2025 ᠣᠷᠣᠨ᠎ᠤ᠋ ᠬᠤᠶᠠᠷ ᠬᠤᠷᠠᠯ > ᠣᠨᠴᠠ ᠮᠡᠳᠡᠭᠡᠯᠡᠯ

2025-01-16 09:22:31

ᠵᠣᠬᠢᠶᠠᠭ᠍ᠴᠢ᠄ ᠸᠠᠩ ᠬᠤᠤ ᠣᠩᠱᠢᠭ᠍ᠰᠠᠨ ᠣᠳᠠᠭ᠎ᠠ᠄ 3

1 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠤᠯᠤᠰ ᠲᠦᠷᠦ᠍ ᠬᠠᠤᠯᠢ ᠴᠠᠭᠠᠵᠠ᠎ᠶ᠋ᠢᠨ ᠬᠤᠷᠢᠶ᠎ᠠ ᠵᠢᠨ ᠱᠦᠵᠢ ᠱ᠌ᠢ ᠭᠤᠸᠠᠩ ᠬᠤᠢ ᠲᠡᠭᠦᠨ᠎ᠦ ᠪᠠᠢᠭ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠤᠷᠳᠤᠰ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠪᠠ᠃

ᠱ᠌ᠢ ᠭᠤᠸᠠᠩ ᠬᠤᠢ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ ᠪᠣᠯᠤᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠡᠨᠡ ᠵᠢᠯ᠎ᠦᠨ ᠠᠵᠢᠯ᠎ᠤᠨ ᠲᠤᠬᠠᠢ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠭᠦᠢᠴᠡᠳ ᠢᠯᠡᠷᠡᠭᠦᠯᠵᠡᠢ᠂ ᠪᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠃ ᠣᠷᠳᠣᠰ ᠬᠣᠲᠠ ᠮᠠᠨ᠎ᠤ ᠣᠷᠣᠨ᠎ᠤ ᠠᠵᠤ ᠠᠬᠤᠶ᠎ᠶ᠋ᠢᠨ ᠲᠣᠮᠣ ᠬᠣᠲᠠ ᠪᠣᠯᠤᠭ᠍ᠰᠠᠨ᠎ᠤ ᠬᠤᠪᠢ᠎ᠳᠤ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠵᠢᠨ ᠡᠮᠦᠨ᠎ᠡ ᠹᠷᠤᠨᠲ ᠢ᠋ ᠴᠢᠩᠭ᠎ᠠ ᠠᠩᠬᠠᠷᠴᠤ᠌᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠲᠡᠭᠦᠯᠳᠡᠷᠵᠢᠭᠦᠯᠵᠦ᠍᠂ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠳᠡᠮᠵᠢᠵᠦ᠍᠂ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠵᠠᠮ᠎ᠢ ᠨᠡᠭᠡᠭᠡᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠨᠠᠩ ᠶᠡᠬᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠶ᠃ ᠦᠨᠳᠦᠰᠦᠨ᠎ᠡᠴᠡ ᠨᠢ ᠵᠠᠰᠠᠬᠤ ᠠᠷᠭ᠎ᠠ ᠪᠤᠳᠤᠯᠭ᠎ᠠ᠎ᠶ᠋ᠢ ᠴᠢᠩᠭᠠᠳᠭᠠᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ᠂ ᠠᠭᠤᠷᠬᠠᠢ᠎ᠶ᠋ᠢᠨ ᠪᠦᠬᠦ᠌ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠬᠠᠮᠢᠶᠠᠷᠤᠯᠲᠠ᠂ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠣᠷᠢᠭ᠎ᠤᠨ ᠪᠦᠳᠦᠭᠡᠨ ᠪᠠᠢᠭᠤᠯᠤᠯᠲᠠ ᠵᠡᠷᠭᠡ ᠲᠠᠯ᠎ᠠ᠎ᠪᠠᠷ ᠡᠮᠦᠨ᠎ᠡ ᠡᠩᠨᠡᠭᠡᠨ᠎ᠳᠦ ᠬᠤᠰᠢᠭᠤᠷᠠᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠲᠦᠷᠦᠯ ᠲᠡᠮᠳᠡᠭ᠎ᠢ ᠴᠢᠷᠮᠠᠢᠨ ᠡᠭᠦᠳᠬᠦ᠌ ᠬᠡᠷᠡᠭ᠌ᠲᠡᠢ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠢ ᠨᠢᠳᠦᠨ ᠳ᠋ᠤ ᠦᠵᠡᠭᠳᠡᠮ᠎ᠡ᠂ ᠰᠡᠳᠬᠢᠯ ᠳ᠋ᠤ ᠰᠠᠭᠤᠭᠳᠠᠮ᠎ᠠ᠂ ᠭᠠᠷ ᠲᠤ᠌ ᠪᠠᠷᠢᠭᠳᠠᠮ᠎ᠠ ᠰᠠᠢᠲᠤᠷ ᠬᠢᠵᠦ᠍᠂ ᠬᠥᠭ᠌ᠵᠢᠯᠲᠡ ᠪᠠ ᠠᠮᠤᠷ ᠲᠦᠪᠱᠢᠨ᠎ᠢ ᠰᠠᠢᠲᠤᠷ ᠨᠢᠭᠡᠳᠦᠯᠲᠡᠢ ᠲᠥᠯᠥᠪᠵᠢᠭᠦᠯᠵᠦ᠍᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠦᠨᠳᠦᠰᠦᠨ ᠱᠠᠲᠤᠨ᠎ᠤ ᠰᠠᠭᠤᠷᠢ᠎ᠶ᠋ᠢ ᠨᠡᠩ ᠪᠡᠬᠢᠵᠢᠭᠦᠯᠬᠦ᠌ ᠬᠡᠷᠡᠭ᠌ᠲᠡᠢ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面