠢ ᠲᠦᠷᠭᠡᠨ ᠪᠠᠶ᠋ᠢᠭᠤᠯᠬᠤ᠎ᠳᠤ ᠬᠤᠪᠢ ᠨᠡᠮᠡᠷᠢ ᠦᠵᠡᠭᠦᠯᠦᠨ᠎ᠡ》 ᠭᠡᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠰᠢᠭᠤᠨ᠎ᠤ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠠᠨ ᠴᠢᠩ ᠮᠧᠶ ᠣᠯᠠᠨ᠎ᠳᠤ ᠣᠲᠣ᠌ ᠦᠶ᠎ᠡ᠎ᠶᠢᠨ ᠮᠠᠯ ᠠᠵᠤ ᠠᠬᠤᠢ᠎ᠶᠢᠨ ᠬᠥᠭᠵᠢᠯᠲᠡ᠎ᠶᠢᠨ ᠢᠷᠡᠭᠡᠳᠦᠢ᠎ᠶᠢ ᠲᠠᠨᠢᠯᠴᠠᠭᠤᠯᠪᠠ᠃ ᠲᠡᠷᠡ᠄ 《ᠣᠲᠣ᠌ ᠦᠶ᠎ᠡ᠎ᠶᠢᠨ ᠮᠠᠯ ᠠᠵᠤ ᠠᠬᠤᠢ ᠪᠣᠯ ᠣᠲᠣ᠌ ᠦᠶ᠎ᠡ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠠ ᠬᠠᠮᠢᠶᠠᠷᠤᠯᠲᠠ᠎ᠶᠢᠨ ᠣᠢᠯᠠᠭᠠᠭᠳᠠᠬᠤᠨ᠎ᠢ ᠬᠡᠷᠡᠭᠯᠡᠨ᠂ ᠥᠨᠳᠥᠷ ᠦᠷ᠎ᠡ ᠪᠦᠲᠦᠮᠵᠢᠲᠡᠶ᠂ ᠴᠢᠨᠠᠷ ᠰᠠᠢᠲᠠᠢ᠂ ᠥᠨᠳᠥᠷ ᠦᠷ᠎ᠡ ᠠᠰᠢᠭ᠋᠎ᠲᠠᠢ ᠪᠠ ᠦᠷᠭᠦᠯᠵᠢᠯᠡᠬᠦ ᠬᠥᠭᠵᠢᠯᠲᠡ᠎ᠪᠡᠷ ᠬᠠᠷᠠᠯᠲᠠ ᠪᠣᠯᠭᠠᠭᠰᠠᠨ ᠮᠠᠯ ᠠᠵᠤ ᠠᠬᠤᠢ ᠪᠣᠯᠣᠨ᠎ᠠ; ᠮᠠᠯᠴᠢᠳ᠎ᠢ ᠬᠥᠲᠥᠯᠥᠨ ᠵᠢᠯᠤᠭᠣᠳᠴᠤ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠤᠢᠯᠠᠭᠠᠭᠳᠠᠬᠤᠨ᠎ᠢ ᠪᠣᠶ ᠪᠣᠯᠭᠠᠵᠤ᠂ ᠨᠤᠲᠤᠭ ᠪᠡᠯᠴᠢᠭᠡᠷ᠎ᠢ ᠬᠠᠮᠠᠭᠠᠯᠠᠬᠤ ᠪᠠ ᠠᠮᠢ ᠠᠬᠤᠢ᠎ᠶᠢ ᠵᠠᠰᠠᠨ ᠰᠡᠷᠭᠦᠭᠡᠬᠦ᠎ᠳᠤ ᠢᠳᠡᠪᠬᠢᠲᠡᠢ ᠣᠷᠣᠯᠴᠠᠬᠤ ᠰᠢᠨ᠎ᠠ ᠬᠡᠯᠪᠡᠷᠢ ᠵᠢᠨ ᠡᠵᠡᠩᠨᠡᠯᠳᠡ ᠵᠢᠨ ᠬᠡᠯᠪᠡᠷᠢ ᠪᠤᠯᠤᠨ᠎ᠠ; ᠰᠢᠨ᠎ᠡ ᠬᠡᠯᠪᠡᠷᠢ ᠵᠢᠨ ᠮᠠᠯᠴᠢᠨ ᠪᠣᠯᠣᠨ ᠰᠢᠨ᠎ᠡ ᠪᠡᠷ ᠮᠠᠨᠳᠤᠭᠰᠠᠨ ᠡᠵᠡᠩᠨᠡᠯᠲᠡ᠎ᠶᠢᠨ ᠬᠡᠯᠪᠡᠷᠢ ᠵᠢ ᠢᠳᠡᠪᠬᠢᠲᠡᠢ ᠪᠣᠢᠵᠢᠭᠤᠯᠵᠤ᠂ ᠬᠡᠳᠦᠷᠡᠳᠡᠯ᠎ᠠ ᠮᠠᠯᠵᠢᠬᠤ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠨ᠂ ᠮᠠᠯ᠎ᠤᠨ ᠠᠰᠢᠭ ᠰᠢᠮ᠎ᠠ᠎ᠶᠢ ᠨᠡᠮᠡᠭᠳᠡᠭᠦᠯᠦᠨ ᠮᠠᠯᠴᠢᠳ᠎ᠤᠨ ᠣᠷᠣᠯᠭ᠎ᠠ ᠵᠢ ᠨᠡᠮᠡᠭᠳᠡᠭᠦᠯᠬᠦ ᠮᠠᠯ ᠠᠵᠤ ᠠᠬᠤᠢ ᠪᠣᠯᠣᠨ᠎ᠠ; ᠮᠠᠯᠵᠢᠬᠤ ᠣᠷᠣᠨ᠎ᠤ ᠬᠡᠯᠪᠡᠷᠢ᠎ᠶᠢ ᠭᠦᠨᠵᠡᠭᠡᠢ ᠬᠤᠪᠢᠷᠠᠭᠤᠯᠵᠤ᠂ ᠪᠥᠬᠥ ᠠᠵᠤ ᠦᠢᠯᠡᠰ᠎ᠦᠨ ᠬᠡᠯᠬᠢᠶ᠎ᠡ᠎ᠶᠢ ᠪᠣᠶ ᠪᠣᠯᠭᠠᠵᠤ᠂ ᠤᠯᠠᠷᠢᠯ᠎ᠤᠨ ᠬᠢᠵᠠᠭᠠᠷᠯᠠᠯ᠎ᠢ ᠡᠪᠳᠡᠵᠦ᠂ ᠳᠥᠷᠪᠡᠨ ᠤᠯᠠᠷᠢᠯ᠎ᠳᠤ ᠬᠥᠭᠵᠢᠨ ᠮᠠᠨᠳᠤᠬᠤ ᠮᠠᠯ ᠠᠵᠤ ᠠᠬᠤᠢ ᠪᠣᠯᠣᠨ᠎ᠠ》 ᠭᠡᠪᠡ᠃
《ᠣᠯᠠᠨ ᠵᠢᠯ᠎ᠦᠨ ᠲᠤᠷᠰᠢ᠂ ᠴᠠᠭ ᠠᠭᠤᠷ᠎ᠤᠨ ᠰᠠᠯᠠᠭ᠎ᠠ ᠮᠥᠴᠢᠷ ᠠᠳᠠᠯᠢ ᠪᠤᠰᠤ ᠠᠮᠢ ᠠᠬᠤᠶ᠎ᠶ᠋ᠢᠨ ᠱᠢᠰᠲ᠋ᠧᠮ᠎ᠳᠦ ᠴᠢᠭ᠌ᠯᠡᠭᠦᠯᠦᠨ᠂ 〈ᠤᠷᠤᠨ ᠵᠠᠢ — ᠠᠭᠠᠷ ᠮᠠᠨᠳᠠᠯ — ᠭᠠᠵᠠᠷ ᠤ᠋ᠨ ᠭᠠᠳᠠᠷᠭᠤ〉 ᠵᠢ ᠨᠢᠭᠡ ᠴᠤᠭ᠍ᠴᠠᠵᠢᠭᠤᠯᠤᠨ ᠬᠢᠨᠠᠨ ᠬᠡᠮᠵᠢᠵᠦ᠍ ᠦᠨᠡᠯᠡᠨ ᠵᠢᠱ᠌ᠢᠬᠦ᠌ ᠠᠵᠢᠯ᠎ᠢ ᠥᠷᠨᠢᠭᠦᠯᠵᠦ᠍᠂ ᠵᠠᠰᠠᠭ᠎ᠤᠨ ᠣᠷᠳᠣᠨ᠎ᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠎ᠳᠤ ᠠᠮᠢ ᠠᠬᠤᠶ᠎ᠶ᠋ᠢᠨ ᠪᠣᠯᠪᠠᠰᠤᠨ᠎ᠤ ᠴᠠᠭ ᠠᠭᠤᠷ᠎ᠤᠨ ᠪᠠᠲᠤᠯᠠᠭ᠎ᠠ᠎ᠶ᠋ᠢᠨ ᠦᠶ᠋ᠯᠡᠴᠢᠯᠡᠭᠡ ᠵᠢ ᠴᠠᠭ ᠲᠤᠬᠠᠶ᠎ᠳᠤᠨᠢ ᠮᠦᠷᠳᠡᠭᠡᠨ ᠣᠷᠳᠣ ᠬᠤᠭᠤᠴᠠᠭᠠᠬᠠᠩᠭᠠᠪᠠ》᠃ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ᠎ᠶᠢᠨ ᠥᠪᠥᠷ ᠮᠣᠩᠭᠣᠯ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ ᠳᠤᠮᠳᠠ ᠶᠠᠮᠠᠷ ᠶᠠᠮᠠᠷ ᠦᠢᠯᠡᠳᠦᠯ ᠦᠵᠡᠭᠦᠯᠦᠭ᠌ᠰᠡᠨ ᠪᠣᠶ ᠭᠡᠰᠡᠨ ᠠᠰᠠᠭᠤᠯᠳᠠ᠎ᠶᠢ ᠬᠠᠷᠢᠭᠤᠯᠬᠤ᠎ᠳᠠᠭᠠᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠬᠢᠭᠡᠳ ᠲᠠᠷᠢᠶᠠᠯᠠᠩ᠎ᠤᠨ ᠴᠠᠭ ᠠᠭᠤᠷ᠎ᠤᠨ ᠲᠥᠪ᠎ᠦᠨ ᠳᠡᠭᠡᠳᠦ ᠵᠡᠷᠭᠡ᠎ᠶ᠋ᠢᠨ ᠢᠨᠵᠧᠨᠧᠷ ᠨᠠᠷᠠᠰᠤ᠄ 《20 ᠭᠠᠷᠤᠶ ᠵᠢᠯ᠎ᠦᠨ ᠲᠤᠷᠰᠢ᠂ ᠴᠠᠭ ᠠᠭᠤᠷ᠎ᠤᠨ ᠰᠠᠯᠠᠭ᠎ᠠ ᠮᠥᠴᠢᠷ᠎ᠡᠴᠡ ᠬᠥᠯᠥᠨ ᠨᠠᠭᠤᠷ᠎ᠤᠨ ᠠᠮᠢ ᠠᠬᠤᠶ ᠣᠷᠴᠢᠨ ᠲᠣᠭᠣᠷᠢᠨ᠎ᠳᠤ ᠦᠷᠭᠦᠯᠵᠢᠯᠡᠨ ᠴᠠᠭ ᠠᠭᠤᠷ᠎ᠤᠨ ᠬᠢᠨᠠᠨ ᠬᠡᠮᠵᠢᠯᠲᠡ ᠬᠢᠵᠦ᠍᠂ ᠨᠠᠭᠤᠷ ᠪᠦᠷᠢᠳᠦ ᠨᠤᠭᠤ ᠭᠠᠵᠠᠷ᠎ᠤᠨ ᠵᠠᠰᠠᠯᠲᠠ᠎ᠳᠤ ᠶᠡᠬᠡ ᠬᠡᠮᠵᠢᠶᠡᠨ᠎ᠦ ᠲᠣᠭ᠎ᠠ ᠪᠠᠷᠢᠮᠲᠠ ᠬᠠᠩᠭᠠᠪᠠ᠂ ᠡᠨᠡ ᠪᠣᠯ ᠥᠪᠥᠷ ᠮᠣᠩᠭᠣᠯ᠎ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ ᠪᠠᠢᠭᠠᠠᠮᠢᠳᠤᠯᠢᠭ ᠬᠤᠷᠢᠶᠠᠩᠭᠤᠶ ᠳᠦᠷᠰᠦ ᠪᠣᠯᠤᠨ᠎ᠠ᠃ ᠴᠠᠭ ᠠᠭᠤᠷ᠎ᠤᠨ ᠰᠠᠯᠠᠭ᠎ᠠ ᠮᠥᠴᠢᠷ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠲᠡᠶ ᠪᠠᠢᠩᠭᠤ ᠬᠠᠷᠢᠯᠴᠠᠬᠤ ᠨᠡᠩ ᠪᠦᠷᠢᠨ ᠲᠡᠭᠦᠯᠳᠡᠷ᠂ ᠰᠠᠭᠠᠳ ᠦᠭᠡᠢ ᠨᠡᠪᠲᠡᠷᠡᠬᠦ᠌ ᠲᠣᠭ᠍ᠲᠠᠴᠠ᠎ᠶ᠋ᠢ ᠪᠠᠢᠭᠤᠯᠵᠤ᠂ ᠡᠭᠦᠨ᠎ᠦ ᠤᠯᠠᠮ᠎ᠢᠶᠠᠷ ᠪᠦᠬᠦ᠌ ᠤᠯᠤᠰ᠎ᠤᠨ ᠴᠠᠭ ᠠᠭᠤᠷ᠎ᠤᠨ ᠠᠵᠢᠯᠲᠠᠨ᠎ᠤ ᠤᠶᠤᠨ ᠤᠬᠠᠭᠠᠨ ᠪᠠ ᠬᠦᠴᠦᠨ ᠴᠢᠳᠠᠯ᠎ᠢ ᠨᠡᠩ ᠰᠠᠢᠲᠤᠷ ᠨᠢᠭ᠍ᠲᠠᠷᠠᠭᠤᠯᠪᠡᠯ ᠵᠤᠬᠢᠨ᠎ᠠ》 ᠭᠡᠵᠦ᠍ ᠬᠡᠯᠡᠪᠡ᠃
ᠪᠠᠷᠢᠯᠭ᠎ᠠ᠎ᠶ᠋ᠢᠨ ᠦᠢᠯᠡᠰ ᠪᠣᠯ ᠤᠯᠤᠰ᠎ᠤᠨ ᠠᠵᠤ ᠠᠬᠤᠶ ᠠᠷᠠᠳ᠎ᠤᠨ ᠠᠮᠢᠳᠤᠷᠠᠯ᠎ᠳᠤ ᠬᠣᠯᠪᠣᠭ᠍ᠳᠠᠬᠤ ᠰᠠᠭᠤᠷᠢ ᠴᠢᠨᠠᠷᠲᠠᠶ ᠠᠵᠤ ᠦᠢᠯᠡᠰ ᠪᠣᠯᠤᠨ᠎ᠠ᠃ 《〈ᠠᠵᠤ ᠦᠶ᠋ᠯᠡᠳᠪᠦᠷᠢᠵᠢᠯᠲᠡ〉 ᠶ᠋ᠢᠨ ᠦᠶ᠋ᠯᠡᠳᠪᠦᠷᠢᠯᠡᠯ᠎ᠦᠨ ᠠᠷᠭ᠎ᠠ ᠬᠡᠯᠪᠡᠷᠢ᠎ᠪᠡᠷ ᠪᠠᠷᠢᠯᠭ᠎ᠠ᠎ᠶ᠋ᠢᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠵᠦ᠍᠂ 〈ᠲᠣᠭᠠᠴᠢᠯᠠᠯᠲᠠ〉 ᠶ᠋ᠢᠨ ᠮᠡᠷᠭᠡᠵᠢᠯ᠎ᠦᠨ ᠠᠷᠭ᠎ᠠ ᠪᠠᠷᠢᠯ᠎ᠢᠶᠠᠷ ᠪᠠᠷᠢᠯᠭ᠎ᠠ ᠵᠢᠨ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭ᠎ᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠬᠦᠯᠬᠦ᠎ᠶ᠋ᠢ ᠠᠬᠢᠭᠤᠯᠵᠤ᠂ 〈ᠪᠣᠬᠢᠷᠲᠤᠯ ᠥᠬᠡᠶ ᠪᠣᠯᠭᠠᠬᠤ〉 ᠪᠠᠷ ᠬᠠᠷᠠᠯᠲᠠ ᠪᠣᠯᠭᠠᠨ ᠠᠵᠤ ᠠᠬᠤᠢᠯᠠᠯ ᠪᠠ ᠨᠡᠢᠭᠡᠮ᠎ᠳᠦ 〈ᠪᠣᠬᠢᠷᠲᠤᠯ ᠥᠬᠡᠶ〉 ᠶ᠋ᠢᠨ ᠠᠱᠢᠭ ᠬᠦᠷᠲᠡᠭᠡᠵᠦ᠍᠂ ᠪᠠᠷᠢᠯᠭ᠎ᠠ᠎ᠶ᠋ᠢᠨ ᠦᠶ᠋ᠯᠡᠰ᠎ᠦᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠬᠦᠯᠬᠦ ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠨᠡ ᠬᠦ᠌ ᠭᠤᠤᠯ ᠱᠢᠵᠢᠮ᠎ᠢ ᠠᠳᠭᠤᠨ ᠲᠤᠭᠤᠰᠢᠯᠠᠭᠤᠯᠬᠤ ᠬᠡᠷᠡᠭ᠌ᠲᠡᠶ》᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠱᠢᠩ᠎ᠲᠠᠢ ᠪᠥᠲᠥᠭᠡᠨ ᠪᠠᠢᠭᠤᠯᠤᠯᠲᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠬᠠᠨ ᠫᠢᠩ ᠥᠪᠥᠷ ᠮᠣᠩᠭᠣᠯ᠎ᠤᠨ ᠪᠠᠷᠢᠯᠭ᠎ᠠ᠎ᠶ᠋ᠢᠨ ᠦᠶ᠋ᠯᠡᠰ᠎ᠦᠨ ᠦᠷᠭᠦᠯᠵᠢᠯᠡᠨ ᠬᠥᠭ᠌ᠵᠢᠬᠦ᠌᠎ᠳᠦ ᠰᠠᠢᠨ ᠠᠷᠭ᠎ᠠ ᠪᠣᠳᠣᠯᠭ᠎ᠠ ᠳᠡᠪᠱᠢᠭᠦᠯᠪᠡ᠃ 《ᠪᠢᠳᠡ ᠥᠩᠭᠡᠷᠡᠭ᠌ᠰᠡᠨ ᠲᠡᠶ᠎ᠪᠡᠨ ᠠᠳᠠᠯᠢ᠎ᠪᠠᠷ ᠪᠥᠬᠥ᠌ ᠣᠷᠣᠨ᠎ᠤ ᠪᠠᠷᠢᠯᠭ᠎ᠠ᠎ᠶ᠋ᠢᠨ ᠠᠵᠤ ᠠᠬᠤᠢᠯᠠᠯ᠎ᠲᠠᠶ ᠬᠠᠮᠲᠤ᠎ᠪᠠᠷ᠂ ᠮᠠᠨ᠎ᠤ ᠣᠷᠣᠨ᠎ᠤ ᠪᠠᠷᠢᠯᠭ᠎ᠠ᠎ᠶ᠋ᠢᠨ ᠦᠶ᠋ᠯᠡᠰ᠎ᠦᠨ ᠲᠤᠭ᠎ᠠ ᠪᠠ ᠴᠢᠨᠠᠷ᠎ᠤᠨ ᠬᠤᠤᠰ ᠳᠡᠭᠡᠭ᠌ᠰᠢᠯᠡᠯᠲᠡ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ᠋ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ 〈ᠵᠢᠷᠭᠤᠭᠠᠨ ᠢᠨᠵᠧᠨᠧᠷᠢᠩ〉 ᠢ᠋ ᠦᠷᠭᠦᠯᠵᠢᠯᠡᠨ ᠬᠡᠷᠡᠭ᠌ᠵᠢᠭᠦᠯᠵᠦ᠍᠂ 〈ᠵᠢᠷᠭᠤᠭᠠᠨ ᠠᠵᠢᠯᠯᠠᠭ᠎ᠠ〉 ᠶ᠋ᠢ ᠵᠣᠬᠢᠶᠠᠨ ᠪᠠᠢᠭᠤᠯᠤᠨ ᠥᠷᠨᠢᠭᠦᠯᠬᠦ ᠳ᠋ᠤ ᠬᠤᠪᠢ ᠨᠡᠮᠡᠷᠢ ᠦᠵᠡᠭᠦᠯᠵᠤ᠂ ᠬᠦᠴᠤᠨ ᠴᠢᠳᠠᠯ ᠵᠢᠡᠨ ᠡᠷᠬᠦᠨ᠎ᠠ》 ᠭᠡᠵᠦ᠍ ᠬᠠᠨ ᠫᠢᠩ ᠬᠡᠯᠡᠪᠡ᠃
ᠰᠠᠨᠠᠯ ᠰᠠᠨᠠᠭᠤᠯᠭ᠎ᠠ ᠪᠦᠷᠢ ᠨᠢ ᠴᠠᠭ ᠦᠶ᠎ᠡ᠎ᠶ᠋ᠢᠨ ᠬᠥᠭ᠌ᠵᠢᠯᠲᠡ᠎ᠲᠡᠶ ᠠᠢᠵᠠᠮ ᠨᠢᠭᠡᠳᠠᠢ᠂ ᠰᠠᠢᠨ ᠠᠷᠭ᠎ᠠ ᠪᠣᠳᠣᠯᠭ᠎ᠠ ᠪᠦᠷᠢ ᠨᠢ ᠨᠠᠮ ᠵᠠᠰᠠᠭ᠎ᠤᠨ ᠠᠵᠢᠯ᠎ᠲᠠᠶ ᠠᠯᠬᠤᠭ᠎ᠠ ᠨᠢᠭᠡᠳᠠᠢ᠂ ᠠᠷᠭ᠎ᠠ ᠬᠡᠮᠵᠢᠶ᠎ᠡ ᠪᠦᠷᠢ ᠨᠢ ᠠᠷᠠᠳ ᠲᠦᠮᠡᠨ᠎ᠦ ᠬᠡᠷᠡᠭ᠌ᠴᠡᠭᠡ᠎ᠲᠡᠶ ᠵᠡᠷᠭᠡ᠎ᠪᠡᠷ ᠶᠠᠪᠤᠭ᠍ᠳᠠᠵᠤ ᠪᠠᠢᠳᠠᠭ᠃ ᠱᠢᠨ᠎ᠡ ᠠᠶᠠᠨ᠂ ᠱᠢᠨ᠎ᠡ ᠡᠭᠦᠷᠭᠡ᠎ᠳᠦ ᠬᠠᠨᠳᠤᠵᠤ᠂ ᠢᠷᠡᠬᠦ᠌ ᠬᠡᠳᠦᠨ ᠡᠳᠦᠷ ᠭᠡᠱᠢᠭᠦᠳ ᠪᠠᠰᠠ ᠨᠡᠩ ᠤᠯᠠᠨ ᠰᠠᠢᠨ ᠰᠠᠨᠠᠯ ᠰᠠᠨᠠᠭᠤᠯᠭ᠎ᠠ ᠲᠠᠪᠰᠢᠭᠦᠯᠭᠦ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃