2025-01-14 10:53:11
ᠣᠨ ᠵᠢᠯ ᠰᠢᠨᠡᠳᠤᠨ ᠬᠤᠪᠢᠷᠠᠵᠤ᠂ ᠢᠷᠠᠭᠤ ᠲᠤᠤᠯᠢᠰ ᠪᠢᠴᠢᠭᠯᠡᠭᠳᠡᠭᠰᠡᠭᠡᠷ᠃ 2024 ᠣᠨ᠎ᠢ ᠡᠷᠭᠢᠴᠡᠭᠦᠯᠬᠦᠶ᠎ᠡ᠂ ᠨᠤᠮᠢᠨ ᠨᠣᠭᠣᠭᠠᠨ ᠨᠢ ᠥᠪᠥᠷ ᠮᠣᠩᠭᠣᠯ᠎ᠤᠨ ᠬᠠᠮᠤᠭ᠎ᠤᠨ ᠰᠦᠷᠯᠢᠭ ᠰᠠᠢᠬᠠᠨ ᠦᠵᠡᠮᠵᠢ ᠪᠤᠯᠪᠠ᠃
ᠡᠯᠡᠰᠦ ᠮᠠᠩᠬ᠎ᠠ ᠵᠢ ᠬᠠᠷᠠᠭᠠᠴᠢ ᠂ ᠪᠦᠬᠦ ᠵᠢᠯ᠎ᠳᠦ ᠡᠯᠡᠰᠦᠷᠬᠡᠭᠵᠢᠯ᠎ᠢ ᠰᠡᠷᠭᠡᠢᠯᠡᠨ ᠡᠯᠡᠰᠦ ᠵᠢ ᠵᠠᠰᠠᠬᠰᠠᠨ ᠲᠠᠯᠠᠪᠠᠢ 1954 ᠲᠦᠮᠡᠨ ᠮᠦ᠍᠎ᠳᠤ ᠬᠦᠷᠴᠦ᠂ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠢ ᠪᠦᠬᠦ ᠲᠠᠯ᠎ᠠ᠎ᠪᠠᠷ ᠡᠬᠢᠯᠡᠭᠦᠯᠵᠦ᠂ ᠡᠯᠡᠰᠦ ᠮᠠᠩᠬ᠎ᠠ ᠴᠡᠩᠬᠡᠷ ᠶᠡᠬᠡ ᠲᠠᠯᠠᠢ ᠮᠡᠲᠦ ᠰᠦᠷᠯᠢᠭ ᠦᠵᠡᠮᠵᠢ ᠲᠠᠢ ᠬᠠᠷᠠᠬᠳᠠᠨ᠎ᠠ᠃
ᠤᠢ ᠰᠢᠭᠤᠢ ᠵᠢ ᠬᠠᠷᠠᠭᠠᠴᠢ᠂ ᠪᠦᠬᠦ ᠵᠢᠯ᠎ᠦᠨ ᠣᠢᠵᠢᠭᠤᠯᠬᠤ ᠡᠭᠦᠷᠭᠡ᠎ᠪᠡᠨ ᠳᠠᠪᠠᠭᠤᠯᠤᠨ ᠪᠡᠶᠡᠯᠡᠭᠦᠯᠵᠦ᠂ 《ᠤᠬ᠍ᠳᠤ ᠠᠭᠤᠴᠢᠯᠠᠬᠤ ᠦᠭᠡᠢ》ᠣᠪᠣᠷ᠎ᠢᠶᠠᠷ ᠤᠢ ᠰᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠋᠎ᠢ ᠡᠪᠳᠡᠭᠰᠡᠨ ᠬᠠᠤᠯᠢᠪᠤᠰᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠤᠮᠠᠷᠠᠲᠤ ᠬᠢᠯᠢ᠎ᠶᠢᠨ ᠡᠬᠡ ᠭᠠᠵᠠᠷ᠎ᠲᠤ ᠤᠢ ᠮᠣᠳᠣ᠌ ᠰᠠᠬᠤᠯᠢᠭ ᠤᠷᠭᠤᠵᠤ᠂ ᠨᠣᠮᠢᠨ ᠨᠣᠭᠣᠭᠠᠨ ᠥᠩᠭᠡ᠎ᠪᠡᠷ ᠪᠢᠯᠬᠠᠪᠠ᠃
ᠨᠤᠲᠤᠭ ᠪᠡᠯᠴᠢᠭᠡᠷ ᠢ ᠬᠠᠷᠠᠭᠠᠴᠢ᠂ ᠤᠯᠤᠰ᠎ᠤᠨ ᠨᠤᠲᠤᠭ ᠪᠡᠯᠴᠢᠭᠡᠷ᠎ᠢ ᠬᠠᠮᠠᠭᠠᠯᠠᠵᠤ ᠵᠠᠰᠠᠨ ᠰᠡᠷᠭᠦᠭᠡᠬᠦ ᠴᠢᠬᠤᠯᠠ ᠶᠡᠬᠡ ᠢᠨᠵᠧᠨᠧᠷᠢᠩ᠎ᠢ ᠶᠡᠬᠡᠪᠡᠷ ᠬᠡᠷᠡᠭᠵᠢᠭᠦᠯᠦᠨ᠂ ᠪᠡᠯᠴᠢᠬᠡᠷ᠎ᠤᠨ ᠲᠠᠭᠠᠭᠠᠴᠠ ᠡᠴᠡ ᠬᠡᠳᠦᠷᠡᠳᠡᠯ᠎ᠠ ᠮᠠᠯᠵᠢᠬᠤ ᠠᠰᠠᠭᠤᠳᠠᠯ᠎ᠢ ᠶᠡᠬᠡ ᠬᠦᠴᠦ ᠣᠷᠣᠭᠤᠯᠤᠨ ᠰᠢᠢᠳᠪᠦᠷᠢᠯᠡᠵᠦ᠂ ᠨᠤᠲᠤᠭ ᠪᠡᠯᠴᠢᠭᠡᠷ᠎ᠦᠨ ᠶᠡᠷᠦᠩᠬᠡᠢᠯᠡᠭᠰᠡᠨ ᠤᠷᠭᠤᠮᠠᠯᠤᠨᠬᠤᠴᠢᠯᠭᠠᠶᠢ 45.5% ᠪᠣᠯᠲᠠᠯ᠎ᠠ ᠳᠡᠭᠡᠭᠰᠢᠯᠡᠭᠦᠯᠪᠡ᠃
᠁
ᠡᠷᠡᠮᠡᠬᠡᠢᠯᠡᠨ ᠤᠷᠤᠭᠰᠢᠯᠠᠬᠤ ᠢᠳᠡᠷᠡᠬᠦᠨ ᠠᠯᠬᠤᠭ᠎ᠠ ᠡᠷᠴᠢ ᠵᠤᠷᠢᠭ᠎ᠢ ᠬᠦᠪᠴᠢᠯᠡᠨ᠎ᠡ᠃ ᠥᠪᠥᠷ ᠮᠣᠩᠭᠣᠯ 2025 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠵᠢᠡᠨ ᠤᠭᠲᠤᠵᠤ᠂ ᠰᠢᠨ᠎ᠡ ᠨᠢᠭᠡ ᠵᠢᠯ᠎ᠤᠨ ᠰᠠᠯᠬᠢ ᠪᠣᠷᠣᠭᠠᠨ᠎ᠢ ᠰᠥᠷᠦᠨ ᠤᠷᠤᠬᠰᠢᠯᠠᠬᠤ ᠠᠶᠠᠨ᠎ᠢᠶᠠᠨ ᠡᠬᠢᠯᠡᠭᠦᠯᠪᠡ᠃ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ ᠴᠣᠭᠴᠠᠯᠠᠬᠤ ᠪᠣᠯ ᠮᠥᠨ ᠬᠦ᠌ ᠲᠥᠯᠥᠭᠡᠯᠡᠭᠴᠢᠳ᠂ ᠭᠡᠰᠢᠭᠦᠳ᠎ᠦᠨ ᠬᠠᠯᠠᠭᠤᠨ ᠶᠠᠷᠢᠯᠴᠠᠭ᠎ᠠ ᠵᠢᠨ ᠠᠭᠤᠯᠭ᠎ᠠ ᠪᠤᠯᠪᠠ᠂ ᠮᠠᠨ ᠤ᠋ ᠡᠨᠡ ᠬᠦ᠌ ᠨᠣᠮᠢᠨ ᠨᠣᠭᠣᠭᠠᠨ ᠬᠥᠬᠡ ᠴᠡᠩᠬᠡᠷ ᠠᠷᠢᠭᠤᠨ ᠴᠡᠪᠡᠷ ᠵᠢᠡᠨ ᠰᠠᠢᠲᠤᠷ ᠰᠠᠬᠢᠨ ᠬᠠᠮᠠᠭᠠᠯᠠᠬᠤ ᠪᠣᠯ ᠮᠥᠨ ᠬᠦ᠌ ᠥᠪᠥᠷ ᠮᠣᠩᠭᠣᠯ᠎ᠤᠨ ᠬᠤᠪᠢᠷᠠᠰᠢ ᠦᠭᠡᠢ ᠤᠭ ᠰᠠᠨᠠᠭ᠎ᠠ ᠪᠣᠯᠣᠨ᠎ᠠ᠃
ᠬᠦᠴᠦ᠍᠎ᠪᠡᠨ ᠬᠠᠮᠲᠤᠳᠭᠠᠨ ᠪᠣᠭᠣᠮᠲᠠ ᠱᠢᠪᠲᠤᠯᠵᠤ ᠮᠠᠨ᠎ᠤ ᠤᠯᠤᠰ᠎ᠤᠨ ᠤᠮᠠᠷᠠᠲᠤ᠎ᠶ᠋ᠢᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ᠋ ᠪᠠᠲᠤ ᠴᠣᠭ᠍ᠴᠠᠯᠠᠪᠠ
2024 ᠣᠨ᠎ᠳᠤ᠂ ᠥᠪᠥᠷ ᠮᠣᠩᠭᠣᠯ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠠᠵᠢᠯ ᠲᠡᠦᠬᠡᠲᠦ ᠴᠢᠨᠠᠷᠲᠠᠢ ᠠᠯᠬᠤᠮ᠎ᠢ ᠠᠯᠬᠤᠪᠠ᠄ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠳᠡᠮᠳᠡᠭ᠎ᠦᠨ ᠴᠢᠨᠠᠷᠲᠠᠢ ᠳᠠᠢᠯᠠᠯᠳᠤᠭᠠᠨ ᠭᠦᠨᠵᠡᠭᠡᠢᠷᠡᠨ ᠠᠬᠢᠵᠤ᠂ ᠪᠦᠬᠦ᠌ ᠣᠷᠣᠨ ᠳᠠᠶᠠᠭᠠᠷ ᠡᠷᠡᠰ ᠪᠠᠲᠤ ᠪᠦᠬᠡᠳ ᠤᠬᠠᠮᠰᠠᠷ᠎ᠡᠴᠡ᠎ᠪᠠᠨ ᠭᠣᠣᠯ ᠬᠦᠴᠦᠨ ᠪᠤᠯᠵᠤ᠂ ᠭᠣᠣᠯᠯᠠᠨ ᠳᠠᠭᠠᠷᠢᠵᠤ᠂ ᠡᠳᠦᠷ ᠳᠤᠮᠳᠠᠴᠢ᠎ᠶ᠋ᠢᠨ ᠡᠯᠡᠰᠦ ᠵᠢ ᠵᠠᠰᠠᠭ᠍ᠰᠠᠨ ᠬᠡᠮᠵᠢᠶ᠎ᠡ 6 ᠲᠦᠮᠡᠨ ᠮᠤ᠌ ᠬᠦᠷᠦᠭᠰᠡᠨ ᠪᠠᠶᠠᠷᠯᠠᠭᠤᠰᠢᠳᠠᠢ ᠠᠮᠵᠢᠯᠲᠠ᠎ᠵᠢ ᠤᠯᠵᠤ ᠪᠦᠬᠦ᠌ ᠤᠯᠤᠰ᠎ᠲᠤ ᠲᠦᠷᠦᠬᠦᠯᠡᠪᠡ᠃
ᠡᠢᠮᠦ᠍ ᠭᠠᠷᠮᠠᠭᠠᠶ ᠠᠮᠵᠢᠯᠲᠠ ᠵᠢ ᠣᠯᠬᠤ ᠳ᠋ᠤ ᠶᠠᠭᠤᠨ᠎ᠳᠤ ᠲᠦᠱᠢᠭ᠌ᠯᠡᠭ᠌ᠰᠡᠨ ᠪᠤᠢ?
ᠪᠥᠬᠥ᠌ ᠤᠯᠤᠰ᠎ᠤᠨ ᠴᠦᠯᠯᠡᠷᠭᠡᠭ᠌ᠵᠢᠯ᠎ᠢ ᠵᠠᠰᠠᠬᠤ ᠭᠤᠤᠯ ᠲᠡᠢᠯᠠᠯᠳᠤᠭᠠᠨ ᠤ᠋ ᠲᠠᠯᠠᠪᠤᠷ᠂ ᠡᠯᠡᠰᠦᠨ ᠱᠢᠭᠤᠷᠭ᠎ᠠ᠎ᠶ᠋ᠢ ᠰᠡᠷᠭᠡᠢᠯᠡᠬᠦ᠌ ᠭᠤᠤᠯ ᠰᠡᠷᠭᠡᠢᠯᠡᠯᠲᠡ᠎ᠶ᠋ᠢᠨ ᠱᠤᠭᠤᠮ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠪᠤᠳᠠᠳᠤ ᠦᠶ᠋ᠯᠡᠳᠦᠯᠭᠡ᠎ᠪᠡᠷ ᠬᠠᠷᠢᠭᠤᠯᠲᠠ ᠥᠭ᠌ᠴᠡᠶ᠄ ᠳᠡᠭᠡᠷ᠎ᠡ ᠳᠤᠤᠷ᠎ᠠ ᠱᠠᠳᠤ ᠪᠡᠷ᠎ᠢᠶᠡᠨ ᠨᠢᠭᠡ ᠬᠥᠯᠭᠡ ᠱᠢᠲᠠᠷᠠᠪᠠᠢᠬᠤ ᠡᠷᠡᠰ ᠪᠠᠲᠤ ᠢᠲᠡᠭᠡᠯ ᠪᠢᠱᠢᠷᠡᠯ᠎ᠳᠦ ᠲᠦᠱᠢᠭ᠌ᠯᠡᠵᠦ᠍᠂ ᠦᠳᠲᠡᠷ ᠲᠦᠷᠭᠡᠨ ᠬᠦᠴᠦᠲᠡᠶ ᠡᠷᠡᠰ ᠱᠢᠭᠤᠷᠬᠠᠶ ᠠᠵᠢᠯᠯᠠᠭ᠎ᠠ᠎ᠳᠤ ᠲᠦᠱᠢᠭ᠌ᠯᠡᠵᠦ᠍᠂ ᠵᠠᠰᠠᠯᠲᠠ᠎ᠶ᠋ᠢᠨ ᠵᠠᠭ᠍ᠪᠤᠷ᠂ ᠣᠷᠣᠭᠤᠯᠤᠯᠲᠠ᠎ᠶ᠋ᠢᠨ ᠲᠣᠭ᠍ᠲᠠᠴᠠ᠎ᠶ᠋ᠢᠨ ᠲᠠᠰᠤᠷᠠᠯᠲᠠ ᠥᠬᠡᠶ ᠱᠢᠨ᠎ᠡ᠎ᠶ᠋ᠢ ᠡᠭᠦᠳᠬᠦ᠌᠎ᠳᠦ ᠲᠦᠱᠢᠭ᠌ᠯᠡᠭᠰᠡᠨ ᠶᠤᠮ᠃
ᠡᠨᠡ ᠪᠣᠯ ᠥᠪᠥᠷ ᠮᠣᠩᠭᠣᠯ᠎ᠤᠨ ᠭᠠᠷᠮᠠᠭᠠᠶ ᠠᠮᠵᠢᠯᠲᠠ ᠣᠯᠤᠭ᠍ᠰᠠᠨ 《ᠨᠢᠭᠤᠴᠠ ᠲᠡᠮᠳᠡᠭ》 ᠮᠥᠨ᠂ ᠪᠠᠰᠠ ᠴᠤ᠌ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠤ ᠡᠯ᠎ᠡ ᠲᠣᠭᠣᠷᠢᠭ᠎ᠤᠨ ᠬᠣᠢᠱᠢᠳᠠ ᠪᠠᠲᠤ ᠰᠠᠬᠢᠬᠤ ᠵᠠᠷᠴᠢᠮ ᠪᠠ ᠵᠠᠮ ᠱᠤᠭᠤᠮ ᠮᠥᠨ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢ᠂ ᠤᠯᠠᠭᠠᠨᠬᠠᠳᠠ ᠬᠣᠲᠠ᠎ᠶ᠋ᠢᠨ ᠣᠩᠨᠢᠭᠤᠳ ᠬᠣᠱᠢᠭᠤᠨ᠎ᠤ ᠨᠠᠮ᠎ᠤᠨ ᠬᠣᠷᠢᠶ᠎ᠠ ᠵᠢᠨ ᠱᠦᠵᠢ ᠮᠥᠩᠬᠡ᠄ 《ᠣᠩᠨᠢᠭᠤᠳ ᠬᠣᠱᠢᠭᠤ ᠦᠷᠭᠦᠯᠵᠢᠯᠡᠨ ᠬᠣᠷᠴᠢᠨ᠎ᠤ ᠡᠯᠡᠰᠦᠷᠬᠡᠭ ᠭᠠᠵᠠᠷ᠎ᠤ᠋ᠨ ᠰᠦᠨᠦᠭᠡᠯᠳᠠ ᠵᠢᠨ ᠳᠠᠢᠯᠠᠯᠳᠤᠭᠠᠨ᠎ᠢ ᠰᠠᠢᠲᠤᠷ ᠬᠢᠵᠦ᠍ ᠢᠯᠠᠯᠲᠠ ᠤᠯᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠱᠠᠯᠠᠪᠳᠡᠨ ᠠᠵᠢᠯᠯᠠᠵᠤ᠂ ᠮᠠᠱᠢᠨ᠎ᠢᠶᠠᠷ ᠡᠯᠡᠰᠤ ᠵᠢ ᠵᠠᠰᠠᠬᠤ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠡᠯᠡᠰᠦ ᠵᠢ ᠵᠠᠰᠠᠬᠤ ᠡᠷᠴᠢᠮ᠎ᠢᠶᠡᠨ ᠴᠢᠩᠭᠠᠷᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠢᠬᠢ ᠮᠣᠳᠣᠨ᠎ᠤ ᠲᠥᠷᠥᠯ ᠵᠦᠶ᠋ᠯ᠎ᠢ ᠰᠣᠩᠭᠣᠵᠤ᠂ ᠨᠠᠷᠢᠨ ᠨᠢᠮᠪᠠᠶ ᠪᠤᠳᠤᠯᠬᠢᠯᠠᠵᠤ ᠮᠠᠲ᠋ᠧᠷᠢᠶᠠᠯ ᠰᠣᠩᠭᠣᠨ ᠬᠡᠷᠡᠭ᠌ᠯᠡᠵᠦ᠍᠂ ᠰᠡᠭᠦᠯᠴᠢ᠎ᠶ᠋ᠢᠨ ᠬᠤᠭᠤᠴᠠᠭᠠᠨ᠎ᠤ ᠬᠠᠮᠢᠶᠠᠷᠤᠯᠲᠠ ᠬᠠᠮᠠᠭᠠᠯᠠᠯᠲᠠ᠂ ᠦᠷ᠎ᠡ ᠪᠦᠲᠦᠭᠡᠯ᠎ᠢ ᠪᠡᠬᠢᠵᠢᠭᠦᠯᠬᠦ᠌ ᠪᠠ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠤᠨ ᠤ᠋ ᠴᠠᠬᠢᠯᠭᠠᠨ ᠬᠡᠷᠡᠯᠴᠢ ᠴᠡᠨᠡᠭ ᠢ ᠨᠢᠭᠡ ᠴᠤᠬ᠍ᠴᠠᠵᠢᠭᠤᠯᠬᠤ ᠢᠨᠵᠧᠨᠧᠷᠢᠩ᠎ᠢ ᠶᠡᠬᠡ ᠪᠡᠷ ᠬᠡᠷᠡᠭ᠌ᠵᠢᠭᠦᠯᠵᠦ᠍᠂ ᠨᠣᠭᠣᠭᠠᠷᠠᠭᠤᠯᠤᠯᠳᠠ ᠤᠷᠤᠭ᠍ᠰᠢᠯᠠᠬᠤ ᠡᠯᠡᠰᠦ ᠤᠬᠤᠷᠢᠬᠤ᠂ ᠨᠣᠭᠣᠭᠠᠷᠠᠭᠤᠯᠬᠤ ᠪᠠᠶᠠᠵᠢᠬᠤ ᠵᠢ ᠬᠠᠮᠲᠤ᠎ᠪᠠᠷ ᠠᠬᠢᠭᠤᠯᠤᠬᠰᠡᠨ ᠰᠠᠢᠨ ᠰᠠᠢᠬᠠᠨ ᠪᠠᠢᠳᠠᠯ᠎ᠢ ᠦᠷᠭᠦᠯᠵᠢᠯᠡᠨ ᠪᠡᠬᠢᠵᠢᠭᠦᠯᠵᠠᠢ》 ᠭᠡᠪᠡ᠃
ᠥᠩᠭᠡᠷᠡᠭ᠌ᠰᠡᠨ ᠨᠢᠭᠡ ᠵᠢᠯ᠎ᠳᠦ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ᠎ᠨᠢ ᠪᠥᠬᠥ᠌ ᠬᠣᠱᠢᠭᠤᠨ᠎ᠤ ᠶᠡᠷᠦᠩᠬᠡᠶ ᠲᠠᠯᠠᠪᠠᠶ᠎ᠶ᠋ᠢᠨ 1/3 ᠡᠴᠡ ᠳᠡᠭᠡᠭ᠌ᠰᠢᠬᠢ ᠵᠢ ᠡᠵᠡᠯᠡᠵᠤ ᠪᠠᠢᠬᠰᠡᠨ ᠣᠩᠨᠢᠭᠤᠳ ᠬᠣᠱᠢᠭᠤ᠂ 42.1ᠲᠦᠮᠡᠨ ᠮᠥ᠍ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ᠎ᠶ᠋ᠢ ᠪᠡᠶᠡᠯᠡᠭᠦᠯᠵᠦ᠍᠂ ᠣᠨ᠎ᠤ ᠡᠯᠡᠰᠦ ᠵᠢ ᠵᠠᠰᠠᠬᠤ ᠡᠭᠦᠷᠭᠡ᠎ᠪᠠᠨ 120% ᠪᠡᠷ ᠪᠡᠶᠡᠯᠡᠭᠦᠯᠪᠡ᠃
ᠬᠣᠷᠴᠢᠨ᠎ᠤ ᠡᠯᠡᠰᠦᠷᠬᠡᠭ ᠭᠠᠵᠠᠷ᠎ᠤᠨ ᠰᠦᠨᠦᠭᠡᠯᠲᠡ᠎ᠶᠢᠨ ᠳᠠᠢᠯᠠᠯᠳᠤᠭᠠᠨ᠎ᠤ ᠭᠣᠣᠯ ᠬᠦᠴᠦᠨ ᠪᠣᠯᠤᠭ᠍ᠰᠠᠨ᠎ᠤ ᠬᠤᠪᠢ᠎ᠳᠤ᠂ ᠥᠩᠭᠡᠷᠡᠭ᠌ᠰᠡᠨ ᠨᠢᠭᠡ ᠵᠢᠯ᠎ᠳᠦ᠂ ᠲᠦᠩᠯᠢᠶᠣᠤ ᠬᠤᠳᠠ᠎ᠶ᠋ᠢᠨ ᠺᠠᠢᠯᠦ᠍ ᠱᠢᠶᠠᠨ ᠬᠣᠷᠴᠢᠨ᠎ᠤ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ ᠵᠢᠱ᠌ᠢᠢ᠎ᠡ ᠦᠵᠡᠭᠦᠯᠬᠦ᠌ ᠣᠷᠣᠨ᠎ᠤ 7000 ᠭᠠᠷᠤᠢ ᠮᠦ᠍ ᠡᠯᠡᠰᠦ᠎ᠶ᠋ᠢ ᠵᠠᠰᠠᠵᠤ᠂ ᠠᠵᠤ ᠦᠢᠯᠡᠰ᠎ᠢᠶᠡᠷ ᠡᠯᠡᠰᠦ᠎ᠶ᠋ᠢ ᠵᠠᠰᠠᠵᠤ ᠠᠮᠢ ᠠᠬᠤᠢ᠎ᠶ᠋ᠢᠨ ᠪᠦᠳᠦᠭᠡᠨ ᠪᠠᠢᠭᠤᠯᠤᠯᠲᠠ᠎ᠶ᠋ᠢ 《ᠴᠢᠰᠤ ᠶᠡᠭᠦᠯᠡᠬᠦ ᠬᠡᠯᠪᠡᠷᠢ》 ᠪᠠᠢᠭ᠍ᠰᠠᠨ᠎ᠡᠴᠡ 《ᠴᠢᠰᠤ ᠪᠦᠲᠦᠭᠡᠬᠦ᠌ ᠬᠡᠯᠪᠡᠷᠢ》 ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ 《ᠤᠮᠠᠷᠠᠲᠤ᠎ᠶᠢᠨ ᠭᠤᠷᠪᠠᠨ ᠤᠷᠤᠨ》᠎ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ᠎ᠳᠤ ᠲᠡᠷᠡ ᠬᠡᠪ᠎ᠢᠶᠡᠷ ᠨᠢ ᠳᠡᠯᠭᠡᠷᠡᠭᠦᠯᠵᠦ᠍ ᠪᠣᠯᠬᠤ ᠲᠤᠷᠱᠢᠯᠭ᠎ᠠ ᠵᠢ ᠬᠠᠩᠭᠠᠪᠠ᠃
《ᠲᠠᠷᠠᠭᠠᠴᠢ᠎ᠶ᠋ᠢᠨ ᠠᠯᠬᠤᠮ᠎ᠳᠤ᠂ ᠺᠠᠢᠯᠦ᠍ ᠱᠢᠶᠠᠨ ᠡᠯᠡᠰᠦ᠎ᠶ᠋ᠢ ᠵᠠᠰᠠᠬᠤ ᠵᠢ ᠰᠠᠢᠵᠢᠷᠠᠭᠤᠯᠬᠤ ᠰᠡᠳᠭᠢᠮᠵᠢ ᠵᠢ ᠲᠠᠰᠤᠷᠠᠯᠲᠠ ᠥᠬᠡᠶ ᠰᠦᠪᠡᠭ᠌ᠴᠢᠯᠡᠵᠦ᠍᠂ ᠪᠦᠬᠦᠯᠢ᠎ᠶ᠋ᠢ ᠰᠠᠯᠭᠠᠵᠤ᠂ ᠨᠢᠭᠡ ᠨᠢᠭᠡ᠎ᠪᠡᠷ ᠡᠪᠳᠡᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ᠎ᠶ᠋ᠢ ᠨᠢᠭᠡ ᠴᠤᠭ᠍ᠴᠠᠵᠢᠭᠤᠯᠤᠨ ᠬᠠᠮᠠᠭᠠᠯᠠᠨ ᠰᠡᠷᠭᠦᠭᠡᠬᠦ᠌ ᠢᠨᠵᠧᠨᠧᠷᠢᠩ᠎ᠢ ᠬᠡᠷᠡᠭ᠌ᠵᠢᠭᠦᠯᠬᠦ᠌᠎ᠪᠡᠷ ᠳᠡᠮᠵᠢᠨ 39.2 ᠲᠦᠮᠡᠨ ᠮᠥ᠍ ᠡᠯᠡᠰᠦᠷᠬᠡᠭ ᠭᠠᠵᠠᠷ᠎ᠢ ᠵᠠᠰᠠᠵᠤ᠂ 121.09 ᠲᠦᠮᠡᠨ ᠮᠥ᠍ ᠤᠷᠭᠤᠮᠠᠯ᠎ᠤᠨ ᠬᠤᠴᠢᠯᠭ᠎ᠠ᠎ᠶ᠋ᠢ ᠪᠢᠲᠡᠭᠦᠮᠵᠢᠯᠡᠨ ᠬᠠᠮᠠᠭᠠᠯᠠᠵᠤ ᠰᠡᠷᠭᠦᠭᠡᠬᠦ᠌᠎ᠪᠡᠷ ᠳᠡᠮᠵᠢᠨ᠂ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠬᠡᠷᠡᠯᠴᠢ ᠴᠡᠨᠡᠭ᠎ᠢ ᠨᠢᠭᠡ ᠴᠤᠭ᠍ᠴᠠᠵᠢᠭᠤᠯᠤᠭ᠍ᠰᠠᠨ ᠢᠨᠵᠧᠨᠧᠷᠢᠩ᠂ ᠱᠢᠨᠡᠳᠭᠡᠨ ᠣᠢᠵᠢᠭᠤᠯᠬᠤ᠂ ᠬᠥᠮᠦᠨ᠎ᠦ ᠬᠦᠴᠦ᠍᠎ᠪᠡᠷ ᠡᠪᠡᠰᠦ ᠳᠠᠷᠢᠬᠤ ᠵᠡᠷᠭᠡ ᠠᠷᠭ᠎ᠠ ᠪᠡᠷ 21.91 ᠲᠦᠮᠡᠨ ᠮᠥ᠍ ᠭᠠᠵᠠᠷ᠎ᠢ ᠶᠡᠷᠦᠩᠬᠡᠢᠯᠡᠨ ᠵᠠᠰᠠᠵᠤ᠂ 2030 ᠣᠨ᠎ᠡᠴᠡ ᠡᠮᠦᠨ᠎ᠡ ᠡᠯᠡᠰᠦ ᠵᠢ ᠵᠠᠰᠠᠬᠤ ᠪᠥᠬᠥ᠌ ᠡᠭᠦᠷᠭᠡ᠎ᠪᠡᠨ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠵᠤ᠂ 〈ᠤᠮᠠᠷᠠᠲᠤ᠎ᠶ᠋ᠢᠨ ᠭᠤᠷᠪᠠᠨ ᠣᠷᠣᠨ〉 ᠤ᠋ ᠢᠨᠵᠧᠨᠧᠷᠢᠩ᠎ᠦᠨ ᠪᠤᠭᠤᠮᠲᠠ ᠱᠢᠪᠲᠤᠯᠬᠤ ᠳᠠᠢᠯᠠᠯᠳᠤᠭᠠᠨ ᠪᠠ ᠬᠣᠷᠴᠢᠨ᠎ᠤ ᠡᠯᠡᠰᠦᠷᠬᠡᠭ ᠭᠠᠵᠠᠷ᠎ᠤᠨ ᠰᠦᠨᠦᠭᠡᠯᠲᠡ᠎ᠶᠢᠨ ᠳᠠᠢᠯᠠᠯᠳᠤᠭᠠᠨ᠎ᠢ ᠪᠦᠬᠦ ᠬᠦᠴᠦᠨ᠎ᠢᠶᠡᠷ᠎ᠢᠶᠡᠨ ᠰᠠᠢᠲᠤᠷ ᠬᠢᠨ᠎ᠡ》ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠲᠦᠩᠯᠢᠶᠣᠤ ᠬᠣᠲᠠ᠎ᠶ᠋ᠢᠨ ᠺᠠᠢᠯᠦ᠍ ᠱᠢᠶᠠᠨ᠎ᠤ ᠣᠶ ᠱᠢᠭᠤᠶ᠎ᠶ᠋ᠢᠨ ᠠᠵᠢᠯ᠎ᠤᠨ ᠥᠷᠲᠡᠭᠡ᠎ᠶ᠋ᠢᠨ ᠳᠠᠷᠤᠭ᠎ᠠ ᠰᠦᠨ ᠱ᠌ᠢ ᠮᠢᠨ ᠬᠡᠯᠡᠪᠡ᠃
ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠬᠥᠮᠦᠨ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ᠎ᠶ᠋ᠢ ᠠᠬᠢᠭᠤᠯᠪᠠ
ᠣᠳᠣᠬᠠᠨ᠎ᠳᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠥᠲᠥᠭᠡᠨ ᠪᠠᠢᠭᠤᠯᠤᠯᠲᠠ ᠭᠦᠨᠵᠡᠭᠡᠶ ᠬᠡᠷᠡᠭ᠌ᠵᠢᠭᠦᠯᠬᠦ᠌ ᠱᠠᠲᠤᠨ᠎ᠳᠤ ᠣᠷᠣᠵᠤ᠂ ᠥᠪᠥᠷ ᠮᠣᠩᠭᠣᠯ᠎ᠤᠨ ᠡᠭᠦᠷᠭᠡᠯᠡᠵᠦ᠍ ᠪᠠᠢᠭ᠎ᠠ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠨᠠᠩ ᠬᠠᠲᠠᠭᠤ ᠪᠡᠷᠬᠡ ᠪᠠᠢᠵᠤ᠂ ᠪᠠᠰᠠ ᠨᠠᠩ ᠶᠡᠬᠡ ᠴᠢᠷᠮᠠᠢᠯᠭ᠎ᠠ ᠭᠠᠷᠭᠠᠬᠤ ᠴᠢᠬᠤᠯᠠᠲᠠᠶ ᠪᠠᠢᠨ᠎ᠠ᠃
ᠲᠠᠷᠠᠭᠠᠴᠢ᠎ᠶ᠋ᠢᠨ ᠠᠯᠬᠤᠮ᠎ᠤᠨ ᠠᠵᠢᠯ᠎ᠤᠨ ᠭᠤᠤᠯᠳᠠᠯᠭ᠎ᠠ᠎ᠶ᠋ᠢᠨ ᠲᠤᠬᠠᠶ ᠶᠠᠷᠢᠬᠤ᠎ᠳᠠᠭᠠᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠳᠡᠳ᠋ ᠵᠠᠬᠢᠷᠤᠯ ᠬᠣᠩ ᠮᠧᠶ᠄ 《 ᠨᠢᠭᠡ ᠲᠠᠯ᠎ᠠ᠎ᠪᠠᠷ ᠣᠲᠣ ᠶ᠋ᠢᠨ ᠬᠢᠯᠪᠠᠷ ᠪᠤᠰᠤ᠎ᠪᠠᠷ ᠣᠯᠤᠭ᠍ᠰᠠᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠦᠨ ᠰᠠᠢᠲᠤᠷ ᠬᠠᠮᠠᠭᠠᠯᠠᠵᠤ᠂ ᠨᠥᠭᠥᠭᠡ ᠲᠠᠯ᠎ᠠ᠎ᠪᠠᠷ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠬᠢᠵᠠᠭᠠᠷᠯᠠᠵᠤ ᠪᠠᠢᠭ᠎ᠠ ᠭᠤᠤᠯᠳᠠᠯᠭ᠎ᠠ᠎ᠲᠠᠶ ᠬᠦᠴᠢᠷ ᠠᠰᠠᠭᠤᠳᠠᠯ᠎ᠢ ᠴᠢᠷᠮᠠᠢᠨ ᠱᠢᠶ᠋ᠳᠪᠦᠷᠢᠯᠡᠵᠦ᠍᠂ ᠨᠠᠩ ᠴᠢᠨᠠᠷ ᠰᠠᠢᠲᠠᠶ ᠠᠮᠢ ᠠᠬᠤᠶ ᠣᠷᠴᠢᠨ ᠲᠣᠭᠣᠷᠢᠨ᠎ᠢᠶᠠᠷ ᠴᠢᠨᠠᠷ ᠰᠠᠢᠲᠠᠶ ᠬᠥᠭ᠌ᠵᠢᠯᠲᠡ᠎ᠶ᠋ᠢ ᠲᠤᠯᠭᠠᠭᠤᠷᠢᠯᠠᠬᠤ ᠬᠡᠷᠡᠭ᠌ᠲᠡᠶ》 ᠭᠡᠪᠡ᠃
ᠥᠪᠥᠷ ᠮᠣᠩᠭᠣᠯ᠎ᠤᠨ 2235 ᠲᠦᠮᠡᠨ ᠮᠥ᠍ ᠬᠤᠵᠢᠷᠯᠢᠭ ᠲᠠᠷᠢᠶᠠᠨ ᠭᠠᠵᠠᠷ ᠪᠣᠯᠤᠨ 4524 ᠲᠦᠮᠡᠨ ᠮᠥ᠍ ᠬᠤᠵᠢᠷᠯᠢᠭ ᠠᠲᠠᠷ ᠪᠡᠯᠴᠢᠭᠡᠷ ᠪᠣᠯ ᠲᠠᠷᠢᠮᠠᠯ᠎ᠤᠨ ᠤᠨᠠᠯᠲᠠ ᠪᠠᠭᠤᠷᠠᠵᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠮᠠᠭᠤᠳᠠᠵᠤ᠂ ᠭᠠᠵᠠᠷ ᠱᠢᠷᠣᠶ ᠴᠦᠯᠯᠡᠷᠭᠡᠭ᠌ᠵᠢᠭ᠌ᠰᠡᠨ ᠰᠢᠯᠳᠠᠭᠠᠨᠤ ᠨᠢᠭᠡ ᠪᠣᠯᠤᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠷᠥᠰᠥᠨ᠎ᠦ ᠶᠠᠰᠤ ᠴᠢᠨᠠᠷ ᠪᠣᠯᠤᠨ ᠱᠢᠮ᠎ᠡ ᠲᠡᠵᠢᠭᠡᠯ᠎ᠦᠨ ᠡᠬᠢ ᠪᠠᠶᠠᠯᠢᠭ᠎ᠤᠨ ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ᠎ᠤᠨ ᠡᠷᠬᠢᠯᠡᠭ᠌ᠴᠢ ᠪᠣᠯᠤᠭ᠍ᠰᠠᠨ᠎ᠤ ᠬᠤᠪᠢ᠎ᠳᠤ᠂ ᠣᠢᠷ᠎ᠠ᠎ᠶ᠋ᠢᠨ ᠵᠢᠯ᠎ᠳᠦ ᠬᠣᠩ ᠮᠧᠶ ᠪᠦᠯᠬᠦᠮ᠎ᠢᠶᠡᠨ ᠳᠠᠭᠠᠭᠤᠯᠤᠨ ᠣᠯᠠᠨ ᠵᠦᠶ᠋ᠯ᠎ᠦᠨ ᠬᠤᠵᠢᠷᠯᠢᠭ ᠭᠠᠵᠠᠷ᠎ᠢ ᠵᠠᠰᠠᠬᠤ ᠮᠡᠷᠭᠡᠵᠢᠯ᠎ᠦᠨ ᠵᠠᠭ᠍ᠪᠤᠷ᠎ᠢ ᠰᠦᠪᠡᠭ᠌ᠴᠢᠯᠡᠨ ᠭᠠᠷᠭᠠᠪᠠ᠃ ᠬᠣᠩ ᠮᠧᠶ᠄ 《ᠲᠠᠷᠠᠭᠠᠴᠢ᠎ᠪᠡᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠭᠠᠵᠤ᠂ ᠬᠤᠵᠢᠷᠯᠢᠭ ᠭᠠᠵᠠᠷ ᠲᠦ᠍ ᠵᠤᠬᠢᠴᠠᠬᠤ ᠤᠷᠭᠤᠮᠠᠯ᠎ᠢ ᠰᠣᠩᠭᠣᠨ ᠪᠣᠢᠵᠢᠭᠤᠯᠬᠤ᠂ ᠲᠤᠰᠭᠠᠶ ᠬᠡᠷᠡᠭ᠌ᠯᠡᠭᠡᠨ᠎ᠦ ᠬᠡᠯᠪᠡᠷᠢ᠎ᠶ᠋ᠢᠨ ᠥᠭᠡᠷᠡᠴᠢᠯᠡᠨ ᠨᠠᠢᠷᠠᠭᠤᠯᠤᠭᠰᠠᠨ ᠡᠮ᠂ ᠠᠮᠢᠳᠤ ᠪᠣᠳᠠᠰ᠎ᠤᠨ ᠪᠠᠺᠲ᠋ᠧᠷᠢ ᠡᠮ ᠵᠢᠴᠢ ᠥᠨᠳᠥᠷ ᠪᠦᠲᠦᠮᠵᠢᠲᠡᠶ ᠡᠭᠦᠯᠳᠡᠷ ᠰᠠᠢᠵᠢᠷᠠᠭᠤᠯᠬᠤ ᠮᠡᠷᠭᠡᠵᠢᠯ᠎ᠦᠨ ᠪᠣᠭᠣᠮᠢ᠎ᠶ᠋ᠢᠨ ᠠᠰᠠᠭᠤᠳᠠᠯ᠎ᠢ ᠦᠷᠭᠦᠯᠵᠢᠯᠡᠨ ᠱᠢᠪᠲᠤᠯᠵᠤ᠂ ᠪᠠᠷᠠᠭᠠᠨ᠎ᠤ ᠰᠦᠯᠵᠢᠶ᠎ᠡ᠂ ᠲᠣᠮᠣ ᠳ᠋ᠠᠢᠲ᠋ᠠ᠂ ᠳᠠᠭᠠᠭᠤᠯᠢ ᠣᠳᠣᠨ᠎ᠤ ᠠᠯᠤᠰ ᠰᠡᠷᠡᠯ ᠵᠡᠷᠭᠡ ᠮᠡᠷᠭᠡᠵᠢᠯ᠎ᠢ ᠠᠱᠢᠭ᠍ᠯᠠᠨ᠂ ᠲᠣᠭᠠᠴᠢᠯᠠᠭ᠍ᠰᠠᠨ ᠣᠶᠤᠨᠴᠢ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠤᠰᠤ ᠳᠠᠪᠤᠰᠤᠨ᠎ᠤ ᠬᠥᠳᠡᠯᠦᠩᠭᠦᠶ ᠬᠢᠨᠠᠨ ᠬᠡᠮᠵᠢᠯᠲᠡ ᠪᠠ ᠡᠵᠡᠮᠳᠡᠯ ᠲᠣᠬᠢᠷᠠᠭᠤᠯᠭ᠎ᠠ ᠬᠠᠮᠢᠶᠠᠷᠤᠯᠲᠠ᠎ᠶ᠋ᠢ ᠪᠡᠶᠡᠯᠡᠭᠦᠯᠦᠨ᠎ᠡ᠃ ᠡᠭᠦᠨ᠎ᠦ ᠬᠠᠮᠲᠤ ᠠᠵᠤ ᠦᠢᠯᠡᠰ ᠵᠢᠭᠠᠨ ᠰᠤᠷᠭᠠᠯᠳᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢᠨ ᠭᠦᠨᠵᠡᠭᠡᠶ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠤᠯᠤᠰ᠎ᠤᠨ ᠳᠣᠲᠣᠭᠠᠳᠤ ᠪᠠ ᠣᠯᠠᠨ ᠤᠯᠤᠰ᠎ᠯᠤᠭ᠎ᠠ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠲᠡᠷᠢᠭᠦᠨ᠎ᠦ ᠮᠡᠷᠭᠡᠵᠢᠯ ᠪᠠ ᠬᠠᠮᠢᠶᠠᠷᠤᠯᠲᠠ᠎ᠶ᠋ᠢᠨ ᠲᠤᠷᠱᠢᠯᠭ᠎ᠠ᠎ᠶ᠋ᠢ ᠬᠠᠮᠲᠤ᠎ᠪᠠᠷ ᠰᠦᠪᠡᠭ᠌ᠴᠢᠯᠡᠵᠦ᠍ ᠣᠷᠣᠭᠤᠯᠤᠨ ᠠᠪᠴᠢᠷᠠᠵᠤ᠂ ᠥᠪᠥᠷ ᠮᠣᠩᠭᠣᠯ᠎ᠤᠨ ᠬᠤᠵᠢᠷᠯᠢᠭ ᠭᠠᠵᠠᠷ᠎ᠢ ᠶᠡᠷᠦᠩᠬᠡᠢᠯᠡᠨ ᠵᠠᠰᠠᠬᠤ ᠲᠦᠪᠱᠢᠨ᠎ᠢ ᠳᠡᠭᠡᠭ᠌ᠰᠢᠯᠡᠭᠦᠯᠦᠨ᠎ᠡ》 ᠭᠡᠪᠡ᠃
ᠪᠡᠯᠴᠢᠭᠡᠷ᠎ᠦᠨ ᠲᠠᠭᠠᠭᠠᠴᠠ ᠡᠴᠡ ᠬᠡᠳᠦᠷᠡᠲᠡᠯ᠎ᠡ ᠮᠠᠯᠵᠢᠬᠤ ᠠᠰᠠᠭᠤᠳᠠᠯ᠎ᠢ ᠱᠢᠶ᠋ᠳᠪᠦᠷᠢᠯᠡᠬᠦ᠌ ᠪᠣᠯ ᠥᠪᠥᠷ ᠮᠣᠩᠭᠣᠯ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠦᠲᠦᠭᠡᠨ ᠪᠠᠢᠭᠤᠯᠬᠤ᠎ᠶ᠋ᠢᠨ ᠴᠢᠬᠤᠯᠠ ᠠᠭᠤᠯᠭ᠎ᠠ ᠪᠣᠯᠤᠨ᠎ᠠ᠃ 2024 ᠣᠨ᠎ᠳᠤ ᠪᠡᠯᠴᠢᠭᠡᠷ᠎ᠦᠨ ᠲᠠᠭᠠᠭᠠᠴᠠ ᠡᠴᠡ ᠬᠡᠳᠦᠷᠡᠲᠡᠯ᠎ᠡ ᠮᠠᠯᠵᠢᠬᠤ ᠠᠰᠠᠭᠤᠳᠠᠯ᠎ᠢ ᠱᠢᠶ᠋ᠳᠪᠦᠷᠢᠯᠡᠬᠦ᠌ ᠲᠤᠷᠱᠢᠯᠲᠠ᠎ᠶ᠋ᠢᠨ ᠴᠡᠭ᠎ᠦᠨ ᠠᠵᠢᠯ᠎ᠢ ᠡᠬᠢᠯᠡᠭᠦᠯᠵᠦ᠂《ᠲᠠᠷᠬᠠᠭᠠᠬᠤ》᠂ 《ᠬᠠᠮᠢᠶᠠᠷᠬᠤ》᠂ 《ᠰᠢᠯᠵᠢᠭᠦᠯᠬᠦ》 ᠭᠤᠷᠪᠠᠨ ᠬᠠᠮᠢᠶᠠᠷᠤᠯᠲᠠ᠎ᠶ᠋ᠢ ᠵᠡᠷᠭᠡ ᠪᠡᠷ ᠬᠡᠷᠡᠭ᠌ᠵᠢᠭᠦᠯᠬᠦ᠌᠎ᠪᠡᠷ ᠳᠠᠮᠵᠢᠭᠤᠯᠤᠨ᠂ 17 ᠲᠤᠷᠱᠢᠯᠲᠠ᠎ᠶ᠋ᠢᠨ ᠴᠡᠭ ᠪᠤᠯᠤᠬᠰᠠᠨ ᠬᠣᠱᠢᠭᠤ ᠱᠢᠶᠠᠨ᠎ᠤ ᠮᠠᠯ ᠪᠡᠯᠴᠢᠭᠡᠷ᠎ᠤᠨ ᠲᠡᠩᠴᠡᠭᠦᠷᠢ᠎ᠵᠢᠨ ᠵᠢᠭᠠᠯᠲᠠ ᠲᠣᠭ᠎ᠠ᠎ᠶ᠋ᠢ ᠪᠦᠬᠦᠨ᠎ᠢ 10% ᠡᠴᠡ ᠳᠣᠷᠣᠭ᠍ᠰᠢ ᠪᠣᠯᠲᠠᠯ᠎ᠠ ᠪᠠᠭᠤᠷᠠᠭᠤᠯᠵᠤ᠂ ᠱᠠᠲᠤᠴᠢ ᠴᠢᠨᠠᠷᠲᠠᠶ ᠦᠷ᠎ᠡ ᠪᠦᠲᠦᠭᠡᠯ ᠤᠯᠪᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠲᠦᠯᠦᠭᠡᠯᠡᠭᠴᠢ᠂ ᠥᠪᠥᠷ ᠮᠣᠩᠭᠣᠯ᠎ᠤᠨ ᠭᠦᠩ ᠱᠧᠩ ᠠᠮᠢ ᠠᠬᠤᠢ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠸᠠᠩ ᠭᠠᠩ ᠄《ᠮᠢᠨᠦ᠍ ᠦᠵᠡᠬᠦ᠌᠎ᠪᠡᠷ ᠨᠤᠲᠤᠭ ᠪᠡᠯᠴᠢᠭᠡᠷ᠎ᠦᠨ ᠲᠠᠭᠠᠭᠠᠴᠠ ᠡᠴᠡ ᠬᠡᠲᠦᠷᠡᠲᠡᠯ᠎ᠡ ᠮᠠᠯᠵᠢᠬᠤ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠵᠠᠩᠭᠢᠯᠠᠭ᠎ᠠ ᠨᠢ ᠮᠠᠯ᠎ᠤᠨ ᠡᠭᠦᠯᠳᠡᠷ᠎ᠢ ᠰᠠᠢᠵᠢᠷᠠᠭᠤᠯᠬᠤ᠂ ᠮᠠᠱᠢᠨᠴᠢᠯᠠᠯᠲᠠ᠎ᠶ᠋ᠢᠨ ᠨᠣᠷᠮ᠎ᠠ᠎ᠶ᠋ᠢ ᠳᠡᠭᠡᠭ᠌ᠰᠢᠯᠡᠭᠦᠯᠬᠦ᠌ ᠪᠠ ᠠᠵᠤ ᠦᠢᠯᠡᠰᠵᠢᠭᠦᠯᠬᠦ᠌᠎ᠪᠡᠷ ᠳᠠᠮᠵᠢᠨ ᠨᠤᠲᠤᠭ ᠪᠡᠯᠴᠢᠭᠡᠷ᠎ᠦᠨ ᠮᠠᠯ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠬᠤ ᠶᠠᠪᠤᠳᠠᠯ ᠪᠣᠯᠤᠨ᠎ᠠ》 ᠭᠡᠪᠡ᠃
ᠮᠠᠯ ᠠᠵᠤ ᠠᠬᠤᠶ᠎ᠶ᠋ᠢᠨ ᠠᠵᠤ ᠦᠶ᠋ᠯᠡᠰ᠎ᠦᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠲᠤᠰ ᠺᠣᠮᠫᠠᠨᠢ ᠵᠢᠨ ᠬᠢᠨ ᠵᠠᠯᠠᠢᠳ ᠬᠣᠱᠢᠭᠤᠨ᠎ᠤ ᠮᠠᠯ᠎ᠤᠨ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ ᠱᠢᠰᠲ᠋ᠧᠮ᠎ᠦᠨ ᠪᠠᠢᠭᠤᠯᠤᠯᠲᠠ᠎ᠶ᠋ᠢ ᠠᠬᠢᠭᠤᠯᠬᠤ᠎ᠪᠠᠷ ᠴᠢᠷᠮᠠᠢᠭ᠍ᠰᠠᠭᠠᠷ ᠢᠷᠡᠵᠡᠶ᠃ ᠸᠠᠩ ᠭᠠᠩ᠄《ᠲᠠᠷᠠᠭᠠᠴᠢ᠎ᠶ᠋ᠢᠨ ᠠᠯᠬᠤᠮ᠎ᠳᠤ᠂ ᠪᠢᠳᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠮᠢᠬᠠᠨ᠎ᠤ ᠦᠬᠡᠷ᠎ᠦᠨ ᠡᠭᠦᠯᠳᠡᠷ ᠶᠠᠰᠤ ᠴᠢᠨᠠᠷ᠎ᠢ ᠬᠦᠴᠦᠯᠡᠨ ᠳᠡᠭᠡᠭ᠌ᠰᠢᠯᠡᠭᠦᠯᠵᠦ᠍᠂ ᠠᠮᠢᠳᠤ ᠪᠣᠳᠠᠰ᠎ᠤᠨ ᠱᠢᠨ᠎ᠡ ᠮᠡᠷᠭᠡᠵᠢᠯ᠎ᠢ ᠳᠡᠯᠭᠡᠷᠡᠭᠦᠯᠦᠨ ᠬᠡᠷᠡᠭ᠌ᠯᠡᠵᠦ᠍᠂ ᠣᠲᠣ ᠦᠶ᠎ᠡ᠎ᠶ᠋ᠢᠨ ᠡᠭᠦᠯᠳᠡᠷ ᠦᠨ ᠢᠷᠡᠯᠲᠡ᠎ᠶ᠋ᠢᠨ ᠰᠠᠭᠤᠷᠢᠨ᠎ᠢ ᠪᠥᠲᠥᠭᠡᠨ ᠪᠠᠢᠭᠤᠯᠵᠤ᠂ ᠤᠯᠤᠰ᠎ᠤᠨ ᠲᠡᠷᠢᠭᠦᠨ᠎ᠦ ᠨᠤᠲᠤᠭ ᠪᠡᠯᠴᠢᠭᠡᠷ᠎ᠦᠨ ᠮᠠᠯ ᠠᠵᠤ ᠠᠬᠤᠶ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠡᠭᠦᠳᠦᠨ ᠪᠠᠢᠭᠤᠯᠵᠤ᠂ ᠪᠥᠬᠥ᠌ ᠣᠷᠣᠨ᠎ᠤ ᠮᠠᠯ ᠠᠵᠤ ᠠᠬᠤᠶ᠎ᠶ᠋ᠢᠨ ᠪᠠᠷᠢᠮᠵᠢᠶᠠᠵᠢᠯᠲᠠ᠂ ᠠᠵᠤ ᠦᠢᠯᠡᠰᠵᠢᠯᠲᠡ ᠪᠠ ᠲᠣᠭᠠᠴᠢᠯᠠᠯᠲᠠ᠎ᠶ᠋ᠢ ᠠᠭᠤᠰᠤᠯᠴᠠᠭᠤᠯᠤᠨ ᠲᠠᠰ ᠳᠡᠪᠱᠢᠭᠦᠯᠬᠦ᠌᠎ᠶ᠋ᠢ ᠠᠬᠢᠭᠤᠯᠬᠤ᠎ᠳᠤ ᠬᠦᠴᠦᠨ ᠨᠡᠮᠡᠷᠢᠯᠡᠵᠦ᠍᠂ ᠪᠥᠬᠥ᠌ ᠠᠢᠮᠠᠭ ᠴᠢᠨᠠᠭ᠍ᠰᠢᠯᠠᠪᠠᠯ ᠪᠥᠬᠥ᠌ ᠣᠷᠣᠨ᠎ᠤ ᠨᠤᠲᠤᠭ ᠪᠡᠯᠴᠢᠭᠡᠷ᠎ᠦᠨ ᠦᠶ᠋ᠯᠡᠳᠪᠦᠷᠢᠯᠡᠯ᠂ ᠠᠮᠢᠳᠤᠷᠠᠯ ᠂ ᠠᠮᠢ ᠠᠬᠤᠶ᠎ᠶ᠋ᠢᠨ ᠣᠷᠭᠠᠨᠢᠭ ᠨᠢᠭᠡᠳᠦᠯ᠎ᠢ ᠪᠡᠶᠡᠯᠡᠭᠦᠯᠬᠦ᠌᠎ᠳᠦ ᠯᠠᠪᠯᠠᠯᠲᠠ ᠪᠣᠯᠭᠠᠬᠤ ᠵᠠᠭ᠍ᠪᠤᠷ ᠪᠠ ᠠᠷᠭ᠎ᠠ ᠵᠠᠮ ᠬᠠᠩᠭᠠᠨ᠎ᠠ》 ᠬᠡᠪᠡ᠃
ᠦᠷᠳᠡᠭ᠎ᠦᠨ ᠪᠡᠶᠡᠯᠡᠭ᠌ᠳᠡᠯ᠂ ᠬᠥᠭ᠌ᠵᠢᠯᠲᠡ ᠪᠣᠯᠤᠨ ᠬᠠᠮᠠᠭᠠᠯᠠᠯᠲᠠ ᠵᠢ ᠬᠠᠮᠵᠢᠯᠴᠠᠭᠤᠯᠤᠨ ᠬᠠᠮᠲᠤ ᠪᠠᠷ ᠠᠬᠢᠭᠤᠯᠪᠠ
ᠨᠤᠮᠢᠨ ᠤᠰᠤ ᠬᠥᠬᠡᠮᠳᠦᠭ ᠠᠭᠤᠯᠠ ᠪᠣᠯ ᠠᠯᠳᠠᠠ ᠠᠭᠤᠯᠠ ᠮᠥᠩᠭᠥᠨ ᠬᠠᠢᠷᠬᠠᠨ ᠮᠥᠨ᠂ ᠠᠮᠢ ᠠᠬᠤᠢ᠎ᠶ᠋ᠢᠨ 《ᠨᠤᠭᠤᠭᠠᠠᠤ ᠬᠡᠮᠵᠢᠶ᠎ᠡ》᠎ᠨᠢ ᠴᠢᠨᠠᠷ ᠰᠠᠢᠲᠠᠢ ᠬᠥᠭ᠌ᠵᠢᠯᠲᠡ᠎ᠶ᠋ᠢᠨ 《ᠦᠷᠳᠡᠭ᠎ᠤᠨ ᠬᠡᠮᠵᠢᠶ᠎ᠠ》 ᠵᠢ ᠲᠣᠭ᠍ᠲᠠᠭᠠᠵᠤ ᠪᠠᠢᠳᠠᠭ᠃ ᠠᠮᠢ ᠠᠬᠤᠢ᠎ᠶ᠋ᠢᠨ ᠳᠠᠪᠠᠭᠤᠯᠢᠭ᠎ᠢ ᠬᠡᠷᠬᠢᠨ ᠠᠵᠤ ᠠᠬᠤᠢ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠣᠯ ᠵᠠᠪᠠᠯ ᠬᠠᠷᠢᠭᠤᠯᠬᠤ ᠰᠡᠳᠦᠪ ᠪᠣᠯᠤᠨ᠎ᠠ᠃
ᠣᠢᠷ᠎ᠠ᠎ᠶ᠋ᠢᠨ ᠵᠢᠯ᠎ᠦᠳ᠎ᠲᠦ ᠥᠪᠥᠷ ᠮᠣᠩᠭᠣᠯ ᠠᠮᠢ ᠠᠬᠤᠶ᠎ᠶ᠋ᠢᠨ ᠠᠵᠤ ᠦᠢᠯᠡᠰᠵᠢᠯᠲᠡ᠎ᠶ᠋ᠢ ᠶᠡᠬᠡᠪᠡᠷ ᠠᠬᠢᠭᠤᠯᠵᠤ᠂ ᠠᠮᠢ ᠠᠬᠤᠶ᠎ᠶ᠋ᠢᠨ ᠦᠶ᠋ᠯᠡᠳᠬᠦᠨ᠎ᠦ ᠥᠷᠲᠡᠭ ᠢ ᠪᠡᠶᠡᠯᠡᠭᠦᠯᠬᠦ᠌ ᠲᠣᠭ᠍ᠲᠠᠴᠠ᠎ᠶ᠋ᠢ ᠲᠦᠷᠭᠡᠪᠴᠢᠯᠡᠨ ᠲᠡᠭᠦᠯᠳᠡᠷᠵᠢᠭᠦᠯᠵᠦ᠍᠂《ᠨᠣᠭᠣᠭᠠᠷᠠᠭᠤᠯᠤᠯᠲᠠ᠎ᠪᠡᠷ ᠠᠰᠢᠭ ᠤᠷᠤᠯᠭ᠎ᠠ ᠡᠭᠦᠳᠬᠦ》᠂ 《ᠨᠣᠭᠣᠭᠠᠷᠠᠭᠤᠯᠤᠯᠲᠠ᠎ᠪᠡᠷ ᠪᠡᠯᠡ ᠮᠦᠩᠬᠦ ᠲᠠᠲᠠᠬᠤ》 ᠂ 《ᠠᠮᠢ ᠠᠬᠤᠢ ᠪᠡᠷ ᠠᠵᠤ ᠠᠬᠤᠢ ᠵᠢᠨ ᠠᠰᠢᠭ ᠤᠯᠬᠤ》ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠭᠡᠵᠦ᠍᠂ ᠣᠶ ᠱᠢᠭᠤᠶ ᠨᠤᠲᠤᠭ ᠪᠡᠯᠴᠢᠭᠡᠷ ᠡᠯᠡᠰᠦᠨ᠎ᠦ ᠠᠵᠤ ᠦᠶ᠋ᠯᠡᠰ᠎ᠦᠨ ᠠᠵᠢᠯ᠂ ᠣᠶ ᠱᠢᠭᠤᠶ ᠨᠤᠲᠤᠭ ᠪᠡᠯᠴᠢᠭᠡᠷ᠎ᠦᠨ ᠨᠡᠭᠦᠷᠡᠰᠦᠲᠥ᠋ᠷᠥᠭ᠌ᠴᠢ᠎ᠬᠤᠷᠠᠮᠳᠤᠭᠤᠯᠬᠤ ᠠᠵᠢᠯ᠎ᠢ ᠰᠠᠢᠲᠤᠷ ᠬᠢᠵᠦ᠍᠂ ᠨᠠᠩ ᠣᠯᠠᠨ ᠠᠷᠠᠳ ᠲᠦᠮᠡᠨ᠎ᠳᠤ 《ᠪᠤᠬᠢᠷᠳᠤᠯ ᠦᠭᠡᠢ ᠵᠢᠨ ᠠᠰᠢᠭ》᠎ᠢ᠋ ᠬᠦᠷᠲᠡᠭᠡᠵᠦ᠂ 《ᠠᠮᠢ ᠠᠬᠤᠶ᠎ᠶ᠋ᠢᠨ ᠪᠤᠳᠠᠭ᠎ᠠ》 ᠵᠢ ᠢᠳᠡᠬᠦ ᠵᠢ ᠪᠡᠶᠡᠯᠡᠬᠦᠯᠦᠭᠰᠡᠨ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠣᠶ ᠱᠢᠭᠤᠶ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠦᠨ ᠷᠠᠱᠢᠶᠠᠨ᠎ᠤ ᠣᠶ ᠱᠢᠭᠤᠶ᠎ᠶ᠋ᠢᠨ ᠠᠵᠤ ᠦᠶ᠋ᠯᠡᠳᠪᠦᠷᠢ᠎ᠶ᠋ᠢᠨ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠱᠢᠶᠤᠤ ᠴᠤᠤ᠄ 《ᠠᠮᠢ ᠠᠬᠤᠶ᠎ᠶ᠋ᠢᠨ ᠠᠵᠤ ᠦᠢᠯᠡᠰᠵᠢᠯᠲᠡ ᠪᠣᠯ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ ᠵᠢᠨ ᠦᠨᠳᠦᠰᠦᠨ ᠠᠷᠭ᠎ᠠ ᠬᠡᠮᠵᠢᠶ᠎ᠡ ᠮᠥᠨ᠃ ᠲᠠᠷᠠᠭᠠᠴᠢ᠎ᠶ᠋ᠢᠨ ᠠᠯᠬᠤᠮ᠎ᠳᠤ᠂ ᠷᠠᠱᠢᠶᠠᠨ᠎ᠤ ᠣᠶ ᠱᠢᠭᠤᠶ᠎ᠶ᠋ᠢᠨ ᠠᠵᠤ ᠦᠶ᠋ᠯᠡᠳᠪᠦᠷᠢ᠎ᠶ᠋ᠢᠨ ᠺᠣᠮᠫᠠᠨᠢ᠎ᠨᠢ ᠠᠮᠢ ᠠᠬᠤᠶ᠎ᠶ᠋ᠢᠨ ᠴᠢᠳᠠᠮᠵᠢᠲᠤ ᠣᠷᠣᠨ᠎ᠤ ᠣᠶ ᠱᠢᠭᠤᠶ᠂ ᠨᠠᠭᠤᠷ ᠴᠥᠭᠥᠷᠥᠮ᠂ ᠬᠠᠯᠠᠭᠤᠨ ᠷᠠᠱᠢᠶᠠᠨ ᠵᠡᠷᠭᠡ ᠠᠮᠢ ᠠᠬᠤᠶ᠎ᠶ᠋ᠢᠨ ᠡᠬᠢ ᠪᠠᠶᠠᠯᠢᠭ᠎ᠢ ᠤᠯᠠᠮ ᠨᠢᠭᠡ ᠠᠯᠬᠤᠮ ᠨᠡᠢᠳᠭᠡᠵᠤ᠂ ᠨᠠᠩ ᠣᠯᠠᠨ ᠥᠪᠡᠷᠮᠢᠴᠡ ᠣᠨᠴᠠᠯᠢᠭ ᠪᠠ ᠲᠠᠲᠠᠬᠤ ᠬᠦᠴᠦᠨ᠎ᠲᠡᠶ ᠠᠮᠢ ᠠᠬᠤᠶ᠎ᠶ᠋ᠢᠨ ᠵᠢᠭᠤᠯᠴᠢᠯᠠᠯ ᠤᠨ ᠦᠶ᠋ᠯᠡᠳᠬᠦᠨ᠎ᠢ ᠪᠣᠶ ᠪᠣᠯᠭᠠᠨ᠎ᠠ᠃ ᠡᠭᠦᠨ᠎ᠦ ᠬᠠᠮᠲᠤ᠂ ᠠᠮᠢ ᠠᠬᠤᠶ᠎ᠶ᠋ᠢᠨ ᠠᠵᠤ ᠦᠶ᠋ᠯᠡᠰ ᠬᠢᠭᠡᠳ ᠪᠤᠰᠤᠳ ᠠᠵᠤ ᠦᠶ᠋ᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠴᠢᠩᠭᠠᠳᠭᠠᠨ᠎ᠠ᠂ ᠵᠢᠱ᠌ᠢᠶᠡᠯᠡᠪᠡᠯ ᠠᠮᠢ ᠠᠬᠤᠶ᠎ᠶ᠋ᠢᠨ ᠲᠠᠷᠢᠶᠠᠯᠠᠩ ᠬᠢᠭᠡᠳ ᠣᠶ᠎ᠶ᠋ᠢᠨ ᠬᠣᠷᠮᠣᠶ᠎ᠶ᠋ᠢᠨ ᠪᠦᠲᠦᠭᠡᠭ᠌ᠳᠡᠬᠦᠨ᠎ᠢ ᠡᠳ᠋ᠱᠢᠭᠦᠯᠬᠦ᠌ ᠦᠶ᠋ᠯᠡᠰ᠂ ᠠᠮᠢ ᠠᠬᠤᠶ᠎ᠶ᠋ᠢᠨ ᠵᠢᠭᠤᠯᠴᠢᠯᠠᠯ ᠬᠢᠭᠡᠳ ᠰᠣᠶᠣᠯ᠎ᠤᠨ ᠪᠦᠲᠦᠭᠡᠯᠴᠢ ᠦᠢᠯᠡᠳᠬᠦᠨ᠎ᠤ ᠠᠵᠤ ᠦᠶ᠋ᠯᠡᠰ ᠵᠡᠷᠭᠡ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠪᠦᠲᠦᠭᠡᠭ᠌ᠳᠡᠬᠦᠨ᠎ᠦ ᠨᠡᠮᠡᠯᠲᠡ ᠥᠷᠲᠡᠭ᠎ᠢ ᠳᠡᠭᠡᠭ᠌ᠰᠢᠯᠡᠭᠦᠯᠦᠨ᠂ ᠱᠢᠭᠤᠢᠲᠤ ᠣᠷᠣᠨ᠎ᠤ ᠡᠯᠪᠡᠭ ᠪᠠᠶᠠᠯᠢᠭ ᠠᠮᠢ ᠠᠬᠤᠶ᠎ᠶ᠋ᠢᠨ ᠡᠬᠢ ᠪᠠᠶᠠᠯᠢᠭ ᠪᠠ ᠰᠢᠯᠢᠳᠡᠭ ᠠᠮᠢ ᠠᠬᠤᠶ᠎ᠶ᠋ᠢᠨ ᠪᠦᠲᠦᠭᠡᠭ᠌ᠳᠡᠬᠦᠨ᠎ᠢ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠳᠠᠪᠠᠭᠤᠯᠢᠭ ᠪᠣᠯᠭᠠᠨ᠎ᠠ》 ᠭᠡᠪᠡ᠃
ᠠᠮᠢ ᠠᠬᠤᠶ᠎ᠶ᠋ᠢᠨ ᠥᠷᠲᠡᠭ᠎ᠦᠨ ᠤᠨᠳᠤᠱᠢᠭᠤᠯᠤᠯᠳᠠ ᠶ᠋ᠢ ᠰᠠᠢᠲᠤᠷ ᠬᠢᠬᠦ᠌ ᠨᠢ ᠮᠥᠨ ᠴᠦ᠍ ᠣᠩᠨᠢᠭᠤᠳ ᠬᠣᠱᠢᠭᠤᠨ᠎ᠤ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠠᠵᠢᠯ᠎ᠤᠨ ᠭᠤᠤᠯᠳᠠᠯᠭ᠎ᠠ ᠪᠣᠯᠤᠨ᠎ᠠ᠃ ᠮᠥᠩᠬᠡ᠄《ᠪᠢᠳᠡ ᠡᠯᠡᠰᠦᠷᠬᠡᠭ ᠭᠠᠵᠠᠷ᠎ᠤᠨ ᠡᠬᠢ ᠪᠠᠶᠠᠯᠢᠭ᠎ᠲᠤ ᠲᠦᠱᠢᠭ᠌ᠯᠡᠨ᠂ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ᠎ᠶ᠋ᠢᠨ ᠠᠭᠤᠰᠤᠯᠴᠠᠨ ᠬᠥᠭ᠌ᠵᠢᠬᠦ᠌ ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠬᠤ᠎ᠶ᠋ᠢᠨ ᠬᠠᠮᠲᠤ᠂ ᠠᠮᠢ ᠠᠬᠤᠶ᠎ᠶ᠋ᠢᠨ ᠪᠦᠲᠦᠭᠡᠭ᠌ᠳᠡᠬᠦᠨ ᠦ ᠥᠷᠲᠡᠭ᠎ᠦᠨ ᠪᠡᠶᠡᠯᠡᠭ᠌ᠳᠡᠬᠦ᠌ ᠠᠷᠭ᠎ᠠ ᠵᠠᠮ᠎ᠢ ᠤᠯᠠᠮ ᠨᠢᠭᠡ ᠠᠯᠬᠤᠮ ᠥᠷᠭᠡᠳᠭᠡᠵᠦ᠍᠂ ᠬᠣᠱᠢᠭᠤᠨ᠎ᠤ ᠳᠣᠲᠣᠷᠠᠬᠢ ᠡᠯᠪᠡᠭ ᠪᠠᠶᠠᠯᠢᠭ ᠨᠠᠢᠯᠵᠠᠭᠤᠷ ᠬᠠᠷᠭᠠᠨ᠎ᠠ᠂ ᠬᠡᠬᠡᠷ᠎ᠡ ᠵᠢᠨ ᠲᠠᠤᠯᠠᠢ ᠵᠢᠨ ᠪᠦᠭᠡᠷ᠎ᠡ ᠵᠡᠷᠭᠡ ᠣᠨᠴᠠᠯᠢᠭ᠍ᠲᠤ ᠣᠶ ᠮᠣᠳᠣᠨ᠎ᠤ ᠡᠬᠢ ᠪᠠᠶᠠᠯᠢᠭ᠎ᠲᠤ ᠲᠦᠱᠢᠭ᠌ᠯᠡᠨ᠂ ᠪᠣᠳᠠ ᠮᠣᠳᠣᠨ᠎ᠤ ᠴᠢᠬᠢ᠎ᠶ᠋ᠢ ᠶᠡᠷᠦᠩᠬᠡᠢᠯᠡᠨ ᠠᠱᠢᠭ᠍ᠯᠠᠬᠤ ᠲᠥᠷᠥᠯ ᠵᠦᠶ᠋ᠯ᠎ᠢ ᠶᠡᠬᠡ ᠪᠡᠷ ᠣᠷᠣᠭᠤᠯᠤᠨ ᠠᠪᠴᠢᠷᠠᠵᠤ ᠬᠡᠷᠡᠭ᠌ᠵᠢᠭᠦᠯᠦᠨ᠂ ᠬᠡᠬᠡᠷ᠎ᠡ ᠵᠢᠨ ᠲᠠᠤᠯᠠᠢ ᠵᠢᠨ ᠪᠦᠭᠡᠷ᠎ᠡ ᠵᠢᠨ ᠲᠣᠰᠣ᠂ ᠬᠡᠬᠡᠷ᠎ᠡ ᠵᠢᠨ ᠲᠠᠤᠯᠠᠢ ᠵᠢᠨ ᠪᠦᠭᠡᠷ᠎ᠡ ᠵᠢᠨ ᠴᠠᠶ ᠵᠡᠷᠭᠡ ᠱᠢᠷᠢᠰ ᠪᠦᠲᠦᠭᠡᠭ᠌ᠳᠡᠬᠦᠨ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠠᠵᠤ ᠠᠬᠤᠢᠯᠠᠯ᠎ᠤᠨ ᠳᠡᠭᠡᠳᠦ ᠲᠠᠰ᠎ᠤᠨ ᠪᠦᠲᠦᠭᠡᠭ᠌ᠳᠡᠬᠦᠨ᠎ᠢ ᠰᠤᠳᠤᠯᠤᠨ ᠨᠡᠭᠡᠭᠡᠬᠦ᠌ ᠪᠠ ᠮᠡᠷᠭᠡᠵᠢᠯ᠎ᠦᠨ ᠣᠷᠣᠭᠤᠯᠤᠯᠲᠠ᠎ᠪᠠᠨ ᠨᠡᠮᠡᠭ᠌ᠳᠡᠭᠦᠯᠬᠦ᠌᠎ᠶ᠋ᠢ ᠵᠣᠷᠢᠭ᠍ᠵᠢᠭᠤᠯᠤᠨ᠂ ᠥᠨᠳᠥᠷ ᠪᠦᠲᠦᠮᠵᠢᠲᠡᠶ ᠠᠱᠢᠭ᠍ᠯᠠᠬᠤ᠂ ᠨᠠᠷᠢᠯᠢᠭ ᠡᠳ᠋ᠱᠢᠭᠦᠯᠬᠦ᠌᠂ ᠥᠨᠳᠥᠷ ᠨᠡᠮᠡᠯᠲᠡ ᠥᠷᠲᠡᠭ᠎ᠲᠡᠶ ᠣᠨᠴᠠᠯᠢᠭ᠍ᠲᠤ ᠣᠶ ᠱᠢᠭᠤᠶ᠎ᠶ᠋ᠢᠨ ᠠᠵᠤ ᠦᠶ᠋ᠯᠡᠰ ᠢ ᠪᠥᠬᠥ᠌ ᠬᠦᠴᠦᠨ᠎ᠢᠶᠡᠷ᠎ᠢᠶᠡᠨ ᠪᠣᠶ ᠪᠣᠯᠭᠠᠵᠤ᠂ ᠨᠠᠩ ᠣᠯᠠᠨ ᠲᠦᠮᠡᠨ᠎ᠳᠦ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠠᠱᠢᠭ ᠢ ᠬᠦᠷᠲᠡᠭᠡᠨ᠎ᠡ》 ᠭᠡᠪᠡ᠃
ᠡᠷᠴᠢ ᠵᠤᠷᠢᠭ ᠵᠢᠡᠨ ᠬᠦᠪᠴᠢᠯᠡᠨ ᠡᠷᠡᠮᠡᠬᠡᠢᠯᠡᠨ ᠤᠷᠤᠭ᠍ᠰᠢᠯᠠᠵᠤ ᠰᠢᠨ᠎ᠠ ᠨᠢᠬᠡ ᠵᠢᠯ᠎ᠢᠶᠡᠨ ᠤᠬᠳᠤᠨ᠎ᠠ᠂ ᠰᠡᠳᠬᠢᠯ ᠨᠢᠭᠡᠳᠦᠨ ᠬᠦᠴᠦᠨ ᠵᠢᠡᠨ ᠬᠠᠮᠳᠤᠳᠬᠠᠵᠤ ᠱᠢᠨ᠎ᠡ ᠢᠷᠡᠭᠤ ᠬᠠᠭᠤᠳᠠᠰᠤ᠎ᠶ᠋ᠢ ᠪᠢᠴᠢᠭ᠌ᠯᠡᠨ᠎ᠡ᠃ ᠥᠪᠥᠷ ᠮᠣᠩᠭᠣᠯ 《ᠤᠯᠤᠰ᠎ᠤᠨ ᠶᠡᠬᠡ ᠶᠠᠪᠤᠠᠳᠠᠯ》 ᠢ᠋ ᠢᠮᠠᠭ᠍ᠲᠠ ᠪᠠᠲᠤ ᠴᠡᠭᠡᠵᠢᠯᠡᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠦᠷᠭᠦᠯᠵᠢᠯᠡᠨ ᠪᠠᠳᠤ ᠴᠤᠬᠴᠠᠯᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃