2025 ᠣᠷᠣᠨ᠎ᠤ᠋ ᠬᠤᠶᠠᠷ ᠬᠤᠷᠠᠯ > ᠣᠨᠴᠠ ᠮᠡᠳᠡᠭᠡᠯᠡᠯ

2025-01-16 09:47:47

ᠵᠣᠬᠢᠶᠠᠭ᠍ᠴᠢ᠄ ᠭᠤᠤ ᠬᠤᠢ ᠵᠠᠩ ᠬᠤᠢ ᠯᠢᠩ ᠣᠩᠱᠢᠭ᠍ᠰᠠᠨ ᠣᠳᠠᠭ᠎ᠠ᠄ 3

1 ᠰᠠᠷ᠎ᠠ᠎ᠶᠢᠨ 15 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ᠎ᠵᠢᠨ ᠭᠤᠷᠪᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠭᠡᠰᠢᠭᠦᠳ ᠳᠤᠭᠤᠢᠯᠠᠩ ᠬᠤᠪᠢᠶᠠᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠢ ᠶᠠᠷᠢᠯᠴᠠᠪᠠ᠃

ᠡᠯ᠎ᠡ ᠶᠠᠷᠢᠯᠴᠠᠬᠤ ᠬᠤᠷᠠᠯ᠎ᠤᠨ ᠠᠬᠤᠢ ᠲᠠᠯᠠᠪᠠᠢ᠎ᠳᠤ ᠭᠡᠰᠢᠭᠦᠳ ᠲᠥᠷᠥᠭᠳᠡᠯ᠎ᠢᠶᠡᠨ ᠶᠠᠷᠢᠵᠤ᠂ ᠬᠥᠭᠵᠢᠯᠲᠡ᠎ᠶᠢ ᠶᠠᠷᠢᠯᠴᠠᠵᠤ᠂ ᠬᠦᠷ ᠬᠥᠭᠵᠢᠶᠡᠨ᠎ᠢᠶᠡᠷ ᠪᠢᠯᠬᠠᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠦᠨ ᠠᠭᠤᠯᠭ᠎ᠠ ᠨᠢ ᠪᠥᠬᠥ ᠲᠠᠯ᠎ᠠ᠎ᠶᠢᠨ᠂ ᠲᠣᠭ᠎ᠠ ᠪᠠᠷᠢᠮᠲᠠ ᠨᠢ ᠨᠠᠷᠢᠨ ᠪᠣᠳᠠᠲᠠᠢ᠂ ᠭᠣᠣᠯᠳᠠᠯᠭ᠎ᠠ ᠨᠢ ᠲᠣᠪᠣᠢᠮ᠎ᠠ ᠪᠠᠢᠵᠤ᠂ ᠣᠨᠴᠠᠯᠢᠭ᠋ ᠨᠢ ᠢᠯᠡ ᠲᠣᠳᠣ᠌᠂ ᠬᠢᠯᠠᠰ ᠴᠡᠭ ᠵᠠᠯᠭᠠᠭ᠎ᠠ᠎ᠪᠠᠷ ᠢᠯᠡᠷᠡᠭᠰᠡᠨ᠂ ᠬᠥᠮᠥᠰ᠎ᠦᠨ ᠰᠡᠳᠬᠢᠯ᠎ᠢ ᠨᠢᠭ᠍ᠲᠠᠷᠠᠭᠤᠯᠤᠭᠰᠠᠨ 《ᠠᠮᠵᠢᠯᠲᠠ᠎ᠶᠢᠨ ᠬᠠᠭᠤᠳᠠᠰᠤ》 ᠪᠤᠯᠤᠨ᠎ᠠ᠂ ᠪᠠᠰᠠ ᠴᠤ᠌ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢᠷᠡᠭᠦᠯᠬᠦ᠂ ᠴᠢᠨᠠᠷ ᠰᠠᠢᠲᠠᠢ ᠬᠥᠭᠵᠢᠯᠲᠡ᠎ᠶᠢ ᠪᠥᠬᠥ ᠲᠠᠯ᠎ᠠ᠎ᠪᠠᠷ ᠠᠬᠢᠭᠤᠯᠬᠤ 《ᠪᠠᠷᠢᠯᠭ᠎ᠠ᠎ᠶᠢᠨ ᠵᠢᠷᠤᠭ ᠲᠥᠰᠥᠪ》 ᠪᠣᠯᠣᠨ᠎ᠠ᠂ ᠡᠨᠡ ᠨᠢ ᠬᠥᠮᠥᠰ᠎ᠢ ᠶᠡᠬᠡᠳᠡ ᠤᠷᠮᠠᠰᠢᠭᠤᠯᠤᠨ ᠵᠣᠷᠢᠭ᠍ᠵᠢᠭᠤᠯᠪᠠ ᠭᠡᠵᠦ ᠣᠯᠠᠨ᠎ᠢᠶᠠᠷ᠎ᠢᠶᠠᠨ ᠰᠠᠨᠠᠯ ᠨᠢᠭᠡᠲᠡᠢ ᠦᠵᠡᠵᠡᠭᠡᠪᠡ᠃

ᠲᠠᠷᠢᠶᠠᠯᠠᠩ ᠮᠠᠯ ᠠᠵᠤ ᠠᠬᠤᠢ᠎ᠶᠢᠨ ᠡᠲᠡᠭᠡᠳ᠎ᠦᠨ ᠯᠢ ᡁᠢ ᠭᠠᠩ ᠭᠡᠰᠢᠭᠦᠨ᠄ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠡᠩ ᠲᠡᠷᠢᠭᠦᠨ᠎ᠳᠦ ᠬᠥᠮᠥᠰ᠎ᠢ ᠵᠣᠷᠢᠭ᠍ᠵᠢᠭᠤᠯᠤᠭᠰᠠᠨ ᠨᠢ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠵᠢᠱ᠌ᠢᠯᠲᠡ᠎ᠪᠡᠷ 6% ᠣᠷᠴᠢᠮ ᠨᠡᠮᠡᠭᠳᠡᠵᠦ᠂ 2.6 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠶᠡᠷᠦᠩᠬᠡᠢ ᠬᠡᠮᠵᠢᠶ᠎ᠡ ᠨᠢ ᠪᠦᠬᠦ ᠤᠯᠤᠰ᠎ᠤᠨ ᠨᠡᠷᠡᠰ᠎ᠦᠨ ᠵᠢᠭ᠍ᠰᠠᠭᠠᠯᠲᠠ᠎ᠳᠤ 20 ᠳ᠋ᠤᠭᠠᠷ᠎ᠲᠤ ᠣᠷᠣᠵᠤ᠂ 5 ᠵᠢᠯ ᠠᠯᠤᠰᠯᠠᠭᠠᠳ ᠪᠦᠬᠦ ᠤᠯᠤᠰ᠎ᠤᠨ ᠳᠤᠮᠳᠠ ᠲᠦᠪᠰᠢᠨ᠎ᠳᠤ ᠪᠤᠴᠠᠬᠤ ᠪᠣᠯᠣᠮᠵᠢ᠎ᠲᠠᠢ ᠪᠤᠯᠤᠭᠰᠠᠨ ᠶᠠᠪᠤᠳᠠᠯ ᠪᠤᠯᠤᠨ᠎ᠠ᠃ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠳᠤᠷᠢᠳᠤᠯᠭ᠎ᠠ ᠳᠣᠣᠷ᠎ᠠ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠵᠤ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠂ 〈ᠵᠢᠷᠭᠤᠭᠠᠨ ᠢᠨᠵᠧᠨᠧᠷᠢᠩ〉 ᠢ᠋ ᠰᠠᠢᠲᠤᠷ ᠠᠳᠬᠤᠭᠰᠠᠨ ᠮᠥᠨ ᠴᠢᠨᠠᠷ᠎ᠤᠨ ᠠᠯᠬᠤᠭ᠎ᠠ ᠪᠣᠯᠣᠨ᠎ᠠ; ᠳᠠᠷᠠᠭᠠᠯᠠᠪᠠᠯ ᠠᠮᠤ ᠪᠤᠳᠠᠭᠠᠨ᠎ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ᠎ᠳᠦ ᠬᠦᠷᠴᠦ᠂ 〈ᠬᠣᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ〉 ᠵᠢ ᠪᠡᠶᠡᠯᠡᠭᠦᠯᠵᠦ᠂ ᠨᠡᠮᠡᠭᠳᠡᠯ᠎ᠦᠨ ᠬᠡᠮᠵᠢᠶ᠎ᠡ᠎ᠨᠢ ᠪᠥᠬᠥ ᠤᠯᠤᠰ᠎ᠲᠤ ᠭᠤᠷᠪᠠᠳᠤᠭᠠᠷ᠎ᠲᠤ ᠵᠢᠭᠰᠠᠪᠠ᠃ ᠲᠠᠷᠢᠶᠠᠯᠠᠩ᠎ᠤᠨ ᠠᠵᠢᠯᠲᠠᠨ ᠪᠣᠯᠤᠭᠰᠠᠨ᠎ᠤ ᠬᠤᠪᠢ᠎ᠳᠤ ᠪᠢᠳᠡ ᠮᠠᠰᠢ ᠣᠮᠣᠭᠰᠢᠵᠤ ᠪᠠᠢᠨ᠎ᠠ᠃ ᠢᠯᠡᠳᠭᠡᠯ᠎ᠤᠨ 2025 ᠣᠨ᠎ᠤ ᠠᠵᠢᠯ᠎ᠤᠨ ᠲᠣᠬᠢᠷᠠᠭᠤᠯᠤᠯᠲᠠ᠎ᠳᠤ 〈ᠪᠣᠬᠢᠷᠲᠤᠯ ᠦᠭᠡᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠡᠳ᠋ᠰᠢᠭᠦᠯᠬᠦ ᠦᠢᠯᠡᠰ᠎ᠢ ᠰᠠᠢᠲᠤᠷ ᠬᠢᠬᠦ ᠬᠡᠷᠡᠭᠲᠡᠢ〉 ᠭᠡᠵᠦ ᠳᠤᠷᠠᠳᠤᠭᠰᠠᠨ ᠪᠥᠭᠡᠳ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠠᠵᠢᠯ᠎ᠳᠤ ᠴᠢᠭᠯᠡᠯ᠎ᠢ ᠲᠣᠳᠣᠷᠬᠠᠢ ᠵᠢᠭᠠᠵᠤ ᠥᠭᠴᠡᠢ》 ᠭᠡᠪᠡ᠃

《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ 〈ᠣᠯᠠᠨ ᠲᠦᠮᠡᠨ᠎ᠢ ᠭᠡᠷ᠎ᠦᠨ᠎ᠢᠶᠡᠨ ᠡᠭᠦᠳᠡᠨ᠎ᠳᠦ ᠡᠪᠡᠳᠴᠢᠨ᠎ᠢᠶᠡᠨ ᠡᠮᠨᠡᠭᠦᠯᠵᠦ ᠳᠡᠢᠯᠬᠦ ᠪᠣᠯᠭᠠᠬᠤ ᠬᠡᠷᠡᠭᠲᠡᠢ〉 ᠭᠡᠵᠦ ᠳᠤᠷᠠᠳᠤᠭᠰᠠᠨ᠎ᠢ ᠪᠢ ᠮᠠᠰᠢ ᠵᠦᠪᠰᠢᠶᠡᠷᠡᠵᠦ ᠪᠠᠢᠨ᠎ᠠ᠃ ᠣᠳᠣᠬᠠᠨ᠎ᠳᠤ ᠥᠪᠥᠷ ᠮᠣᠩᠭᠣᠯ ᠤᠯᠤᠰ᠎ᠤᠨ ᠣᠷᠣᠨ ᠪᠦᠰᠡ᠎ᠶᠢᠨ ᠡᠮᠴᠢᠯᠡᠭᠡᠨ᠎ᠦ ᠲᠥᠪ᠎ᠦᠨ ᠪᠦᠲᠦᠭᠡᠨ ᠪᠠᠢᠭᠤᠯᠤᠯᠲᠠ᠎ᠶᠢ ᠪᠥᠬᠥ ᠬᠦᠴᠦᠨ᠎ᠢᠶᠡᠷ ᠠᠬᠢᠭᠤᠯᠵᠤ᠂ ᠱᠠᠲᠤᠴᠢ ᠴᠢᠨᠠᠷᠲᠠᠢ ᠦᠷ᠎ᠡ ᠪᠦᠲᠦᠭᠡᠯ ᠣᠯᠪᠠ᠃ ᠨᠢᠭᠡ ᠲᠠᠯ᠎ᠠ᠎ᠪᠠᠷ᠂ ᠠᠷᠠᠳ ᠲᠦᠮᠡᠨ᠎ᠢ ᠭᠡᠷ᠎ᠦᠨ᠎ᠵᠢᠡᠨ ᠡᠭᠦᠳᠡᠨ ᠳ᠋ᠦ᠍ ᠨᠠᠷᠠᠲᠤ ᠡᠮᠴᠢ᠎ᠶᠢᠨ ᠡᠬᠢ ᠪᠠᠶᠠᠯᠢᠭ᠋᠎ᠢ ᠡᠳ᠋ᠯᠡᠵᠦ ᠳᠡᠢᠯᠬᠦ ᠪᠤᠯᠭᠠᠵᠤ᠂ ᠣᠨᠣᠰᠢᠯᠠᠨ ᠡᠮᠨᠡᠬᠦ ᠳᠥᠭᠥᠮ ᠳᠥᠲᠡ ᠴᠢᠨᠠᠷ ᠪᠠ ᠦᠷᠭᠦᠯᠵᠢᠯᠡᠬᠦ ᠴᠢᠨᠠᠷ᠎ᠢ ᠪᠠᠲᠤᠯᠠᠵᠤ᠂ ᠨᠥᠭᠥᠭᠡ ᠲᠠᠯ᠎ᠠ᠎ᠪᠠᠷ ᠪᠠᠰᠠ ᠥᠪᠡᠷᠲᠡᠭᠡᠨ ᠵᠠᠰᠠᠬᠤ ᠣᠷᠣᠨ᠎ᠳᠤ ᠨᠢᠭᠡ ᠪᠦᠯᠦᠭ ᠰᠢᠯᠢᠳᠡᠭ ᠪᠡᠯᠡᠳᠬᠡᠯ ᠴᠢᠳᠠᠪᠤᠷᠢᠲᠠᠨ᠎ᠢ ᠬᠥᠮᠥᠵᠢᠭᠦᠯᠦᠨ ᠥᠭᠴᠦ᠂ ᠲᠣᠰ ᠭᠠᠵᠠᠷ᠎ᠤᠨ ᠡᠮᠨᠡᠯᠭᠡ᠎ᠶᠢᠨ ᠬᠤᠷᠢᠶ᠎ᠠ᠎ᠵᠢᠨ ᠡᠮᠴᠢᠯᠡᠭᠡᠨ᠎ᠦ ᠦᠢᠯᠡᠴᠢᠯᠡᠭᠡ᠎ᠶᠢᠨ ᠶᠠᠰᠤ ᠴᠢᠨᠠᠷ᠎ᠢ ᠪᠥᠬᠥ ᠲᠠᠯ᠎ᠠ᠎ᠪᠠᠷ ᠳᠡᠭᠡᠭᠰᠢᠯᠡᠭᠦᠯᠵᠦ ᠪᠣᠯᠣᠨ᠎ᠠ᠃ ᠡᠮᠨᠡᠯᠭᠡ᠎ᠶᠢᠨ ᠠᠵᠢᠯᠲᠠᠨ ᠪᠣᠯᠤᠭᠰᠠᠨ᠎ᠤ ᠬᠤᠪᠢ᠎ᠳᠤ ᠪᠢ ᠮᠡᠳᠡᠭᠦᠯᠦᠯᠲᠡ᠎ᠳᠡᠬᠢ ᠱᠠᠭᠠᠷᠳᠠᠯᠭ᠎ᠠ᠎ᠶᠢ ᠦᠷᠭᠦᠯᠵᠢᠯᠡᠨ ᠢᠳᠡᠪᠬᠢᠲᠡᠢ ᠴᠤᠤᠷᠢᠶᠠᠲᠤᠨ ᠳᠠᠭᠠᠵᠤ᠂ ᠲᠥᠷᠥ᠎ᠶᠢᠨ ᠪᠣᠳᠣᠯᠭ᠎ᠠ᠎ᠶᠢᠨ ᠠᠵᠠ ᠲᠣᠬᠢᠶᠠᠯ᠎ᠢ ᠠᠮᠵᠢᠨ ᠥᠪᠡᠷ᠎ᠦᠨ ᠲᠤᠬᠠᠢᠯᠠᠭᠰᠠᠨ ᠠᠵᠢᠯ᠎ᠤᠨ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠢᠲᠠᠢ ᠣᠨᠣᠰᠢᠯᠠᠨ ᠡᠮᠨᠡᠬᠦ ᠦᠢᠯᠡᠴᠢᠯᠡᠭᠡ᠎ᠶᠢ ᠰᠡᠳᠬᠢᠯ ᠲᠠᠯᠪᠢᠨ ᠰᠠᠢᠲᠤᠷ ᠬᠢᠵᠦ᠂ ᠣᠯᠠᠨ ᠲᠦᠮᠡᠨ᠎ᠦ ᠡᠷᠡᠭᠦᠯ ᠮᠡᠨᠳᠦ᠎ᠶᠢᠨ ᠬᠠᠮᠠᠭᠠᠯᠠᠭ᠍ᠴᠢ ᠪᠣᠯᠣᠨ᠎ᠠ》 ᠭᠡᠵᠦ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠎ᠦᠨ ᠭᠡᠰᠢᠭᠦᠨ ᠭᠦᠸᠧ ᠰᠢᠨ ᠵᠢᠶᠦ᠋ᠨ ᠬᠡᠯᠡᠪᠡ᠃

ᠠᠵᠢᠯᠴᠢᠨ᠎ᠤ ᠡᠪᠯᠡᠯ᠎ᠦᠨ ᠡᠲᠡᠭᠡᠳ᠎ᠦᠨ ᠬᠠᠨ ᠸᠧᠢ ᠭᠡᠱᠢᠭᠦᠨ᠂ ᠨᠢᠭᠡ ᠵᠢᠯ᠎ᠦᠨ ᠲᠤᠷᠱᠢᠬᠢ ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠵᠦᠢᠯ᠎ᠦᠨ ᠠᠵᠢᠯ᠎ᠤᠨ ᠣᠯᠤᠯᠲᠠ ᠪᠠ ᠠᠬᠢᠴᠠ ᠨᠢ ᠬᠥᠮᠦᠰ᠎ᠢ ᠵᠣᠷᠢᠭ᠍ᠵᠢᠭᠤᠯᠤᠨ᠎ᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 11 ᠲᠠᠯ᠎ᠠ᠎ᠶ᠋ᠢᠨ ᠠᠵᠢᠯ᠎ᠢ ᠭᠤᠤᠯᠳᠠᠯᠭ᠎ᠠ᠎ᠲᠠᠶ ᠰᠠᠢᠲᠤᠷ ᠬᠢᠨ᠎ᠠ ᠭᠡᠵᠦ ᠳᠤᠷᠠᠳᠪᠠ᠃ ᠡᠭᠦᠨ᠎ᠳᠦ 2 ᠳ᠋ᠤᠭᠠᠷ ᠵᠤᠷᠪᠤᠰ᠎ᠲᠤ ᠣᠯᠠᠨ ᠲᠦᠮᠡᠨ 《ᠰᠠᠢᠨ ᠬᠡᠷ ᠪᠠᠢᠰᠢᠩ᠂ ᠰᠠᠢᠨ ᠰᠠᠭᠤᠭᠠᠯᠢ ᠠᠷᠠᠳ᠎ᠤᠨ ᠲᠣᠭᠣᠷᠢᠭ》 ᠲᠦ᠍ ᠬᠦᠰᠡᠯ ᠡᠷᠡᠮᠡᠯᠵᠡᠯ ᠳᠠᠯᠪᠢᠵᠦ ᠪᠠᠢᠭ᠎ᠠ ᠪᠤᠯᠬᠤᠷ ᠣᠷᠣᠨ ᠰᠠᠭᠤᠴᠠ᠎ᠶ᠋ᠢᠨ ᠪᠥᠲᠥᠭᠡᠨ ᠪᠠᠢᠭᠤᠯᠤᠯᠲᠠ ᠪᠠ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠬᠢᠷᠢ ᠲᠦᠪᠱᠢᠨ᠎ᠢᠶᠡᠨ ᠳᠡᠭᠡᠭ᠌ᠰᠢᠯᠡᠭᠦᠯᠬᠦ᠌ ᠬᠡᠷᠡᠭ᠌ᠲᠡᠶ ᠭᠡᠵᠠᠢ᠃《ᠵᠢᠵᠢᠭ ᠠᠳᠠᠯ ᠠᠬᠤᠢ》 ᠨᠢ 《ᠶᠡᠬᠡ ᠠᠷᠠᠳ᠎ᠤᠨ ᠠᠮᠢᠳᠤᠷᠠᠯ ᠲᠠᠶ ᠬᠣᠯᠪᠣᠭ᠍ᠳᠠᠵᠤ》᠂ ᠠᠳᠠᠯ ᠠᠬᠤᠢ᠎ᠶ᠋ᠢᠨ ᠬᠠᠮᠢᠶᠠᠷᠤᠯᠲᠠ᠎ᠶ᠋ᠢᠨ ᠬᠢᠷᠢ ᠲᠦᠪᠱᠢᠨ᠎ᠦ ᠥᠨᠳᠥᠷ ᠳᠣᠣᠷ᠎ᠠ ᠨᠢ ᠲᠦᠭ ᠲᠦᠮᠡᠨ ᠠᠢᠯ ᠡᠷᠦᠬᠡ᠎ᠶ᠋ᠢᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠨᠥᠯᠥᠭᠡᠯᠡᠵᠦ᠍ ᠪᠠᠢᠳᠠᠭ᠃ ᠠᠳᠠᠯ ᠠᠬᠤᠶ᠎ᠶ᠋ᠢᠨ ᠠᠵᠢᠯ ᠲᠥᠷᠥᠯ᠎ᠦᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ ᠪᠢᠳᠡ ᠮᠠᠨ᠎ᠤ ᠣᠷᠣᠨ᠎ᠤ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠬᠠᠮᠤᠭ᠎ᠤᠨ ᠱᠢᠨ᠎ᠡ᠎ᠪᠡᠷ ᠨᠡᠢᠲᠡᠯᠡᠭ᠌ᠰᠡᠨ ᠲᠦᠷᠢᠮ᠎ᠢᠶᠡᠷ ᠠᠵᠠ ᠲᠣᠬᠢᠶᠠᠯ ᠪᠣᠯᠭᠠᠵᠤ᠂ ᠠᠵᠢᠯ᠎ᠤᠨ ᠰᠡᠳᠭᠢᠮᠵᠢ ᠪᠡᠨ ᠥᠷᠭᠡᠳᠭᠡᠨ᠂ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠠᠷᠭ᠎ᠠ ᠬᠡᠮᠵᠢᠶ᠎ᠡ ᠵᠢᠨ ᠱᠢᠨ᠎ᠡ᠎ᠶ᠋ᠢ ᠡᠭᠦᠳᠴᠦ᠍᠂ ᠮᠠᠨ᠎ᠤ ᠣᠷᠣᠨ᠎ᠤ ᠠᠳᠠᠯ ᠠᠬᠤᠶ᠎ᠶ᠋ᠢᠨ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠪᠠ᠃

ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠡᠲᠡᠭᠡᠳ᠎ᠦᠨ ᠭᠡᠱᠢᠭᠦᠨ ᠴᠧᠨ ᠪᠦᠦ ᠢᠦᠢ᠄《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠵᠣᠬᠢᠶᠠᠮᠠᠯ ᠤᠶᠤᠨ ᠴᠢᠳᠠᠪᠤᠷᠢ᠎ᠶ᠋ᠢᠨ ᠠᠵᠤ ᠦᠢᠯᠡᠰ᠎ᠦᠨ ᠰᠠᠭᠤᠷᠢᠨ᠎ᠢ ᠪᠠᠢᠭᠤᠯᠤᠨ᠎ᠠ ᠭᠡᠵᠦ᠍ ᠳᠤᠷᠠᠳᠴᠠᠢ᠂ ᠡᠨᠡ ᠨᠢ ᠨᠠᠳᠠ᠎ᠳᠤ ᠭᠦᠨ ᠰᠠᠭᠤᠭ᠍ᠳᠠᠯ ᠦᠯᠡᠳᠡᠭᠡᠵᠡᠢ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠺᠣᠮᠫᠠᠨᠢ᠎ᠶ᠋ᠢᠨ ᠠᠵᠢᠯᠲᠠᠨ ᠪᠣᠯᠤᠭ᠍ᠰᠠᠨ᠎ᠤ ᠬᠤᠪᠢ᠎ᠳᠤ ᠪᠢ 〈ᠥᠪᠥᠷ ᠮᠣᠩᠭᠣᠯ᠎ᠤᠨ ᠪᠣᠬᠢᠷᠲᠤᠯ ᠦᠭᠡᠢ ᠪᠤᠳᠤᠬᠤ ᠴᠢᠳᠠᠪᠤᠷᠢ᠎ᠶ᠋ᠢᠨ ᠳᠠᠪᠠᠭᠤᠯᠢᠭ᠎ᠢ ᠪᠠᠳᠠᠷᠠᠭᠤᠯᠵᠤ᠂ ᠵᠣᠬᠢᠶᠠᠮᠠᠯ ᠤᠶᠤᠨ ᠴᠢᠳᠠᠪᠤᠷᠢ ᠪᠣᠯᠤᠨ ᠲᠣᠭᠠᠴᠢᠯᠠᠭ᠍ᠰᠠᠨ ᠳᠠᠩᠰᠠ ᠡᠪᠬᠡᠮᠡᠯ᠎ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠪᠦᠷᠢᠯᠳᠦᠭᠦᠯᠬᠦ᠌ ᠬᠡᠷᠡᠭ᠌ᠲᠡᠢ〉 ᠭᠡᠰᠡᠨ ᠰᠠᠨᠠᠯ ᠳᠤᠷᠠᠳᠤᠯᠭ᠎ᠠ ᠳᠡᠪᠰᠢᠬᠦᠯᠪᠠ᠃ ᠪᠢᠳᠡ ᠥᠪᠥᠷ ᠮᠣᠩᠭᠣᠯ᠎ᠤᠨ ᠲᠠᠩᠰᠠ ᠡᠪᠬᠡᠮᠡᠯ᠎ᠦᠨ ᠰᠣᠶᠣᠯ᠎ᠤᠨ ᠠᠭᠤᠯᠤᠭ᠍ᠳᠠᠬᠤᠨ ᠭᠦᠨ ᠵᠤᠵᠠᠭᠠᠨ ᠣᠨᠴᠠᠯᠢᠭ᠎ᠲᠤ ᠴᠢᠭ᠌ᠯᠡᠭᠦᠯᠦᠨ᠂ ᠣᠶᠤᠨᠴᠢ ᠲᠠᠩᠰᠠ ᠡᠪᠬᠡᠮᠡᠯ᠎ᠳᠦ ᠦᠨᠳᠦᠰᠦᠯᠡᠨ ᠬᠦᠷᠢᠶ᠎ᠡ ᠴᠠᠷᠠᠭ᠎ᠠ᠎ᠪᠠᠨ ᠨᠠᠷᠢᠨ ᠬᠤᠪᠢᠶᠠᠵᠤ᠂ ᠲᠡᠷᠢᠭᠦᠨ᠎ᠦ ᠦᠶ᠋ᠯᠡᠳᠬᠦᠨ᠎ᠢ ᠰᠤᠳᠤᠯᠤᠨ ᠨᠡᠭᠡᠭᠡᠵᠦ᠍᠂ ᠪᠤᠳᠤᠬᠤ ᠬᠦᠴᠦᠨ᠎ᠦ ᠳᠠᠪᠠᠭᠤᠯᠢᠭ᠎ᠲᠤ ᠲᠦᠱᠢᠭ᠌ᠯᠡᠨ ᠪᠥᠬᠥ᠌ ᠤᠯᠤᠰ᠎ᠲᠤ ᠴᠢᠨᠠᠷ ᠰᠠᠢᠲᠠᠶ ᠦᠶ᠋ᠯᠡᠴᠢᠯᠡᠭᠡ ᠭᠠᠷᠭᠠᠨ᠎ᠠ᠃ ᠡᠭᠦᠨ᠎ᠦ ᠬᠠᠮᠲᠤ ᠡᠯ᠎ᠡ ᠲᠠᠯ᠎ᠠ᠎ᠶ᠋ᠢᠨ᠎ᠬᠢᠨ᠎ᠦ ᠬᠣᠯᠪᠣᠭᠠᠯᠠᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠮᠡᠷᠭᠡᠵᠢᠯ᠎ᠦᠨ ᠪᠣᠭᠣᠮᠢ᠎ᠶ᠋ᠢ ᠱᠢᠪᠲᠤᠯᠵᠤ᠂ ᠣᠶᠤᠨᠴᠢ ᠲᠠᠩᠰᠠ ᠡᠪᠬᠡᠮᠡᠯ᠎ᠦᠨ ᠠᠵᠤ ᠦᠶ᠋ᠯᠡᠰ᠎ᠦᠨ ᠥᠷᠨᠢᠨ ᠬᠥᠭ᠌ᠵᠢᠬᠦ᠌᠎ᠶ᠋ᠢ ᠠᠬᠢᠭᠤᠯᠤᠨ᠎ᠠ》 ᠭᠡᠵᠦ ᠬᠡᠯᠡᠪᠡ᠃

ᠭᠡᠱᠢᠭᠦᠳ ᠥᠪᠡᠷ ᠥᠪᠡᠷ᠎ᠦᠨ ᠠᠵᠢᠯ᠎ᠤᠨ ᠪᠣᠳᠠᠲᠠᠶ᠎ᠲᠠᠶ᠎ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ᠎ᠪᠠᠨ ᠴᠢᠯᠥᠭᠡᠲᠡᠶ ᠶᠠᠷᠢᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠳᠤᠷᠠᠳᠤᠭ᠍ᠰᠠᠨ ᠬᠠᠷᠠᠯᠲᠠ ᠡᠭᠦᠷᠭᠡ᠎ᠲᠡᠶ ᠨᠢᠭ᠍ᠲᠠ ᠤᠶᠠᠯᠳᠤᠭᠤᠯᠤᠨ᠂ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠶ᠋ᠢ ᠢᠯᠡᠭᠦᠬᠡᠨ ᠰᠦᠪᠡᠭ᠌ᠴᠢᠯᠡᠨ᠂ ᠰᠣᠳᠣ ᠮᠡᠷᠭᠡᠨ ᠰᠠᠨᠠᠯ ᠰᠠᠨᠠᠭᠤᠯᠭ᠎ᠠ᠎ᠶ᠋ᠢ ᠢᠯᠡᠭᠦᠬᠡᠨ ᠳᠤᠷᠠᠳᠴᠤ᠌᠂ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠪᠣᠳᠣᠯᠭ᠎ᠠ᠎ᠶ᠋ᠢ ᠢᠯᠡᠭᠦᠬᠡᠨ ᠳᠡᠪᠱᠢᠭᠦᠯᠵᠦ᠍᠂ ᠥᠭᠡᠷᠡᠴᠢᠯᠡᠯᠲᠡ᠎ᠶ᠋ᠢᠨ ᠬᠦᠴᠦᠨ᠎ᠢ ᠢᠯᠡᠭᠦᠬᠡᠨ ᠨᠢᠭ᠍ᠲᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面