2025 ᠣᠷᠣᠨ᠎ᠤ᠋ ᠬᠤᠶᠠᠷ ᠬᠤᠷᠠᠯ > ᠣᠨᠴᠠ ᠮᠡᠳᠡᠭᠡᠯᠡᠯ

2025-01-17 09:43:41

ᠵᠣᠬᠢᠶᠠᠭ᠍ᠴᠢ᠄ ᠸᠠᠩ ᠬᠤᠤ ᠣᠩᠱᠢᠭ᠍ᠰᠠᠨ ᠣᠳᠠᠭ᠎ᠠ᠄ 3

1 ᠰᠠᠷ᠎ᠠ᠎ᠶᠢᠨ 16 ᠎ᠤ᠋ ᠡᠳᠦᠷ ᠶᠠᠪᠤᠭᠳᠠᠭᠰᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠬᠣᠶᠠᠳᠤᠭᠠᠷ ᠤᠳᠠᠭ᠎ᠠ ᠵᠢᠨ ᠪᠦᠬᠦᠳᠡ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶᠢ ᠶᠡᠬᠡ ᠬᠤᠷᠠᠯ᠎ᠳᠤ ᠳᠡᠪᠰᠢᠭᠦᠯᠵᠦ ᠬᠢᠨᠠᠨ ᠵᠥᠪᠯᠡᠭᠦᠯᠪᠡ᠃

ᠮᠡᠳᠡᠭᠦᠯᠦᠯᠲᠡ᠎ᠳᠦ ᠬᠠᠷᠠᠭᠤᠯᠤᠭᠰᠠᠨ᠎ᠢᠶᠡᠷ᠂ 2024 ᠣᠨ᠎ᠳᠤ ᠪᠦᠬᠦ ᠣᠷᠣᠨ᠎ᠤ ᠰᠢᠭᠦᠬᠦ ᠬᠣᠷᠢᠶ᠎ᠠ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠰᠢ᠎ᠶᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠭᠴᠠᠯᠠᠬᠤ ᠠᠵᠢᠯ᠎ᠤᠨ ᠭᠣᠣᠯ ᠰᠢᠵᠢᠮ᠎ᠢ ᠪᠠᠷᠢᠮᠲᠠᠯᠠᠵᠤ᠂ ᠬᠣᠶᠠᠷ ᠶᠡᠬᠡ ᠶᠠᠪᠤᠳᠠᠯ ᠪᠣᠯᠣᠨ 《ᠵᠢᠷᠭᠤᠭᠠᠨ ᠢᠨᠵᠧᠨᠧᠷᠢᠩ》 ᠢ᠋ ᠰᠠᠢᠲᠤᠷ ᠬᠢᠬᠦ᠎ᠳᠦ ᠦᠢᠯᠡᠴᠢᠯᠡᠨ ᠪᠠᠲᠤᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠡᠯ᠎ᠡ ᠵᠦᠢᠯ᠎ᠦᠨ ᠠᠵᠢᠯ ᠰᠢᠨ᠎ᠡ ᠦᠷ᠎ᠡ ᠪᠦᠲᠦᠮᠵᠢ ᠤᠯᠵᠠᠢ᠃

ᠪᠦᠬᠦ ᠣᠷᠣᠨ᠎ᠤ ᠰᠢᠭᠦᠬᠦ ᠬᠣᠷᠢᠶ᠎ᠠ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠭᠣᠣᠯ ᠰᠢᠵᠢᠮ᠎ᠢ ᠪᠠᠲᠦ ᠴᠤᠭᠴᠠᠯᠠᠬᠤ ᠵᠡᠷᠭᠡ 52 ᠵᠦᠢᠯ᠎ᠦᠨ ᠬᠠᠤᠯᠢ ᠴᠠᠭᠠᠵᠠ᠎ᠶᠢᠨ ᠠᠷᠭ᠎ᠠ ᠬᠡᠮᠵᠢᠶ᠎ᠡ᠎ᠶᠢ ᠨᠡᠢᠲᠡᠯᠡᠪᠡ᠃ ᠪᠥᠬᠥ ᠣᠷᠣᠨ᠎ᠤ ᠰᠢᠭᠦᠬᠦ ᠬᠣᠷᠢᠶ᠎ᠠ 108 ᠲᠦᠮᠡᠨ ᠬᠡᠷᠡᠭ᠎ᠢ ᠭᠥᠯᠢᠶᠡᠨ ᠠᠪᠴᠤ ᠰᠢᠢᠳᠪᠦᠷᠢᠯᠡᠵᠤ᠂ 102.7 ᠲᠦᠮᠡᠨ ᠬᠡᠷᠡᠭ᠎ᠢ ᠰᠢᠢᠳᠪᠦᠷᠢᠯᠡᠨ ᠳᠠᠭᠤᠰᠬᠠᠵᠤ᠂ ᠠᠩᠬ᠎ᠠ ᠤᠳᠠᠭ᠎ᠠ ᠵᠠᠭᠤᠨ ᠲᠦᠮᠡ᠎ᠶᠢ ᠳᠠᠪᠠᠵᠤ᠂ 91%᠎ᠶᠢᠨ ᠬᠡᠷᠡᠭ᠎ᠦᠨ ᠨᠢᠭᠡᠳᠦᠭᠡᠷ ᠰᠢᠭᠦᠯᠲᠡ᠎ᠶᠢᠨ ᠰᠢᠭᠦᠨ ᠲᠠᠰᠤᠯᠤᠯᠲᠠ᠎ᠶᠢ ᠳᠠᠭᠠᠵᠤ ᠵᠠᠷᠭᠤ ᠪᠠᠨ ᠵᠣᠭᠰᠣᠭᠠᠪᠠ᠃ ᠠᠷᠠᠳ᠎ᠤᠨ ᠳᠡᠭᠡᠳᠦ ᠰᠢᠭᠦᠬᠦ ᠬᠣᠷᠢᠶ᠎ᠡ᠎ᠡᠴᠡ ᠲᠣᠭᠲᠠᠭᠠᠭᠰᠠᠨ ᠰᠢᠭᠦᠨ ᠲᠠᠰᠤᠯᠬᠤ ᠶᠠᠰᠤ ᠴᠢᠨᠠᠷ᠎ᠤᠨ ᠬᠠᠮᠢᠶᠠᠷᠤᠯᠲᠠ᠎ᠶᠢᠨ 18 ᠵᠦᠢᠯ᠎ᠦᠨ ᠭᠦᠢᠴᠡᠳᠬᠡᠯ ᠲᠣᠭ᠎ᠠ᠎ᠶᠢ ᠴᠥᠮ ᠵᠣᠬᠢᠰᠲᠠᠢ ᠬᠡᠪᠴᠢᠶ᠎ᠠ᠎ᠳᠤ ᠣᠷᠣᠭᠤᠯᠤᠭᠰᠠᠨ ᠪᠤᠶᠤ ᠲᠡᠭᠦᠨ᠎ᠡᠴᠡ ᠳᠠᠪᠠᠭᠤᠯᠢᠭ᠋ ᠪᠠᠢᠯᠭᠠᠪᠠ᠃

ᠪᠥᠬᠥ ᠣᠷᠣᠨ᠎ᠤ ᠰᠢᠭᠦᠬᠦ ᠬᠣᠷᠢᠶ᠎ᠠ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠦ ᠲᠣᠮᠣ᠌ ᠳ᠋ᠠᠢᠲ᠋ᠠ ᠪᠡᠷ ᠲᠤᠰᠠᠯᠠᠬᠤ ᠲᠣᠭᠲᠡᠴᠡ᠎ᠶᠢ ᠪᠠᠢᠭᠤᠯᠵᠤ᠂ 《ᠬᠠᠤᠯᠢ ᠴᠠᠭᠠᠵᠠ ᠵᠢᠨ ᠲᠣᠮᠣ᠌ ᠳ᠋ᠠᠢᠲ᠋ᠠ᠎ᠳᠤ ᠰᠠᠭᠤᠷᠢᠯᠠᠭᠰᠠᠨ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠠᠵᠢᠯᠯᠠᠭᠠᠨ᠎ᠤ ᠪᠠᠢᠳᠠᠯ᠎ᠢ ᠦᠨᠡᠯᠡᠨ ᠵᠢᠱ᠌ᠢᠭᠰᠡᠨ ᠮᠡᠳᠡᠭᠦᠯᠦᠯᠲᠡ》 ᠶ᠋ᠢ ᠲᠣᠭᠲᠠᠭᠠᠨ ᠲᠠᠷᠬᠠᠭᠠᠪᠠ᠃ ᠬᠥᠬᠡᠬᠣᠲᠠ᠎ᠶᠢᠨ ᠲᠡᠮᠦᠷ ᠵᠠᠮ᠎ᠤᠨ ᠲᠡᠭᠡᠭᠡᠪᠦᠷᠢ᠎ᠶᠢᠨ ᠬᠣᠶᠠᠷ ᠱᠠᠲᠤᠨ᠎ᠤ ᠰᠢᠭᠦᠬᠦ ᠬᠣᠷᠢᠶ᠎ᠠ᠎ᠶᠢᠨ ᠣᠷᠴᠢᠨ ᠲᠣᠭᠣᠷᠢᠨ᠎ᠤ ᠡᠬᠢ ᠪᠠᠶᠠᠯᠢᠭ᠋᠎ᠤᠨ ᠬᠡᠷᠡᠭ ᠎ᠤᠨ ᠲᠥᠪᠯᠡᠷᠡᠭᠦᠯᠦᠨ ᠬᠠᠷᠢᠶᠠᠯᠠᠬᠤ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠬᠥᠬᠡᠬᠣᠲᠠ᠎ᠶᠢᠨ ᠳᠤᠮᠳᠠ ᠵᠡᠷᠭᠡ᠎ᠶᠢᠨ ᠰᠢᠭᠦᠬᠦ ᠬᠣᠷᠢᠶ᠎ᠠ᠎ᠳᠤ ᠪᠥᠬᠥ ᠣᠷᠣᠨ᠎ᠤ ᠠᠩᠬᠠᠳᠠᠭ᠍ᠴᠢ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢᠨ ᠰᠢᠭᠦᠬᠦ ᠲᠢᠩᠬᠢᠮ᠎ᠢ ᠪᠠᠢᠭᠤᠯᠵᠤ᠂ ᠲᠤᠰᠬᠠᠢᠵᠢᠭ᠍ᠰᠠᠨ ᠰᠢᠭᠦᠨ ᠲᠠᠰᠤᠯᠤᠯᠲᠠ᠎ᠶᠢ ᠠᠬᠢᠭᠤᠯᠪᠠ᠃ 《ᠬᠥᠬᠡᠬᠣᠲᠠ ᠪᠤᠭᠤᠲᠤ ᠣᠷᠳᠣᠰ ᠤᠯᠠᠭᠠᠨᠴᠠᠪ》 ᠤ᠋ᠨ᠎ᠮᠡᠳᠡᠯᠭᠡ᠎ᠶᠢᠨ ᠦᠮᠴᠢᠯᠡᠯ᠎ᠤᠨ ᠡᠷᠬᠡ᠎ᠶᠢ ᠬᠠᠮᠵᠢᠯᠴᠠᠨ ᠬᠠᠮᠠᠭᠠᠯᠠᠬᠤ ᠪᠠ ᠲᠦᠩᠯᠢᠶᠣᠣ᠂ ᠤᠯᠠᠭᠠᠨᠬᠠᠳᠠ᠎ᠶᠢᠨ ᠬᠠᠤᠯᠢ ᠴᠠᠭᠠᠵᠠ ᠵᠢᠨ ᠬᠠᠮᠵᠢᠯᠴᠠᠭᠠᠨ᠎ᠤ ᠲᠣᠭᠲᠡᠴᠡ᠎ᠶᠢ ᠭᠦᠨᠵᠡᠭᠡᠢᠷᠡᠭᠦᠯᠵᠦ᠂ ᠦᠢᠯᠡᠴᠢᠯᠡᠭᠡᠨ᠎ᠦ ᠣᠷᠣᠨ ᠪᠦᠰᠡ᠎ᠶᠢᠨ ᠬᠠᠮᠵᠢᠯᠴᠠᠨ ᠬᠥᠭᠵᠢᠬᠦ᠎ᠶᠢ ᠰᠢᠯᠢᠳᠡᠭᠵᠢᠭᠦᠯᠪᠡ᠃

ᠪᠥᠬᠥ ᠣᠷᠣᠨ᠎ᠤ ᠰᠢᠭᠦᠬᠦ ᠬᠣᠷᠢᠶ᠎ᠠ 《ᠬᠠᠤᠯᠢ ᠴᠠᠭᠠᠵᠠ ᠵᠢᠨ ᠣᠯᠠᠨ ᠨᠡᠶ᠋ᠢᠲᠡ᠎ᠶᠢᠨ ᠢᠲᠡᠭᠡᠮᠵᠢ᠎ᠶᠢ ᠳᠡᠭᠡᠭᠰᠢᠯᠡᠭᠦᠯᠬᠦ ᠣᠨ》 ᠤ᠋ ᠠᠵᠢᠯᠯᠠᠭ᠎ᠠ᠎ᠶᠢ ᠥᠷᠨᠢᠭᠦᠯᠵᠦ᠂ ᠢᠲᠡᠭᠡᠯ ᠠᠯᠳᠠᠭᠰᠠᠳ᠎ᠢ ᠵᠠᠯᠬᠠᠭᠠᠨ ᠴᠡᠭᠡᠷᠯᠡᠭᠦᠯᠬᠦ ᠪᠠ ᠢᠲᠡᠭᠡᠯ ᠲᠠᠢ ᠶᠠᠪᠤᠭᠰᠠᠳ᠎ᠢ ᠤᠷᠮᠠᠰᠢᠭᠤᠯᠬᠤ᠎ᠶᠢ ᠴᠢᠩᠭᠠᠳᠬᠠᠨ᠂ 16.3 ᠲᠦᠮᠡᠨ ᠬᠥᠮᠥᠨ ᠤᠳᠠᠭ᠎ᠠ ᠵᠢᠨ ᠦᠨᠳᠦᠷ ᠬᠡᠷᠡᠭᠯᠡᠭᠡ᠎ᠶᠢ ᠬᠢᠵᠠᠭᠠᠷᠯᠠᠵᠤ᠂ ᠢᠲᠡᠭᠡᠯ ᠠᠯᠳᠠᠭᠰᠠᠨ ᠭᠦᠢᠴᠡᠳᠬᠡᠭᠳᠡᠭᠴᠢ᠎ᠶᠢ 3.1 ᠲᠦᠮᠡᠨ ᠬᠥᠮᠥᠨ ᠤᠳᠠᠭ᠎ᠠ ᠨᠡᠢᠲᠡᠯᠡᠵᠦ᠂ ᠭᠦᠢᠴᠡᠳᠬᠡᠬᠦ᠎ᠶᠢ ᠲᠡᠪᠴᠢᠭᠰᠡᠨ ᠶᠠᠯᠠᠲᠤ ᠠᠵᠢᠯᠯᠠᠭ᠎ᠠ᠎ᠶᠢ 35 ᠬᠤᠪᠢ 56 ᠬᠥᠮᠥᠨ ᠤᠳᠠᠭ᠎ᠠ ᠰᠢᠭᠦᠨ ᠰᠢᠢᠳᠪᠤᠷᠢᠯᠡᠵᠦ᠂ ᠰᠠᠨᠠᠭᠠᠴᠢᠯᠠᠭ᠎ᠠ᠎ᠡᠴᠡ ᠪᠠᠨ ᠭᠦᠢᠴᠡᠳᠬᠡᠭᠰᠡᠨ ᠲᠤᠬᠠᠢ᠎ᠶᠢᠨ ᠬᠥᠮᠥᠨ᠎ᠳᠦ 1.7 ᠲᠦᠮᠡᠨ ᠬᠤᠪᠢ ᠭᠦᠢᠴᠡᠳᠬᠡᠵᠦ ᠳᠠᠭᠤᠰᠤᠭᠰᠠᠨ ᠭᠡᠷᠡᠴᠢ ᠪᠢᠴᠢᠭ ᠣᠯᠭᠣᠪᠠ᠃ ᠪᠥᠬᠥ ᠣᠷᠣᠨ᠎ᠤ ᠰᠢᠭᠦᠬᠦ ᠬᠣᠷᠢᠶ᠎ᠠ ᠨᠠᠰᠤᠨ᠎ᠳᠤ ᠥᠯᠥ ᠭᠦᠷᠦᠭᠰᠡᠳ᠎ᠦᠨ ᠦᠰᠦᠨ ᠪᠣᠶ᠋ᠢᠵᠢᠯᠲᠠ᠎ᠶᠢ ᠠᠩᠬᠠᠷᠤᠨ ᠬᠠᠯᠠᠮᠵᠢᠯᠠᠵᠤ᠂ 882 ᠰᠢᠭᠦᠬᠦ ᠲᠤᠰᠢᠶᠠᠯᠲᠠᠨ 936 ᠳᠤᠮᠳᠠᠳᠤ ᠪᠠᠭ᠎ᠠ ᠰᠤᠷᠭᠠᠭᠤᠯᠢ᠎ᠶᠢᠨ ᠬᠠᠤᠯᠢᠵᠢᠯ᠎ᠤᠨ ᠳᠡᠳ᠋ ᠵᠠᠬᠢᠷᠤᠯ᠎ᠤᠨ ᠲᠤᠰᠢᠶᠠᠯ᠎ᠢ ᠡᠭᠦᠷᠭᠡᠯᠡᠵᠦ᠂ 1016 ᠲᠠᠯᠠᠪᠤᠷ ᠤᠳᠠᠭ᠎ᠠ ᠤᠬᠠᠭᠤᠯᠤᠨ ᠲᠠᠢᠯᠪᠤᠷᠢᠯᠠᠪᠠ᠃ ᠪᠥᠬᠥ ᠣᠷᠣᠨ᠎ᠤ ᠰᠢᠭᠦᠬᠦ ᠬᠣᠷᠢᠶ᠎ᠠ ᠵᠠᠷᠭᠤ ᠢᠯᠠᠭᠰᠠᠨ ᠡᠷᠬᠡ ᠠᠰᠢᠭ᠋ ᠎ᠢ ᠪᠥᠬᠥ ᠬᠦᠴᠦᠨ᠎ᠢᠶᠡᠷ ᠭᠦᠢᠴᠡᠳᠬᠡᠵᠦ᠂ 38.3 ᠲᠦᠮᠡᠨ ᠬᠡᠷᠡᠭ᠎ᠢ ᠭᠦᠢᠴᠡᠳᠬᠡᠵᠦ ᠳᠠᠭᠤᠰᠬᠠᠪᠠ᠃

ᠪᠥᠬᠥ ᠣᠷᠣᠨ᠎ᠤ ᠰᠢᠭᠦᠬᠦ ᠬᠣᠷᠢᠶ᠎ᠠ 《ᠤᠮᠠᠷᠠᠲᠤ ᠬᠢᠯᠢ᠎ᠶᠢᠨ ᠹᠸᠩᠴᠢᠶᠤᠤ》 ᠣᠯᠠᠨ ᠡᠰᠢᠴᠢᠯᠡᠭᠰᠡᠨ ᠰᠢᠢᠳᠪᠦᠷᠢᠯᠡᠬᠦ ᠲᠦᠷᠦᠯ ᠲᠡᠮᠳᠡᠭ᠎ᠢ ᠭᠦᠨᠵᠡᠭᠡᠢᠷᠡᠭᠦᠯᠵᠦ᠂ ᠵᠠᠭᠠᠯᠳᠤᠬᠤ᠎ᠡᠴᠡ ᠡᠮᠦᠨ᠎ᠡ ᠨᠡᠶ᠋ᠢᠲᠡ 33.3 ᠲᠦᠮᠡᠨ ᠬᠤᠪᠢ ᠬᠡᠷᠡᠭ᠎ᠢ ᠰᠢᠢᠳᠪᠦᠷᠢᠯᠡᠵᠦ᠂ ᠠᠮᠵᠢᠯᠲᠠ ᠣᠯᠣᠭᠰᠠᠨ ᠨᠣᠷᠮ᠎ᠠ ᠨᠢ 81.4%᠎ᠳᠤ ᠬᠥᠷᠪᠡ᠃ 《ᠲᠥᠯᠥᠭᠡᠯᠡᠭᠴᠢ᠂ ᠭᠡᠰᠢᠭᠦᠨ + ᠰᠢᠭᠦᠬᠦ ᠬᠣᠷᠢᠶ᠎ᠠ》 ᠤᠯᠠᠨ ᠡᠰᠢᠴᠢᠯᠡᠭᠰᠡᠨ ᠰᠢᠢᠳᠪᠦᠷᠢᠯᠡᠬᠦ ᠲᠣᠭᠲᠡᠴᠡ᠎ᠶᠢ ᠭᠦᠨᠵᠡᠭᠡᠢᠷᠡᠭᠦᠯᠵᠦ᠂ ᠬᠠᠤᠯᠢ᠎ᠶᠢᠨ ᠤᠬᠠᠭᠠᠨ᠎ᠤ ᠨᠡᠢᠭᠡᠮᠯᠢᠭ᠎ᠲᠠᠢ ᠬᠠᠮᠲᠤ᠎ᠪᠠᠷ 《ᠲᠡᠷᠢᠭᠦᠨ᠎ᠤ ᠬᠠᠤᠯᠢ ᠴᠠᠭᠠᠵᠠ᠎ᠶᠢᠨ ᠵᠥᠪᠯᠡᠯᠭᠡ ᠥᠭᠬᠦ ᠲᠤᠰᠬᠠᠢ ᠮᠡᠷᠭᠡᠵᠢᠯᠲᠡᠨ + ᠰᠢᠭᠦᠬᠦ ᠬᠣᠷᠢᠶ᠎ᠠ》 ᠵᠢᠨ ᠲᠣᠭᠲᠡᠴᠡ᠎ᠶᠢ ᠪᠠᠢᠭᠤᠯᠵᠤ᠂ ᠲᠤᠰᠬᠠᠢ ᠮᠡᠷᠭᠡᠵᠢᠯᠲᠡᠨ᠎ᠦ ᠦᠷᠳᠡᠭᠡ᠎ᠶᠢ ᠦᠨᠳᠦᠰᠦᠨ ᠱᠠᠲᠤᠨ᠎ᠳᠤ ᠨᠡᠢᠳᠡᠮ ᠪᠦᠷᠬᠦᠭᠦᠯᠬᠦ᠎ᠶᠢ ᠪᠡᠶᠡᠯᠡᠭᠦᠯᠵᠦ᠂ ᠪᠦᠬᠦ ᠣᠷᠣᠨ᠎ᠤ 1800 ᠨᠡᠷᠡᠰ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠠ 1750 ᠨᠡᠷᠡᠰ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ 2.2 ᠲᠦᠮᠡᠨ ᠬᠡᠷᠡᠭ᠎ᠢ ᠠᠮᠵᠢᠯᠲᠠ᠎ᠲᠠᠢ ᠡᠶᠡᠳᠡᠭᠦᠯᠵᠦ᠂ 753 ᠨᠡᠷᠡᠰ ᠲᠡᠷᠢᠭᠦᠨ ᠵᠡᠷᠭᠡ ᠵᠢᠨ ᠲᠤᠰᠬᠠᠢ ᠮᠡᠷᠭᠡᠵᠢᠯᠲᠡᠨ 8096 ᠬᠡᠷᠡᠭ᠎ᠢ ᠠᠮᠵᠢᠯᠲᠠ᠎ᠲᠠᠢ ᠡᠶᠡᠳᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面