2025 ᠣᠷᠣᠨ᠎ᠤ᠋ ᠬᠤᠶᠠᠷ ᠬᠤᠷᠠᠯ > ᠣᠨᠴᠠ ᠮᠡᠳᠡᠭᠡᠯᠡᠯ

2025-01-15 10:21:56

ᠵᠣᠬᠢᠶᠠᠭ᠍ᠴᠢ᠄ ᠭᠣᠣ ᠬᠤᠢ ᠵᠠᠩ ᠬᠤᠢ ᠯᠢᠩ ᠣᠩᠱᠢᠭ᠍ᠰᠠᠨ ᠣᠳᠠᠭ᠎ᠠ᠄ 3

ᠠᠷᠠᠳ᠎ᠤᠨ ᠠᠮᠢᠳᠤᠷᠠᠯ ᠨᠢ ᠠᠷᠠᠳ᠎ᠤᠨ ᠰᠡᠳᠭᠢᠯ ᠲᠠᠢ ᠬᠤᠯᠪᠤᠯᠳᠤᠵᠤ᠂ ᠠᠷᠠᠳ᠎ᠤᠨ ᠰᠡᠳᠭᠢᠯ ᠨᠢ ᠠᠷᠠᠳ᠎ᠤᠨ ᠬᠦᠴᠦᠨ᠎ᠢ ᠨᠢᠭ᠍ᠲᠠᠷᠠᠭᠤᠯᠤᠨ᠎ᠠ᠃ 1 ᠰᠠᠷ᠎ᠠ᠎ᠶ᠋ᠢᠨ 14 ᠤ᠋ ᠦᠳᠡ᠎ᠶ᠋ᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ᠎ᠤᠨ ᠬᠣᠶᠠᠳᠤᠭᠠᠷ ᠲᠠᠯᠠᠪᠠᠶ《ᠭᠡᠱᠢᠭᠦᠳ᠎ᠦᠨ ᠰᠤᠷᠪᠤᠯᠵᠢᠯᠠᠭ᠎ᠠ ᠬᠦᠯᠢᠶᠡᠬᠦ᠌ ᠵᠠᠮ》 ᠢ᠋ ᠨᠡᠬᠡᠬᠡᠪᠡ᠃ ᠠᠳᠠᠯᠢ ᠪᠤᠰᠤ ᠡᠲᠡᠭᠡᠳ᠎ᠢᠯᠭᠠᠯ᠎ᠡᠴᠡ ᠢᠷᠡᠭ᠌ᠰᠡᠨ 4 ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠰᠤᠷᠪᠤᠯᠵᠢᠯᠠᠭ᠎ᠠ ᠬᠦᠯᠢᠶᠡᠬᠦ᠌ ᠵᠠᠮ ᠳ᠋ᠦ ᠢᠷᠡᠵᠤ᠂ ᠰᠤᠷᠭᠠᠨ ᠬᠥᠮᠦᠵᠢᠯ᠎ᠦᠨ ᠲᠣᠭᠠᠴᠢᠯᠠᠯᠲᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠵᠢ ᠡᠭᠦᠳᠬᠦ᠂ ᠣᠶᠤᠨ ᠰᠠᠨᠠᠭᠠᠨ᠎ᠤ ᠰᠡᠳᠭᠢᠴᠡ᠎ᠶ᠋ᠢᠨ ᠦᠶ᠋ᠯᠡᠴᠢᠯᠡᠭᠡ᠂ ᠰᠣᠶᠣᠯ᠎ᠤᠨ ᠲᠦᠷᠦᠯ ᠲᠡᠮᠳᠡᠭ᠎ᠢ ᠡᠭᠦᠳᠬᠦ᠌ ᠵᠡᠷᠭᠡ ᠲᠠᠯ᠎ᠠ ᠪᠠᠷ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠵᠤ᠂ ᠨᠡᠢᠭᠡᠮ᠎ᠲᠠᠶᠠᠭᠠᠷ᠎ᠤᠨ ᠠᠡᠭᠬᠠᠷᠤᠨ ᠬᠠᠯᠠᠮᠵᠢᠯᠠᠵᠤ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭ᠌ᠪᠡ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠤᠨ ᠳᠡᠳ᠋ ᠳᠠᠷᠤᠭ᠎ᠠ ᠶᠠᠩ ᠱᠢᠤ ᠶᠤᠸᠠᠨ ᠡᠩ ᠲᠡᠷᠢᠭᠦᠨ᠎ᠳᠦ ᠰᠤᠷᠪᠤᠯᠵᠢᠯᠠᠭ᠎ᠠ ᠬᠦᠯᠢᠶᠡᠬᠦ᠌ ᠵᠠᠮ ᠵᠢᠡᠷ ᠤᠷᠤᠵᠤ ᠢᠷᠡᠪᠡ᠃ ᠶᠠᠩ ᠱᠢᠤ ᠶᠤᠸᠠᠨ᠂ ᠳ᠋ᠠᠢᠲ᠋ᠠ ᠵᠢᠨ ᠨᠡᠭᠡᠭᠡᠯᠲᠡ᠂ ᠬᠡᠷᠡᠭ᠌ᠯᠡᠭᠡᠨ᠎ᠦ ᠪᠠᠢᠳᠠᠯ᠂ ᠲᠤᠭᠠᠴᠢᠯᠠᠯᠳᠠ ᠤᠶᠤᠨᠴᠢᠯᠠᠯᠳᠠ ᠵᠢᠨ ᠵᠠᠳᠠᠯᠤᠯᠲᠠ ᠵᠡᠷᠭᠡ ᠣᠯᠠᠨ ᠲᠠᠯ᠎ᠠ᠎ᠶ᠋ᠢᠨ ᠲᠠᠰᠤᠷᠠᠯᠲᠠ ᠥᠬᠡᠶ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠶ᠋ᠢ ᠳᠠᠭᠠᠯᠳᠤᠨ᠂ ᠣᠶᠤᠨᠴᠢ ᠰᠤᠷᠭᠠᠨ ᠬᠥᠮᠦᠵᠢᠯ᠎ᠨᠢ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠰᠤᠷᠤᠯᠴᠠᠯᠭ᠎ᠠ ᠵᠢᠨ ᠪᠡᠶᠡᠴᠢᠯᠡᠨ ᠣᠢᠯᠠᠭᠠᠯᠲᠠ᠎ᠶ᠋ᠢ ᠱᠢᠯᠢᠳᠡᠭ᠌ᠵᠢᠭᠦᠯᠦᠭ᠌ᠰᠡᠨ᠎ᠢᠶᠡᠷ ᠪᠠᠷᠠᠬᠤ ᠥᠬᠡᠶ ᠪᠠᠰᠠ ᠵᠢᠭᠠᠨ ᠰᠤᠷᠭᠠᠯᠲᠠ᠎ᠶ᠋ᠢᠨ ᠡᠬᠢ ᠪᠠᠶᠠᠯᠢᠭ᠎ᠤᠨ ᠲᠡᠩᠴᠡᠭᠦᠷᠢᠲᠡᠶ ᠬᠥᠭ᠌ᠵᠢᠯᠲᠡ᠎ᠶ᠋ᠢ ᠠᠬᠢᠭᠤᠯᠪᠠ᠃ ᠵᠢᠱ᠌ᠢᠶᠡᠯᠡᠪᠡᠯ ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠲᠤ᠂ ᠣᠶᠤᠨᠴᠢ ᠰᠤᠷᠭᠠᠨ ᠬᠥᠮᠦᠵᠢᠯ ᠨᠢ ᠬᠢᠴᠢᠶᠡᠯ᠎ᠦᠨ ᠲᠠᠩᠬᠢᠮ ᠤ᠋ᠨ ᠪᠡᠶᠡᠴᠢᠯᠡᠨ ᠤᠢᠯᠠᠭᠠᠯᠳᠠ᠂ ᠠᠮᠠᠷᠠᠯᠲᠠ᠎ᠶ᠋ᠢᠨ ᠬᠤᠭᠤᠴᠠᠭᠠᠨ᠎ᠤ ᠠᠮᠢᠳᠤᠷᠠᠯ᠎ᠢ ᠨᠠᠩ ᠪᠠᠶᠠᠯᠢᠭ᠍ᠵᠢᠭᠤᠯᠵᠤ᠂ ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠤᠨ ᠬᠠᠯᠠᠭᠤᠨ ᠬᠦᠷᠢᠶᠡᠯᠡᠯ᠎ᠢ ᠤᠯᠤᠭᠰᠠᠨ ᠪᠠᠢᠨ᠎ᠠ ᠭᠡᠵᠤ ᠭᠡᠯᠡᠨ᠎ᠠ᠃ 《ᠣᠶᠤᠨᠴᠢ ᠰᠤᠷᠭᠠᠨ ᠬᠥᠮᠦᠵᠢᠯ᠎ᠦᠨ ᠲᠠᠯ᠎ᠠ᠎ᠪᠠᠷ᠂ ᠰᠤᠷᠭᠠᠨ ᠬᠥᠮᠦᠵᠢᠯ᠎ᠦᠨ ᠣᠢᠯᠠᠭᠠᠭ᠍ᠳᠠᠬᠤᠨ᠂ ᠵᠢᠭᠠᠨ ᠰᠤᠷᠭᠠᠯᠲᠠ᠎ᠶ᠋ᠢᠨ ᠠᠷᠭ᠎ᠠ ᠪᠠᠷᠢᠯ ᠪᠠ ᠰᠡᠳᠭᠢᠬᠦᠶ᠎ᠶ᠋ᠢᠨ ᠠᠷᠭ᠎ᠠ ᠬᠡᠯᠪᠡᠷᠢ ᠵᠡᠷᠭᠡ᠎ᠶ᠋ᠢᠨ ᠬᠤᠪᠢᠷᠠᠯᠳᠠ᠎ᠶ᠋ᠢ ᠭᠦᠨᠵᠡᠭᠡᠶ ᠠᠬᠢᠭᠤᠯᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠵᠢᠨ ᠬᠢᠴᠢᠶᠡᠯ᠎ᠦᠨ ᠠᠭᠤᠯᠭ᠎ᠠ᠎ᠶ᠋ᠢ ᠭᠦᠨᠵᠡᠭᠡᠶ ᠠᠭᠤᠰᠤᠯᠴᠠᠭᠤᠯᠪᠠᠯ ᠵᠤᠬᠢᠨ᠎ᠠ; ᠨᠢᠭᠡᠳᠦᠯᠲᠡᠢ ᠳ᠋ᠠᠢᠲ᠋ᠠ᠎ᠶ᠋ᠢᠨ ᠲᠠᠪᠴᠠᠩ᠎ᠢ ᠪᠠᠢᠭᠤᠯᠵᠤ᠂ ᠰᠤᠷᠭᠠᠨ ᠬᠥᠮᠦᠵᠢᠯ᠎ᠦᠨ ᠲᠣᠭ᠎ᠠ ᠪᠠᠷᠢᠮᠲᠠ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠎ᠶ᠋ᠢ ᠪᠡᠶᠡᠯᠡᠭᠦᠯᠵᠦ᠍᠂ ᠲᠣᠭᠠᠴᠢᠯᠠᠭ᠍ᠰᠠᠨ ᠮᠡᠷᠭᠡᠵᠢᠯ᠎ᠢ ᠰᠤᠷᠭᠠᠨ ᠬᠥᠮᠦᠵᠢᠯ᠎ᠤᠨ ᠦᠢᠯᠡᠰ ᠲᠦ᠍ ᠭᠡᠷᠡᠭᠯᠡᠵᠤ ᠠᠰᠢᠭᠯᠠᠪᠠᠯ ᠵᠤᠬᠢᠨ᠎ᠠ》 ᠭᠡᠵᠦ᠍ ᠶᠠᠩ ᠱᠢᠤ ᠶᠤᠸᠠᠨ ᠰᠠᠨᠠᠭᠤᠯᠭ᠎ᠠ ᠪᠠᠨ ᠲᠤᠳᠤᠷᠠᠭᠤᠯᠤᠨ᠎ᠠ᠃

《ᠣᠯᠠᠨ ᠵᠢᠯ᠎ᠦᠨ ᠲᠤᠷᠰᠢ ᠤᠯᠠᠭᠠᠨᠬᠠᠳᠠ ᠬᠣᠲᠠ᠎ᠶ᠋ᠢᠨ ᠢᠮᠠᠭᠠᠨ ᠨᠣᠤᠯᠤᠭᠤᠷ᠎ᠤᠨ ᠨᠡᠬᠡᠮᠡᠯ᠎ᠦᠨ ᠠᠵᠤ ᠠᠬᠤᠢᠯᠠᠯ ᠨᠢ ᠮᠡᠷᠭᠡᠵᠢᠯ᠎ᠦᠨ ᠰᠤᠳᠤᠯᠤᠨ ᠨᠡᠭᠡᠭᠡᠬᠦ᠌ ᠪᠠ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠢᠮᠠᠭ᠍ᠲᠠ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠳᠣᠲᠣᠭᠠᠳᠤ ᠬᠥᠳᠡᠯᠭᠡᠬᠦ᠌ ᠬᠦᠴᠦᠨ ᠪᠣᠯᠭᠠᠬᠤ ᠵᠢᠨ ᠬᠠᠮᠳᠤ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠭᠤᠤᠯᠳᠠᠯᠭ᠎ᠠ᠎ᠲᠠᠶ ᠴᠢᠭ᠌ᠯᠡᠯ ᠪᠣᠯᠭᠠᠭ᠍ᠰᠠᠭᠠᠷ ᠢᠷᠡᠵᠡᠶ》 ᠭᠡᠵᠤ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠤᠯᠠᠭᠠᠨᠬᠠᠳᠠ᠎ᠶ᠋ᠢᠨ ᠳ᠋ᠦᠩ ᠷᠦᠩ ᠢᠮᠠᠭᠠᠨ ᠨᠣᠤᠯᠤᠭᠤᠷ᠎ᠤᠨ ᠦᠢᠯᠡᠰ᠎ᠤᠨ ᠬᠥᠭ᠌ᠵᠢᠭᠦᠯᠦᠯᠲᠡ (ᠪᠦᠯᠦᠭ᠌ᠯᠡᠯ)ᠶ᠋ᠢᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠴᠧᠩ ᠱᠢᠶᠤᠤ ᠬᠤ᠌ ᠭᠡᠯᠡᠨ᠎ᠠ᠃ ᠲᠠᠷᠠ᠂ ᠤᠯᠠᠭᠠᠨᠬᠠᠳᠠ ᠬᠣᠲᠠ᠎ᠶ᠋ᠢᠨ ᠢᠮᠠᠭᠠᠨ ᠨᠣᠤᠯᠤᠭᠤᠷ᠎ᠤᠨ ᠨᠡᠬᠡᠮᠡᠯ᠎ᠦᠨ ᠠᠵᠤ ᠠᠬᠤᠢᠯᠠᠯ ᠶᠠᠭ ᠨᠣᠤᠯᠤᠭᠤᠷ᠎ᠤᠨ ᠢᠮᠠᠭ᠎ᠠ᠎ᠶ᠋ᠢᠨ ᠡᠭᠦᠯᠳᠡᠷ ᠪᠣᠢᠵᠢᠭᠤᠯᠤᠨ ᠦᠷᠡᠵᠢᠭᠦᠯᠬᠦ᠌᠂ ᠦᠶ᠋ᠯᠡᠳᠪᠦᠷᠢᠯᠡᠯ᠎ᠦᠨ ᠲᠥᠬᠥᠭᠡᠷᠦᠮᠵᠢ᠎ᠶ᠋ᠢ ᠲᠠᠰ ᠳᠡᠪᠱᠢᠭᠦᠯᠦᠨ ᠥᠭᠡᠷᠡᠴᠢᠯᠡᠬᠦ᠌ ᠵᠡᠷᠭᠡ ᠲᠠᠯ᠎ᠠ᠎ᠪᠠᠷ ᠪᠠᠯᠠ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠠᠵᠤ ᠠᠬᠤᠢᠯᠠᠯ᠎ᠤᠨ ᠥᠷᠢᠰᠥᠯᠳᠦᠬᠦ᠌ ᠬᠦᠴᠦᠨ᠎ᠢ ᠴᠢᠡᠭᠭᠠᠷᠠᠭᠤᠯᠵᠤ ᠪᠠᠢᠨ᠎ᠠ ᠭᠡᠵᠤ ᠲᠠᠨᠢᠯᠴᠠᠭᠤᠯᠤᠯ᠎ᠠ᠃《ᠢᠷᠡᠭᠡᠳᠦᠶ᠎ᠳᠦ ᠪᠢᠳᠡ ᠱᠠᠩᠬᠠᠶ᠂ ᠪᠡᠭᠡᠵᠢᠩ᠎ᠳᠦ ᠣᠴᠢᠬᠤ᠎ᠪᠠᠷ ᠪᠠᠷᠠᠬᠤ ᠥᠬᠡᠶ᠂ ᠪᠠᠰᠠ ᠮᠢᠯᠠᠨ᠂ ᠫᠠᠷᠢᠰ᠎ᠲᠤ ᠬᠦᠷᠴᠦ᠍᠂ ᠨᠣᠤᠯᠤᠭᠤᠷ ᠵᠢᠡᠷ ᠳᠡᠯᠡᠬᠡᠶ ᠳᠡᠭᠡᠷ᠎ᠠ ᠨᠡᠩ ᠢᠯᠡᠭᠦᠦ ᠨᠥᠯᠥᠭᠡᠯᠡᠬᠦ᠌ ᠬᠦᠴᠦᠨ᠎ᠲᠡᠶ ᠳᠤᠮᠳᠠᠳᠤ ᠤᠯᠤᠰ᠎ᠤᠨ ᠨᠡᠬᠡᠮᠡᠯ᠎ᠦᠨ ᠲᠦᠷᠦᠯ ᠲᠡᠮᠳᠡᠭ᠌ ᠢ᠋ ᠪᠣᠶ ᠪᠣᠯᠭᠠᠨ᠎ᠠ᠃ ᠡᠢᠮᠦ᠍᠎ᠡᠴᠡ ᠪᠢᠳᠡ ᠳᠠᠭᠠᠭᠤᠯᠤᠭᠴᠢ ᠠᠵᠤ ᠠᠬᠤᠢᠯᠠᠯ᠎ᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠠᠵᠤ ᠦᠶ᠋ᠯᠡᠰ᠎ᠦᠨ ᠲᠥᠪᠯᠡᠷᠡᠯ᠎ᠦᠨ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠢᠮᠠᠭᠠᠨ ᠨᠣᠤᠯᠤᠭᠤᠷ᠎ᠤᠨ ᠲᠦᠷᠦᠯ ᠲᠡᠮᠳᠡᠭ ᠢ᠋ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠦᠷᠨᠢᠬᠦᠯᠵᠤ᠂ ᠢᠯᠡ ᠳᠤᠳᠤ ᠣᠨᠴᠠᠯᠢᠭ᠎ᠲᠠᠢ 〈ᠢᠮᠠᠭᠠᠨ ᠨᠣᠤᠯᠤᠭᠤᠷ᠎ᠤᠨ ᠨᠡᠷ᠎ᠡ᠎ᠶ᠋ᠢᠨ ᠬᠠᠭᠤᠳᠠᠰᠤ〉 ᠶ᠋ᠢ ᠪᠠᠢᠭᠤᠯᠤᠨ᠎ᠠ 》 ᠭᠡᠵᠤ ᠴᠧᠩ ᠱᠢᠶᠤᠤ ᠬᠤ᠌ ᠰᠠᠨᠠᠭᠤᠯᠭ᠎ᠠ ᠪᠠᠨ ᠭᠡᠯᠡᠯ᠎ᠠ᠃

ᠰᠡᠳᠭᠢᠴᠡ᠎ᠶ᠋ᠢᠨ ᠡᠷᠡᠭᠦᠯ ᠮᠡᠨᠳᠦ ᠪᠠ ᠣᠶᠣᠨ᠎ᠤ ᠡᠷᠡᠭᠦᠯ ᠬᠠᠮᠠᠭᠠᠯᠠᠯ ᠨᠢ ᠠᠷᠠᠳ ᠲᠦᠮᠡᠨ᠎ᠦ ᠡᠷᠡᠭᠦᠯ ᠮᠡᠨᠳᠦ ᠵᠣᠯ ᠵᠢᠷᠭᠠᠯ ᠪᠠ ᠨᠡᠢᠭᠡᠮ᠎ᠦᠨ ᠠᠮᠤᠷ ᠲᠤᠬᠳᠠᠭᠤᠨ ᠪᠦᠯᠬᠦᠮᠳᠡᠯ᠎ᠳᠦ ᠬᠣᠯᠪᠣᠭ᠍ᠳᠠᠵᠤ ᠪᠠᠢᠳᠠᠭ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠣᠶᠤᠨ ᠤ᠋ ᠡᠷᠡᠭᠦᠯ ᠬᠠᠮᠠᠭᠠᠯᠠᠯ᠎ᠤᠨ ᠲᠥᠪ᠎ᠦᠨ ᠰᠡᠳᠭᠢᠴᠡ᠎ᠶ᠋ᠢᠨ ᠬᠢᠮᠤᠷᠠᠯ ᠎ᠤᠨ ᠰᠠᠯᠠᠭᠠᠨ᠎ᠤ ᠡᠷᠬᠢᠯᠡᠭ᠌ᠴᠢ ᠵᠣᠣ ᠫᠸᠩ ᠴᠧᠩ ᠂ ᠥᠪᠡᠷᠲᠡᠭᠡᠨ ᠵᠠᠰᠠᠬᠤ ᠣᠷᠣᠨ ᠰᠡᠳᠭᠢᠴᠡ᠎ᠶ᠋ᠢᠨ ᠡᠷᠡᠭᠦᠯ ᠮᠡᠨᠳᠦ ᠪᠠ ᠣᠶᠤᠨ᠎ᠦ ᠡᠷᠡᠭᠦᠯ ᠬᠠᠮᠠᠭᠠᠯᠠᠯ᠎ᠤᠨ ᠠᠵᠢᠯ᠎ᠢ ᠶᠡᠷᠦᠩᠬᠡᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠣᠷᠣᠭᠤᠯᠤᠨ ᠦᠷᠭᠦᠯᠵᠢᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠠᠬᠢᠭᠤᠯᠬᠤ ᠳᠤᠮᠳᠠ ᠢᠯᠡᠳᠲᠡ ᠦᠷ᠎ᠡ ᠪᠦᠲᠦᠮᠵᠢ ᠣᠯᠵᠤ᠂ ᠰᠡᠳᠭᠢᠴᠡ᠎ᠶ᠋ᠢᠨ ᠡᠷᠡᠭᠦᠯ ᠮᠡᠨᠳᠦ ᠪᠠ ᠣᠶᠤᠨ ᠤ᠋ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠂ ᠠᠢᠮᠠᠭ (ᠬᠣᠲᠠ)᠂ ᠬᠣᠱᠢᠭᠤ (ᠱᠢᠶᠠᠨ᠂ ᠲᠣᠭᠣᠷᠢᠭ)᠂ ᠰᠤᠮᠤ (ᠱᠢᠶᠠᠩ ᠪᠠᠯᠭᠠᠰᠤ)ᠳᠥᠷᠪᠡᠨ ᠱᠠᠲᠤᠨ᠎ᠤ ᠣᠶᠤᠨ ᠤ᠋ ᠡᠷᠡᠭᠦᠯ ᠬᠠᠮᠠᠭᠠᠯᠠᠯ᠎ᠤᠨ ᠰᠡᠷᠭᠡᠢᠯᠡᠨ ᠵᠠᠰᠠᠬᠤ ᠱᠢᠰᠲ᠋ᠧᠮ᠎ᠢ ᠪᠦᠷᠢᠯᠳᠦᠭᠦᠯᠦᠭ᠌ᠰᠡᠨ ᠪᠥᠭᠡᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶᠤᠨ ᠤ᠋ ᠡᠷᠡᠭᠦᠯ ᠬᠠᠮᠠᠭᠠᠯᠠᠯ᠎ᠤᠨ ᠲᠦᠷᠢᠮ》 ᠢ᠋ ᠲᠤᠬᠳᠠᠭᠠᠪᠠ᠃ 《ᠬᠡᠷᠪᠡ ᠣᠶᠤᠨ ᠰᠠᠨᠠᠭᠠᠨ᠎ᠤ ᠰᠡᠳᠭᠢᠴᠡ᠎ᠶ᠋ᠢᠨ ᠬᠣᠯᠪᠣᠭ᠍ᠳᠠᠯ ᠪᠥᠬᠥᠶ ᠠᠰᠠᠭᠤᠳᠠᠯ ᠲᠠᠢ ᠪᠠᠢᠪᠠᠯ᠂ ᠰᠡᠳᠭᠢᠴᠡ᠎ᠶ᠋ᠢᠨ ᠲᠤᠰᠠᠯᠠᠮᠵᠢ᠎ᠶ᠋ᠢᠨ ᠬᠠᠯᠠᠮᠱᠢᠯ ᠤᠲᠠᠰᠤ ᠪᠣᠯ ᠨᠢᠭᠡᠨ ᠮᠠᠰᠢ ᠰᠠᠢᠨ ᠰᠡᠳᠭᠢᠴᠡ᠎ᠶ᠋ᠢᠨ ᠲᠤᠰᠠᠯᠠᠮᠵᠢ᠎ᠶ᠋ᠢᠨ ᠦᠶ᠋ᠯᠡᠴᠢᠯᠡᠭᠡᠨ᠎ᠦ ᠲᠠᠪᠴᠠᠩ ᠪᠣᠯᠤᠨ᠎ᠠ》 ᠭᠡᠵᠤ ᠲᠠᠨᠢᠯᠴᠠᠭᠤᠯᠤᠯ᠎ᠠ᠃ ᠵᠣᠣ ᠫᠸᠩ ᠴᠧᠩ᠂ 5 ᠰᠠᠷ᠎ᠠ᠎ᠶ᠋ᠢᠨ 1 ᠤ᠋ ᠡᠳᠦᠷ᠎ᠡᠴᠡ ᠡᠮᠦᠨ᠎ᠡ᠂ ᠪᠥᠬᠥ᠌ ᠤᠯᠤᠰ᠎ᠤᠨ ᠡᠯ᠎ᠡ ᠭᠠᠵᠠᠷ᠎ᠲᠤ ᠣᠲᠣ ᠪᠠᠢᠭ᠎ᠠ ᠰᠡᠳᠭᠢᠴᠡ᠎ᠶ᠋ᠢᠨ ᠲᠤᠰᠠᠯᠠᠮᠵᠢ᠎ᠶ᠋ᠢᠨ ᠬᠠᠯᠠᠮᠱᠢᠯ ᠤᠲᠠᠰᠤ᠎ᠶ᠋ᠢ ᠴᠥᠮ 《12356》 ᠲᠠᠢ ᠨᠢᠬᠳᠠ ᠵᠣᠯᠭᠠᠭᠤᠯᠵᠤ᠂ ᠪᠥᠬᠥ᠌ ᠤᠯᠤᠰ᠎ᠤᠨ ᠨᠢᠭᠡᠳᠦᠯᠲᠡᠶ ᠰᠡᠳᠭᠢᠴᠡ᠎ᠶ᠋ᠢᠨ ᠲᠤᠰᠠᠯᠠᠮᠵᠢ᠎ᠶ᠋ᠢᠨ ᠬᠠᠯᠠᠮᠱᠢᠯ ᠤᠲᠠᠰᠤ᠎ᠶ᠋ᠢᠨ ᠣᠬᠣᠷ ᠨᠣᠮᠧᠷ ᠪᠣᠯᠭᠠᠵᠤ᠂ ᠣᠯᠠᠨ ᠲᠦᠮᠡᠨ᠎ᠳᠦ ᠰᠦᠶ᠋ᠳᠭᠡᠯ ᠬᠤᠷᠢᠶᠠᠬᠤ ᠥᠬᠡᠶ ᠪᠡᠷ 24 ᠴᠠᠭ᠎ᠲᠤ ᠲᠠᠰᠤᠯᠳᠠᠭᠤᠯᠤᠯ ᠥᠬᠡᠶ ᠰᠡᠳᠭᠢᠴᠡ᠎ᠶ᠋ᠢᠨ ᠲᠤᠰᠠᠯᠠᠮᠵᠢ᠎ᠶ᠋ᠢᠨ ᠦᠶ᠋ᠯᠡᠴᠢᠯᠡᠭᠡ ᠬᠠᠩᠭᠠᠬᠤ ᠪᠤᠯᠤᠨ᠎ᠠ ᠭᠡᠯ᠎ᠠ᠃

《ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ》 ᠪᠣᠯ ᠥᠪᠥᠷ ᠮᠣᠩᠭᠣᠯ᠎ᠤᠨ 2025 ᠣᠨ᠎ᠳᠤ ᠵᠣᠬᠢᠶᠠᠨ ᠪᠠᠢᠭᠤᠯᠵᠤ ᠥᠷᠨᠢᠭᠦᠯᠬᠦ 《ᠵᠢᠷᠭᠤᠭᠠᠨ ᠠᠵᠢᠯᠯᠠᠭ᠎ᠠ》 ᠵᠢᠨ ᠨᠢᠭᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠵᠠᠯᠠᠭᠤ ᠳᠠᠭᠤᠴᠢᠨ ᠵᠠᠩ ᠶᠦᠩ ᠴᠢᠶᠠᠩ᠂ ᠤᠮᠠᠷᠠᠲᠤ ᠬᠢᠯᠢ᠎ᠶ᠋ᠢᠨ ᠰᠣᠶᠣᠯ᠎ᠤᠨ ᠡᠯᠪᠡᠭ ᠪᠠᠶᠠᠯᠢᠭ ᠣᠶᠤᠨ ᠰᠠᠨᠠᠭᠠᠨ᠎ᠤ ᠠᠭᠤᠯᠤᠭ᠍ᠳᠠᠬᠤᠨ ᠨᠢ ᠤᠳᠭ᠎ᠠ ᠤᠷᠠᠯᠢᠭ᠎ᠤᠨ ᠠᠵᠢᠯᠲᠠᠨ᠎ᠤ ᠴᠠᠭ ᠦᠶ᠎ᠡ᠎ᠶ᠋ᠢᠨ ᠰᠤᠳᠠᠰᠤ᠎ᠶ᠋ᠢ ᠳᠠᠭᠠᠵᠤ᠂ ᠭᠦᠨ ᠰᠡᠳᠭᠢᠯᠭᠡ᠎ᠪᠡᠷ ᠠᠮᠢᠳᠤᠷᠠᠯ᠎ᠢ ᠵᠢᠷᠤᠭ᠍ᠯᠠᠵᠤ᠂ ᠠᠮᠢᠳᠤᠷᠠᠯ ᠳ᠋ᠤ ᠤᠢᠷᠠᠳᠤᠬᠰᠡᠨ᠂ ᠬᠠᠯᠠᠭᠤᠨ ᠳᠤᠯᠠᠭᠠᠨ ᠱᠢᠯᠢᠳᠡᠭ ᠤᠳᠭ᠎ᠠ ᠤᠷᠠᠯᠢᠭ᠎ᠤᠨ ᠰᠣᠳᠣᠨ ᠪᠦᠲᠦᠭᠡᠯ ᠢ᠋ ᠴᠢᠷᠮᠠᠢᠨ ᠵᠤᠬᠢᠶᠠᠨ ᠪᠦᠳᠦᠭᠡᠵᠤ᠂ ᠠᠮᠢᠳᠤᠷᠠᠯ᠎ᠡᠴᠡ ᠡᠭᠦᠰᠴᠤ᠂ ᠨᠢᠭᠡᠳᠦᠭᠡᠷ ᠹᠷᠣᠨᠲ᠎ᠲᠤ ᠬᠦᠨᠵᠡᠭᠡᠢᠷᠡᠨ ᠵᠣᠬᠢᠶᠠᠨ ᠪᠦᠲᠦᠭᠡᠬᠦ᠌ ᠣᠩᠭᠣᠳ ᠤᠯᠵᠤ᠂ ᠵᠣᠬᠢᠶᠠᠨ ᠪᠦᠲᠦᠭᠡᠬᠦ᠌ ᠪᠣᠷᠣ ᠮᠠᠲ᠋ᠧᠷᠢᠶᠠᠯ ᠬᠤᠷᠠᠮᠳᠤᠭᠤᠯᠬᠤ ᠭᠡᠷᠡᠭᠳᠠᠢ᠂ ᠡᠢᠮᠦ᠍ ᠤᠳᠭ᠎ᠠ ᠤᠷᠠᠯᠢᠭ᠎ᠤᠨ ᠪᠦᠲᠦᠭᠡᠯ ᠨᠢ ᠣᠯᠠᠨ ᠲᠦᠮᠡᠨ᠎ᠳᠦ ᠨᠠᠩ ᠲᠠᠭᠠᠯᠠᠭ᠍ᠳᠠᠵᠤ᠂ ᠨᠠᠩ ᠦᠷᠭᠡᠨ ᠲᠡᠯᠭᠡᠷ ᠰᠠᠴᠤᠭᠳᠠᠨ᠂ ᠨᠠᠡᠭ ᠰᠠᠢᠨ ᠤᠯᠠᠮᠵᠢᠯᠠᠬᠳᠠᠵᠤ ᠴᠢᠳᠠᠨ᠎ᠠ ᠭᠡᠵᠤ ᠤᠮᠠᠷᠠᠲᠤ ᠬᠢᠯᠢ᠎ᠶ᠋ᠢᠨ ᠰᠣᠶᠣᠯ᠎ᠤᠨ ᠲᠦᠷᠦᠯ ᠲᠡᠮᠳᠡᠭ ᠢ᠋ ᠬᠡᠷᠬᠢᠨ ᠡᠭᠦᠳᠬᠦ᠌ ᠲᠤᠬᠠᠶ ᠪᠤᠳᠤᠯ᠎ᠵᠢᠡᠨ ᠲᠡᠯᠭᠡᠵᠤ ᠭᠠᠷᠤᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面