2025 ᠣᠷᠣᠨ᠎ᠤ᠋ ᠬᠤᠶᠠᠷ ᠬᠤᠷᠠᠯ > ᠣᠨᠴᠠ ᠮᠡᠳᠡᠭᠡᠯᠡᠯ

2025-01-16 09:44:18

ᠵᠣᠬᠢᠶᠠᠭ᠍ᠴᠢ᠄ ᠬᠤᠤ ᠵᠢᠶᠠ ᠯᠢ ᠣᠩᠱᠢᠭ᠍ᠰᠠᠨ ᠣᠳᠠᠭ᠎ᠠ᠄ 3

1 ᠰᠠᠷ᠎ᠠ᠎ᠶ᠋ᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠦᠨ ᠬᠤᠷᠠᠯ ᠬᠤᠷᠠᠯᠳᠤᠭᠤᠯᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠭᠦᠢᠴᠡᠳᠭᠡᠭ᠌ᠰᠡᠨ ᠪᠠᠢᠳᠠᠯ ᠵᠢᠴᠢ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠢ ᠮᠡᠳᠡᠭᠦᠯᠦᠯᠲᠡ》 ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠥᠰᠦᠪ᠎ᠢ ᠭᠦᠢᠴᠡᠳᠭᠡᠭ᠌ᠰᠡᠨ ᠪᠠᠢᠳᠠᠯ ᠪᠠ 2025 ᠣᠨ᠎ᠤ ᠲᠥᠰᠦᠪ᠎ᠦᠨ ᠲᠥᠰᠦᠯ᠎ᠦᠨ ᠲᠤᠬᠠᠢ ᠮᠡᠳᠡᠭᠦᠯᠦᠯᠲᠡ》 ᠵᠢᠴᠢ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠲᠥᠰᠦᠪ᠎ᠦᠨ ᠲᠥᠰᠦᠯ᠎ᠢ ᠬᠢᠨᠠᠨ ᠪᠠᠢᠴᠠᠭᠠᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ ᠳ᠋ᠤᠸᠠᠨ ᡁᠢ ᠴᠢᠶᠠᠩ ᠬᠤᠷᠠᠯ᠎ᠳᠤ ᠣᠷᠣᠯᠴᠠᠵᠠᠢ᠃

ᠥᠪᠡᠷᠲᠡᠭᠡᠨ ᠵᠠᠰᠠᠬᠤ ᠣᠷᠣᠨ᠎ᠤ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠪᠠᠲᠤᠯᠠᠬᠤ᠎ᠶ᠋ᠢᠨ ᠲᠥᠯᠥᠭᠡ ᠡᠳ᠋᠎ᠦᠨ ᠵᠠᠰᠠᠭ ᠠᠵᠤ ᠠᠬᠤᠢ᠎ᠶ᠋ᠢᠨ ᠵᠥᠪᠯᠡᠯ᠎ᠡᠴᠡ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠦᠷᠭᠦᠯᠵᠢᠯᠡᠨ ᠰᠠᠢᠵᠢᠷᠠᠬᠤ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ ᠡᠷᠡᠰ ᠭᠤᠢᠪᠢᠰᠢ ᠦᠭᠡᠢ ᠪᠡᠷ ᠪᠡᠯᠡ ᠣᠷᠣᠭᠤᠯᠤᠯᠲᠠ᠎ᠶ᠋ᠢ ᠠᠳᠭᠤᠬᠤ᠂ ᠲᠦᠷᠦᠯ ᠵᠦᠢᠯ ᠤᠯᠬᠤ᠂ ᠬᠡᠷᠡᠭ᠌ᠯᠡᠭᠡ᠎ᠶ᠋ᠢ ᠠᠬᠢᠭᠤᠯᠬᠤ ᠵᠢ ᠪᠠᠷᠢᠮᠳᠠᠯᠠᠵᠤ᠂ ᠥᠪᠥᠷ ᠮᠣᠩᠭᠣᠯ᠎ᠤᠨ ᠣᠨᠴᠠᠯᠢᠭ ᠪᠦᠬᠦᠢ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠲᠦᠷᠭᠡᠳᠬᠡᠨ ᠪᠠᠢᠭᠤᠯᠵᠤ᠂ ᠣᠷᠣᠨ ᠪᠦᠰᠡ᠎ᠶ᠋ᠢᠨ ᠵᠣᠬᠢᠴᠠᠩᠭᠤᠢ ᠲᠡᠩᠴᠡᠭᠦᠷᠢᠲᠡᠢ ᠬᠥᠭ᠌ᠵᠢᠯᠲᠡ᠎ᠶ᠋ᠢ ᠲᠠᠰᠤᠷᠠᠯᠲᠠ ᠦᠭᠡᠢ ᠠᠬᠢᠭᠤᠯᠵᠤ᠂ ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠦᠨᠡᠨ ᠬᠦ᠌ ᠴᠢᠩᠭᠠᠷᠠᠭᠤᠯᠬᠤ ᠬᠡᠷᠡᠭᠳᠡᠢ ᠬᠡᠬᠦ ᠰᠠᠨᠠᠭᠤᠯᠭ᠎ᠠ ᠳᠤᠷᠠᠳᠴᠠᠢ᠃

ᠥᠪᠡᠷᠲᠡᠭᠡᠨ ᠵᠠᠰᠠᠬᠤ ᠣᠷᠣᠨ᠎ᠤ 2025 ᠣᠨ᠎ᠤ ᠡᠳ᠋᠎ᠦᠨ ᠵᠠᠰᠠᠭ᠎ᠤᠨ ᠲᠥᠰᠦᠪ᠎ᠦᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢ ᠪᠠᠲᠤᠯᠠᠬᠤ᠎ᠶ᠋ᠢᠨ ᠲᠥᠯᠥᠭᠡ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠎ᠡᠴᠡ ᠨᠠᠩ ᠢᠳᠡᠪᠬᠢᠲᠡᠶ ᠡᠳ᠋᠎ᠦᠨ ᠵᠠᠰᠠᠭ᠎ᠤᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌᠂ ᠲᠥᠰᠦᠪ᠎ᠦᠨ ᠬᠠᠮᠢᠶᠠᠷᠤᠯᠲᠠ᠎ᠶ᠋ᠢ ᠴᠢᠩᠭᠠᠳᠭᠠᠨ ᠰᠠᠢᠵᠢᠷᠠᠭᠤᠯᠬᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ᠂ ᠡᠳ᠋᠎ᠦᠨ ᠵᠠᠰᠠᠭ ᠭᠠᠢᠯᠢ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠰᠠᠨᠠᠭᠤᠯᠭ᠎ᠠ᠎ᠳᠤᠷᠠᠳᠪᠠ᠃

ᠬᠤᠷᠠᠯ ᠡᠴᠡ ᠥᠪᠡᠷᠲᠡᠭᠡᠨ ᠵᠠᠰᠠᠬᠤ ᠣᠷᠣᠨ᠎ᠤ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠵᠢᠴᠢ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠢ ᠮᠡᠳᠡᠭᠦᠯᠦᠯᠲᠡ ᠵᠢᠴᠢ ᠱᠢᠶ᠋ᠳᠪᠦᠷᠢ᠎ᠶ᠋ᠢᠨ ᠲᠥᠰᠦᠯ᠂ ᠥᠪᠡᠷᠲᠡᠭᠡᠨ ᠵᠠᠰᠠᠬᠤ ᠣᠷᠣᠨ᠎ᠤ 2024 ᠣᠨ᠎ᠤ ᠲᠥᠰᠦᠪ᠎ᠢ ᠭᠦᠢᠴᠡᠳᠭᠡᠭᠰᠡᠨ ᠪᠠᠢᠳᠠᠯ ᠪᠠ 2025 ᠣᠨ᠎ᠤ ᠲᠥᠰᠦᠪ᠎ᠦᠨ ᠲᠥᠰᠦᠯ᠎ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠲᠤᠬᠠᠶ ᠮᠡᠳᠡᠭᠦᠯᠦᠯᠲᠡ ᠵᠢᠴᠢ ᠱᠢᠶ᠋ᠳᠪᠦᠷᠢ᠎ᠶ᠋ᠢᠨ ᠲᠥᠰᠦᠯ᠎ᠢ ᠵᠠᠷᠴᠢᠮ ᠳᠡᠭᠡᠷ᠎ᠡ᠎ᠪᠡᠨ ᠪᠠᠲᠤᠯᠠᠵᠤ᠂ ᠬᠣᠶᠠᠷ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ᠎ᠶ᠋ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌ ᠪᠡᠷ ᠲᠣᠭ᠍ᠲᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面