2025 ᠣᠷᠣᠨ᠎ᠤ᠋ ᠬᠤᠶᠠᠷ ᠬᠤᠷᠠᠯ > ᠣᠨᠴᠠ ᠮᠡᠳᠡᠭᠡᠯᠡᠯ

2025-01-16 09:26:30

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

ᠯᠢᠦ ᠱᠤᠸᠠᠩ ᠪᠦᠦ ᠭᠠᠩ ᠵᠧᠩ ᠬᠣᠩ ᠹᠠᠨ ᠳ᠋ᠢᠩ ᠱᠢᠤ ᠹᠸᠩ ᠮᠸᠩ ᠱᠢᠶᠠᠨ ᠳ᠋ᠦᠩ ᠶᠠᠩ ᠱᠢᠶᠤᠤ ᠺᠠᠩ

ᠬᠤᠸᠠᠩ ᡁᠢ ᠴᠢᠶᠠᠩ ᠯᠢ ᠢᠦᠢ ᠭᠠᠩ ᠢᠦᠢ ᠯᠢ ᠱᠢᠨ ᠣᠷᠣᠯᠴᠠᠵᠠᠢ


1 ᠰᠠᠷ᠎ᠠ᠎ᠶ᠋ᠢᠨ 14 ᠡᠴᠡ 15 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ ᠯᠢᠦ ᠱᠤᠸᠠᠩ᠂ ᠪᠦᠦ ᠭᠠᠩ᠂ ᠵᠧᠩ ᠬᠣᠩ ᠹᠠᠨ᠂ ᠳ᠋ᠢᠩ ᠱᠢᠤ ᠹᠸᠩ᠂ ᠮᠸᠩ ᠱᠢᠶᠠᠨ ᠳ᠋ᠦᠩ᠂ ᠶᠠᠩ ᠱᠢᠶᠤᠤ ᠺᠠᠩ᠂ ᠬᠤᠸᠠᠩ ᡁᠢ ᠴᠢᠶᠠᠩ᠂ ᠯᠢ ᠢᠦᠢ ᠭᠠᠩ᠂ ᠢᠦᠢ ᠯᠢ ᠱᠢᠨ ᠲᠤᠰ ᠲᠤᠰ ᠥᠪᠡᠷ᠎ᠦᠨ ᠪᠠᠢᠭ᠎ᠠ ᠲᠥᠯᠥᠭᠡᠯᠡᠭ᠌ᠴᠢᠳ᠎ᠦᠨ ᠪᠦᠯᠬᠦᠮ᠎ᠳᠦ ᠲᠥᠯᠥᠭᠡᠯᠡᠭ᠌ᠴᠢᠳ᠎ᠲᠡᠶ ᠬᠠᠮᠲᠤ᠎ᠪᠠᠷ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠬᠢᠨᠠᠨ ᠵᠥᠪᠯᠡᠪᠡ᠃

ᠯᠢᠦ ᠱᠤᠸᠠᠩ ᠪᠠᠶᠠᠨᠨᠠᠭᠤᠷ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠵᠣᠬᠢᠶᠠᠯ᠎ᠤᠨ ᠰᠤᠷᠲᠠᠯ ᠪᠣᠷᠣᠭ᠍ᠵᠢᠭᠤᠨ᠂ ᠠᠮᠵᠢᠯᠲᠠ ᠪᠦᠲᠦᠮᠵᠢ ᠦᠯᠡᠮᠵᠢ ᠪᠤᠳᠠᠳᠠᠢ᠂ ᠠᠷᠭ᠎ᠠ ᠬᠡᠮᠵᠢᠶ᠎ᠡ ᠪᠣᠳᠠᠲᠠᠶ᠎ᠶ᠋ᠢ ᠡᠷᠬᠢᠮᠯᠡᠭ᠌ᠰᠡᠨ ᠪᠠᠢᠵᠤ᠂ 5 ᠲᠠᠯ᠎ᠠ᠎ᠪᠠᠷ ᠥᠩᠭᠡᠷᠡᠭ᠌ᠰᠡᠨ ᠨᠢᠭᠡ ᠵᠢᠯ᠎ᠦᠨ ᠠᠵᠢᠯ᠎ᠢᠶᠠᠨ ᠪᠥᠬᠥ᠌ ᠲᠠᠯ᠎ᠠ᠎ᠪᠠᠷ ᠳ᠋ᠦᠩᠨᠡᠵᠦ᠍᠂ ᠣᠯᠤᠭ᠍ᠰᠠᠨ ᠠᠮᠵᠢᠯᠲᠠ ᠪᠦᠲᠦᠮᠵᠢ᠎ᠨᠢ ᠪᠠᠶᠠᠷᠯᠠᠭᠤᠱᠢᠲᠠᠶ ᠶᠤᠮ; ᠢᠯᠡᠳᠭᠡᠯ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ ᠨᠢᠭᠡ ᠭᠣᠣᠯ ᠰᠢᠵᠢᠮ ᠢ᠋ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠬᠡᠷᠡᠭ᠌ᠵᠢᠭᠦᠯᠬᠦ᠂ 《ᠵᠢᠷᠭᠤᠭᠠᠨ ᠠᠵᠢᠯᠯᠠᠭ᠎ᠠ》 ᠵᠢ ᠵᠣᠬᠢᠶᠠᠨ ᠪᠠᠢᠭᠤᠯᠤᠨ ᠥᠷᠨᠢᠭᠦᠯᠬᠦ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 11 ᠲᠠᠯ᠎ᠠ᠎ᠡᠴᠡ ᠡᠨᠡ ᠵᠢᠯ᠎ᠦᠨ ᠠᠵᠢᠯ᠎ᠳᠤ ᠪᠠᠢᠷᠢᠯᠠᠭᠤᠯᠤᠯᠲᠠ ᠬᠢᠭᠰᠡᠨ ᠪᠠᠢᠨ᠎ᠠ᠂ ᠪᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠃ ᠢᠯᠠᠩᠭᠤᠶ᠎ᠠ ᠥᠩᠭᠡᠷᠡᠭ᠌ᠰᠡᠨ ᠨᠢᠭᠡ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠣᠷᠣᠨ ᠲᠠᠶᠠᠭᠠᠷ᠎ᠢᠶᠠᠨ ᠴᠢᠷᠮᠠᠢᠨ ᠠᠵᠢᠯᠯᠠᠬᠤ᠎ᠶ᠋ᠢ ᠲᠡᠷᠢᠭᠦᠨ᠎ᠳᠦ ᠲᠠᠯᠪᠢᠵᠤ᠂ ᠣᠷᠣᠨ ᠨᠤᠲᠤᠭ ᠎ᠤᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ 5 ᠵᠢᠯ ᠤ᠋ᠨ ᠲᠠᠷᠠᠭ᠎ᠠ ᠲᠠᠬᠢᠨ ᠪᠦᠬᠦ᠌ ᠤᠯᠤᠰ᠎ᠤᠨ ᠳᠤᠮᠳᠠ ᠲᠦᠪᠰᠢᠨ ᠳ᠋ᠤ ᠤᠷᠤᠬᠰᠠᠨ ᠨᠢ ᠠᠵᠢᠯ ᠦᠢᠯᠡᠰ᠎ᠢ ᠴᠥᠮ ᠬᠢᠵᠦ᠍ ᠪᠦᠲᠦᠭᠡᠳᠡᠭ ᠭᠡᠳᠡᠭ᠎ᠢ ᠭᠦᠢᠴᠡᠳ ᠭᠡᠷᠡᠴᠢᠯᠡᠪᠡ᠃ ᠪᠠᠶᠠᠨᠨᠠᠭᠤᠷ ᠬᠤᠳᠠ᠎ᠶ᠋ᠢᠨ ᠬᠢᠨ ᠰᠠᠨᠠᠭᠠᠴᠢᠯᠠᠭ᠎ᠠ᠎ᠡᠴᠡ᠎ᠪᠠᠨ ᠱᠢᠨ᠎ᠡ ᠪᠠᠢᠳᠠᠯ᠎ᠳᠤ ᠵᠣᠬᠢᠴᠠᠵᠤ᠂ ᠴᠢᠨᠠᠷ ᠰᠠᠢᠲᠠᠢ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠤᠰᠤ ᠠᠷᠪᠢᠯᠠᠬᠤ ᠥᠭᠡᠷᠡᠴᠢᠯᠡᠯᠲᠡ᠂ ᠨᠤᠲᠤᠭ ᠪᠡᠯᠴᠢᠭᠡᠷ᠎ᠦᠨ ᠠᠮᠢ ᠠᠬᠤᠢ᠎ᠶ᠋ᠢᠨ ᠬᠠᠮᠠᠭᠠᠯᠠᠯᠲᠠ ᠵᠡᠷᠭᠡ ᠲᠠᠯ᠎ᠠ᠎ᠪᠠᠷ ᠶᠡᠬᠡ ᠬᠦᠴᠦ᠍ ᠣᠷᠣᠭᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠪᠠᠶᠠᠨᠨᠠᠭᠤᠷ᠎ᠤᠨ ᠬᠤᠪᠢ ᠨᠡᠮᠡᠷᠢ ᠵᠢ ᠦᠵᠡᠭᠦᠯᠬᠦ᠌ ᠬᠡᠷᠡᠭ᠌ᠲᠡᠢ ᠭᠡᠪᠠ᠃

ᠪᠦᠦ ᠭᠠᠩ ᠬᠥᠬᠡᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠪᠤᠰᠤᠳᠴᠢ ᠪᠥᠭᠡᠳ ᠪᠣᠳᠠᠲᠠᠢ᠎ᠶᠢ ᠡᠷᠬᠢᠮᠯᠡᠨ ᠠᠮᠵᠢᠯᠲᠠ ᠪᠦᠲᠦᠮᠵᠢ ᠪᠡᠨ ᠳ᠋ᠦᠩᠨᠡᠵᠦ᠂ ᠠᠵᠢᠯ᠎ᠢᠶᠠᠨ ᠪᠣᠳᠠᠲᠠᠢ ᠪᠦᠬᠡᠳ ᠲᠣᠳᠣᠷᠬᠠᠢ ᠪᠠᠢᠷᠢᠯᠠᠭᠤᠯᠵᠤ᠂ ᠦᠨᠡᠨ᠎ᠡᠴᠡ ᠵᠥᠪ᠎ᠢ ᠡᠷᠢᠵᠦ᠂ ᠵᠠᠩᠬᠢᠯᠠᠭ᠎ᠠ ᠨᠢ ᠨᠠᠢᠳᠠᠪᠤᠷᠢᠵᠢᠭᠤᠯᠬᠤ ᠳ᠋ᠤ ᠪᠠᠢᠬᠤ ᠰᠠᠢᠨ ᠢᠯᠡᠳᠭᠡᠯ ᠪᠣᠯᠵᠠᠢ᠃ 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠬᠦ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠦᠷ᠎ᠡ ᠪᠦᠲᠦᠮᠵᠢ ᠳ᠋ᠤ ᠤᠯᠠᠨ ᠬᠢᠯᠠᠰ ᠴᠡᠭ ᠢᠯᠡᠷᠡᠵᠤ᠂ ᠬᠥᠮᠥᠰ᠎ᠢ ᠤᠷᠮᠠᠰᠢᠭᠤᠯᠤᠨ ᠵᠤᠷᠢᠬᠵᠢᠭᠤᠯᠤᠬᠰᠠᠨ ᠪᠠᠢᠨ᠎ᠠ᠃ ᠲᠠᠷᠠᠭᠠᠴᠢ᠎ᠶᠢᠨ ᠠᠯᠬᠤᠮ᠎ᠳᠤ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠥᠬᠥᠳᠡ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠪᠠᠢᠷᠢᠯᠠᠭᠤᠯᠤᠯᠲᠠ ᠶᠣᠰᠣᠭᠠᠷ ᠰᠢᠷᠭᠠᠭᠤ ᠠᠵᠢᠯᠯᠠᠬᠤ ᠵᠢ ᠲᠡᠷᠢᠭᠦᠨ ᠳ᠋ᠤ ᠲᠠᠯᠪᠢᠬᠤ᠂ ᠨᠠᠢᠳᠠᠪᠤᠷᠢᠵᠢᠭᠤᠯᠤᠯᠲᠠ᠎ᠶᠢ ᠴᠢᠩᠭ᠎ᠠ ᠠᠳᠬᠤᠬᠤ ᠵᠢ ᠪᠠᠷᠢᠮᠲᠠᠯᠠᠵᠤ᠂ ᠨᠢᠭᠡ ᠭᠣᠣᠯ ᠰᠢᠵᠢᠮ᠎ᠢ ᠲᠤᠭᠤᠱᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭᠠᠨ ᠢᠨᠵᠧᠨᠧᠷᠢᠩ》 ᠢ᠋ ᠬᠡᠷᠡᠭᠵᠢᠭᠦᠯᠬᠦ᠂ 《ᠵᠢᠷᠭᠤᠭᠠᠨ ᠠᠵᠢᠯᠯᠠᠭ᠎ᠠ》᠎ᠵᠢ ᠥᠷᠨᠢᠭᠦᠯᠬᠦ ᠲᠠᠯ᠎ᠠ᠎ᠪᠠᠷ ᠰᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠠᠮ ᠨᠡᠬᠡᠭᠡᠵᠦ ᠳᠤᠮᠳᠠ ᠲᠦᠪᠰᠢᠨ᠎ᠳᠤ ᠣᠷᠣᠬᠤ᠎ᠳᠤ ᠣᠷᠣᠨ᠎ᠤ ᠲᠥᠪ᠎ᠦᠨ ᠬᠦᠴᠦᠨ ᠴᠢᠳᠠᠯ᠎ᠢᠶᠠᠨ ᠡᠷᠭᠦᠬᠦ ᠬᠡᠷᠡᠭᠳᠡᠢ ᠭᠡᠪᠡ᠃

ᠵᠧᠩ ᠬᠣᠩ ᠹᠠᠨ ᠦᠬᠠᠢ ᠬᠤᠳᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠬᠢᠨᠠᠨ ᠵᠥᠪᠯᠡᠬᠦ᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠨᠢ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠵᠦ᠂ ᠬᠥᠮᠥᠰ᠎ᠢ ᠵᠤᠷᠢᠭᠵᠢᠭᠤᠯᠤᠨ ᠤᠷᠮᠠᠰᠢᠭᠤᠯᠤᠨ᠎ᠠ᠂ ᠬᠠᠷᠠᠯᠲᠠ ᠲᠣᠳᠣᠷᠬᠠᠢ᠂ ᠭᠠᠷᠳᠠᠴᠠ ᠪᠣᠳᠠᠲᠠᠢ᠂ ᠪᠢ ᠪᠦᠷᠢᠮᠦᠰᠦᠨ ᠵᠥᠪᠰᠢᠶᠡᠷᠡᠵᠦ ᠪᠠᠢᠨ᠎ᠠ᠃ ᠥᠩᠭᠡᠷᠡᠭᠰᠡᠨ ᠨᠢᠭᠡ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ ᠬᠦᠴᠦᠯᠡᠨ ᠴᠢᠷᠮᠠᠢᠵᠤ ᠵᠢᠳᠭᠦᠯ ᠴᠢᠷᠮᠠᠢᠯᠭ᠎ᠠ ᠭᠠᠷᠭᠠᠵᠤ᠂ ᠦᠨᠡᠨ ᠬᠦ᠌ ᠴᠢᠷᠮᠠᠢᠨ ᠪᠣᠳᠠᠲᠠᠢ ᠠᠵᠢᠯᠯᠠᠵᠤ᠂ ᠴᠢᠨᠠᠷ ᠰᠠᠢᠲᠠᠢ ᠬᠥᠭᠵᠢᠯᠲᠡ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠃ ᠰᠢᠨ᠎ᠡ ᠨᠢᠭᠡ ᠵᠢᠯ᠎ᠳᠦ ᠦᠬᠠᠢ ᠬᠣᠲᠠ ᠴᠢᠨᠠᠷ ᠰᠠᠢᠲᠠᠢ ᠬᠥᠭᠵᠢᠯᠲᠡ ᠬᠡᠬᠦ ᠲᠡᠷᠢᠭᠦᠨ ᠴᠢᠬᠤᠯᠠ ᠡᠭᠦᠷᠭᠡ ᠳ᠋ᠤ ᠠᠩᠬᠠᠷᠤᠯ᠎ᠢᠶᠡᠨ ᠲᠦᠪᠯᠡᠷᠡᠬᠦᠯᠵᠤ᠂ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ ᠬᠡᠷᠡᠭᠲᠡᠢ᠃ ᠨᠢᠭᠡ᠎ᠳᠦ᠂ ᠰᠢᠨ᠎ᠡ᠎ᠶᠢ ᠡᠭᠦᠳᠬᠦ᠎ᠶᠢ ᠠᠳᠬᠤᠵᠤ᠂ ᠦᠵᠡᠯ ᠰᠠᠨᠠᠭ᠎ᠠ᠎ᠪᠠᠨ ᠴᠢᠯᠦᠭᠡᠯᠡᠬᠦ᠎ᠶᠢ ᠪᠠᠷᠢᠮᠲᠠᠯᠠᠵᠤ᠂ ᠠᠵᠤ ᠦᠢᠯᠡᠰ᠎ᠦᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ᠎ᠶᠢ ᠦᠷᠭᠦᠯᠵᠢᠯᠡᠨ ᠠᠬᠢᠭᠤᠯᠬᠤ ᠬᠡᠷᠡᠭᠳᠡᠢ; ᠬᠣᠶᠠᠷ᠎ᠲᠤ᠂ ᠠᠮᠢ ᠠᠬᠤᠢ᠎ᠶᠢ ᠠᠳᠬᠤᠵᠤ᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ ᠮᠠᠨᠳᠠᠯ᠎ᠤᠨ ᠪᠣᠬᠢᠷᠲᠤᠯ᠎ᠢ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠬᠦ ᠲᠠᠯ᠎ᠠ᠎ᠪᠠᠷ ᠵᠣᠬᠢᠴᠠᠭᠤᠯᠵᠤ ᠬᠣᠯᠪᠤᠭᠠᠯᠠᠨ ᠬᠥᠳᠡᠯᠦᠯᠴᠡᠬᠦ ᠵᠢ ᠴᠢᠩᠭᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢᠵᠢᠷᠠᠭᠤᠯᠬᠤ ᠬᠡᠷᠡᠭᠳᠡᠢ; ᠭᠤᠷᠪᠠ᠎ᠳᠤ᠂ ᠰᠣᠶᠣᠯ ᠵᠢᠭᠤᠯᠴᠢᠯᠠᠯ᠎ᠢ ᠠᠳᠬᠤᠵᠤ᠂ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ ᠲᠤᠬᠠᠢ ᠳᠡᠭᠡᠭᠰᠢᠯᠡᠭᠦᠯᠬᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠤᠰ᠎ᠤᠨ ᠥᠮᠴᠢᠯᠡᠯ᠎ᠦᠨ ᠤᠳᠬ᠎ᠠ ᠤᠷᠠᠯᠢᠭ᠋᠎ᠤᠨ ᠬᠦᠷᠢᠶᠡᠯᠡᠩ ᠪᠦᠯᠬᠦᠮ᠂ ᠲᠡᠦᠬᠡ᠎ᠶᠢᠨ ᠳᠤᠷᠠᠰᠬᠠᠯᠲᠤ ᠵᠦᠢᠯᠡᠰ ᠰᠣᠶᠣᠯ᠎ᠤᠨ ᠦᠵᠡᠰᠬᠦᠯᠡᠩ᠎ᠦᠨ ᠨᠢᠭᠡᠴᠢ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠦᠬᠠᠢ᠎ᠵᠢᠨ ᠬᠤᠳᠠ᠎ᠶᠢᠨ ᠰᠣᠶᠣᠯ᠎ᠤᠨ ᠣᠨᠴᠠᠯᠢᠭ᠋᠎ᠢ ᠭᠦᠢᠴᠡᠳ ᠢᠯᠡᠷᠡᠭᠦᠯᠬᠦ ᠬᠡᠷᠡᠭᠳᠡᠢ; ᠳᠥᠷᠪᠡ᠎ᠳᠦ᠂ ᠠᠷᠠᠳ᠎ᠤᠨ ᠠᠮᠢᠳᠤᠷᠠᠯ᠎ᠢ ᠠᠳᠬᠤᠵᠤ᠂ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ᠎ᠶᠢ ᠶᠡᠬᠡ ᠪᠡᠷ ᠠᠬᠢᠭᠤᠯᠵᠤ᠂ 《ᠥᠲᠡᠭᠦᠰ ᠨᠢᠯᠬᠠᠰ》 ᠵᠡᠷᠭᠡ ᠦᠢᠯᠡᠴᠢᠯᠡᠭᠡ ᠵᠢᠨ ᠬᠠᠩᠭᠠᠯᠭ᠎ᠠ᠎ᠶᠢ ᠥᠷᠭᠡᠳᠬᠡᠵᠦ᠂ ᠣᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ᠎ᠦ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠳᠡᠢ ᠭᠡᠪᠡ᠃

ᠳ᠋ᠢᠩ ᠱᠢᠤ ᠹᠸᠩ ᠪᠤᠭᠤᠲᠤ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 2024 ᠣᠨ᠎ᠤ ᠠᠵᠢᠯ᠎ᠢ ᠪᠤᠰᠤᠳᠴᠢ ᠪᠠᠷ ᠳ᠋ᠦᠩᠨᠡᠵᠦ᠍᠂ ᠡᠨᠡ ᠵᠢᠯ᠎ᠦᠨ ᠭᠣᠣᠯᠳᠠᠯᠭ᠎ᠠ᠎ᠲᠠᠶ ᠡᠭᠦᠷᠭᠡ᠎ᠶ᠋ᠢ ᠱᠢᠰᠲ᠋ᠧᠮ᠎ᠲᠡᠶ ᠪᠠᠢᠷᠢᠯᠠᠭᠤᠯᠵᠤ᠂ ᠬᠥᠮᠦᠰ᠎ᠦᠨ ᠰᠡᠳᠭᠢᠯ᠎ᠢ ᠬᠥᠭ᠌ᠵᠢᠭᠡᠭ᠌ᠰᠡᠨ᠂ ᠬᠦᠴᠦᠨ ᠴᠢᠳᠠᠯ᠎ᠢ ᠨᠢᠭ᠍ᠲᠠᠷᠠᠭᠤᠯᠤᠭ᠍ᠰᠠᠨ᠂ ᠡᠷᠴᠢ ᠵᠣᠷᠢᠭ᠎ᠢ ᠬᠥᠪᠴᠢᠯᠡᠭ᠌ᠰᠡᠨ᠂ ᠪᠦᠬᠦ᠌ ᠣᠷᠣᠨ᠎ᠤ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠲᠠᠶ ᠨᠡᠢᠴᠡᠭ᠌ᠰᠡᠨ ᠰᠠᠢ᠌ᠨ ᠢᠯᠡᠳᠭᠡᠯ ᠪᠣᠯᠵᠠᠢ᠃ ᠣᠷᠣᠨ᠎ᠲᠠᠶᠠᠭᠠᠷ᠎ᠢᠶᠠᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠱᠢᠨ᠎ᠡ ᠵᠠᠮ᠎ᠨᠡᠭᠡᠭᠡᠵᠤ ᠳᠤᠮᠳᠠ ᠲᠦᠪᠰᠢᠨ᠎ᠳᠤ ᠣᠷᠣᠬᠤ ᠶᠠᠪᠤᠴᠠ᠎ᠳᠤ ᠪᠤᠭᠤᠲᠤ ᠬᠤᠳᠠ᠎ᠶ᠋ᠢᠨ ᠬᠢᠨ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠠᠵᠢᠯ᠎ᠤᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠣᠣᠯ ᠱᠢᠵᠢᠮ ᠪᠣᠯᠭᠠᠵᠤ᠂ ᠡᠯ᠎ᠡ ᠵᠦᠢᠯ᠎ᠦᠨ ᠠᠵᠢᠯ᠎ᠳᠤ ᠱᠢᠨ᠎ᠡ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ᠃ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠢᠳᠡ ᠵᠠᠪᠠᠯ ᠡᠯ᠎ᠡ ᠵᠦᠶ᠋ᠯ᠎ᠦᠨ ᠡᠭᠦᠷᠭᠡ᠎ᠶ᠋ᠢ ᠲᠡᠷᠡ ᠶᠣᠰᠣᠭᠠᠷ᠎ᠨᠢ ᠪᠣᠳᠠᠲᠠᠶ ᠠᠳᠭᠤᠨ ᠰᠠᠢᠳᠤᠷ ᠬᠢᠵᠤ᠂ 《ᠬᠣᠪᠣᠷ ᠱᠢᠷᠣᠶ᠎ᠶ᠋ᠢᠨ ᠬᠣᠶᠠᠷ ᠰᠠᠭᠤᠷᠢᠨ》 ᠤ᠋ ᠪᠥᠲᠥᠭᠡᠨ ᠪᠠᠢᠭᠤᠯᠤᠯᠲᠠ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ 《3 + 5 + N》 ᠭᠤᠤᠯᠳᠠᠯᠭ᠎ᠠ᠎ᠲᠠᠶ ᠠᠵᠤ ᠦᠶ᠋ᠯᠡᠰ᠎ᠦᠨ ᠪᠦᠯᠦᠭ᠌ᠵᠢᠯ᠎ᠢ ᠲᠦᠷᠭᠡᠳᠭᠡᠨ ᠪᠤᠵᠠᠭᠠᠢᠷᠠᠭᠤᠯᠵᠤ᠂ ᠱᠢᠨ᠎ᠡ᠎ᠨᠡᠮᠡᠭᠳᠡᠯ ᠵᠢᠡᠷ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠪᠤᠵᠠᠭᠠᠢᠷᠠᠭᠤᠯᠵᠤ᠂ ᠬᠥᠭ᠌ᠵᠢᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠂ ᠲᠣᠭ᠍ᠲᠠᠭᠤᠨ᠎ᠤ ᠳᠤᠮᠳᠠ ᠲᠦᠷᠭᠡᠨ ᠬᠥᠭ᠌ᠵᠢᠬᠦ᠌ ᠬᠥᠭ᠌ᠵᠢᠯᠲᠡ᠎ᠶ᠋ᠢᠨ ᠬᠠᠨᠳᠤᠰᠢ᠎ᠶ᠋ᠢ ᠲᠠᠰᠤᠷᠠᠯᠲᠠ ᠥᠬᠡᠶ ᠪᠡᠬᠢᠵᠢᠭᠦᠯᠦᠨ ᠥᠷᠭᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠨᠠᠩ ᠣᠯᠠᠨ ᠪᠤᠭᠤᠲᠤ᠎ᠶ᠋ᠢᠨ ᠬᠦᠴᠦᠨ᠎ᠢ ᠨᠡᠮᠡᠷᠢᠯᠡᠬᠦ ᠬᠡᠷᠡᠭᠳᠡᠢ ᠬᠡᠪᠡ᠃

ᠮᠸᠩ ᠱᠢᠶᠠᠨ ᠳ᠋ᠦᠩ ᠲᠦᠩᠯᠢᠶᠣᠤ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠥᠩᠭᠡᠷᠡᠭ᠌ᠰᠡᠨ ᠨᠢᠭᠡ ᠵᠢᠯ᠎ᠦᠨ ᠠᠮᠵᠢᠯᠲᠠ ᠪᠦᠲᠦᠮᠵᠢ᠎ᠶ᠋ᠢ ᠪᠥᠬᠥ᠌ ᠲᠠᠯ᠎ᠠ᠎ᠪᠠᠷ ᠳ᠋ᠦᠩᠨᠡᠵᠦ᠍᠂ ᠡᠨᠡ ᠵᠢᠯ᠎ᠦᠨ ᠠᠵᠢᠯ᠎ᠳᠤ ᠪᠣᠳᠠᠲᠠᠶ ᠲᠣᠬᠢᠷᠠᠭᠤᠯᠤᠯᠲᠠ ᠬᠢᠵᠦ᠍᠂ ᠠᠮᠵᠢᠯᠲᠠ ᠪᠦᠲᠦᠮᠵᠢ᠎ᠨᠢ ᠮᠠᠰᠢ ᠭᠣᠢᠳᠠ ᠰᠠᠢᠬᠠᠨ᠂ ᠬᠠᠷᠠᠯᠲᠠ᠎ᠨᠢ ᠴᠤᠭ ᠵᠤᠷᠢᠭ᠎ᠢ ᠬᠦᠭᠵᠢᠬᠡᠵᠤ᠂ ᠪᠠᠢᠷᠢᠯᠠᠭᠤᠯᠤᠯᠲᠠ᠎ᠨᠢ ᠮᠠᠰᠢ ᠬᠦᠴᠦᠲᠡᠶ ᠪᠠᠢᠵᠤ᠂ ᠡᠯ᠎ᠡ ᠲᠠᠯ᠎ᠠ᠎ᠶ᠋ᠢᠨ ᠢᠲᠡᠭᠡᠯ ᠵᠣᠷᠢᠭ᠎ᠢ ᠪᠠᠲᠤᠳᠭᠠᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ᠎ᠳᠤ ᠠᠱᠢᠭ᠍ᠲᠠᠶ ᠰᠠᠢᠨ ᠢᠯᠡᠳᠭᠡᠯ ᠪᠣᠯᠵᠠᠶ᠃ ᠥᠩᠭᠡᠷᠡᠭ᠌ᠰᠡᠨ ᠨᠢᠭᠡ ᠵᠢᠯ᠎ᠳᠦ ᠣᠷᠣᠨ ᠳᠠᠶᠠᠭᠠᠷ ᠠᠵᠠ ᠲᠣᠬᠢᠶᠠᠯ᠎ᠢ ᠠᠮᠵᠢᠵᠤ᠂ ᠠᠵᠢᠯ ᠬᠢᠵᠦ᠍ ᠦᠢᠯᠡᠰ ᠪᠤᠰᠭᠠᠵᠤ᠂ ᠤᠷᠤᠬᠰᠢ ᠠᠬᠢᠨ ᠲᠡᠰ ᠳᠡᠪᠱᠢᠬᠦ᠌ ᠰᠠᠢ᠌ᠨ ᠪᠠᠢᠳᠠᠯ᠎ᠢ ᠪᠦᠷᠢᠯᠳᠦᠭᠦᠯᠵᠡᠢ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ ᠡᠨᠡ ᠵᠢᠯ᠎ᠦᠨ ᠠᠵᠢᠯ᠎ᠤᠨ ᠲᠤᠬᠢᠷᠠᠭᠤᠯᠤᠯᠳᠠ ᠪᠠᠢᠷᠢᠯᠠᠭᠤᠯᠤᠯᠲᠠ ᠪᠦᠬᠦ᠌ ᠲᠠᠯ᠎ᠠ ᠵᠢᠨ ᠪᠦᠬᠡᠳ ᠪᠣᠳᠠᠲᠠᠢ᠂ ᠢᠳᠡᠪᠬᠢᠲᠡᠢ ᠪᠥᠭᠡᠳ ᠪᠣᠳᠠᠲᠠᠢ᠎ᠶ᠋ᠢ ᠡᠷᠬᠢᠮᠯᠡᠭᠰᠡᠨ ᠪᠠᠢᠵᠤ᠂ ᠥᠷᠢᠰᠥᠯᠳᠦᠭᠡᠨ᠎ᠳᠦ ᠬᠠᠨᠳᠤᠵᠤ ᠠᠷᠭᠠᠴᠠᠭᠠᠬᠤ ᠰᠠᠢ᠌ᠨ ᠠᠷᠭ᠎ᠠ ᠬᠡᠮᠵᠢᠶ᠎ᠡ ᠲᠤᠬᠳᠠᠭᠠᠪᠠ᠃ ᠲᠦᠩᠯᠢᠶᠣᠤ ᠬᠣᠲᠠ ᠡᠯ᠎ᠡ ᠵᠦᠶ᠋ᠯ᠎ᠦᠨ ᠡᠭᠦᠷᠭᠡ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ 《ᠲᠠᠪᠤᠨ ᠶᠡᠬᠡ ᠡᠭᠦᠷᠭᠡ》 ᠶ᠋ᠢ ᠦᠷᠭᠦᠯᠵᠢᠯᠡᠨ ᠠᠬᠢᠭᠤᠯᠬᠤ᠂ 《ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠬᠡᠷᠡᠭ᠌ᠵᠢᠭᠦᠯᠬᠦ᠌ ᠰᠠᠭᠤᠷᠢᠨ ᠳᠡᠭᠡᠷ᠎ᠡ 《ᠵᠢᠷᠭᠤᠭᠠᠨ ᠠᠵᠢᠯᠯᠠᠭ᠎ᠠ》 ᠶ᠋ᠢ ᠨᠠᠷᠢᠨ ᠨᠢᠮᠪᠠᠶ ᠵᠣᠬᠢᠶᠠᠨ ᠪᠠᠢᠭᠤᠯᠤᠨ ᠥᠷᠨᠢᠭᠦᠯᠵᠦ᠍᠂ ᠪᠠᠯᠠ ᠣᠷᠣᠭᠤᠯᠤᠯᠲᠠ ᠬᠡᠷᠡᠭ᠌ᠯᠡᠭᠡᠨ᠎ᠦ ᠬᠥᠳᠡᠯᠭᠡᠬᠦ᠌ ᠬᠦᠴᠦᠨ᠎ᠦ ᠲᠤᠯᠭᠠᠭᠤᠷᠢᠯᠠᠯ᠎ᠢ ᠪᠥᠬᠥ᠌ ᠬᠦᠴᠦᠨ᠎ᠢᠶᠡᠷ᠎ᠢᠶᠡᠨ ᠴᠢᠩᠭᠠᠳᠭᠠᠵᠤ᠂ ᠠᠵᠤ ᠦᠶ᠋ᠯᠡᠰ᠎ᠦᠨ ᠱᠢᠰᠲ᠋ᠧᠮ᠎ᠦᠨ ᠠᠵᠢᠯᠯᠠᠭᠠᠨ᠎ᠤ ᠦᠷ᠎ᠡ ᠪᠦᠲᠦᠮᠵᠢ᠎ᠶ᠋ᠢ ᠲᠦᠷᠭᠡᠳᠭᠡᠨ ᠳᠡᠭᠡᠭ᠌ᠰᠢᠯᠡᠭᠦᠯᠵᠦ᠍᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠭᠤᠤᠯᠳᠠᠯᠭ᠎ᠠ᠎ᠲᠠᠶ ᠢᠨᠵᠧᠨᠧᠷᠢᠩ᠎ᠢ ᠱᠢᠰᠲ᠋ᠧᠮ᠎ᠲᠡᠶ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠭᠤᠤᠯᠳᠠᠯᠭ᠎ᠠ᠎ᠲᠠᠶ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠱᠢᠨ᠎ᠡ ᠵᠠᠮ᠎ᠨᠡᠭᠡᠭᠡᠵᠤ ᠳᠤᠮᠳᠠ ᠲᠦᠪᠰᠢᠨ᠎ᠳᠤ ᠣᠷᠣᠬᠤ ᠲᠠᠯ᠎ᠠ᠎ᠪᠠᠷ ᠲᠦᠩᠯᠢᠶᠣᠤ᠎ᠶ᠋ᠢᠨ ᠵᠢᠳᠬᠦᠯ ᠴᠢᠷᠮᠠᠢᠯᠭ᠎ᠠ᠎ᠶ᠋ᠢ ᠴᠢᠷᠮᠠᠢᠨ ᠢᠯᠡᠷᠡᠭᠦᠯᠬᠦ ᠬᠡᠷᠡᠭᠳᠡᠢ ᠭᠡᠪᠡ᠃

ᠶᠠᠩ ᠱᠢᠶᠤᠤ ᠺᠠᠩ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠢᠯᠡᠳᠭᠡᠯ ᠨᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠦᠨ ᠲᠣᠭᠣᠷᠢᠨ᠎ᠳᠤ ᠬᠣᠶᠠᠷ ᠶᠡᠬᠡ ᠶᠠᠪᠤᠳᠠᠯ᠎ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠦᠨ ᠰᠠᠢᠲᠤᠷ ᠬᠢᠵᠦ᠍᠂ ᠲᠤᠭ᠎ᠢ ᠥᠨᠳᠥᠷ ᠮᠠᠨᠳᠤᠭᠤᠯᠤᠭ᠍ᠰᠠᠨ᠂ ᠭᠣᠣᠯᠯᠠᠭ᠍ᠴᠢ ᠵᠢ ᠬᠠᠮᠠᠭᠠᠯᠠᠭ᠍ᠰᠠᠨ᠂ ᠵᠠᠮ ᠨᠡᠭᠡᠭᠡᠨ ᠤᠷᠤᠭ᠍ᠰᠢᠯᠠᠭ᠍ᠰᠠᠨ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠤᠭ᠍ᠰᠠᠨ ᠰᠠᠢ᠌ᠨ ᠢᠯᠡᠳᠭᠡᠯ ᠪᠣᠯᠵᠠᠢ᠃ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ ᠪᠣᠯᠤᠭ᠍ᠰᠠᠨ᠎ᠤ ᠬᠤᠪᠢ᠎ᠳᠤ᠂ ᠪᠢᠳᠡ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠳᠤᠮᠳᠠ ᠰᠠᠨᠠᠭᠠᠴᠢᠯᠠᠭ᠎ᠠ᠎ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠬᠤ᠎ᠪᠠᠷ ᠬᠦᠴᠦᠯᠡᠵᠦ᠍᠂ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠂ ᠬᠣᠶᠠᠷ᠎ᠢ ᠬᠦᠷᠢᠶᠡᠯᠡᠵᠦ᠍ ᠬᠠᠮᠲᠤ᠎ᠪᠠᠷ ᠪᠠᠢᠭᠤᠯᠬᠤ ᠵᠡᠷᠭᠡ ᠡᠭᠦᠷᠭᠡ ᠳᠤᠮᠳᠠ ᠬᠠᠷᠢᠭᠤᠴᠠᠯᠭ᠎ᠠ ᠡᠭᠦᠷᠭᠡᠯᠡᠵᠦ᠍᠂ ᠱᠢᠨ᠎ᠡ ᠴᠠᠭ ᠦᠶ᠎ᠡ᠎ᠶ᠋ᠢᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠳᠠᠢᠴᠢᠯᠠᠯᠲᠠ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ ᠲᠣᠭᠣᠷᠢᠨ᠎ᠳᠤ᠂ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠪᠠᠲᠤ ᠪᠠᠬᠢ ᠠᠮᠤᠷ ᠲᠦᠪᠱᠢᠨ᠎ᠦ ᠪᠠᠲᠤᠯᠠᠭ᠎ᠠ ᠬᠠᠩᠭᠠᠬᠤ ᠬᠡᠷᠡᠭᠳᠡᠢ ᠭᠡᠪᠡ᠃

ᠬᠤᠸᠠᠩ ᡁᠢ ᠴᠢᠶᠠᠩ ᠬᠥᠯᠥᠨ ᠪᠤᠢ᠌ᠷ ᠬᠤᠳᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠨᠢ ᠠᠮᠵᠢᠯᠲᠠ ᠪᠦᠲᠦᠮᠵᠢ᠎ᠶ᠋ᠢ ᠪᠤᠰᠤᠳᠴᠢ᠎ᠪᠠᠷ ᠳ᠋ᠦᠩᠨᠡᠵᠦ᠍᠂ ᠠᠰᠠᠭᠤᠳᠠᠯ᠎ᠢ ᠨᠡᠪᠲᠡᠷᠬᠡᠢ ᠵᠠᠳᠠᠯᠵᠤ᠂ ᠡᠭᠦᠷᠭᠡ᠎ᠶ᠋ᠢ ᠪᠦᠬᠦ᠌ ᠲᠠᠯ᠎ᠠ᠎ᠪᠠᠷ ᠪᠠᠢᠷᠢᠯᠠᠭᠤᠯᠪᠠ᠃ ᠥᠩᠭᠡᠷᠡᠭ᠌ᠰᠡᠨ ᠨᠢᠭᠡ ᠵᠢᠯ᠎ᠳᠦ᠂ ᠪᠢᠳᠡ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ ᠱᠢᠨ᠎ᠡ ᠵᠠᠮ ᠨᠡᠭᠡᠭᠡᠵᠦ᠍ ᠳᠤᠮᠳᠠ ᠲᠦᠪᠰᠢᠨ᠎ᠳᠤ ᠣᠷᠣᠬᠤ ᠯᠠᠪᠳᠠᠭᠤᠨ ᠪᠠᠲᠤᠲᠠᠢ ᠠᠯᠬᠤᠮ᠎ᠢ ᠠᠯᠬᠤᠪᠠ᠂ ᠡᠨᠡᠬᠦ ᠠᠮᠵᠢᠯᠲᠠ ᠪᠦᠲᠦᠮᠵᠢ ᠨᠢ ᠬᠢᠯᠪᠠᠷ ᠪᠤᠰᠤ᠎ᠪᠠᠷ ᠢᠷᠡᠭ᠌ᠰᠡᠨ ᠶᠤᠮ᠃ ᠡᠨᠡ ᠵᠢᠯ 《ᠲᠠᠪᠤᠨ ᠶᠡᠬᠡ ᠡᠭᠦᠷᠭᠡ》 ᠶ᠋ᠢ ᠦᠷᠭᠦᠯᠵᠢᠯᠡᠨ ᠠᠬᠢᠭᠤᠯᠵᠤ᠂ 《ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠬᠡᠷᠡᠭ᠌ᠵᠢᠭᠦᠯᠵᠦ᠍᠂ 《ᠵᠢᠷᠭᠤᠭᠠᠨ ᠠᠵᠢᠯᠯᠠᠭ᠎ᠠ》 ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠢᠯᠡᠳᠭᠡᠯ᠎ᠤᠨ ᠵᠣᠷᠢᠭ ᠰᠠᠨᠠᠭ᠎ᠠ᠎ᠶ᠋ᠢ ᠯᠠᠪᠳᠠᠭᠤᠨ ᠪᠠᠲᠤᠲᠠᠢ᠎ᠪᠠᠷ ᠦᠨᠡᠡ ᠬᠦ᠌ ᠪᠣᠳᠠᠲᠠᠢ ᠳ᠋ᠤ ᠨᠠᠢᠳᠠᠪᠤᠷᠢᠵᠢᠭᠤᠯᠬᠤ ᠬᠡᠷᠡᠭᠳᠡᠢ᠃ ᠬᠥᠯᠥᠨ ᠪᠤᠢ᠌ᠷ ᠬᠤᠳᠠ᠎ᠶ᠋ᠢᠨ ᠬᠢᠨ ᠬᠠᠮᠠᠭᠠᠯᠠᠯᠲᠠ ᠪᠠ ᠬᠥᠭ᠌ᠵᠢᠯᠲᠡ᠎ᠶ᠋ᠢᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠵᠦ᠍᠂ ᠭᠣᠣᠯᠳᠠᠯᠭ᠎ᠠ᠎ᠲᠠᠶ ᠠᠮᠢ ᠠᠬᠤᠢ᠎ᠶ᠋ᠢᠨ ᠴᠢᠳᠠᠮᠵᠢ᠎ᠶ᠋ᠢᠨ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠬᠤ ᠬᠡᠷᠡᠭᠳᠡᠢ᠃ ᠵᠠᠰᠠᠭ᠎ᠤᠨ ᠣᠷᠳᠣᠨ ᠪᠣᠯᠤᠨ ᠪᠦᠲᠦᠮᠵᠢᠲᠡᠢ ᠵᠠᠬ᠎ᠠ ᠳᠡᠯᠭᠡᠭᠦᠷ᠎ᠦᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠵᠦ᠍᠂ ᠨᠢᠭᠡᠳᠦᠯᠲᠡᠢ ᠲᠥᠯᠥᠪᠵᠢᠭᠦᠯᠬᠦ᠌ ᠠᠵᠢᠯ᠎ᠢ ᠰᠠᠢᠲᠤᠷ ᠬᠢᠭ᠌ᠰᠡᠨ ᠰᠠᠭᠤᠷᠢᠨ ᠳᠡᠭᠡᠷ᠎ᠡ᠂ ᠵᠠᠬ᠎ᠠ ᠳᠡᠯᠭᠡᠭᠦᠷ᠎ᠦᠨ ᠲᠣᠭ᠍ᠲᠠᠴᠠ᠎ᠶ᠋ᠢᠨ ᠦᠢᠯᠡᠳᠦᠯ᠎ᠢ ᠪᠠᠳᠠᠷᠠᠭᠤᠯᠬᠤ᠎ᠶ᠋ᠢ ᠨᠡᠩ ᠴᠢᠬᠤᠯᠠᠴᠢᠯᠠᠬᠤ ᠬᠡᠷᠡᠭᠳᠡᠢ᠃ ᠶᠡᠬᠡ ᠲᠠᠯ᠎ᠠ ᠪᠠ ᠬᠡᠰᠡᠭ ᠲᠠᠯ᠎ᠠ᠎ᠶ᠋ᠢᠨ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠵᠦ᠍᠂ ᠬᠢᠯᠢ ᠵᠢᠨ ᠪᠣᠭᠣᠮᠲᠠ᠎ᠶ᠋ᠢᠨ ᠪᠦᠳᠦᠭᠡᠨ ᠪᠠᠢᠭᠤᠯᠤᠯᠲᠠ᠂ ᠶᠡᠬᠡ ᠬᠢᠩᠭᠠᠨ ᠳᠠᠪᠠᠭ᠎ᠠ᠎ᠶ᠋ᠢᠨ ᠬᠠᠮᠠᠭᠠᠯᠠᠯᠲᠠ᠎ᠶ᠋ᠢ ᠪᠦᠬᠦ᠌ ᠤᠯᠤᠰ᠎ᠤᠨ ᠶᠡᠬᠡ ᠲᠠᠯ᠎ᠠ᠎ᠲᠤᠮᠳᠠ ᠲᠠᠯᠪᠢᠵᠤ ᠲᠥᠯᠥᠪᠵᠢᠭᠦᠯᠦᠨ ᠠᠬᠢᠭᠤᠯᠬᠤ᠎ᠶ᠋ᠢ ᠪᠠᠷᠢᠮᠲᠠᠯᠠᠬᠤ ᠬᠡᠷᠡᠭᠳᠡᠢ᠃ ᠠᠶᠤᠯᠭᠦᠢ ᠦᠢᠯᠡᠳᠪᠦᠷᠢᠯᠡᠯ᠎ᠢ ᠴᠢᠩᠭ᠎ᠠ ᠪᠣᠳᠠᠲᠠᠢ ᠠᠳᠭᠤᠵᠤ᠂ ᠠᠮᠤᠷ ᠲᠦᠪᠱᠢᠨ᠎ᠦ ᠠᠷᠭ᠎ᠠ ᠬᠡᠮᠵᠢᠢ᠎ᠡ ᠪᠣᠯᠤᠨ ᠬᠠᠷᠢᠭᠤᠴᠠᠯᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ ᠬᠡᠷᠡᠭᠳᠡᠢ ᠭᠡᠪᠡ᠃

ᠯᠢ ᠢᠦᠶ ᠭᠠᠩ ᠲᠦᠩᠯᠢᠶᠣᠤ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠤᠷᠳᠤᠨ᠎ᠤ ᠠᠵᠢᠯ᠎ᠤᠨ ᠢᠯᠡᠳᠭᠡᠯ᠎ᠨᠢ ᠤᠯᠤᠰ ᠲᠥᠷᠥ᠎ᠶ᠋ᠢᠨ ᠵᠣᠭ᠍ᠰᠣᠴᠠ᠎ᠪᠠᠷ ᠥᠨᠳᠥᠷ ᠪᠠᠢᠵᠤ᠂ ᠨᠢᠭᠡ ᠵᠢᠯ᠎ᠦᠨ ᠲᠤᠷᠱᠢᠬᠢ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ ᠱᠢᠨ᠎ᠡ ᠵᠠᠮ ᠨᠡᠭᠡᠭᠡᠵᠦ᠍ ᠳᠤᠮᠳᠠ ᠲᠦᠪᠰᠢᠨ᠎ᠳᠤ ᠣᠷᠣᠬᠤ ᠲᠠᠯ᠎ᠠ ᠪᠡᠷ ᠬᠢ ᠬᠢᠯᠠᠯᠵᠠᠬᠰᠠᠨ ᠠᠮᠵᠢᠯᠲᠠ ᠪᠦᠲᠦᠮᠵᠢ᠎ᠶ᠋ᠢ ᠭᠦᠶ᠋ᠴᠡᠳ ᠳ᠋ᠦᠩᠨᠡᠭ᠌ᠰᠡᠨ ᠪᠥᠭᠡᠳ ᠪᠠᠰᠠ ᠡᠨᠡ ᠵᠢᠯ᠎ᠦᠨ ᠠᠵᠢᠯ᠎ᠳᠤ ᠱᠢᠨᠵᠢᠯᠡᠬᠦ᠌ ᠤᠬᠠᠭᠠᠨᠴᠢ ᠪᠠᠢᠷᠢᠯᠠᠭᠤᠯᠤᠯᠲᠠ ᠬᠢᠵᠦ᠍᠂ ᠪᠢᠳᠡᠨ᠎ᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠢᠲᠡᠭᠡᠯ ᠵᠣᠷᠢᠭ᠎ᠢ ᠨᠠᠩ ᠪᠠᠲᠤᠳᠭᠠᠪᠠ᠃ ᠲᠦᠩᠯᠢᠶᠣᠤ ᠬᠣᠲᠠ ᠭᠠᠵᠠᠷ ᠣᠷᠣᠨ᠎ᠤ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ᠂ ᠳᠠᠪᠠᠭᠤᠯᠢᠭ ᠠᠵᠤ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍ ᠲᠥᠷᠥᠯ ᠵᠦᠶ᠋ᠯ᠎ᠢ ᠭᠦᠶ᠋ᠴᠡᠳ ᠨᠥᠭᠡᠴᠡᠯᠡᠵᠦ᠍᠂ ᠦᠨᠡᠨ ᠪᠤᠳᠠᠳᠠᠢ᠎ᠪᠡᠷ᠂ ᠴᠢᠩ ᠰᠡᠳᠭᠢᠯ᠎ᠡᠴᠡ ᠪᠠᠨ ᠠᠵᠤ ᠠᠬᠤᠢᠯᠠᠯ᠎ᠢ ᠬᠠᠪᠰᠤᠷᠤᠨ ᠵᠠᠬᠢᠶᠠᠯᠠᠭ᠎ᠠ᠎ᠶ᠋ᠢᠨ ᠬᠠᠭᠤᠳᠠᠰᠤ ᠡᠷᠢᠵᠦ᠍ ᠦᠭᠬᠦᠨ᠂ ᠵᠠᠬ᠎ᠠ ᠳᠡᠯᠭᠡᠭᠦᠷ ᠡᠷᠢᠵᠦ᠍᠂ ᠬᠦᠴᠢᠷ ᠠᠰᠠᠭᠤᠳᠠᠯ᠎ᠢ ᠱᠢᠶ᠋ᠳᠪᠦᠷᠢᠯᠡᠨ ᠦᠭᠴᠤ᠂ ᠠᠵᠢᠯ᠎ᠤᠨ ᠪᠠᠢᠷᠢ᠎ᠶ᠋ᠢᠨ ᠬᠡᠷᠡᠭ᠌ᠴᠡᠭᠡ ᠪᠣᠯᠤᠨ ᠠᠵᠢᠯ ᠤᠯᠬᠤ ᠬᠦᠰᠡᠯ ᠰᠠᠨᠠᠯ᠎ᠢ ᠬᠤᠤᠰ ᠴᠢᠭ᠌ᠯᠡᠯ᠎ᠢᠶᠡᠷ ᠵᠣᠯᠭᠠᠭᠤᠯᠬᠤ᠎ᠶ᠋ᠢ ᠠᠬᠢᠭᠤᠯᠵᠤ᠂ ᠲᠠᠷᠢᠶᠠᠯᠠᠩ᠎ᠤᠨ ᠤᠰᠤ ᠠᠷᠪᠢᠯᠠᠬᠤ ᠤᠰᠤᠯᠠᠯᠲᠠ᠂ ᠠᠵᠤ ᠦᠶ᠋ᠯᠡᠳᠪᠦᠷᠢ᠎ᠶ᠋ᠢᠨ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠎ᠶ᠋ᠢᠨ ᠲᠠᠯ᠎ᠠ᠎ᠪᠠᠷ ᠬᠦᠴᠦᠯᠡᠬᠦ᠌ ᠬᠡᠷᠡᠭ᠌ᠲᠡᠶ᠃ ᠵᠣᠬᠢᠶᠠᠨ ᠪᠠᠢᠭᠤᠯᠬᠤ ᠰᠠᠯᠠᠭ᠎ᠠ ᠮᠥᠴᠢᠷ᠎ᠦᠨ ᠬᠢᠨ ᠵᠣᠬᠢᠶᠠᠨ ᠪᠠᠢᠭᠤᠯᠬᠤ ᠱᠤᠭᠤᠮ᠎ᠤᠨ ᠤᠯᠤᠰ ᠲᠦᠷᠦ᠍᠎ᠶ᠋ᠢᠨ ᠱᠤᠭᠤᠮ᠎ᠳᠤ ᠦᠢᠯᠡᠴᠢᠯᠡᠬᠦ᠌ ᠲᠤᠰᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠡᠭᠦᠷᠭᠡᠯᠡᠵᠦ᠍᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ 《ᠬᠣᠶᠠᠷ ᠦᠢᠯᠡᠳᠦᠯ ᠴᠢᠳᠠᠪᠬᠢ》 ᠵᠢ ᠴᠢᠩᠭᠠᠳᠭᠠᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠲᠣᠭᠣᠷᠢᠨ᠎ᠳᠤ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠲᠦᠷᠭᠡᠳᠭᠡᠵᠦ᠍᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠦᠢᠯᠡᠴᠢᠯᠡᠬᠦ᠌ ᠳᠤᠮᠳᠠ ᠵᠣᠬᠢᠶᠠᠨ ᠪᠠᠢᠭᠤᠯᠤᠯᠲᠠ᠎ᠶ᠋ᠢᠨ ᠡᠭᠦᠷᠭᠡᠯᠡᠯ᠎ᠢ ᠢᠯᠡᠷᠡᠭᠦᠯᠬᠦ᠌ ᠬᠡᠷᠡᠭ᠌ᠲᠡᠢ ᠭᠡᠪᠡ᠃

ᠢᠦᠶ ᠯᠢ ᠱᠢᠨ ᠤᠯᠠᠭᠠᠨᠴᠠᠪ ᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠠᠮᠵᠢᠯᠲᠠ ᠪᠦᠲᠦᠮᠵᠢ᠎ᠵᠢ ᠪᠥᠬᠥ᠌ ᠲᠠᠯ᠎ᠠ᠎ᠪᠠᠷ ᠪᠤᠰᠤᠳᠴᠢ᠎ᠪᠠᠷ ᠳ᠋ᠦᠩᠨᠡᠵᠦ᠍᠂ ᠠᠵᠢᠯ᠎ᠤᠨ ᠠᠷᠭ᠎ᠠ ᠬᠡᠮᠵᠢᠶ᠎ᠡ᠎ᠵᠢ ᠬᠦᠴᠦᠲᠡᠶ ᠪᠠᠢᠷᠢᠯᠠᠭᠤᠯᠵᠤ ᠂ ᠢᠲᠡᠭᠡᠯ ᠵᠣᠷᠢᠭ᠎ᠢᠶᠠᠨ ᠬᠥᠪᠴᠢᠯᠡᠵᠦ᠍᠂ ᠳᠠᠬᠢᠨᠲᠠ ᠱᠢᠯᠢᠳᠡᠭ ᠠᠮᠵᠢᠯᠲᠠ ᠪᠦᠲᠦᠮᠵᠢ ᠵᠢ ᠡᠬᠦᠳᠬᠦ ᠴᠢᠩᠭ᠎ᠠ ᠳᠣᠬᠢᠶ᠎ᠠ᠎ᠶ᠋ᠢ ᠳᠠᠮᠵᠢᠭᠤᠯᠵᠤ᠂ ᠢᠳᠡᠪᠬᠢᠲᠡᠶ ᠪᠣᠳᠠᠲᠠᠶ᠎ᠶ᠋ᠢ ᠡᠷᠬᠢᠮᠯᠡᠭ᠌ᠰᠡᠨ᠂ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠤᠭ᠍ᠰᠠᠨ ᠰᠠᠢᠨ ᠢᠯᠡᠳᠭᠡᠯ ᠪᠣᠯᠵᠠᠶ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠶᠢᠰᠦᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠬᠣᠯᠪᠣᠨ ᠨᠡᠪᠳᠡᠷᠡᠬᠦᠯᠵᠤ ᠤᠢᠯᠠᠭᠠᠨ ᠡᠵᠡᠮᠱᠢᠵᠦ᠍᠂ ᠳᠠᠪᠠᠭᠤᠯᠢᠭ᠎ᠢᠶᠠᠨ ᠪᠠᠳᠠᠷᠠᠭᠤᠯᠬᠤ᠂ ᠳᠤᠲᠠᠭᠤᠳᠠᠯ᠎ᠢᠶᠠᠨ ᠨᠥᠬᠥᠪᠥᠷᠢᠯᠡᠬᠦ᠌᠂ ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠬᠦ᠌ ᠳᠡᠭᠡᠷ᠎ᠡ ᠬᠦᠴᠦ᠍ ᠲᠠᠯᠪᠢᠵᠤ᠂ ᠥᠭᠡᠷᠡᠴᠢᠯᠡᠯᠲᠡ᠎ᠪᠡᠷ ᠬᠥᠳᠡᠯᠭᠡᠬᠦ᠌ ᠬᠦᠴᠦᠨ ᠪᠣᠯᠭᠠᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠂ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠪᠠᠢᠳᠠᠯ᠎ᠢ ᠡᠭᠦᠳᠬᠦ᠌᠎ᠶ᠋ᠢ ᠪᠠᠷᠢᠮᠲᠠᠯᠠᠵᠤ᠂ ᠮᠠᠨ᠎ᠤ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠦᠷᠭᠦᠯᠵᠢᠯᠡᠨ ᠰᠠᠢᠵᠢᠷᠠᠬᠤ᠎ᠶ᠋ᠢ ᠠᠬᠢᠭᠤᠯᠬᠤ ᠬᠡᠷᠡᠭ᠌ᠲᠡᠶ᠃ ᠤᠯᠠᠭᠠᠨᠴᠠᠪ ᠬᠤᠳᠠ ᠡᠬᠢ ᠪᠠᠶᠠᠯᠢᠭ᠎ᠤᠨ ᠳᠠᠪᠠᠭᠤᠯᠢᠭ ᠪᠣᠯᠤᠨ ᠠᠵᠤ ᠦᠢᠯᠡᠰ᠎ᠦᠨ ᠰᠠᠭᠤᠷᠢ᠎ᠲᠠᠶ᠎ᠪᠠᠨ ᠤᠶᠠᠯᠳᠤᠭᠤᠯᠤᠨ᠂ ᠬᠥᠭ᠌ᠵᠢᠯᠲᠡ᠎ᠶ᠋ᠢᠨ ᠴᠢᠭ᠌ᠯᠡᠯ᠎ᠢᠶᠡᠨ ᠣᠨᠢᠯᠠᠵᠤ᠂ ᠠᠵᠤ ᠦᠢᠯᠡᠰ᠎ᠦᠨ ᠪᠠᠢᠷᠢᠱᠢᠭᠤᠯᠤᠯᠲᠠ᠎ᠪᠠᠨ ᠱᠢᠯᠢᠳᠡᠭ᠌ᠵᠢᠭᠦᠯᠦᠨ᠂ ᠥᠪᠥᠷ ᠮᠣᠩᠭᠣᠯ᠎ᠤᠨ ᠱᠢᠨ᠎ᠡ ᠵᠠᠮ ᠨᠡᠬᠡᠬᠡᠵᠤ ᠳᠤᠮᠳᠠ ᠲᠦᠪᠰᠢᠨ᠎ᠳᠤ ᠤᠷᠤᠬᠤ ᠳᠤᠮᠳᠠ ᠨᠡᠩ ᠶᠡᠬᠡ ᠡᠭᠦᠷᠭᠡᠯᠡᠯ᠎ᠢ ᠢᠯᠡᠷᠡᠭᠦᠯᠵᠦ᠍᠂ ᠨᠡᠩ ᠶᠡᠬᠡ ᠬᠦᠴᠦᠨ ᠴᠢᠳᠠᠯ᠎ᠢᠶᠠᠨ ᠡᠷᠭᠦᠬᠦ᠌ ᠬᠡᠷᠡᠭ᠌ᠲᠡᠢ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面