2025-01-15 10:17:05
1 ᠰᠠᠷ᠎ᠠ᠎ᠶ᠋ᠢᠨ 14 ᠤ᠋ ᠤᠷᠤᠢ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ 《ᠲᠥᠯᠥᠭᠡᠯᠡᠭ᠌ᠴᠢᠳ᠎ᠦᠨ ᠰᠤᠷᠪᠤᠯᠵᠢᠯᠠᠭ᠎ᠠ ᠬᠦᠯᠢᠶᠡᠬᠦ᠌ ᠵᠠᠮ》 ᠪᠤᠯᠵᠤᠭ᠎ᠠ ᠶᠤᠰᠤᠭᠠᠷ ᠶᠠᠪᠤᠬᠳᠠᠯ᠎ᠠ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠡᠴᠡ ᠡᠮᠴᠢᠯᠡᠭᠡ ᠵᠢᠨ ᠪᠠᠲᠤᠯᠠᠭ᠎ᠠ ᠬᠦᠷᠲᠡᠯ᠎ᠡ᠂ ᠠᠮᠢ ᠠᠬᠤᠢ᠎ᠶ᠋ᠢᠨ ᠬᠠᠮᠠᠭᠠᠯᠠᠯᠲᠠ᠎ᠡᠴᠡ ᠪᠣᠭᠣᠮᠲᠠ᠎ᠶ᠋ᠢᠨ ᠠᠵᠤ ᠠᠬᠤᠢ ᠬᠦᠷᠲᠡᠯ᠎ᠡ᠂ ᠬᠥᠳᠡᠭᠡ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠡᠴᠡ ᠬᠠᠭᠤᠴᠢᠨ ᠠᠵᠤ ᠦᠢᠯᠡᠳᠪᠦᠷᠢ᠎ᠶ᠋ᠢᠨ ᠰᠠᠭᠤᠷᠢᠨ ᠬᠦᠷᠲᠡᠯ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠲᠦᠯᠦᠭᠡᠯᠡᠭᠴᠢᠳ ᠤᠨ ᠶᠡᠬᠡ ᠬᠤᠷᠠᠯ ᠤᠨ ᠲᠦᠯᠦᠬᠡᠯᠡᠭᠴᠢᠤᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠠᠮᠢᠳᠤᠯᠢᠭ ᠦᠯᠢᠭᠡᠷ᠂ ᠪᠦᠲᠦᠭᠡᠯᠴᠢ ᠴᠢᠨᠠᠷᠲᠠᠢ ᠰᠠᠢ᠌ᠨ ᠠᠷᠭ᠎ᠠ ᠬᠢᠳᠡᠯ ᠵᠢᠡᠷ ᠵᠢᠡᠨ ᠳᠠᠮᠵᠢᠨ᠂ ᠪᠢᠳᠡᠨ ᠳ᠋ᠤ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠯᠠᠪᠳᠠᠭᠤᠨ ᠠᠯᠬᠤᠭ᠎ᠠ᠎ᠶ᠋ᠢ ᠲᠣᠳᠣᠷᠬᠠᠢ ᠬᠠᠷᠠᠭᠤᠯᠤᠯ᠎ᠠ᠃
《ᠶᠡᠷᠡᠭᠡᠳ ᠣᠨ᠎ᠳᠤ ᠲᠥᠷᠥᠭ᠌ᠰᠡᠨ》ᠬᠢᠯᠢ᠎ᠶ᠋ᠢᠨ ᠬᠠᠮᠠᠭᠠᠯᠠᠯᠲᠠ᠎ᠶ᠋ᠢᠨ ᠴᠡᠷᠢᠭ ᠪᠣᠯᠤᠭ᠍ᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ᠌ ᠴᠡᠷᠢᠭ᠎ᠦᠨ 32107 ᠴᠡᠷᠢᠭ ᠠᠩᠭᠢ᠎ᠶ᠋ᠢᠨ ᠯᠢ ᠹᠠᠩ ᠶᠤᠸᠠᠨ᠂ ᠥᠨᠥᠳᠦᠷ ᠬᠢᠯᠢ᠎ᠶ᠋ᠢᠨ ᠬᠠᠮᠠᠭᠠᠯᠠᠯᠲᠠ᠎ᠶ᠋ᠢᠨ ᠡᠮᠦᠨ᠎ᠡ ᠹᠷᠣᠨᠲ᠎ᠤᠨ ᠬᠠᠷᠠᠭᠤᠯ᠎ᠤᠨ ᠴᠡᠭ᠎ᠲᠦ ᠪᠠᠶᠠᠷᠯᠠᠭᠤᠱᠢᠲᠠᠶ ᠬᠤᠪᠢᠷᠠᠯᠲᠠ ᠭᠠᠷᠴᠤ᠌᠂ ᠤᠰᠤ ᠴᠠᠬᠢᠯᠭᠠᠨ᠂ ᠵᠠᠮ᠂ ᠴᠢᠮᠡᠭᠡ ᠬᠤᠯᠪᠤᠭ᠎ᠠ᠂ ᠪᠠᠷᠠᠭᠠᠨ᠎ᠤ ᠭᠦᠶ᠋ᠯᠭᠡᠭᠡ ᠨᠡᠪᠲᠡᠷᠡᠬᠦ᠎ᠶ᠋ᠢ ᠠᠯᠬᠤᠮ ᠠᠯᠬᠤᠮ᠎ᠢᠶᠠᠷ ᠪᠡᠶᠡᠯᠡᠭᠦᠯᠪᠡ ᠬᠡᠯ᠎ᠠ᠃
ᠴᠡᠭᠡ ᠬᠢᠯᠢ᠎ᠶᠢᠨ ᠪᠣᠭᠣᠮᠲᠠ ᠨᠢ ᠥᠪᠡᠷᠲᠡᠭᠡᠨ ᠵᠠᠰᠠᠬᠤ ᠣᠷᠣᠨ᠎ᠤ ᠭᠤᠷᠪᠠᠳᠤᠭᠠᠷ ᠶᠡᠬᠡ ᠬᠢᠯᠢ᠎ᠶᠢᠨ ᠪᠣᠭᠣᠮᠲᠠ ᠪᠣᠯᠤᠭ᠍ᠰᠠᠨ᠎ᠤ ᠬᠤᠪᠢ᠎ᠳᠤ᠂ 2024 ᠣᠨ᠎ᠳᠤ ᠪᠣᠭᠣᠮᠲᠠ᠎ᠪᠠᠷ ᠥᠩᠭᠡᠷᠡᠭᠰᠡᠨ ᠪᠠᠷᠠᠭ᠎ᠠ᠎ᠶ᠋ᠢᠨ ᠬᠡᠮᠵᠢᠶ᠎ᠡ 2400 ᠲᠦᠮᠡᠨ ᠲᠣᠨ᠎ᠢ ᠳᠠᠪᠠᠵᠤ᠂ ᠭᠠᠳᠠᠭᠠᠳᠤ ᠤᠷᠤᠭᠤᠯᠤᠯᠲᠠ ᠭᠠᠷᠭᠠᠯᠲᠠ᠎ᠶᠢᠨ ᠠᠷᠠᠯᠵᠢᠶᠠᠨ᠎ᠤ ᠬᠡᠮᠵᠢᠶ᠎ᠡ 150 ᠳ᠋ᠦᠩᠱᠢᠭᠤᠷ ᠲᠥᠭᠥᠷᠢᠭ᠎ᠲᠦ ᠬᠦᠷᠴᠦ᠍᠂ ᠪᠣᠭᠣᠮᠲᠠ ᠨᠡᠭᠡᠭᠡᠭ᠌ᠰᠡᠨ᠎ᠡᠴᠡ ᠨᠠᠭᠠᠱᠢᠬᠢ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠠᠯᠠᠱᠠ ᠠᠢᠮᠠᠭ᠎ᠤᠨ ᠡᠵᠡᠨ᠎ᠡ ᠬᠣᠱᠢᠭᠤᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠬᠣᠱᠢᠭᠤᠨ ᠳᠠᠷᠤᠭ᠎ᠠ᠂ ᠴᠡᠬᠡ ᠬᠢᠯᠢ᠎ᠶᠢᠨ ᠪᠣᠭᠣᠮᠲᠠ᠎ᠶ᠋ᠢᠨ ᠠᠵᠤ ᠠᠬᠤᠢ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠤᠨ ᠨᠠᠮ᠎ᠤᠨ ᠠᠵᠢᠯ᠎ᠤᠨ ᠬᠣᠷᠢᠶ᠎ᠠ᠎ᠶᠢᠨ ᠱᠦᠵᠢ ᠪᠦᠬᠡ᠂ ᠳᠠᠷᠠᠭᠠᠴᠢ᠎ᠶ᠋ᠢᠨ ᠠᠯᠬᠤᠮ᠎ᠳᠤ ᠴᠡᠭᠡ ᠬᠢᠯᠢ᠎ᠶᠢᠨ ᠪᠣᠭᠣᠮᠲᠠ ᠨᠢ ᠳᠣᠲᠣᠭᠠᠳᠤ ᠭᠠᠳᠠᠭᠠᠳᠤ᠎ᠶ᠋ᠢ ᠬᠣᠯᠪᠣᠭ᠍ᠰᠠᠨ᠂ ᠡᠷᠬᠢᠨ ᠲᠣᠭᠣᠷᠢᠨ᠎ᠢ ᠨᠥᠯᠥᠭᠡᠯᠡᠭ᠌ᠰᠡᠨ᠂ ᠡᠬᠢ ᠪᠠᠶᠠᠯᠢᠭ᠎ᠢ ᠲᠥᠪᠯᠡᠷᠡᠭᠦᠯᠵᠦ᠍ ᠲᠠᠷᠬᠠᠭᠠᠭ᠍ᠰᠠᠨ᠂ ᠴᠢᠬᠤᠯᠠ ᠡᠯᠧᠮᠧᠨ᠋ᠲ᠎ᠢ ᠠᠭᠤᠰᠤᠯᠴᠠᠭᠤᠯᠤᠨ ᠨᠡᠪᠲᠡᠷᠡᠭᠦᠯᠦᠭ᠌ᠰᠡᠨ ᠪᠦᠬᠦ᠌ ᠣᠷᠣᠨ ᠪᠦᠰᠡ᠎ᠶ᠋ᠢᠨ ᠨᠡᠬᠡᠬᠡᠯᠳᠡ᠎ᠶ᠋ᠢᠨ ᠲᠠᠪᠴᠠᠩ᠎ᠢ ᠢᠳᠡᠪᠬᠢᠲᠡᠢ ᠪᠠᠢᠭᠤᠯᠵᠤ᠂ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠡᠬᠢᠯᠡᠯᠲᠡ᠎ᠶ᠋ᠢ ᠪᠠᠢᠭᠤᠯᠬᠤ᠎ᠳᠤ ᠨᠡᠩ ᠶᠡᠬᠡ ᠬᠦᠴᠦᠨ ᠨᠡᠮᠡᠷᠢᠯᠡᠨ᠎ᠡ ᠭᠡᠵᠦ᠍ ᠢᠯᠡᠳᠭᠡᠪᠡ᠃
ᠤᠯᠠᠭᠠᠨᠴᠠᠪ ᠬᠣᠲᠠ ᠮᠠᠯ ᠠᠵᠤ ᠠᠬᠤᠶ ᠲᠠᠷᠢᠶᠠᠯᠠᠩ᠎ᠤᠨ ᠳᠠᠪᠠᠭᠤᠯᠢᠭ ᠤᠨᠴᠠᠯᠢᠭ᠍ᠳᠤ ᠠᠵᠤ ᠦᠶ᠋ᠯᠡᠰ᠎ᠦᠨ ᠲᠣᠭᠣᠷᠢᠨ᠎ᠳᠤ ᠪᠥᠬᠥ᠌ ᠬᠡᠯᠬᠢᠶ᠎ᠡ᠎ᠪᠡᠷ ᠬᠦᠴᠦᠯᠡᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠪᠤᠯᠪᠠᠰᠤᠷᠠᠭᠤᠯᠤᠭᠰᠠᠨ ᠨᠣᠷᠮ᠎ᠠ 75% ᠶ᠋ᠢ ᠳᠠᠪᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠴᠠᠪ ᠬᠣᠲᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠨᠠᠮ᠎ᠤᠨ ᠬᠤᠷᠢᠶ᠎ᠠ᠎ᠶᠢᠨ ᠳᠡᠳ᠋ ᠱᠦᠵᠢ᠂ ᠬᠣᠱᠢᠭᠤᠨ ᠳᠠᠷᠤᠭ᠎ᠠ ᠪᠠᠨ ᠱᠢᠤ ᠫᠢᠩ᠂ ᠲᠠᠷᠠᠭᠠᠴᠢ᠎ᠶ᠋ᠢᠨ ᠠᠯᠬᠤᠮ᠎ᠳᠤ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤ ᠮᠠᠯ ᠠᠵᠤ ᠠᠬᠤᠶ ᠲᠠᠷᠢᠶᠠᠯᠠᠩ᠎ᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠨ ᠪᠣᠢᠵᠢᠭᠤᠯᠵᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠲᠣᠭ᠎ᠠ ᠬᠡᠮᠵᠢᠶ᠎ᠡ ᠪᠡᠷ ᠶᠡᠭᠡ ᠴᠢᠨᠠᠷ ᠰᠠᠢᠲᠠᠶ ᠪᠡᠷ ᠪᠥᠲᠥᠭᠡᠨ ᠪᠠᠢᠭᠤᠯᠤᠨ᠎ᠠ ᠭᠡᠵᠡᠶ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠮᠠᠱᠢᠨ ᠴᠠᠬᠢᠯᠭᠠᠨ᠎ᠤ ᠢᠨᠵᠧᠨᠧᠷᠢᠩ᠎ᠦᠨ ᠰᠠᠯᠪᠤᠷᠢ᠎ᠶ᠋ᠢᠨ ᠡᠷᠬᠢᠯᠡᠭ᠌ᠴᠢ ᠫᠠᠨ ᡁᠢ ᠶᠦᠩ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠣᠳᠣᠬᠠᠨ᠎ᠳᠤ ᠨᠢᠭᠡᠨᠲᠡ ᠵᠢᠯᠣᠭᠣᠴᠢ ᠥᠬᠡᠶ ᠨᠢᠰᠭᠡᠯ᠎ᠦᠨ ᠬᠡᠷᠡᠭ᠌ᠯᠡᠭᠡᠨ᠎ᠦ ᠮᠡᠷᠭᠡᠵᠢᠯ᠎ᠦᠨ ᠲᠤᠰᠭᠠᠶ ᠮᠡᠷᠭᠡᠵᠢᠯ ᠨᠡᠭᠡᠭᠡᠵᠦ᠍᠂ ᠲᠣᠭᠣᠷᠢᠨ ᠪᠠᠢᠴᠠᠭᠠᠬᠤ᠂ ᠪᠠᠷᠠᠭᠠᠨ᠎ᠤ ᠭᠦᠶ᠋ᠯᠭᠡᠭᠡ ᠵᠡᠷᠭᠡ ᠤᠢᠷ᠎ᠠ ᠤᠭᠳᠠᠷᠭᠤᠢ᠎ᠶᠢᠨ ᠬᠡᠷᠡᠭ᠌ᠯᠡᠭᠡᠨ᠎ᠦ ᠪᠠᠢᠳᠠᠯ᠎ᠳᠤ ᠲᠣᠭ᠍ᠲᠠᠭᠠᠯ ᠶᠣᠰᠣᠭᠠᠷ ᠦᠨᠡᠮᠯᠡᠯ᠎ᠲᠡᠶ ᠬᠡᠷᠡᠭ᠌ᠯᠡᠭᠡᠨ᠎ᠦ ᠬᠡᠯᠪᠡᠷᠢ᠎ᠶ᠋ᠢᠨ ᠴᠢᠳᠠᠪᠤᠷᠢᠲᠠᠨ᠎ᠢ ᠬᠥᠮᠦᠵᠢᠭᠦᠯᠵᠦ᠍᠂ ᠳᠠᠷᠠᠭ᠎ᠠ᠎ᠪᠠᠷ ᠱᠢᠨ᠎ᠡ ᠲᠤᠰᠭᠠᠶ ᠮᠡᠷᠭᠡᠵᠢᠯ᠎ᠢ ᠨᠡᠭᠡᠭᠡᠵᠦ᠍᠂ ᠤᠢᠷ᠎ᠠ ᠤᠭᠳᠠᠷᠭᠤᠢ᠎ᠶᠢᠨ ᠠᠵᠤ ᠠᠬᠤᠶ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ ᠭᠡᠯ᠎ᠠ᠃
ᠥᠪᠡᠷᠲᠡᠭᠡᠨ ᠵᠠᠰᠠᠬᠤ ᠣᠷᠣᠨ᠎ᠤ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠬᠦᠷᠢᠶᠡᠨ᠎ᠦ ᠣᠷᠣᠢᠯᠠᠭ᠍ᠴᠢ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠢ᠎ᠲᠡᠶ ᠪᠦᠯᠦᠭ᠌ᠯᠡᠯ ᠬᠢᠵᠠᠭᠠᠷᠲᠤ ᠺᠣᠮᠫᠠᠨᠢ ᠢᠮᠠᠭ᠍ᠲᠠ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠪᠠᠷᠢᠮᠲᠠᠯᠠᠵᠤ᠂ 2024 ᠣᠨ᠎ᠳᠤ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠪᠠᠯᠠ ᠣᠷᠣᠭᠤᠯᠤᠯᠲᠠ 6 ᠳ᠋ᠦᠩᠱᠢᠭᠤᠷ ᠲᠥᠭᠥᠷᠢᠭ᠎ᠢ ᠳᠠᠪᠠᠵᠤ᠂ 98 ᠬᠤᠪᠢ ᠲᠤᠰᠭᠠᠶ ᠠᠱᠢᠭ᠎ᠤᠨ ᠡᠷᠬᠡ ᠤᠯᠪᠠ᠃ 《 ᠪᠢᠳᠡ ᠨᠢᠭᠡᠨᠲᠡ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠣᠯᠠᠨ ᠨᠠᠷᠠᠲᠤ ᠬᠦᠷᠢᠶᠡᠯᠡᠩ ᠭᠠᠵᠠᠷ ᠵᠢᠴᠢ ᠠᠵᠤ ᠠᠬᠤᠢᠯᠠᠯ᠎ᠲᠠᠶ ᠣᠯᠠᠨ ᠬᠦᠷᠢᠶᠡᠨ᠎ᠳᠦ ᠬᠠᠮᠲᠤᠷᠠᠯᠴᠠᠭ᠎ᠠ ᠰᠤᠳᠤᠯᠭᠠᠨ ᠥᠷᠨᠢᠭᠦᠯᠪᠡ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠳᠠᠮᠵᠢᠨ ᠠᠵᠤ ᠠᠬᠤᠢᠯᠠᠯ᠎ᠳᠤ ᠪᠠᠲᠤ ᠪᠡᠬᠢ ᠲᠤᠯᠭᠠᠭᠤᠷᠢᠯᠠᠯ ᠬᠠᠩᠭᠠᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠢ᠎ᠲᠡᠶ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠬᠠᠮᠢᠶᠠᠷᠤᠯᠲᠠ᠎ᠶ᠋ᠢᠨ ᠬᠡᠯᠲᠡᠰ᠎ᠦᠨ ᠲᠥᠬᠥᠭᠡᠷᠦᠮᠵᠢ᠎ᠶ᠋ᠢᠨ ᠬᠠᠮᠢᠶᠠᠷᠤᠯᠲᠠ᠎ᠶ᠋ᠢᠨ ᠡᠷᠬᠢᠯᠡᠭ᠌ᠴᠢ᠎ᠶ᠋ᠢᠨ ᠳᠡᠰ᠎ᠤᠨ ᠢᠨᠵᠧᠨᠧᠷ ᠽᠢ ᠱᠢᠤᠢ ᠬᠤᠸᠠ ᠬᠡᠯᠡᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠠᠷᠤᠭ᠎ᠠ ᠯᠦ᠍ ᠵᠠᠨ ᠶᠤᠸᠠᠨ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠱᠢᠪᠲᠤᠯᠬᠤ》 ᠢᠨᠵᠧᠨᠧᠷᠢᠩ᠎ᠢᠶᠡᠷ ᠤᠳᠤᠷᠢᠳᠤᠮᠵᠢ ᠪᠣᠯᠭᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠬᠠᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠬᠢᠭᠡᠳ ᠦᠢᠯᠡᠳᠪᠦᠷᠢᠯᠡᠯ᠎ᠦᠨ ᠬᠥᠭ᠌ᠵᠢᠯᠲᠡ᠎ᠶ᠋ᠢᠨ ᠬᠠᠷᠢᠴᠠᠭ᠎ᠠ᠎ᠶ᠋ᠢ ᠲᠣᠬᠢᠲᠠᠶ ᠰᠠᠢᠲᠤᠷ ᠱᠢᠶ᠋ᠳᠪᠦᠷᠢᠯᠡᠵᠦ᠍᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ ᠲᠠᠷᠢᠶᠠᠯᠠᠩ ᠤ᠋ᠨ ᠦᠷᠭᠦᠯᠵᠢᠯᠡᠨ ᠬᠥᠭ᠌ᠵᠢᠬᠦ᠌᠎ᠶ᠋ᠢ ᠠᠬᠢᠭᠤᠯᠬᠤ ᠳᠦᠷᠢᠮ》 ᠢ᠋ ᠲᠣᠭ᠍ᠲᠠᠭᠠᠨ ᠨᠡᠢᠲᠡᠯᠡᠵᠤ᠂ ᠮᠠᠯ ᠠᠵᠤ ᠠᠬᠤᠶ ᠲᠠᠷᠢᠶᠠᠯᠠᠩ᠎ᠤᠨ ᠠᠮᠢ ᠠᠬᠤᠶ᠎ᠶ᠋ᠢᠨ ᠬᠠᠮᠠᠭᠠᠯᠠᠯᠲᠠ᠂ ᠦᠶ᠋ᠯᠡᠳᠪᠦᠷᠢᠯᠡᠯ᠎ᠦᠨ ᠬᠥᠭ᠌ᠵᠢᠯᠲᠡ ᠪᠣᠯᠤᠨ ᠮᠠᠯᠴᠢᠨᠲᠠᠷᠢᠶᠠᠴᠢᠨ ᠤ᠋ ᠣᠷᠣᠯᠭ᠎ᠠ᠎ᠶ᠋ᠢᠨ ᠨᠡᠮᠡᠭ᠌ᠳᠡᠯ᠎ᠦᠨ ᠵᠣᠬᠢᠴᠠᠩᠭᠤᠶ ᠪᠥᠭᠡᠳ ᠨᠢᠭᠡᠳᠦᠯᠲᠡᠶ ᠪᠠᠢᠬᠤ᠎ᠶ᠋ᠢ ᠪᠡᠶᠡᠯᠡᠭᠦᠯᠤᠨ᠎ᠠ ᠭᠡᠵᠤ ᠬᠠᠷᠠᠯᠳᠠ ᠪᠠᠨ ᠲᠤᠳᠤᠷᠠᠭᠤᠯᠤᠯ᠎ᠠ᠃
ᠥᠪᠡᠷᠲᠡᠭᠡᠨ ᠵᠠᠰᠠᠬᠤ ᠣᠷᠣᠨ᠎ᠳᠤ ᠬᠠᠮᠤᠭ᠎ᠤᠨ ᠲᠡᠷᠢᠬᠦᠨ᠎ᠳᠦ ᠪᠦᠷᠢᠨ ᠲᠡᠭᠦᠯᠳᠡᠷ ᠡᠨᠧᠷᠭᠢ ᠬᠠᠳᠠᠭᠠᠯᠠᠬᠤ ᠠᠵᠤ ᠦᠢᠯᠡᠰ᠎ᠦᠨ ᠬᠡᠯᠬᠢᠶ᠎ᠡ᠎ᠶᠢ ᠪᠦᠷᠢᠯᠳᠦᠭᠦᠯᠵᠦ᠂ ᠪᠦᠬᠦ ᠪᠥᠮᠪᠥᠷᠴᠡᠭ᠎ᠦᠨ ᠠᠩᠬᠠᠳᠠᠭ᠍ᠴᠢ ᠪᠦᠯᠦᠭ ᠶᠡᠬᠡ ᠬᠡᠪᠴᠢᠶᠡᠨ᠎ᠦ ᠪᠤᠬᠢᠷᠳᠤᠯ ᠦᠭᠡᠢ ᠴᠠᠬᠢᠯᠭᠠᠨ᠎ᠢᠶᠠᠷ ᠤᠰᠤᠲᠥ᠋ᠷᠥᠭᠴᠢ ᠦᠢᠯᠡᠳᠬᠦ ᠲᠦᠷᠦᠯ ᠵᠦᠢᠯ᠎ᠢ ᠪᠠᠢᠭᠤᠯᠤᠨ ᠪᠦᠲᠦᠭᠡᠪᠡ ᠁ 《ᠪᠢᠳᠡ ᠲᠦᠷᠦᠯ ᠵᠦᠢᠯ᠎ᠢᠶᠡᠷ ᠪᠣᠭᠣᠮᠲᠠ ᠰᠢᠪᠲᠤᠯᠵᠤ᠂ ᠰᠢᠰᠲᠧᠮ᠎ᠢᠶᠡᠷ ᠬᠤᠷᠠᠮᠳᠤᠭᠤᠯᠵᠤ᠂ ᠴᠢᠩ ᠦᠨᠡᠨᠴᠢ ᠦᠢᠯᠡᠴᠢᠯᠡᠭᠡ ᠪᠡᠷ ᠬᠠᠭᠤᠴᠢᠨ ᠠᠵᠤ ᠦᠢᠯᠡᠳᠪᠦᠷᠢ᠎ᠶᠢᠨ ᠰᠠᠭᠤᠷᠢᠨ᠎ᠤ ᠰᠢᠨ᠎ᠡ᠎ᠶᠢ ᠡᠭᠦᠳᠬᠦ ᠬᠥᠭᠵᠢᠯᠲᠡ᠎ᠶᠢᠨ ᠵᠠᠮ᠎ᠢᠶᠠᠷ ᠵᠠᠮᠨᠠᠨ᠎ᠠ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠪᠤᠭᠤᠲᠤ ᠬᠤᠳᠠ᠎ᠶᠢᠨ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠡᠷᠬᠢᠯᠡᠭᠴᠢ ᠱᠢ ᠵᠦᠩ ᠴᠢᠨ ᠬᠡᠯᠡᠯ᠎ᠠ᠃
ᠲᠠᠷᠢᠶᠠᠨ ᠭᠠᠵᠠᠷ ᠪᠣᠯ ᠠᠮᠤ ᠪᠤᠳᠠᠭᠠᠨ᠎ᠤ ᠠᠮᠤᠷ ᠲᠦᠪᠰᠢᠨ᠎ᠦ 《ᠠᠮᠢᠨ ᠰᠤᠳᠠᠰᠤ》 ᠮᠥᠨ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠣᠷᠳᠣᠰ ᠬᠣᠲᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠠᠮᠢ ᠠᠬᠤᠢ ᠬᠢᠭᠡᠳ ᠡᠬᠢ ᠪᠠᠶᠠᠯᠢᠭ᠋᠎ᠤᠨ ᠬᠠᠮᠠᠭᠠᠯᠠᠯᠲᠠ᠎ᠶᠢᠨ ᠲᠥᠪ᠎ᠦᠨ ᠡᠷᠬᠢᠯᠡᠭᠴᠢ ᠸᠠᠩ ᠸᠧᠢ ᠨᠢᠢ᠂ ᠵᠣᠬᠢᠶᠠᠨ ᠪᠠᠶ᠋ᠢᠭᠤᠯᠬᠤ᠂ ᠬᠠᠤᠯᠢ ᠲᠣᠭᠲᠠᠭᠠᠬᠤ ᠣᠷᠣᠭᠤᠯᠤᠯᠲᠠ᠎ᠶᠢ ᠴᠢᠩᠭᠠᠳᠬᠠᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠬᠠᠮᠠᠭᠠᠯᠠᠯᠲᠠ᠎ᠶᠢᠨ ᠬᠠᠤᠯᠢ ᠲᠣᠭᠲᠠᠭᠠᠯᠲᠠ᠎ᠶᠢ ᠠᠬᠢᠭᠤᠯᠵᠤ᠂ ᠣᠷᠣᠭᠤᠯᠤᠯᠲᠠ᠎ᠶᠢ ᠨᠡᠮᠡᠭᠳᠡᠭᠦᠯᠦᠨ᠂ ᠶᠠᠰᠤ ᠴᠢᠨᠠᠷ᠎ᠢ ᠬᠠᠮᠠᠭᠠᠯᠠᠨ ᠳᠡᠭᠡᠭᠰᠢᠯᠡᠭᠦᠯᠪᠠᠯ ᠵᠤᠬᠢᠨ᠎ᠠ ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃