2025-01-15 10:09:53
— ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ
ᠤᠷᠤᠬᠰᠢᠯᠠᠯᠳᠠ ᠵᠢᠨ ᠵᠢᠷᠤᠭ ᠲᠥᠰᠦᠪ ᠨᠢᠭᠡᠨᠲᠡ ᠵᠢᠷᠤᠭ᠍ᠯᠠᠬᠳᠠᠪᠠ᠂ ᠭᠠᠪᠰᠢᠭᠠᠢᠯᠠᠨ ᠲᠡᠮᠡᠴᠡᠵᠤ ᠬᠦᠭᠵᠢᠯᠳᠠ ᠵᠢᠨ ᠰᠢᠨ᠎ᠠ ᠬᠠᠭᠤᠳᠠᠰᠤ ᠵᠢ ᠪᠢᠴᠢᠭᠯᠡᠨ᠎ᠠ᠃ ᠤᠢ᠍ᠢᠷ᠎ᠠ᠎ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠬᠤᠷᠠᠯᠳᠤᠭ᠍ᠰᠠᠨ ᠨᠢ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ᠃ ᠣᠯᠠᠨ᠎ᠢᠶᠠᠷ᠎ᠢᠶᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠠᠮᠵᠢᠯᠲᠠ ᠪᠦᠲᠦᠮᠵᠢ᠎ᠶ᠋ᠢ ᠨᠤᠲᠠᠯᠠᠵᠤ᠂ ᠬᠦᠷᠦᠯᠴᠡᠬᠦ᠌ ᠥᠬᠡᠶ ᠲᠠᠯ᠎ᠠ᠎ᠳᠤ ᠱᠢᠭᠤᠳ ᠬᠠᠨᠳᠤᠵᠤ᠂ ᠬᠠᠷᠠᠯᠲᠠ ᠲᠣᠳᠣᠷᠬᠠᠶ ᠪᠦᠬᠡᠤᠨ ᠭᠤᠤᠯᠳᠠᠯᠭ᠎ᠠ ᠲᠤᠪᠤᠢᠮ᠎ᠠ ᠪᠠᠢᠵᠤ᠂ ᠲᠠᠷᠠᠭᠠᠴᠢ᠎ᠶ᠋ᠢᠨ ᠠᠯᠬᠤᠮ᠎ᠤᠨ ᠠᠵᠢᠯ᠎ᠢ ᠰᠠᠢᠲᠤᠷ ᠬᠢᠬᠦ᠌᠎ᠳᠦ ᠴᠢᠭ᠌ᠯᠡᠯ᠎ᠢ ᠲᠣᠳᠣᠷᠬᠠᠶ ᠵᠢᠭᠠᠵᠤ᠂ ᠬᠦᠴᠦᠨ ᠴᠢᠳᠠᠯ᠎ᠢ ᠨᠢᠭ᠍ᠲᠠᠷᠠᠭᠤᠯᠪᠠ ᠭᠡᠵᠤ ᠦᠵᠡᠵᠡᠭᠡᠪᠡ᠃
ᠨᠢᠭᠡ ᠭᠤᠤᠯ ᠰᠢᠵᠢᠮ ᠲᠠᠢ ᠴᠢᠩᠭ᠎ᠠ ᠤᠶᠠᠯᠳᠤᠭᠤᠯᠵᠤ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠨ᠎ᠠ
《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠤ᠋ᠨ ᠤᠯᠤᠰ ᠲᠥᠷᠥ᠎ᠶ᠋ᠢᠨ ᠵᠣᠭ᠍ᠰᠣᠴᠠ ᠥᠨᠳᠥᠷ᠂ ᠠᠵᠢᠯ᠎ᠤᠨ ᠰᠡᠳᠭᠢᠮᠵᠢ ᠲᠣᠳᠣᠷᠬᠠᠶ᠂ ᠪᠥᠬᠥ᠌ ᠲᠠᠯ᠎ᠠ᠎ᠶ᠋ᠢ ᠪᠣᠳᠣᠯᠬᠢᠯᠠᠭ᠍ᠰᠠᠨ ᠮᠥᠷᠲᠡᠭᠡᠨ ᠪᠣᠳᠠᠲᠤ ᠪᠠᠢᠳᠠᠯ᠎ᠳᠤ ᠰᠠᠭᠤᠷᠢᠯᠠᠨ᠂ 2024 ᠣᠨ᠎ᠤ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠪᠥᠬᠥ᠌ ᠲᠠᠯ᠎ᠠ᠎ᠪᠠᠷ ᠪᠤᠰᠤᠳᠴᠢ᠎ᠪᠠᠷ ᠳ᠋ᠦᠩᠨᠡᠵᠦ᠍᠂ 2025 ᠣᠨ᠎ᠤ ᠬᠠᠷᠠᠯᠲᠠ ᠡᠭᠦᠷᠭᠡ᠎ᠶ᠋ᠢ ᠲᠣᠳᠣᠷᠬᠠᠶ ᠪᠠᠢᠷᠢᠯᠠᠭᠤᠯᠪᠠ》᠃ ᠬᠥᠬᠡᠬᠣᠲᠠ᠎ᠶ᠋ᠢᠨ ᠴᠢᠩ ᠱᠦᠢ ᠾᠧ ᠱᠢᠶᠠᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠯᠢᠦ ᠲᠢᠶᠠᠨ ᠰᠢ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠬᠣᠶᠠᠷ ᠬᠤᠷᠠᠯ ᠡᠴᠡ ᠳᠤᠷᠠᠳᠤᠭ᠍ᠰᠠᠨ ᠭᠣᠣᠯᠳᠠᠯᠭ᠎ᠠ᠎ᠲᠠᠶ ᠡᠭᠦᠷᠭᠡ ᠲᠠᠢ ᠨᠢᠭᠳᠠ ᠤᠶᠠᠯᠳᠤᠭᠤᠯᠵᠤ᠂ ᠤᠨᠤᠯ᠎ᠢᠶᠠᠷ ᠵᠡᠪᠰᠡᠭ᠌ᠯᠡᠬᠦ᠌᠂ ᠴᠢᠳᠠᠪᠤᠷᠢᠲᠠᠨ᠎ᠢ ᠰᠤᠩᠭᠤᠨ ᠬᠡᠷᠡᠭ᠌ᠯᠡᠬᠦ᠌᠂ ᠰᠠᠭᠤᠷᠢ ᠵᠢ ᠪᠠᠳᠤᠳᠬᠠᠵᠤ ᠦᠨᠳᠦᠰᠦ᠎ᠶ᠋ᠢ ᠪᠡᠬᠢᠵᠢᠭᠦᠯᠬᠦ᠌᠂ ᠴᠢᠳᠠᠪᠤᠷᠢᠲᠠᠨ᠎ᠢ ᠬᠥᠮᠦᠵᠢᠭᠦᠯᠵᠦ᠍ ᠴᠢᠳᠠᠪᠤᠷᠢᠲᠠᠨ᠎ᠢ ᠴᠤᠭ᠍ᠯᠠᠭᠤᠯᠬᠤ ᠡᠯ᠎ᠡ ᠵᠦᠢᠯ᠎ᠦᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ 《ᠲᠠᠪᠤᠨ ᠶᠡᠬᠡ ᠡᠭᠦᠷᠭᠡ》 ᠵᠢ ᠦᠷᠭᠦᠯᠵᠢᠯᠡᠨ ᠠᠬᠢᠭᠤᠯᠬᠤ᠂ 《 ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠬᠡᠷᠡᠭ᠌ᠵᠢᠭᠦᠯᠬᠦ᠌᠂ 《ᠵᠢᠷᠭᠤᠭᠠᠨ ᠠᠵᠢᠯᠯᠠᠭ᠎ᠠ》 ᠵᠢ ᠵᠣᠬᠢᠶᠠᠨ ᠪᠠᠢᠭᠤᠯᠤᠨ ᠥᠷᠨᠢᠭᠦᠯᠬᠦ᠌ ᠳ᠋ᠤ ᠵᠣᠬᠢᠶᠠᠨ ᠪᠠᠢᠭᠤᠯᠤᠯᠲᠠ᠎ᠶ᠋ᠢᠨ ᠬᠦᠴᠦᠨ᠎ᠢ ᠨᠢᠭ᠍ᠲᠠᠷᠠᠭᠤᠯᠵᠤ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢ ᠪᠠᠳᠠᠷᠠᠭᠤᠯᠤᠨ᠎ᠠ ᠭᠡᠵᠦ᠍ ᠢᠯᠡᠳᠭᠡᠪᠡ᠃
ᠪᠤᠭᠤᠲᠤ ᠬᠣᠲᠠ᠎ᠶ᠋ᠢᠨ ᠵᠢᠦᠶᠤᠸᠠᠨ ᠲᠣᠭᠣᠷᠢᠭ᠎ᠤᠨ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠡᠷᠬᠢᠯᠡᠭ᠌ᠴᠢ ᠱᠧᠨ ᠳ᠋ᠠᠨ᠂ 2025 ᠣᠨ᠎ᠳᠤ ᠵᠢᠦᠶᠤᠸᠠᠨ ᠲᠤᠭᠤᠷᠢᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠦᠨ ᠲᠣᠭᠣᠷᠢᠨ᠎ᠳᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠪᠠ 《ᠨᠢᠭᠡ ᠭᠠᠷᠠᠭ ᠬᠣᠶᠠᠷ ᠰᠠᠷ᠎ᠠ》᠎ᠶ᠋ᠢᠨ ᠬᠣᠶᠠᠷ ᠭᠠᠷᠳᠠᠴᠠ᠎ᠳ᠋ᠤ ᠲᠦᠱᠢᠭ᠌ᠯᠡᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠬᠠᠮᠲᠤ᠎ᠪᠠᠷ ᠤᠷᠤᠭ᠍ᠰᠢᠯᠠᠬᠤ᠎ᠶ᠋ᠢ ᠠᠬᠢᠭᠤᠯᠬᠤ ᠭᠤᠷᠪᠠᠨ ᠵᠠᠩᠭᠢᠯᠠᠭ᠎ᠠ ᠵᠢ ᠴᠢᠨᠭᠭ᠎ᠠ ᠠᠳᠬᠤᠵᠤ᠂ ᠨᠢᠭᠡᠳᠦᠯᠲᠡᠶ ᠲᠥᠯᠥᠪᠵᠢᠬᠦᠯᠦᠨ ᠵᠤᠬᠢᠴᠠᠭᠤᠯᠬᠤ᠂ ᠤᠬᠠᠭᠤᠯᠭ᠎ᠠ ᠬᠥᠮᠦᠵᠢᠯ᠂ ᠤᠨᠤᠯ᠎ᠤᠨ ᠰᠤᠳᠤᠯᠭᠠᠨ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠳᠥᠷᠪᠡᠨ ᠴᠢᠳᠠᠪᠤᠷᠢ ᠵᠢ ᠲᠡᠭᠡᠭᠰᠢᠯᠡᠬᠦᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠠᠶᠠᠵᠢᠬᠤ ᠵᠢ ᠰᠡᠳᠭᠢᠯ ᠲᠠᠯᠪᠢᠨ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠯᠢᠭᠡᠷ᠎ᠢ ᠬᠠᠢᠷ᠎ᠠ ᠰᠡᠳᠭᠢᠯᠭᠡ᠎ᠲᠡᠶ᠎ᠪᠡᠷ ᠰᠠᠢᠲᠤᠷ ᠶᠠᠷᠢᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠤᠨ᠎ᠠ ᠭᠡᠵᠤ ᠢᠯᠡᠳᠭᠡᠪᠡ᠃
ᠪᠠᠶᠠᠨᠨᠠᠭᠤᠷ ᠬᠤᠳᠠ᠎ᠶ᠋ᠢᠨ ᠳ᠋ᠸᠩᠺᠸᠤ ᠱᠢᠶᠠᠨ᠎ᠤ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠲᠣᠪᠴᠢᠶ᠎ᠠ ᠵᠢᠨ ᠳᠡᠳ᠋ ᠳᠠᠷᠤᠭ᠎ᠠ ᠬᠠᠨ ᠶᠢᠩ ᠯᠢᠶᠠᠨ᠄《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠡᠯᠡᠰᠦ ᠵᠢ ᠵᠠᠰᠠᠬᠤ ᠪᠠ ᠤᠰᠤ ᠠᠷᠪᠢᠯᠠᠬᠤ᠎ᠪᠠᠷ ᠵᠢᠯᠣᠭᠣᠳᠤᠮᠵᠢ ᠪᠣᠯᠭᠠᠵᠤ᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠬᠤ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃ ᠪᠢᠳᠡ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠤᠢᠯᠠᠭᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ ᠢ ᠪᠠᠷᠢᠮᠲᠠᠯᠠᠨ᠂ 〈ᠤᠮᠠᠷᠠᠲᠤ᠎ᠶ᠋ᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠵᠢᠷᠭᠤᠳᠤᠭᠠᠷ ᠬᠤᠭᠤᠴᠠᠭᠠᠨ᠎ᠤ ᠪᠥᠲᠥᠭᠡᠨ ᠪᠠᠢᠭᠤᠯᠤᠯᠲᠠ᠎ᠶ᠋ᠢᠨ ᠴᠢᠬᠤᠯᠠ ᠶᠡᠬᠡ ᠠᠵᠠ ᠲᠣᠬᠢᠶᠠᠯ᠎ᠢ ᠠᠮᠵᠢᠵᠤ᠂ ᠣᠶ ᠱᠢᠭᠤᠶ ᠨᠤᠳᠤᠭ ᠪᠡᠯᠴᠢᠭᠡᠷ᠎ᠦᠨ ᠠᠮᠢ ᠠᠬᠤᠶ᠎ᠶ᠋ᠢᠨ ᠵᠠᠰᠠᠯᠲᠠ᠎ᠶ᠋ᠢᠨ ᠠᠯᠢ ᠤᠯᠠᠨ ᠲᠥᠷᠥᠯ ᠵᠦᠶ᠋ᠯ᠎ᠢ ᠨᠠᠷᠢᠨ ᠨᠢᠮᠪᠠᠶ ᠤᠬᠠᠭᠠᠯᠠᠨ ᠬᠡᠷᠡᠭᠵᠢᠬᠦᠯᠦᠨ᠎ᠡ᠃ 2025 ᠣᠨ᠎ᠳᠤ᠂ ᠳ᠋ᠸᠩᠺᠸᠤ ᠱᠢᠶᠠᠨ ᠨᠢᠭᠡ ᠪᠦᠯᠦᠭ ᠪᠡᠯᠭᠡ ᠳᠡᠮᠳᠡᠭ᠎ᠦᠨ ᠴᠢᠨᠠᠷᠲᠠᠢ ᠵᠢᠱ᠌ᠢᠢ᠎ᠡ ᠦᠵᠡᠭᠦᠯᠬᠦ᠌ ᠢᠨᠵᠧᠨᠧᠷᠢᠩ᠎ᠢ ᠴᠣᠭ᠍ᠴᠠᠯᠠᠨ ᠪᠠᠢᠭᠤᠯᠵᠤ᠂ ᠡᠯᠡᠰᠦᠷᠭᠡᠭᠵᠢᠯ ᠢ᠋ ᠰᠡᠷᠭᠡᠢᠯᠡᠨ ᠡᠯᠡᠰᠦ᠎ᠶ᠋ᠢ ᠵᠠᠰᠠᠬᠤ 〈ᠳ᠋ᠸᠩᠺᠸᠤ ᠵᠢᠨ ᠵᠠᠭ᠍ᠪᠤᠷ〉 ᠢ᠋ ᠤᠯᠠᠮ ᠨᠢᠭᠡ ᠠᠯᠬᠤᠮ ᠪᠠᠶᠠᠯᠢᠭ᠍ᠵᠢᠭᠤᠯᠤᠨ ᠱᠢᠨᠡᠴᠢᠯᠡᠵᠦ᠍᠂ 2030 ᠣᠨ ᠪᠣᠯᠬᠤ᠎ᠳᠤ᠂ ᠳ᠋ᠸᠩᠺᠸᠤ ᠱᠢᠶᠠᠨ᠎ᠤ ᠤᠯᠠᠭᠠᠨᠪᠤᠬ᠎ᠠ ᠵᠢᠨ ᠡᠯᠡᠰᠦᠨ ᠤ᠋ ᠠᠮᠢ ᠠᠬᠤᠢ᠎ᠶ᠋ᠢᠨ ᠵᠠᠰᠠᠯᠲᠠ᠎ᠶ᠋ᠢ ᠪᠦᠬᠦ᠌ ᠲᠠᠯ᠎ᠠ᠎ᠪᠠᠷ ᠪᠦᠷᠬᠦᠬᠦᠯᠬᠦ᠌᠎ᠶ᠋ᠢ ᠪᠡᠶᠡᠯᠡᠭᠦᠯᠵᠦ᠍᠂〈ᠤᠮᠠᠷᠠᠲᠤ᠎ᠶ᠋ᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠬᠠᠳᠤᠨ ᠭᠣᠣᠯ᠎ᠤᠨ 〈ᠶᠡᠭᠡ ᠲᠤᠬᠤᠢ〉 ᠵᠢᠨ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠲᠡᠮᠡᠴᠡᠨ ᠤᠯᠬᠤ᠎ᠪᠠᠷ ᠴᠢᠷᠮᠠᠢᠨ᠎ᠠ》 ᠭᠡᠪᠡ᠃
ᠬᠥᠯᠥᠨ ᠪᠣᠢᠷ ᠬᠣᠲᠠ᠎ᠶ᠋ᠢᠨ ᠬᠠᠤᠯᠢ ᠴᠠᠭᠠᠵᠠ᠎ᠶ᠋ᠢᠨ ᠲᠣᠪᠴᠢᠶ᠎ᠠ᠎ᠶ᠋ᠢᠨ ᠨᠡᠢᠭᠡᠮ ᠲᠣᠭᠣᠷᠢᠭ᠎ᠤᠨ ᠬᠦᠮᠦᠵᠢᠬᠦᠯᠦᠨ ᠵᠠᠯᠠᠷᠠᠭᠤᠯᠬᠤ ᠠᠵᠢᠯ ᠤ᠋ᠨ ᠬᠠᠤᠯᠢ ᠬᠡᠷᠡᠭ᠌ᠵᠢᠭᠦᠯᠬᠦ᠌ ᠰᠠᠯᠪᠤᠷᠢ ᠠᠩᠭᠢ᠎ᠶ᠋ᠢᠨ ᠮᠢᠶᠣᠣ ᠶᠤᠸᠠᠢ᠄ 《ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠵᠠᠯᠠᠭᠤ ᠴᠠᠭ᠍ᠳᠠᠭ᠎ᠠ ᠪᠣᠯᠤᠭ᠍ᠰᠠᠨ᠎ᠤ ᠬᠤᠪᠢ᠎ᠳᠤ᠂ ᠪᠢ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠬᠤ᠎ᠪᠠᠷ ᠳᠠᠮᠵᠢᠨ᠂ ᠥᠪᠡᠷᠲᠡᠭᠡᠨ ᠵᠠᠰᠠᠬᠤ ᠣᠷᠣᠨ᠎ᠤ ᠣᠳᠣᠬᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠠᠬᠢ ᠴᠢᠬᠤᠯᠠ ᠪᠠᠢᠷᠢ ᠰᠠᠭᠤᠷᠢ ᠪᠠ ᠦᠢᠯᠡᠳᠦᠯ᠎ᠢ ᠨᠡᠩ ᠭᠦᠨᠵᠡᠭᠡᠢ ᠲᠠᠨᠢᠵᠤ ᠣᠯᠤᠭ᠍ᠰᠠᠨ ᠪᠥᠭᠡᠳ ᠥᠪᠡᠷ᠎ᠦᠨ ᠡᠭᠦᠷᠭᠡ ᠬᠠᠷᠢᠭᠤᠴᠠᠯᠭ᠎ᠠ᠎ᠪᠠᠨ ᠨᠡᠩ ᠲᠣᠳᠣᠷᠬᠠᠢ ᠪᠣᠯᠭᠠᠵᠠᠢ᠃ ᠪᠢ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠤ ᠠᠵᠢᠯᠯᠠᠭ᠎ᠠ ᠲᠡᠬᠡᠷ᠎ᠡ ᠪᠠᠨ ᠦᠢᠯᠡᠳᠦᠯᠬᠡᠵᠢᠬᠦᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠪᠠᠲᠤ ᠡᠵᠡᠮᠳᠡᠵᠦ᠍᠂ ᠨᠡᠩ ᠴᠢᠩᠭ᠎ᠠ ᠡᠭᠦᠷᠭᠡᠯᠡᠯ᠂ ᠨᠡᠩ ᠪᠠᠳᠤ ᠢᠲᠡᠭᠡᠯ᠂ ᠨᠡᠩ ᠦᠨᠳᠦᠷ ᠱᠠᠭᠠᠷᠳᠠᠯᠭ᠎ᠠ᠎ᠪᠠᠷ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠵᠦ᠍᠂ ᠨᠡᠢᠭᠡᠮ᠎ᠦᠨ ᠡᠶ᠎ᠡ ᠵᠣᠬᠢᠴᠠᠯ᠎ᠢ ᠬᠠᠮᠠᠭᠠᠯᠠᠨ᠎ᠠ》 ᠭᠡᠪᠠ᠃
ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠵᠦ᠍ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠨ᠎ᠠ
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠰᠤᠷᠭᠠᠨ ᠬᠥᠮᠦᠵᠢᠯ ᠪᠣᠯ ᠠᠷᠠᠳ᠎ᠤᠨ ᠠᠮᠢᠳᠤᠷᠠᠯ᠎ᠤᠨ ᠬᠠᠮᠤᠭ᠎ᠤᠨ ᠦᠨᠳᠦᠰᠦᠨ ᠬᠡᠷᠡᠭ᠌ᠴᠡᠭᠡ ᠮᠥᠨ᠂ ᠰᠠᠢᠨ ᠰᠠᠢᠬᠠᠨ ᠰᠤᠷᠭᠠᠨ ᠬᠥᠮᠦᠵᠢᠯ ᠥᠬᠡᠶ ᠪᠣᠯ ᠴᠢᠳᠠᠪᠤᠷᠢᠲᠠᠨ᠎ᠢ ᠦᠯᠡᠳᠡᠭᠡᠵᠦ᠍ ᠴᠢᠳᠠᠬᠤ ᠥᠬᠡᠶ ᠪᠥᠭᠡᠳ ᠬᠥᠮᠦᠨ ᠠᠮᠠ᠎ᠶ᠋ᠢ ᠴᠤ᠌ ᠦᠯᠡᠳᠡᠭᠡᠵᠦ᠍ ᠴᠢᠳᠠᠬᠤ ᠥᠬᠡᠶ ᠶᠤᠮ ᠭᠡᠵᠦ ᠳᠤᠷᠠᠳᠤᠨ ᠭᠠᠷᠭᠠᠪᠠ᠃ ᠤᠯᠠᠭᠠᠨᠬᠠᠳᠠ ᠬᠣᠲᠠ᠎ᠶ᠋ᠢᠨ ᠰᠤᠷᠭᠠᠨ ᠬᠥᠮᠦᠵᠢᠯ᠎ᠦᠨ ᠲᠤᠪᠴᠢᠶ᠎ᠠ᠎ᠶᠢᠨ ᠳᠠᠷᠤᠭ᠎ᠠ ᠯᠢᠦ ᠢᠦᠶ ᠬᠠᠶ᠂ ᠤᠯᠠᠭᠠᠨᠬᠠᠳᠠ ᠪᠣᠯ ᠥᠪᠥᠷ ᠮᠣᠩᠭᠣᠯ᠎ᠤᠨ ᠬᠥᠮᠦᠨ ᠠᠮᠠ ᠤᠯᠠᠨᠳᠠᠢ ᠲᠣᠮᠣ ᠬᠣᠲᠠ᠂ ᠰᠤᠷᠭᠠᠨ ᠬᠥᠮᠦᠵᠢᠯ᠎ᠦᠨ ᠲᠣᠮᠣ ᠬᠣᠲᠠ ᠮᠥᠨ᠂ ᠰᠣᠶᠣᠯ᠎ᠢ ᠳᠡᠭᠡᠳᠦᠯᠡᠨ ᠰᠤᠷᠭᠠᠨ ᠬᠥᠮᠦᠵᠢᠯ᠎ᠢ ᠴᠢᠬᠤᠯᠠᠴᠢᠯᠠᠬᠤ ᠱᠢᠯᠢᠳᠡᠭ ᠤᠯᠠᠮᠵᠢᠯᠠᠯ᠎ᠢ ᠬᠠᠳᠠᠭᠠᠯᠠᠬᠰᠠᠭᠠᠷ ᠢᠷᠡᠵᠡᠢ ᠭᠡᠯ᠎ᠠ᠃ ᠲᠡᠷᠡ᠄《ᠡᠨᠡ ᠵᠢᠯ᠂ ᠪᠢᠳᠡ ᠰᠤᠷᠭᠠᠨ ᠬᠥᠮᠦᠵᠢᠯ᠎ᠦᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ ᠪᠡᠷ ᠳᠠᠢᠴᠢᠯᠠᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠬᠥᠮᠦᠨ ᠬᠥᠮᠦᠵᠢᠭᠦᠯᠬᠦ᠌ ᠠᠷᠭ᠎ᠠ ᠮᠠᠶᠢᠭ᠎ᠤᠨ ᠥᠭᠡᠷᠡᠴᠢᠯᠡᠯᠲᠡ᠎ᠪᠡᠷ ᠠᠯᠪᠠᠨ ᠵᠢᠷᠤᠮ᠎ᠤᠨ ᠰᠤᠷᠭᠠᠨ ᠬᠥᠮᠦᠵᠢᠯ᠂ ᠰᠤᠷᠭᠠᠭᠤᠯᠢ᠎ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ᠎ᠦᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠬᠦ᠌᠎ᠶ᠋ᠢ ᠬᠥᠲᠥᠯᠥᠨ ᠳᠠᠭᠠᠭᠤᠯᠵᠤ᠂ ᠬᠡᠦᠬᠡᠳ᠎ᠦᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ᠎ᠢ ᠨᠢᠭᠡ ᠴᠤᠭ᠍ᠴᠠᠵᠢᠭᠤᠯᠤᠨ ᠬᠥᠮᠦᠵᠢᠭᠦᠯᠬᠦ᠌᠎ᠶ᠋ᠢ ᠪᠡᠶᠡᠯᠡᠭᠦᠯᠦᠨ᠎ᠡ᠃ 〈1+ 3〉ᠱᠢᠨ᠎ᠡ᠎ᠶ᠋ᠢ ᠡᠭᠦᠳᠬᠦ ᠤᠷᠣᠢᠯᠠᠭ᠍ᠰᠠᠨ ᠴᠢᠳᠠᠪᠤᠷᠢᠲᠠᠨ᠎ᠢ ᠨᠢᠭᠡ ᠴᠣᠭ᠍ᠴᠠᠵᠢᠭᠤᠯᠤᠨ ᠬᠥᠮᠦᠵᠢᠭᠦᠯᠬᠦ᠌ ᠠᠷᠭ᠎ᠠ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠪᠠᠭ᠎ᠠ ᠰᠤᠷᠭᠠᠭᠤᠯᠢ ᠵᠢᠨ ᠦᠶ᠎ᠠ ᠳ᠋ᠤᠨᠢ ᠢᠯᠡᠷᠡᠭᠦᠯᠬᠦ᠌᠂ ᠠᠩᠬ᠎ᠠ ᠵᠡᠷᠭᠡ᠎ᠶ᠋ᠢᠨ ᠳᠤᠮᠳᠠᠳᠤ ᠰᠤᠷᠭᠠᠭᠤᠯᠢ᠎ᠳᠤ ᠬᠠᠷᠠᠯᠳᠠ ᠲᠠᠢ ᠬᠥᠮᠦᠵᠢᠭᠦᠯᠬᠦ᠌᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠳᠤ ᠬᠦᠮᠦᠵᠢᠬᠦᠯᠬᠦ ᠵᠢ ᠴᠢᠩᠭᠠᠳᠬᠠᠬᠤ ᠠᠷᠭ᠎ᠠ ᠮᠠᠶᠢᠭ᠎ᠢᠶᠠᠷ ᠳᠠᠮᠵᠢᠨ᠂ ᠣᠨᠴᠠᠭᠠᠶ ᠲᠥᠷᠥᠯᠬᠢ ᠠᠪᠢᠶᠠᠰ᠎ᠲᠠᠶ ᠰᠤᠷᠤᠭ᠍ᠴᠢᠳ᠎ᠢ ᠬᠥᠮᠦᠵᠢᠭᠦᠯᠬᠦ᠌᠎ᠶ᠋ᠢ ᠴᠢᠩᠭᠠᠳᠭᠠᠵᠤ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠳᠦ ᠨᠠᠩ ᠣᠯᠠᠨ ᠱᠢᠨ᠎ᠡ᠎ᠶ᠋ᠢ ᠡᠭᠦᠳᠬᠦ ᠤᠷᠣᠢᠯᠠᠭ᠍ᠰᠠᠨ ᠴᠢᠳᠠᠪᠤᠷᠢᠲᠠᠨ᠎ᠢ ᠬᠥᠮᠦᠵᠢᠭᠦᠯᠦᠨ ᠬᠦᠷᠭᠡᠨ᠎ᠡ》 ᠭᠡᠪᠡ᠃
《ᠰᠠᠶᠢᠬᠠᠨ ᠬᠤᠷᠠᠯᠳᠤᠵᠤ ᠡᠬᠢᠯᠡᠭᠰᠡᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠥᠩᠭᠡᠷᠡᠭ᠌ᠰᠡᠨ ᠨᠢᠭᠡ ᠵᠢᠯ᠎ᠦᠨ ᠠᠵᠢᠯ᠎ᠢᠶᠠᠨ ᠡᠷᠭᠢᠴᠡᠭᠦᠯᠵᠦ᠍᠂ ᠡᠨᠡ ᠵᠢᠯ᠎ᠦᠨ ᠭᠣᠣᠯᠳᠠᠯᠭ᠎ᠠ᠎ᠲᠠᠶ ᠠᠵᠢᠯ᠎ᠤᠨ ᠡᠭᠦᠷᠭᠡ᠎ᠶ᠋ᠢ ᠲᠤᠬᠢᠷᠠᠭᠤᠯᠤᠨ ᠪᠠᠢᠷᠢᠯᠠᠭᠤᠯᠵᠤ᠂ ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠵᠢᠱ᠌ᠢᠭ᠌ᠰᠡᠨ ᠬᠠᠷᠠᠯᠲᠠ᠎ᠶ᠋ᠢ ᠲᠣᠳᠣᠷᠬᠠᠢᠯᠠᠪᠠ᠂ 〈ᠵᠢᠷᠭᠤᠭᠠᠨ ᠢᠨᠵᠧᠨᠧᠷᠢᠩ〉 ᠵᠡᠷᠭᠡ ᠴᠢᠬᠤᠯᠠ ᠶᠡᠬᠡ ᠡᠭᠦᠷᠭᠡ ᠨᠢ ᠬᠥᠭ᠌ᠵᠢᠯᠲᠡ᠎ᠶ᠋ᠢ ᠲᠦᠷᠭᠡᠳᠭᠡᠬᠦ᠌᠂ ᠬᠥᠭ᠌ᠵᠢᠯᠲᠡ᠎ᠶ᠋ᠢ ᠶᠡᠬᠡ ᠪᠡᠷ ᠠᠳᠭᠤᠬᠤ ᠢᠲᠡᠭᠡᠯ ᠵᠣᠷᠢᠭ᠎ᠢ ᠢᠯᠡᠷᠡᠬᠦᠯᠪᠡ》᠃ ᠤᠯᠠᠭᠠᠨᠴᠠᠪ ᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠎ᠶᠢᠨ ᠳᠠᠷᠤᠭ᠎ᠠ ᠦ᠋ ᠶᠦᠨ ᠱᠢᠶᠠ᠄《2025 ᠣᠨ᠎ᠳᠤ᠂ ᠤᠯᠠᠭᠠᠨᠴᠠᠪ ᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠠᠷᠠᠳ᠎ᠤᠨ ᠠᠮᠢᠳᠤᠷᠠᠯ᠎ᠤᠨ ᠦᠨᠳᠦᠰᠦᠨ ᠵᠦᠶ᠋ᠯ᠎ᠢ ᠪᠠᠲᠤᠯᠠᠬᠤ ᠭᠤᠤᠯᠳᠠᠯᠭ᠎ᠠ᠎ᠲᠠᠶ ᠡᠭᠦᠷᠭᠡ ᠬᠠᠷᠠᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠪᠣᠳᠠᠲᠠᠶ᠎ᠲᠠᠶ᠎ᠪᠠᠨ ᠤᠶᠠᠯᠳᠤᠭᠤᠯᠤᠨ ᠠᠷᠠᠳ᠎ᠤᠨ ᠶᠠᠪᠤᠳᠠᠯ᠎ᠤᠨ ᠬᠦᠷᠢᠶᠡᠨ᠎ᠳᠡᠬᠢ ᠲᠥᠷᠥᠯ ᠵᠦᠶ᠋ᠯ᠎ᠦᠨ ᠨᠥᠭᠡᠴᠡᠯᠡᠯᠲᠡ᠎ᠶ᠋ᠢ ᠰᠠᠢᠲᠤᠷ ᠬᠢᠵᠦ᠍᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶ᠋ᠢᠨ ᠲᠠᠯ᠎ᠠ᠎ᠪᠠᠷ ᠦᠨᠡᠨᠬᠦ ᠲᠤᠰᠠᠳᠠᠢ ᠠᠷᠭ᠎ᠠ ᠬᠡᠮᠵᠢᠶ᠎ᠡ᠂ ᠦᠨᠡᠨ ᠪᠤᠳᠠᠳᠠᠢ ᠠᠷᠭ᠎ᠠ ᠬᠡᠮᠵᠢᠶ᠎ᠡ ᠠᠪᠬᠤ ᠵᠢ ᠴᠢᠬᠤᠯᠠᠴᠢᠯᠠᠨ᠂ ᠦᠨᠳᠦᠰᠦᠨ ᠵᠦᠶ᠋ᠯ᠎ᠢ ᠪᠠᠲᠤᠯᠠᠬᠤ ᠪᠠᠲᠤᠯᠠᠭ᠎ᠠ᠎ᠶ᠋ᠢᠨ ᠲᠦᠷᠢᠮ᠎ᠦᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠦᠨᠡᠨ ᠬᠦ᠌ ᠪᠠᠲᠤᠯᠠᠵᠤ᠂ ᠣᠨᠣᠪᠴᠢᠲᠠᠶ ᠪᠠᠲᠤᠯᠠᠵᠤ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠨ᠎ᠠ》 ᠭᠡᠪᠡ᠃
ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ ᠮᠥᠨ᠃ 《ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠬᠦ᠌᠎ᠪᠡᠷ ᠭᠣᠣᠯᠳᠠᠯᠭ᠎ᠠ ᠪᠣᠯᠭᠠᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠨ᠎ᠡ》᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠵᠢᠯ ᠣᠯᠭᠣᠯᠲᠠ ᠵᠢᠨ ᠲᠤᠬᠠᠢ ᠳᠤᠷᠠᠳᠤᠭ᠍ᠰᠠᠨ ᠱᠢᠨ᠎ᠡ ᠱᠠᠭᠠᠷᠳᠠᠯᠭ᠎ᠠ᠎ᠨᠢ ᠦᠬᠠᠶ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠳᠠᠷᠤᠭ᠎ᠠ ᠱᠢᠤᠸᠠᠢ ᠹᠧᠩ᠎ᠳᠦ ᠬᠠᠷᠢᠭᠤᠴᠠᠯᠭ᠎ᠠ ᠬᠦᠨᠳᠦ ᠶᠡᠬᠡ ᠭᠡᠳᠡᠭ᠎ᠢ ᠭᠦᠨᠵᠡᠭᠡᠶ ᠮᠡᠳᠡᠷᠡᠭᠦᠯᠪᠡ᠃ 《2024 ᠣᠨ᠎ᠳᠤ᠂ ᠦᠬᠠᠶ ᠬᠣᠲᠠ ᠨᠢ ᠬᠣᠲᠠ ᠪᠠᠯᠭᠠᠰᠤᠨ᠎ᠤ 5763 ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ 2773 ᠠᠵᠢᠯ ᠠᠯᠳᠠᠭ᠍ᠰᠠᠳ ᠲᠤ᠌ ᠳᠠᠬᠢᠨ ᠠᠵᠢᠯ ᠣᠯᠭᠣᠵᠤ᠂ ᠠᠵᠢᠯ ᠤᠯᠬᠤ᠎ᠳᠤ ᠬᠦᠴᠢᠷᠲᠡᠶ 1973 ᠬᠥᠮᠦᠨ᠎ᠳᠦ ᠠᠵᠢᠯ ᠣᠯᠭᠣᠵᠤ᠂ ᠬᠠᠷᠠᠯᠲᠠ ᠡᠭᠦᠷᠭᠡ ᠪᠠᠨ ᠲᠣᠰ ᠲᠣᠰ 140.6%᠂ 154.1%᠂ 179.4% ᠪᠡᠷ ᠪᠡᠶᠡᠯᠡᠭᠦᠯᠪᠡ》 ᠭᠡᠵᠤ ᠱᠢᠤᠸᠠᠢ ᠹᠧᠩ ᠭᠡᠯᠡᠨ᠎ᠠ᠃ ᠲᠡᠷᠡ᠄《ᠱᠢᠨ᠎ᠡ ᠨᠢᠭᠡ ᠵᠢᠯ᠎ᠳᠦ᠂ ᠦᠬᠠᠢ ᠬᠤᠳᠠ ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ ᠵᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠠᠵᠤ ᠦᠢᠯᠡᠰ᠎ᠢᠶᠡᠷ ᠠᠵᠢᠯ ᠣᠯᠭᠣᠯᠲᠠ᠎ᠶ᠋ᠢ ᠳᠠᠢᠴᠢᠯᠠᠬᠤ᠂ ᠦᠢᠯᠡᠰ ᠪᠤᠰᠭᠠᠬᠤ᠎ᠪᠠᠷ ᠠᠵᠢᠯ ᠣᠯᠭᠣᠯᠲᠠ᠎ᠶ᠋ᠢ ᠳᠠᠢᠴᠢᠯᠠᠬᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠠᠵᠢᠯ ᠣᠯᠭᠣᠯᠲᠠ᠎ᠶ᠋ᠢ ᠠᠬᠢᠭᠤᠯᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠨ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠲᠠᠰᠤᠷᠠᠯᠳᠠ ᠦᠭᠡᠢ ᠨᠡᠮᠡᠭᠳᠡᠬᠦᠯᠦᠨ᠎ᠡ》 ᠭᠡᠵᠤ ᠵᠤᠷᠢᠭ᠎ᠵᠢᠡᠨ ᠬᠦᠪᠴᠢᠯᠠᠨ᠎ᠠ᠃
ᠲᠦᠩᠯᠢᠶᠣᠤ ᠬᠣᠲᠠ᠎ᠶ᠋ᠢᠨ ᠺᠠᠢᠯᠦ᠍ ᠱᠢᠶᠠᠨ᠎ᠤ ᠺᠠᠢᠯᠦ᠍ ᠪᠠᠯᠭᠠᠰᠤᠨ᠎ᠤ ᠨᠢᠰᠭᠡᠯ᠎ᠦᠨ ᠪᠠᠭᠤᠳᠠᠯ ᠲᠣᠰᠭᠣᠨ᠎ᠤ ᠠᠷᠠᠳ ᠭᠤᠤ ᠶᠦᠨ ᠹᠦ᠋ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠢ ᠠᠩᠬᠠᠷᠤᠭ᠍ᠰᠠᠭᠠᠷ ᠢᠷᠡᠵᠡᠶ᠃ ᠲᠡᠷᠡ᠂ ᠡᠨᠡ ᠬᠡᠳᠦᠨ ᠵᠢᠯ᠎ᠳᠦ᠂ ᠵᠠᠰᠠᠭ᠎ᠤᠨ ᠣᠷᠳᠣᠨ ᠲᠠᠷᠢᠶᠠᠴᠢᠳ᠎ᠲᠤ ᠠᠱᠢᠭ ᠬᠦᠷᠲᠡᠭᠡᠬᠦ᠌ ᠲᠠᠷᠢᠶᠠᠴᠢᠳ᠎ᠢ ᠪᠠᠶᠠᠵᠢᠭᠤᠯᠬᠤ ᠠᠯᠢ ᠤᠯᠠᠨ ᠲᠦᠷᠦ᠍᠎ᠶ᠋ᠢᠨ ᠪᠤᠳᠤᠯᠭ᠎ᠠ᠎ᠶ᠋ᠢ ᠬᠡᠷᠡᠭ᠌ᠵᠢᠭᠦᠯᠵᠤ᠂ ᠲᠠᠷᠢᠶᠠᠴᠢᠳ᠎ᠤᠨ ᠦᠢᠯᠡᠳᠪᠦᠷᠢᠯᠡᠯ ᠠᠮᠢᠳᠤᠷᠠᠯ᠎ᠳᠤ ᠯᠤᠲᠦ ᠶᠡᠬᠡ ᠬᠤᠪᠢᠷᠠᠯᠲᠠ ᠭᠠᠷᠪᠠ ᠭᠡᠯ᠎ᠠ᠃ 《ᠮᠠᠨ᠎ᠤ ᠱᠢᠶᠠᠨ᠎ᠤ ᠡᠷᠳᠡᠨᠢ ᠱᠢᠰᠢ᠂ ᠤᠯᠠᠭᠠᠨ ᠯᠠᠵᠤᠤ᠂ ᠬᠠᠢᠲᠠᠩ ᠵᠢᠮᠢᠰ᠂ ᠮᠢᠬᠠᠨ᠎ᠤ ᠦᠬᠡᠷ ᠵᠡᠷᠭᠡ ᠳᠥᠷᠪᠡᠨ ᠶᠡᠬᠡ ᠠᠵᠤ ᠦᠶ᠋ᠯᠡᠰ ᠵᠡᠷᠭᠡ ᠪᠡᠷ ᠬᠥᠭ᠌ᠵᠢᠵᠦ᠍᠂ ᠬᠡᠪᠴᠢᠶᠡᠵᠢᠭ᠌ᠰᠡᠨ᠂ ᠠᠵᠤ ᠦᠢᠯᠡᠰᠵᠢᠭ᠌ᠰᠡᠨ᠂ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠵᠡᠶ᠂ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠶᠡᠬᠡᠪᠡᠷ ᠬᠡᠷᠡᠭ᠌ᠵᠢᠭᠦᠯᠬᠦ᠌᠎ᠪᠡᠷ ᠳᠠᠮᠵᠢᠨ᠂ ᠨᠠᠩ ᠣᠯᠠᠨ ᠲᠠᠷᠢᠶᠠᠴᠢᠨ᠎ᠢ ᠦᠶ᠋ᠯᠡᠰ ᠪᠤᠰᠬᠠᠬᠤ ᠵᠠᠮ᠎ᠢᠶᠡᠷ ᠵᠠᠮᠨᠠᠭᠤᠯᠵᠤ ᠣᠷᠣᠯᠭ᠎ᠠ᠎ᠶ᠋ᠢ ᠨᠢ ᠨᠡᠮᠡᠭ᠌ᠳᠡᠭᠦᠯᠵᠦ᠍᠂ ᠱᠢᠶᠠᠨ᠎ᠤ ᠤᠨᠴᠠᠯᠢᠬ᠍ᠳᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠨᠠᠩ ᠰᠠᠢᠳᠤᠷ ᠬᠦᠭᠵᠢᠭᠦᠯᠵᠦ᠂ ᠪᠤᠷᠤᠯᠠᠭᠤᠯᠭ᠎ᠠ ᠵᠢ ᠰᠠᠢᠵᠢᠷᠠᠭᠤᠯᠵᠤ᠂ ᠪᠢᠳᠡᠨ᠎ᠦ ᠢᠲᠡᠭᠡᠯ᠎ᠢ ᠨᠠᠩ ᠬᠦᠪᠴᠢᠯᠠᠵᠤ᠂ ᠣᠷᠣᠯᠭ᠎ᠠ᠎ᠶ᠋ᠢ ᠨᠠᠩ ᠨᠡᠮᠡᠭᠳᠡᠬᠦᠯᠬᠦ᠎ᠶ᠋ᠢ ᠬᠦᠰᠡᠵᠦ᠍ ᠪᠠᠢᠨ᠎ᠠ 》 ᠭᠡᠵᠤ ᠭᠤᠤ ᠶᠦᠨ ᠹᠦ᠋ ᠪᠤᠳᠤᠯ᠎ᠵᠢᠡᠨ ᠲᠡᠯᠭᠡᠵᠤ ᠭᠠᠷᠤᠯ᠎ᠠ᠃
ᠰᠠᠢᠬᠠᠨ ᠭᠠᠵᠠᠷ᠎ᠢᠶᠡᠨ ᠰᠠᠢᠳᠤᠷ ᠤᠬᠠᠭᠤᠯᠵᠦ ᠰᠠᠢᠨ ᠦᠯᠢᠭᠡᠷ᠎ᠢ᠋ ᠰᠠᠢᠳᠤᠷ ᠬᠦᠤᠷᠨᠢᠨ᠎ᠠ
ᠥᠪᠥᠷ ᠮᠣᠩᠭᠣᠯ᠎ᠤᠨ ᠵᠢᠭᠤᠯᠴᠢᠯᠠᠯ᠎ᠤᠨ ᠡᠬᠢ ᠪᠠᠶᠠᠯᠢᠭ᠋ ᠡᠯᠪᠡᠭ᠂ ᠬᠡᠪᠡᠴᠤ ᠡᠳᠡᠬᠡᠷ ᠡᠬᠢ ᠪᠠᠶᠠᠯᠢᠭ᠎ᠢᠶᠡᠨ ᠠᠭᠤᠳᠠᠯᠤᠨ ᠤᠬᠠᠭᠤᠯᠬᠤ ᠦᠬᠡᠢ ᠪᠤᠯ ᠮᠡᠳᠡᠬᠦ ᠬᠦᠮᠦᠨ ᠦᠬᠡᠢ᠃ ᠡᠢᠮᠦ ᠡᠴᠡ ᠰᠠᠢᠬᠠᠨ ᠭᠠᠵᠠᠷ᠎ᠢᠶᠡᠨ ᠰᠠᠢᠲᠤᠷ ᠤᠬᠠᠭᠤᠯᠵᠤ᠂ ᠰᠠᠢᠨ ᠦᠯᠢᠭᠡᠷ᠎ᠢ ᠰᠠᠢᠲᠤᠷ ᠬᠦᠤᠷᠨᠢᠬᠦ ᠬᠡᠷᠡᠭᠲᠡᠢ᠃ ᠬᠢᠩᠭᠠᠨ ᠠᠢᠮᠠᠭ᠎ᠤᠨ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ ᠳᠠᠷᠤᠭ᠎ᠠ ᠸᠠᠩ ᠲᠢᠶᠠᠨ ᠹᠸᠩ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ 2025 ᠣᠨ᠎ᠳᠤ᠂ ᠥᠪᠥᠷ ᠮᠣᠩᠭᠣᠯ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢᠨ ᠲᠤᠬᠠᠢ ᠳᠡᠭᠡᠭᠰᠢᠯᠡᠭᠦᠯᠬᠦ ᠠᠵᠢᠯᠯᠠᠭ᠎ᠠ᠎ᠪᠠᠷ ᠭᠠᠷᠳᠠᠴᠠ ᠪᠣᠯᠭᠠᠵᠤ᠂ ᠰᠣᠶᠣᠯ ᠵᠢᠭᠤᠯᠴᠢᠯᠠᠯ᠎ᠤᠨ ᠦᠢᠯᠡᠰ᠎ᠢ ᠲᠤᠯᠭᠠᠭᠤᠷᠢ ᠠᠵᠤ ᠦᠢᠯᠡᠰ ᠪᠣᠯᠭᠠᠨ ᠪᠦᠲᠦᠭᠡᠨ ᠪᠠᠢᠭᠤᠯᠤᠨ᠎ᠠ᠃ ᠡᠭᠦᠨ᠎ᠤ ᠬᠠᠮᠲᠤ ᠪᠠᠰᠠ ᠬᠢᠩᠭᠠᠨ ᠠᠢᠮᠠᠭ᠎ᠤᠨ ᠳᠡᠯᠡᠬᠡᠢ᠎ᠶᠢᠨ ᠲᠠᠰ᠎ᠤᠨ ᠵᠢᠭᠤᠯᠴᠢᠯᠠᠯ᠎ᠤᠨ ᠠᠮᠠᠷᠠᠯᠲᠠ᠎ᠶᠢᠨ ᠣᠷᠣᠨ᠎ᠢ ᠲᠦᠷᠭᠡᠪᠴᠢᠯᠡᠨ ᠡᠭᠦᠳᠦᠨ ᠪᠠᠢᠭᠤᠯᠤᠨ᠎ᠠ ᠭᠡᠵᠦ ᠳᠤᠷᠠᠳᠤᠨ ᠭᠠᠷᠭᠠᠵᠠᠢ᠂ ᠡᠨᠡ ᠨᠢ ᠪᠢᠳᠡᠨ᠎ᠦ ᠨᠠᠩ ᠴᠣᠭ ᠪᠠᠳᠠᠷᠠᠩᠭᠤᠢ ᠣᠶᠤᠨ ᠰᠠᠨᠠᠭᠠᠨ᠎ᠤ ᠳᠦᠷᠰᠦ ᠪᠠᠢᠳᠠᠯ᠎ᠢᠶᠠᠷ ᠴᠢᠷᠮᠠᠢᠨ ᠲᠡᠮᠡᠴᠡᠬᠦ᠎ᠶᠢ ᠵᠣᠷᠢᠭ᠍ᠵᠢᠭᠤᠯᠤᠬᠰᠠᠨ ᠪᠠᠢᠨ᠎ᠠ》ᠬᠡᠪᠡ᠃ ᠲᠡᠷᠡ᠂ ᠳᠠᠷᠠᠭᠠᠴᠢ᠎ᠶᠢᠨ ᠠᠯᠬᠤᠮ᠎ᠳᠤ᠂ ᠬᠢᠩᠭᠠᠨ ᠠᠢᠮᠠᠭ ᠳᠡᠯᠡᠬᠡᠢ᠎ᠶᠢᠨ ᠳᠡᠰ᠎ᠤᠨ ᠵᠢᠭᠤᠯᠴᠢᠯᠠᠯ᠎ᠤᠨ ᠠᠮᠠᠷᠠᠯᠲᠠ᠎ᠶᠢᠨ ᠣᠷᠣᠨ᠎ᠢ ᠡᠭᠦᠳᠦᠨ ᠪᠠᠶ᠋ᠢᠭᠤᠯᠬᠤ᠎ᠪᠠᠷ ᠬᠥᠳᠡᠯᠭᠡᠭᠦᠷ ᠪᠣᠯᠭᠠᠵᠤ᠂ ᠠᠭᠤᠰᠤᠯᠴᠠᠭᠤᠯᠤᠨ ᠬᠥᠭᠵᠢᠭᠦᠯᠬᠦ ᠪᠡᠷ ᠠᠷᠭ᠎ᠠ ᠵᠠᠮ ᠪᠣᠯᠭᠠᠵᠤ᠂ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂《ᠤᠷᠤᠯᠳᠤᠭᠠᠨ ᠰᠤᠨᠢᠷᠬᠠᠵᠤ ᠠᠶᠠᠯᠠᠨ ᠵᠢᠭᠤᠯᠴᠢᠯᠠᠬᠤ》᠂ 《ᠲᠣᠭᠯᠠᠯᠲᠠ ᠦᠵᠡᠵᠤ ᠠᠶᠠᠯᠠᠨ ᠵᠢᠭᠤᠯᠴᠢᠯᠠᠬᠤ》 ᠵᠡᠷᠭᠡ ᠲᠦᠷᠦᠯ ᠵᠦᠢᠯ᠎ᠢ ᠨᠠᠢᠳᠠᠪᠤᠷᠢᠵᠢᠭᠤᠯᠵᠤ᠂ ᠤᠬᠠᠭᠤᠯᠭ᠎ᠠ ᠪᠠ ᠪᠣᠷᠤᠯᠠᠭᠤᠯᠭ᠎ᠠ᠎ᠶᠢᠨ ᠬᠠᠮ ᠠᠷᠭ᠎ᠠ ᠬᠡᠮᠵᠢᠶ᠎ᠡ᠎ᠶᠢ ᠰᠠᠢᠲᠤᠷ ᠬᠡᠷᠡᠭᠯᠡᠵᠤ᠂ ᠵᠢᠭᠤᠯᠴᠢᠯᠠᠯ᠎ᠤᠨ ᠦᠢᠯᠡᠰ᠎ᠢ ᠨᠢᠭᠡ ᠤᠯᠠᠷᠢᠯ᠎ᠤᠨ ᠬᠥᠭᠵᠢᠶᠡᠨ ᠲᠠᠢ ᠪᠠᠢᠳᠠᠯ᠎ᠡᠴᠡ ᠲᠦᠷᠪᠡᠨ ᠤᠯᠠᠷᠢᠯ᠎ᠤᠨ ᠬᠠᠯᠠᠮᠰᠢᠯ ᠵᠢᠭᠤᠯᠴᠢᠯᠠᠯ ᠲᠡᠢᠰᠢ ᠬᠤᠪᠢᠷᠠᠭᠤᠯᠬᠤ᠎ᠶᠢ ᠠᠬᠢᠭᠤᠯᠵᠤ᠂《ᠠᠭᠤᠯᠠ ᠵᠢᠨ ᠲᠦᠰᠢᠭ ᠲᠡᠢ᠂ ᠤᠰᠤᠨ᠎ᠤ ᠪᠠᠷ᠎ᠠ ᠲᠡᠢ᠂ ᠬᠢᠩᠭᠠᠨ ᠠᠢᠮᠠᠭ》 ᠵᠢᠭᠤᠯᠴᠢᠯᠠᠯ᠎ᠤᠨ ᠲᠦᠷᠦᠯ ᠲᠡᠮᠳᠡᠭ᠎ᠢ ᠨᠡᠩ ᠨᠡᠷ᠎ᠡ ᠠᠯᠳᠠᠷᠰᠢᠭᠤᠯᠤᠨ᠎ᠠ ᠬᠡᠪᠠ᠃
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠦᠨ ᠪᠣᠳᠠᠲᠠᠢ᠎ᠶᠢ ᠡᠷᠬᠢᠮᠯᠡᠭᠰᠡᠨ ᠳ᠋ᠦᠩᠨᠡᠯᠲᠡ ᠪᠠ ᠲᠣᠳᠣᠷᠬᠠᠢ ᠲᠥᠯᠦᠪᠵᠢᠭᠦᠯᠭᠡ ᠨᠢ ᠣᠷᠳᠣᠰ ᠬᠣᠲᠠ᠎ᠶᠢᠨ ᠳ᠋ᠦᠩᠱᠧᠩ ᠲᠣᠭᠣᠷᠢᠭ᠋᠎ᠤᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠎ᠶᠢᠨ ᠳᠠᠷᠤᠭ᠎ᠠ ᠶᠠᠨ ᠴᠦᠨ ᠰᠢᠶᠠ᠎ᠶᠢᠨ ᠢᠲᠡᠭᠡᠯ ᠵᠤᠷᠢᠭ᠎ᠢ ᠨᠠᠡᠭ ᠬᠦᠪᠴᠢᠯᠠᠪᠠ᠃ ᠲᠡᠷᠡ᠄ 《ᠳ᠋ᠦᠩᠱᠧᠩ ᠲᠣᠭᠣᠷᠢᠭ᠋ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢᠨ ᠲᠤᠬᠠᠢ ᠳᠡᠭᠡᠭᠰᠢᠯᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠤᠯᠠᠨ ᠨᠡᠶ᠋ᠢᠲᠡ᠎ᠶᠢᠨ ᠨᠣᠮ᠎ᠤᠨ ᠰᠠᠩ᠂ ᠰᠣᠶᠣᠯ᠎ᠤᠨ ᠣᠷᠳᠣᠨ᠎ᠤ ᠶᠡᠷᠦᠩᠬᠡᠢ ᠬᠤᠪᠢᠶᠠᠷᠢ ᠣᠷᠳᠣᠨ᠎ᠤ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠵᠤ᠂ ᠪᠦᠬᠦ ᠠᠷᠠᠳ ᠲᠤ᠌ ᠤᠷᠠᠯᠢᠭ᠋᠎ᠢ ᠲᠦᠭᠡᠮᠡᠯᠵᠢᠭᠦᠯᠬᠦ ᠢᠨᠵᠧᠨᠧᠷᠢᠩ᠎ᠢ ᠥᠷᠨᠢᠭᠦᠯᠵᠦ᠂ ᠰᠣᠶᠣᠯ ᠦᠵᠡᠰᠬᠦᠯᠡᠩ᠎ᠦᠨ ᠠᠵᠤ ᠦᠢᠯᠡᠰ᠎ᠦᠨ ᠬᠦᠷᠢᠶᠡᠯᠡᠩ᠎ᠢ ᠲᠥᠯᠥᠪᠵᠢᠭᠦᠯᠦᠨ ᠪᠠᠢᠭᠤᠯᠵᠤ᠂ ᠤᠳᠬ᠎ᠠ ᠤᠷᠠᠯᠢᠭ᠋᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ᠎ᠶᠢ ᠪᠦᠬᠦ ᠬᠦᠴᠦᠨ᠎ᠢᠶᠡᠷ᠎ᠢᠶᠡᠨ ᠳᠡᠮᠵᠢᠵᠦ᠂ ᠤᠯᠤᠰ᠎ᠤᠨ ᠤᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲ᠋ᠸᠮ᠎ᠤᠨ ᠵᠢᠱ᠌ᠢᠶ᠎ᠡ ᠦᠵᠡᠭᠦᠯᠬᠦ ᠲᠣᠭᠣᠷᠢᠭ᠋᠎ᠤᠨ ᠰᠢᠨ᠎ᠡ᠎ᠶᠢ ᠡᠭᠦᠳᠬᠦ ᠬᠥᠭᠵᠢᠯᠲᠡ᠎ᠶᠢ ᠦᠷᠭᠦᠯᠵᠢᠯᠡᠨ ᠠᠬᠢᠭᠤᠯᠵᠤ᠂ ᠬᠤᠳᠠ᠎ᠶᠢᠨ ᠰᠣᠶᠣᠯ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠤᠨ᠎ᠠ᠃ ᠲᠤᠰ ᠪᠡᠶ᠎ᠡ᠎ᠶᠢᠨ ᠳᠠᠪᠠᠭᠤᠯᠢᠭ᠋᠎ᠲᠠᠭᠠᠨ ᠲᠦᠰᠢᠭᠯᠡᠨ᠂ ᠰᠣᠶᠣᠯ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠵᠤ᠂ ᠭᠣᠣᠯᠳᠠᠯᠭ᠎ᠠ᠎ᠲᠠᠢ ᠰᠣᠶᠣᠯ ᠵᠢᠭᠤᠯᠴᠢᠯᠠᠯ᠎ᠤᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠵᠤ᠂ ᠨᠢᠭᠡ ᠪᠦᠯᠦᠭ ᠰᠣᠳᠣᠨ ᠵᠢᠭᠤᠯᠴᠢᠯᠠᠯ᠎ᠤᠨ ᠵᠠᠮ ᠱᠤᠭᠤᠮ᠂ ᠬᠠᠯᠠᠮᠰᠢᠯ ᠦᠵᠡᠮᠵᠢ᠎ᠶᠢᠨ ᠴᠡᠭ᠂ ᠰᠦᠯᠵᠢᠶᠡᠨ ᠤᠳᠤ ᠵᠢᠨ IP ᠵᠢ ᠬᠦᠴᠦᠯᠡᠨ ᠡᠭᠦᠳᠴᠦ᠂ ᠰᠤᠳᠤᠯᠤᠨ ᠰᠤᠷᠤᠯᠴᠠᠬᠤ ᠡᠷᠡᠭᠦᠯᠵᠢᠯ ᠪᠡᠶ᠎ᠡ ᠰᠤᠪᠢᠯᠠᠬᠤ᠂ ᠤᠢᠷ᠎ᠠ ᠤᠭᠲᠠᠷᠭᠤᠢ ᠪᠡᠷ ᠨᠢᠰᠬᠦ ᠵᠡᠷᠭᠡ ᠰᠣᠶᠣᠯ ᠵᠢᠭᠤᠯᠴᠢᠯᠠᠯ᠎ᠤᠨ ᠰᠢᠨ᠎ᠡ ᠡᠵᠡᠩᠨᠡᠯᠲᠡ᠎ᠶᠢᠨ ᠬᠡᠯᠪᠡᠷᠢ᠎ᠶᠢ ᠪᠣᠢᠵᠢᠭᠤᠯᠤᠨ ᠪᠤᠵᠠᠭᠠᠢᠷᠠᠭᠤᠯᠤᠨ᠎ᠠ》 ᠭᠡᠯ᠎ᠠ᠃
《2024 ᠣᠨ᠎ᠤ ᠠᠮᠵᠢᠯᠲᠠ ᠨᠢ ᠬᠥᠮᠦᠰ᠎ᠢ ᠤᠷᠮᠠᠱᠢᠭᠤᠯᠵᠤ᠂ 2025 ᠣᠨ᠎ᠤ ᠬᠥᠭ᠌ᠵᠢᠯᠲᠡ᠎ᠶ᠋ᠢᠨ ᠬᠠᠷᠠᠯᠲᠠ ᠪᠣᠳᠠᠲᠠᠢ ᠪᠦᠬᠡᠳ ᠲᠣᠳᠣᠷᠬᠠᠢ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠠᠷᠠᠳ ᠤᠯᠠᠨ᠎ᠤ ᠠᠩᠬᠠᠷᠴᠤ᠌ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠴᠡᠢ》᠃ ᠠᠯᠠᠱᠠ ᠠᠢᠮᠠᠭ᠎ᠤᠨ ᠬᠤᠶᠠᠷᠬᠤᠳᠳᠤᠭ ᠤ᠋ᠨ ᠠᠮᠢ ᠠᠬᠤᠢ᠎ᠶ᠋ᠢᠨ ᠨᠡᠭᠦᠳᠡᠯ ᠠᠷᠠᠳ᠎ᠤᠨ ᠵᠢᠱ᠌ᠢᠢ᠎ᠡ ᠦᠵᠡᠭᠦᠯᠬᠦ᠌ ᠣᠷᠣᠨ᠎ᠤ ᠲᠩᠷᠢ ᠡᠯᠡᠰᠦ ᠪᠠᠯᠭᠠᠰᠤᠨ᠎ᠤ ᠤᠯᠠᠭᠠᠨᠬᠠᠳᠠ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠯᠢ ᠱᠢᠶᠦ᠋ᠩ ᠶᠢᠩ᠄ 《ᠤᠢ᠍ᠢᠷ᠎ᠠ᠎ᠶ᠋ᠢᠨ ᠵᠢᠯ᠎ᠡᠴᠡ ᠪᠢᠳᠠ ᠡᠯᠡᠰᠦ ᠮᠠᠩᠬ᠎ᠠ᠂ ᠲᠠᠯ᠎ᠠ ᠨᠤᠲᠤᠭ᠂ ᠨᠠᠭᠤᠷ ᠪᠦᠷᠢᠳᠦ᠂ ᠨᠤᠭᠤ ᠭᠠᠵᠠᠷ ᠵᠡᠷᠭᠡ ᠦᠪᠡᠷᠮᠢᠴᠡ ᠤᠨᠴᠠᠯᠢᠭ ᠲᠠᠢ ᠵᠢᠭᠤᠯᠴᠢᠯᠠᠯ᠎ᠤᠨ ᠡᠬᠢ ᠪᠠᠶᠠᠯᠢᠭ᠎ᠲᠤ ᠲᠦᠱᠢᠭ᠌ᠯᠡᠵᠦ᠍᠂〈ᠨᠠᠮ᠎ᠤᠨ ᠡᠭᠦᠷ + ᠵᠢᠭᠤᠯᠴᠢᠯᠠᠯ᠎ᠤᠨ ᠬᠤᠷᠱᠢᠶ᠎ᠠ + ᠮᠠᠯᠵᠢᠬᠤ ᠲᠠᠷᠢᠶᠠᠯᠠᠬᠤ ᠡᠷᠦᠬᠡ〉 ᠵᠢᠨ ᠵᠠᠭ᠍ᠪᠤᠷ᠎ᠢ ᠡᠭᠦᠳᠬᠦ᠌᠎ᠪᠡᠷ ᠳᠠᠮᠵᠢᠨ ᠵᠢᠭᠤᠯᠴᠢᠯᠠᠯ᠎ᠤᠨ ᠦᠢᠯᠡᠰ᠎ᠢ ᠭᠠᠴᠠᠭᠠᠨ᠎ᠤ ᠭᠣᠣᠯᠯᠠᠬᠤ ᠠᠵᠤ ᠦᠢᠯᠡᠰ ᠪᠣᠯᠭᠠᠵᠤ᠂ ᠬᠤᠯᠠ ᠤᠢ᠍ᠢᠷ᠎ᠠ᠎ᠳᠠᠭᠠᠨ ᠠᠯᠳᠠᠷᠱᠢᠭ᠍ᠰᠠᠨ ᠪᠠᠶᠠᠨ ᠴᠢᠨᠡᠭᠡᠯᠢᠭ ᠭᠠᠴᠠᠭ᠎ᠠ ᠪᠣᠯᠵᠠᠢ᠃ ᠮᠠᠯᠵᠢᠬᠤ ᠲᠠᠷᠢᠶᠠᠯᠠᠬᠤ ᠣᠷᠣᠨ᠎ᠤ ᠦᠨᠳᠦᠰᠦᠨ ᠱᠠᠲᠤᠨ᠎ᠤ ᠺᠠᠳ᠋ᠷ ᠪᠣᠯᠤᠭ᠍ᠰᠠᠨ᠎ᠤ ᠬᠤᠪᠢ᠎ᠳᠤ᠂ ᠲᠠᠷᠠᠭᠠᠴᠢ᠎ᠶ᠋ᠢᠨ ᠠᠯᠬᠤᠮ᠎ᠳᠤ᠂ ᠪᠢ ᠲᠣᠰᠭᠣᠨ᠎ᠤ ᠠᠷᠠᠳ᠎ᠢ ᠳᠠᠭᠠᠭᠤᠯᠤᠨ ᠵᠢᠭᠤᠯᠴᠢᠯᠠᠯ᠎ᠤᠨ ᠠᠵᠤ ᠦᠶ᠋ᠯᠡᠰ᠎ᠢ ᠦᠷᠭᠦᠯᠵᠢᠯᠡᠨ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠭᠠᠴᠠᠭᠠᠨ᠎ᠤ ᠠᠷᠠᠳ ᠵᠢᠡᠨ ᠨᠠᠩ ᠰᠠᠢᠨ ᠰᠠᠢᠬᠠᠨ ᠵᠣᠯ ᠵᠢᠷᠭᠠᠯ᠎ᠲᠠᠶ ᠠᠵᠤ ᠲᠦᠷᠦᠬᠦᠯᠤᠨᠠ》 ᠭᠡᠪᠡ᠃
ᠣᠢᠷ᠎ᠠ᠎ᠶ᠋ᠢᠨ ᠵᠢᠯ᠎ᠡᠴᠡ ᠨᠠᠭᠠᠰᠢ᠂ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ ᠠᠷᠠᠳ ᠲᠦᠮᠡᠨ᠎ᠢᠶᠡᠷ ᠭᠤᠤᠯ ᠪᠣᠯᠭᠠᠬᠤ ᠵᠣᠬᠢᠶᠠᠨ ᠪᠦᠲᠦᠭᠡᠬᠦ᠌ ᠤᠳᠤᠷᠢᠳᠤᠮᠵᠢ᠎ᠶ᠋ᠢ ᠪᠠᠷᠢᠮᠲᠠᠯᠠᠵᠤ᠂ ᠲᠣᠭ᠍ᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠣᠭᠣᠳᠭᠤ᠂ ᠦᠶ᠋ᠯᠡᠴᠢᠯᠡᠬᠦ᠌᠂ ᠵᠣᠬᠢᠶᠠᠨ ᠪᠦᠲᠦᠭᠡᠬᠦ᠌᠂ ᠱᠢᠨ᠎ᠡ᠎ᠶ᠋ᠢ ᠡᠭᠦᠳᠬᠦ᠌᠂ ᠤᠯᠠᠮᠵᠢᠯᠠᠨ ᠵᠠᠯᠭᠠᠮᠵᠢᠯᠠᠬᠤ᠂ ᠭᠠᠳᠠᠭᠠᠳᠤ ᠰᠣᠯᠢᠯᠴᠠᠭ᠎ᠠ ᠬᠢᠬᠦ᠌᠎ᠪᠡᠷ ᠡᠭᠦᠷᠭᠡ᠎ᠪᠡᠨ ᠪᠣᠯᠭᠠᠵᠤ᠂ ᠨᠢᠭᠡ ᠪᠦᠯᠦᠭ ᠬᠠᠢᠷ᠎ᠠ ᠰᠡᠳᠭᠢᠯᠭᠡ ᠲᠠᠢ᠂ ᠣᠯᠠᠨ ᠲᠦᠮᠡᠨ᠎ᠲᠡᠶ ᠣᠢᠷᠠᠲᠤᠭ᠍ᠰᠠᠨ ᠱᠢᠯᠢᠳᠡᠭ ᠪᠦᠲᠦᠭᠡᠯ᠎ᠢ ᠵᠤᠬᠢᠶᠠᠨ ᠪᠦᠳᠦᠬᠡᠪᠡ᠃ ᠰᠥᠨᠢᠳ ᠪᠠᠷᠠᠭᠤᠨ ᠬᠣᠱᠢᠭᠤᠨ᠎ᠤ ᠤᠯᠠᠭᠠᠨᠮᠥ᠋ᠴᠢᠷ᠎ᠦᠨ ᠪᠦᠯᠬᠦᠮ᠎ᠤᠨ ᠳᠠᠷᠤᠭ᠎ᠠ ᠵᠠᠨ᠎ᠠ᠄ 《ᠲᠠᠯ᠎ᠠ ᠨᠤᠲᠤᠭ᠎ᠤᠨ ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ ᠪᠣᠯᠤᠭ᠍ᠰᠠᠨ᠎ᠤ ᠬᠤᠪᠢ᠎ᠳᠤ᠂ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠥᠩᠭᠡᠷᠡᠭ᠌ᠰᠡᠨ᠎ᠲᠡᠶ᠎ᠪᠡᠨ ᠠᠳᠠᠯᠢ᠎ᠪᠠᠷ ᠦᠨᠳᠦᠰᠦᠨ ᠱᠠᠲᠤᠨ᠎ᠳᠤ ᠦᠨᠳᠦᠰᠦᠯᠡᠵᠦ᠍᠂ ᠠᠮᠢᠳᠤᠷᠠᠯ᠎ᠲᠠᠶ ᠣᠢᠷᠠᠳ᠎ᠤᠨ᠂ ᠣᠯᠠᠨ ᠲᠦᠮᠡᠨ᠎ᠳᠦ ᠦᠶ᠋ᠯᠡᠴᠢᠯᠡᠵᠦ᠍᠂ ᠰᠣᠷᠢᠯᠲᠠ ᠲᠣᠭ᠍ᠯᠠᠯᠲᠠ᠎ᠶ᠋ᠢ ᠰᠠᠢᠲᠤᠷ ᠬᠢᠵᠦ᠍᠂ ᠥᠪᠡᠷᠲᠡᠭᠡᠨ ᠵᠠᠰᠠᠬᠤ ᠣᠷᠣᠨ᠎ᠤ ᠤᠮᠠᠷᠠᠲᠤ ᠬᠢᠯᠢ᠎ᠶ᠋ᠢᠨ ᠰᠣᠶᠣᠯ᠎ᠤᠨ ᠲᠥᠷᠥᠯ ᠲᠡᠮᠳᠡᠭ᠎ᠦᠨ ᠪᠠᠢᠭᠤᠯᠤᠯᠲᠠ ᠪᠠ ᠳᠡᠭᠡᠭ᠌ᠰᠢᠯᠡᠯᠲᠡ᠎ᠳᠦ ᠦᠨᠳᠦᠰᠦᠨ ᠱᠠᠲᠤᠨ᠎ᠤ ᠤᠳᠭ᠎ᠠ ᠤᠷᠠᠯᠢᠭ᠎ᠤᠨ ᠠᠵᠢᠯᠲᠠᠨ᠎ᠤ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃