2025-01-17 09:52:35
1 ᠰᠠᠷ᠎ᠠ᠎ᠶᠢᠨ 16 ᠤ᠋ ᠡᠳᠦᠷ ᠶᠠᠪᠤᠭᠳᠠᠭᠰᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠬᠣᠶᠠᠳᠤᠭᠠᠷ ᠤᠳᠠᠭ᠎ᠠ ᠵᠢᠨ ᠪᠦᠭᠦᠳᠡ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠬᠦᠯᠦᠯᠳᠠ ᠵᠢ ᠶᠡᠬᠡ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠪᠡ᠃
ᠮᠡᠳᠡᠭᠦᠯᠦᠯᠲᠡ ᠳ᠋ᠤ ᠢᠯᠡᠷᠡᠬᠦᠯᠦᠭᠰᠡᠨ ᠵᠢᠡᠷ᠂ 2024 ᠣᠨ ᠳ᠋ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠬᠤ ᠵᠢ ᠪᠠᠷᠢᠮᠳᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ ᠵᠢ ᠪᠦᠬᠦ ᠲᠠᠯ᠎ᠠ ᠪᠡᠷ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠱᠠᠭᠠᠷᠳᠠᠯᠭ᠎ᠠ ᠵᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠪᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠲᠠᠢ ᠨᠢᠭ᠍ᠲᠠ ᠤᠶᠠᠯᠳᠤᠭᠤᠯᠵᠤ᠂ ᠬᠣᠶᠠᠷ ᠶᠡᠬᠡ ᠶᠠᠪᠤᠳᠠᠯ ᠳ᠋ᠤ ᠰᠠᠨᠠᠭᠠᠴᠢᠯᠠᠭ᠎ᠠ ᠡᠴᠡ ᠪᠠᠨ ᠦᠢᠯᠡᠴᠢᠯᠡᠵᠤ᠂ 《ᠵᠢᠷᠭᠤᠭᠠᠨ ᠢᠨᠵᠧᠨᠧᠷᠢᠩ》 ᠢ᠋ ᠪᠦᠬᠦ ᠬᠦᠴᠦᠨ᠎ᠢᠶᠡᠷ᠎ᠢᠶᠡᠨ ᠨᠠᠢᠳᠠᠪᠤᠷᠢᠵᠢᠭᠤᠯᠵᠤ᠂ ᠬᠡᠷᠡᠭ ᠪᠣᠯᠭᠠᠨ᠎ᠢ ᠥᠨᠳᠥᠷ ᠪᠦᠲᠦᠮᠵᠢᠲᠡᠶ᠎ᠪᠡᠷ ᠰᠠᠢᠲᠤᠷ ᠰᠢᠢᠳᠪᠦᠷᠢᠯᠡᠵᠤ᠂ ᠤᠬᠠᠮᠰᠠᠷ᠎ᠡᠴᠡ᠎ᠪᠠᠨ ᠶᠡᠬᠡ ᠲᠠᠯ᠎ᠠ᠎ᠳᠤ ᠦᠢᠯᠡᠴᠢᠯᠡᠵᠤ᠂ ᠠᠷᠠᠳ ᠲᠦᠮᠡᠨ᠎ᠦ ᠲᠥᠯᠥᠭᠡ ᠬᠠᠤᠯᠢ ᠪᠠᠷᠢᠵᠤ᠂ ᠬᠠᠤᠯᠢ᠎ᠪᠠᠷ ᠵᠠᠰᠠᠬᠤ᠎ᠳᠤ ᠬᠠᠷᠢᠭᠤᠴᠠᠯᠭ᠎ᠠ ᠡᠭᠦᠷᠭᠡᠯᠡᠵᠤ᠂ ᠰᠢ ᠵᠢᠨ ᠫᠢᠩ᠎ᠦᠨ ᠬᠠᠤᠯᠢᠵᠢᠯ ᠤᠨ ᠦᠵᠡᠯ ᠰᠠᠨᠠᠭᠠᠨ᠎ᠤ ᠥᠪᠥᠷ ᠮᠣᠩᠭᠣᠯ᠎ᠤᠨ ᠪᠠᠢᠴᠠᠭᠠᠬᠤ ᠬᠤᠷᠢᠶ᠎ᠠ ᠵᠢᠨ ᠦᠢᠯᠡᠳᠦᠯᠭᠡ ᠰᠢᠨ᠎ᠡ ᠠᠬᠢᠴᠠ᠎ᠲᠠᠢ ᠪᠣᠯᠪᠠ᠃
ᠪᠦᠬᠦ ᠣᠷᠣᠨ᠎ᠤ ᠪᠠᠢᠴᠠᠭᠠᠬᠤ ᠪᠠᠢᠭᠤᠯᠭ᠎ᠠ ᠵᠠᠯᠬᠠᠭᠠᠬᠤ ᠪᠠ ᠰᠡᠷᠭᠡᠢᠯᠡᠬᠦ᠎ᠶᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠠᠮᠤᠷ ᠲᠦᠪᠰᠢᠨ ᠪᠠ ᠲᠣᠭᠲᠠᠭᠤᠨ᠎ᠢ ᠪᠦᠬᠦ ᠬᠦᠴᠦᠨ᠎ᠢᠶᠡᠷ᠎ᠢᠶᠡᠨ ᠬᠠᠮᠠᠭᠠᠯᠠᠪᠠ᠃ 《ᠴᠢᠩᠭ᠎ᠠ ᠰᠢᠢᠳᠭᠡᠬᠦ》 ᠰᠦᠷᠳᠡᠭᠦᠯᠬᠦ ᠦᠢᠯᠡᠳᠦᠯ᠎ᠢ ᠲᠣᠪᠤᠢᠯᠭᠠᠨ᠂ ᠤᠯᠤᠰ ᠣᠷᠣᠨ᠎ᠤ ᠠᠮᠤᠷ ᠲᠦᠪᠰᠢᠨ᠂ ᠤᠯᠠᠨ ᠨᠡᠶ᠋ᠢᠲᠡ ᠵᠢᠨ ᠠᠮᠤᠷ ᠲᠦᠪᠰᠢᠨ᠎ᠳᠦ ᠬᠣᠣᠷ ᠬᠥᠨᠥᠭᠡᠯ ᠤᠴᠠᠷᠠᠭᠤᠯᠤᠭᠰᠠᠨ ᠪᠠ ᠬᠦᠨᠳᠦ ᠨᠣᠴᠢᠲᠠᠢ ᠬᠦᠴᠦᠷᠬᠡᠭᠯᠡᠯ᠎ᠦᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠴᠠᠭ ᠲᠤᠬᠠᠢ ᠳ᠋ᠤᠨᠢ ᠬᠡᠷᠡᠭ᠎ᠢ ᠰᠢᠢᠳᠪᠦᠷᠢᠯᠡᠬᠦ ᠳ᠋ᠤ ᠤᠷᠤᠯᠴᠠᠵᠤ᠂ ᠨᠡᠢᠭᠡᠮ ᠨᠡᠶ᠋ᠢᠲᠡ᠎ᠶᠢᠨ ᠳᠡᠭᠡᠳᠦ ᠬᠡᠮᠵᠢᠶ᠎ᠡ᠎ᠪᠡᠷ ᠠᠩᠬᠠᠷᠴᠤ ᠪᠠᠢᠭ᠎ᠠ ᠬᠦᠨᠳᠦ ᠶᠡᠬᠡ ᠬᠣᠣᠷᠲᠤ ᠶᠠᠯᠠᠲᠤ ᠠᠵᠢᠯᠯᠠᠭ᠎ᠠ᠎ᠶᠢ ᠬᠠᠤᠯᠢ ᠶᠣᠰᠣᠭᠠᠷ ᠬᠦᠨᠳᠦ ᠪᠥᠭᠡᠳ ᠲᠦᠷᠭᠡᠨ ᠵᠠᠯᠬᠠᠭᠠᠨ ᠰᠢᠢᠳᠬᠡᠪᠠ᠃ 《ᠠᠭᠤᠴᠢᠯᠠᠬᠤ》 ᠬᠥᠮᠦᠵᠢᠯ᠎ᠦᠨ ᠦᠢᠯᠡᠳᠦᠯ᠎ᠢ ᠪᠠᠳᠠᠷᠠᠭᠤᠯᠤᠨ᠂ ᠠᠭᠤᠴᠢᠯᠠᠬᠤ ᠪᠠ ᠴᠢᠩᠭ᠎ᠠ ᠰᠢᠢᠳᠬᠡᠬᠦ᠎ᠶᠢ ᠤᠶᠠᠯᠳᠤᠭᠤᠯᠬᠤ ᠡᠷᠡᠭᠦᠦ᠎ᠶᠢᠨ ᠬᠡᠷᠡᠭ᠎ᠦᠨ ᠲᠦᠷᠦ᠎ᠶᠢᠨ ᠪᠣᠳᠣᠯᠭ᠎ᠠ᠎ᠶᠢ ᠪᠦᠬᠦ ᠲᠠᠯ᠎ᠠ᠎ᠪᠠᠷ ᠣᠨᠣᠪᠴᠢᠲᠠᠢ ᠨᠠᠢᠳᠠᠪᠤᠷᠢᠵᠢᠭᠤᠯᠵᠤ᠂ ᠶᠠᠯ᠎ᠠ ᠬᠢᠭᠰᠡᠨ ᠰᠡᠵᠢᠭᠯᠡᠯᠲᠡᠢ ᠪᠣᠯᠪᠠᠴᠤ ᠪᠠᠷᠢᠪᠴᠢᠯᠠᠬᠤ ᠴᠢᠬᠤᠯᠠ ᠦᠭᠡᠢ 2846 ᠬᠥᠮᠥᠨ᠎ᠢ ᠬᠠᠤᠯᠢ ᠶᠣᠰᠣᠭᠠᠷ ᠦᠯᠤ ᠪᠠᠷᠢᠪᠴᠢᠯᠠᠪᠠ; ᠶᠠᠯ᠎ᠠ ᠬᠢᠭᠰᠡᠨ ᠦᠢᠯᠡ ᠪᠠᠢᠳᠠᠯ ᠨᠢ ᠬᠥᠩᠭᠡᠪᠲᠦᠷ 5317 ᠬᠥᠮᠥᠨ᠎ᠢ ᠬᠠᠤᠯᠢ ᠶᠣᠰᠣᠭᠠᠷ ᠦᠯᠦ ᠵᠠᠭᠠᠯᠳᠤᠵᠤ᠂ ᠠᠭᠤᠴᠢᠯᠠᠬᠤ ᠪᠠ ᠴᠢᠩᠭ᠎ᠠ ᠰᠢᠢᠳᠬᠡᠬᠦ᠎ᠶᠢ ᠵᠤᠬᠢᠰᠳᠠᠢ ᠪᠠᠢᠯᠭᠠᠬᠤ᠎ᠶᠢ ᠦᠨᠡᠨ ᠬᠦ᠌ ᠪᠠᠲᠤᠯᠠᠪᠠ᠃ 《ᠰᠡᠷᠭᠡᠢᠯᠡᠬᠦ》 ᠵᠠᠰᠠᠯᠲᠠ᠎ᠶᠢᠨ ᠦᠢᠯᠡᠳᠦᠯ ᠴᠢᠳᠠᠪᠤᠷᠢ᠎ᠶᠢ ᠴᠢᠬᠤᠯᠠᠴᠢᠯᠠᠵᠤ᠂ ᠬᠡᠷᠡᠭ ᠰᠢᠢᠳᠪᠦᠷᠢᠯᠡᠬᠦ 《ᠰᠡᠭᠦᠯᠴᠢ᠎ᠶᠢᠨ ᠠᠵᠢᠯ》 ᠢ᠋ ᠰᠠᠨᠠᠭᠠᠴᠢᠯᠠᠭ᠎ᠠ᠎ᠡᠴᠡ᠎ᠪᠠᠨ ᠰᠠᠢᠲᠤᠷ ᠬᠢᠵᠦ᠂ 947 ᠬᠤᠪᠢ ᠪᠠᠢᠴᠠᠭᠠᠬᠤ ᠰᠠᠨᠠᠭᠤᠯᠭ᠎ᠠ᠎ᠶᠢ ᠲᠣᠭᠲᠠᠭᠠᠨ ᠲᠠᠷᠬᠠᠭᠠᠵᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠳᠦᠷᠢᠮ ᠲᠣᠭᠲᠠᠭᠠᠯ ᠲᠣᠭᠲᠠᠭᠠᠬᠤ᠎ᠶᠢ ᠠᠬᠢᠭᠤᠯᠪᠠ᠃
ᠪᠦᠬᠦ ᠣᠷᠣᠨ᠎ᠤ ᠪᠠᠢᠴᠠᠭᠠᠬᠤ ᠪᠠᠢᠭᠤᠯᠭ᠎ᠠ ᠰᠠᠨᠠᠭᠠᠴᠢᠯᠠᠭ᠎ᠠ᠎ᠡᠴᠡ᠎ᠪᠠᠨ ᠡᠬᠦᠷᠭᠡ ᠬᠠᠷᠢᠭᠤᠴᠠᠯᠭ᠎ᠠ ᠪᠡᠨ ᠬᠦᠢᠴᠡᠳᠭᠡᠬᠦ ᠵᠢ ᠪᠠᠷᠢᠮᠲᠠᠯᠠᠵᠤ᠂ ᠴᠢᠨᠠᠷ ᠰᠠᠢᠲᠠᠢ ᠬᠥᠭᠵᠢᠯᠲᠡ᠎ᠶᠢ ᠢᠳᠡᠪᠬᠢᠲᠡᠢ ᠬᠠᠮᠠᠭᠠᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠦᠨᠡᠨᠴᠢ ᠢᠲᠡᠭᠡᠮᠵᠢ᠎ᠶᠢᠨ ᠪᠠᠢᠭᠤᠯᠤᠯᠲᠠ᠎ᠶᠢᠨ ᠲᠣᠬᠢᠷᠠᠭᠤᠯᠤᠯᠲᠠ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠬᠤᠳᠠᠯ ᠬᠠᠭᠤᠷᠮᠠᠭ᠎ᠢᠶᠡᠷ ᠵᠠᠷᠭᠤᠯᠳᠤᠬᠤ᠎ᠳᠤ ᠴᠣᠬᠢᠯᠲᠠ ᠥᠭᠴᠦ ᠰᠡᠷᠭᠡᠢᠯᠡᠬᠦ᠎ᠶᠢ ᠲᠦᠷᠦᠭᠦᠯᠡᠨ ᠠᠬᠢᠭᠤᠯᠵᠤ᠂ ᠠᠵᠤ ᠠᠬᠤᠢᠯᠠᠯ᠎ᠳᠤ ᠬᠣᠯᠪᠣᠭᠳᠠᠭᠰᠠᠨ ᠡᠷᠡᠭᠦᠦ᠎ᠶᠢᠨ 《ᠬᠠᠭᠠᠰ ᠲᠤᠳᠠᠭᠤ ᠤᠷᠬᠢᠬᠳᠠᠬᠰᠠᠨ ᠬᠡᠷᠡᠭ》 ᠢ᠋ ᠴᠡᠪᠡᠷᠯᠡᠨ ᠢᠯᠭᠠᠷᠠᠭᠤᠯᠵᠤ᠂ ᠰᠢᠭᠦᠨ ᠲᠠᠰᠤᠯᠤᠯᠲᠠ ᠬᠢᠨᠠᠨ ᠲᠠᠰᠤᠯᠤᠯᠲᠠ᠎ᠶᠢ ᠭᠦᠢᠴᠡᠳᠬᠡᠬᠦ᠎ᠶᠢ ᠲᠡᠪᠴᠢᠭᠰᠡᠨ ᠬᠠᠤᠯᠢ᠎ᠡᠴᠡ ᠵᠥᠷᠢᠴᠡᠭᠰᠡᠨ ᠶᠠᠯᠠᠲᠤ ᠠᠵᠢᠯᠯᠠᠭ᠎ᠠ᠎ᠶᠢ ᠴᠢᠩᠭ᠎ᠠ ᠰᠢᠢᠳᠬᠡᠵᠦ᠂ ᠬᠠᠤᠯᠢ ᠴᠠᠭᠠᠵᠠ᠎ᠶᠢᠨ ᠣᠯᠠᠨ ᠨᠡᠶ᠋ᠢᠲᠡ᠎ᠶᠢᠨ ᠢᠲᠡᠭᠡᠮᠵᠢ᠎ᠪᠡᠷ ᠦᠨᠡᠨᠴᠢ ᠢᠲᠡᠭᠡᠮᠵᠢ᠎ᠶᠢᠨ 《ᠡᠴᠦᠰ᠎ᠦᠨ ᠰᠡᠷᠭᠡᠢᠯᠡᠯᠲᠡ᠎ᠶᠢᠨ ᠱᠤᠭᠤᠮ》 ᠢ᠋ ᠰᠠᠢᠲᠤᠷ ᠰᠠᠬᠢᠵᠤ᠂ ᠬᠠᠤᠯᠢ᠎ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠪᠠ᠃ 18 ᠵᠦᠢᠯ᠎ᠦᠨ ᠠᠷᠭ᠎ᠠ ᠬᠡᠮᠵᠢᠶ᠎ᠡ ᠲᠣᠭᠲᠠᠭᠠᠵᠤ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠪᠠᠲᠤᠯᠠᠵᠤ᠂ ᠲᠠᠸᠠᠷ᠎ᠤᠨ ᠲᠡᠮᠳᠡᠭ᠎ᠦᠨ ᠡᠷᠬᠡ᠂ ᠬᠤᠳᠠᠯᠳᠤᠭᠠᠨ᠎ᠤ ᠨᠢᠭᠤᠴᠠ ᠵᠡᠷᠭᠡ ᠮᠡᠳᠡᠯᠭᠡ᠎ᠶᠢᠨ ᠦᠮᠴᠢᠯᠡᠯ ᠤ᠋ᠨ ᠡᠷᠬᠡ᠎ᠳᠦ ᠬᠠᠯᠳᠠᠭᠰᠠᠨ ᠶᠠᠯᠠᠲᠤ ᠬᠡᠷᠡᠭ᠎ᠢ 263 ᠬᠤᠪᠢ ᠰᠢᠢᠳᠪᠦᠷᠢᠯᠡᠵᠦ᠂ ᠲᠡᠭᠡᠷ᠎ᠠ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 49.4% ᠪᠡᠷ ᠳᠡᠭᠡᠭᠰᠢᠯᠡᠵᠦ᠂ ᠰᠢᠨ᠎ᠡ᠎ᠶᠢ ᠡᠭᠦᠳᠬᠦ᠎ᠪᠡᠷ ᠬᠥᠭᠵᠢᠯᠲᠡ᠎ᠶᠢᠨ ᠬᠥᠳᠡᠯᠭᠡᠭᠦᠷ ᠪᠣᠯᠭᠠᠬᠤ᠎ᠶᠢ ᠪᠠᠲᠤᠯᠠᠪᠠ᠃ 《ᠠᠮᠢ ᠠᠬᠤᠢ᠎ᠶᠢᠨ ᠪᠠᠢᠴᠠᠭᠠᠯᠳᠠ ᠵᠢᠨ ᠭᠤᠷᠪᠠᠨ ᠶᠡᠬᠡ ᠬᠠᠮᠵᠢᠯᠴᠠᠭᠠᠨ ᠤ᠋ ᠨᠢᠭᠡᠳᠦᠯᠲᠡᠢ ᠠᠵᠢᠯᠯᠠᠭ᠎ᠠ》 ᠵᠢ ᠦᠷᠭᠦᠯᠵᠢᠯᠡᠨ ᠥᠷᠨᠢᠭᠦᠯᠵᠦ᠂ ᠦᠵᠡᠰᠬᠦᠯᠡᠩᠲᠦ ᠰᠠᠢᠬᠠᠨ ᠥᠪᠥᠷ ᠮᠤᠩᠭᠤᠯ᠎ᠤᠨ ᠪᠦᠲᠦᠭᠡᠨ ᠪᠠᠢᠭᠤᠯᠤᠯᠲᠠ᠎ᠳᠤ ᠦᠢᠯᠡᠴᠢᠯᠡᠪᠡ᠃ ᠪᠥᠬᠥ ᠤᠯᠤᠰ᠎ᠲᠤ ᠡᠩ ᠲᠡᠷᠢᠭᠦᠨ᠎ᠳᠦ ᠣᠷᠳᠣ᠌ ᠴᠠᠭᠠᠨ ᠬᠡᠷᠡᠮ᠎ᠦᠨ ᠬᠠᠮᠠᠭᠠᠯᠠᠯᠲᠠ᠎ᠶᠢᠨ ᠨᠡᠶ᠋ᠢᠲᠡ᠎ᠶᠢᠨ ᠠᠰᠠᠷᠠᠮᠵᠢ᠎ᠶᠢᠨ ᠠᠵᠢᠯᠯᠠᠭ᠎ᠠ᠎ᠶᠢ ᠥᠷᠨᠢᠭᠦᠯᠵᠦ᠂ ᠣᠷᠳᠣ᠌ ᠴᠠᠭᠠᠨ ᠬᠡᠷᠡᠮ ᠳᠠᠭᠠᠤ᠎ᠶᠢᠨ ᠦᠨᠳᠦᠰᠦᠨ ᠱᠠᠲᠤᠨ᠎ᠤ ᠪᠠᠢᠴᠠᠭᠠᠬᠤ ᠬᠣᠷᠢᠶ᠎ᠠ ᠬᠡᠷᠡᠭ ᠰᠢᠢᠳᠪᠦᠷᠢᠯᠡᠬᠦ᠎ᠶᠢ ᠪᠦᠷᠢᠨ ᠪᠦᠷᠬᠦᠭᠦᠯᠬᠦ᠎ᠶᠢ ᠪᠡᠶᠡᠯᠡᠭᠦᠯᠵᠦ᠂ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢ 103 ᠬᠤᠪᠢ ᠰᠢᠢᠳᠪᠦᠷᠢᠯᠡᠵᠦ᠂ ᠣᠷᠳᠣ᠌ ᠴᠠᠭᠠᠨ ᠬᠡᠷᠡᠮᠳᠦ ᠬᠣᠣᠷ ᠬᠥᠨᠥᠭᠡᠯ ᠤᠴᠠᠷᠠᠭᠤᠯᠤᠭᠰᠠᠨ ᠨᠢᠭᠡ ᠪᠦᠯᠦᠭ ᠲᠣᠪᠣᠢᠮ᠎ᠠ ᠠᠰᠠᠭᠤᠳᠠᠯ᠎ᠢ ᠱᠠᠯᠠᠪᠳᠠᠭᠤᠯᠤᠨ ᠰᠢᠢᠳᠪᠦᠷᠢᠯᠡᠵᠦ᠂ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠳᠤ ᠬᠦᠴᠦᠨ ᠨᠡᠮᠡᠷᠢᠯᠡᠪᠡ᠃ 《ᠪᠠᠢᠴᠠᠭᠠᠬᠤ ᠬᠤᠷᠢᠶ᠎ᠠ ᠠᠷᠠᠳ᠎ᠤᠨ ᠠᠮᠢᠳᠤᠷᠠᠯ᠎ᠢ᠋ ᠬᠠᠮᠠᠭᠠᠯᠠᠬᠤ》 ᠲᠤᠰᠬᠠᠢ ᠠᠵᠢᠯᠯᠠᠭ᠎ᠠ᠎ᠵᠢ ᠪᠣᠳᠠᠲᠠᠢ ᠥᠷᠨᠢᠭᠦᠯᠵᠦ᠂ ᠣᠷᠣᠨ ᠰᠠᠭᠤᠴᠠ᠂ ᠡᠮ ᠡᠮᠨᠡᠯᠭᠡ ᠵᠡᠷᠭᠡ ᠠᠷᠠᠳ ᠣᠯᠠᠨ᠎ᠤ ᠪᠠᠴᠢᠮᠳᠡᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ 22164 ᠬᠡᠷᠡᠭ᠎ᠢ ᠰᠢᠢᠳᠪᠦᠷᠢᠯᠡᠵᠦ᠂ ᠪᠠᠢᠴᠠᠭᠠᠬᠤ ᠬᠤᠷᠢᠶ᠎ᠠ ᠵᠢᠨ ᠬᠦᠴᠦᠡ᠎ᠢᠶᠡᠷ ᠠᠷᠠᠳ᠎ᠤᠨ ᠠᠮᠢᠳᠤᠷᠠᠯ᠎ᠤᠨ ᠬᠠᠯᠠᠭᠤᠨ ᠲᠤᠯᠠᠭᠠᠨ ᠢ᠋ ᠳᠡᠭᠡᠭᠰᠢᠯᠡᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃