2025 ᠣᠷᠣᠨ᠎ᠤ᠋ ᠬᠤᠶᠠᠷ ᠬᠤᠷᠠᠯ > ᠣᠨᠴᠠ ᠮᠡᠳᠡᠭᠡᠯᠡᠯ

2025-01-17 10:23:08

ᠵᠣᠬᠢᠶᠠᠭ᠍ᠴᠢ᠄ ​ ᠹᠠᠩ ᠶᠤᠸᠠᠨ ᠬᠠᠨ ᠰᠢᠤᠸᠠᠢ ᠷᠦ ᠯᠢ ᠭᠦᠸᠧ ᠫᠢᠩ ᠺᠠᠩ ᠯᠢ ᠨᠠ ᠠᠨᠠᠷ ᠶᠠᠩ ᠸᠧᠢ ᠭᠤᠤ ᠬᠤᠢ ᠣᠩᠱᠢᠭ᠍ᠰᠠᠨ ᠣᠳᠠᠭ᠎ᠠ᠄ 3


—— ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠪᠥᠬᠥ᠌ ᠣᠷᠣᠨ᠎ᠤ ᠠᠵᠤ ᠠᠬᠤᠢᠯᠠᠯ᠎ᠤᠨ ᠬᠢᠨ ᠎ᠦ ᠳᠤᠮᠳᠠ ᠴᠢᠩᠭ᠎ᠠ ᠲᠤᠰᠭᠠᠯ ᠭᠠᠷᠪᠠ


ᠪᠣᠳᠠᠲᠠᠢ ᠠᠵᠢᠯᠯᠠᠬᠤ ᠳᠠᠭᠤᠨ ᠬᠠᠩᠭᠢᠨᠠᠮ᠎ᠠ ᠴᠤᠤᠷᠢᠶᠠᠲᠤᠵᠤ᠂ ᠬᠥᠭ᠌ᠵᠢᠯᠲᠡ᠎ᠶ᠋ᠢᠨ ᠵᠢᠷᠤᠭ ᠲᠦᠰᠦᠪ ᠬᠥᠮᠦᠰ᠎ᠢ ᠤᠷᠮᠠᠱᠢᠭᠤᠯᠤᠨ᠎ᠠ᠃ ᠣᠢᠷ᠎ᠠ᠎ᠶ᠋ᠢᠨ ᠡᠳᠦᠷ᠎ᠲᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠪᠥᠬᠥ᠌ ᠣᠷᠣᠨ᠎ᠤ ᠠᠵᠤ ᠠᠬᠤᠢᠯᠠᠯ᠎ᠤᠨ ᠬᠢᠨ᠎ᠦ ᠳᠤᠮᠳᠠ ᠴᠢᠩᠭ᠎ᠠ ᠲᠤᠰᠭᠠᠯ ᠭᠠᠷᠪᠠ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠬᠥᠮᠦᠰ᠎ᠢ ᠤᠷᠮᠠᠰᠢᠭᠤᠯᠤᠨ ᠵᠤᠷᠢᠠᠠᠵᠢᠭᠤᠯᠵᠤ᠂ ᠲᠡᠮᠡᠴᠡᠯ᠎ᠦᠨ ᠵᠣᠷᠢᠭ᠎ᠵᠢᠡᠨ ᠨᠠᠡᠭ ᠬᠦᠪᠴᠢᠯᠡᠵᠤ ᠂ ᠨᠠᠩ ᠣᠷᠭᠢᠯᠤᠮ᠎ᠠ ᠬᠠᠯᠠᠭᠤᠨ ᠰᠡᠳᠭᠢᠯᠭᠡ ᠡᠪᠤᠷᠯᠡᠨ᠂ ᠱᠢᠨ᠎ᠡ ᠬᠠᠷᠠᠯᠲᠠ ᠳᠡᠢᠰᠢ ᠡᠷᠡᠯᠬᠡᠭ᠌ᠯᠡᠨ ᠤᠷᠤᠭ᠍ᠰᠢᠯᠠᠨ᠎ᠠ ᠭᠡᠵᠦ᠍ ᠣᠯᠠᠨ᠎ᠢᠶᠠᠷ᠎ᠢᠶᠠᠨ ᠰᠠᠨᠠᠯ ᠨᠢᠭᠡᠳᠡᠢ ᠵᠤᠷᠢᠯᠳᠠ ᠪᠠᠨ ᠢᠯᠡᠳᠭᠡᠨ᠎ᠡ᠃


ᠪᠣᠳᠠᠲᠠᠶ ᠠᠵᠢᠯᠯᠠᠬᠤ ᠬᠦᠴᠦᠨ᠎ᠢ ᠨᠢᠭ᠍ᠲᠠᠷᠠᠭᠤᠯᠵᠤ ᠡᠷᠡᠯᠬᠡᠭ᠌ᠯᠡᠨ ᠤᠷᠤᠭ᠍ᠰᠢᠯᠠᠬᠤ ᠬᠦᠴᠦᠷᠬᠡᠭ ᠲᠠᠭᠤᠨ᠎ᠢ ᠴᠢᠪᠬᠠᠳᠠᠨ᠎ᠠ

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠡᠬᠢ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠢᠯᠡᠰ᠎ᠦᠨ ᠲᠤᠬᠠᠢ ᠪᠠᠢᠷᠢᠯᠠᠭᠤᠯᠤᠯᠲᠠ ᠪᠣᠯᠤᠨ ᠲᠥᠯᠥᠪᠵᠢᠭᠦᠯᠭᠡ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠵᠠᠢ》᠃ ᠵᠢᠨ ᠢᠦᠶ ᠠᠮᠢᠳᠤ ᠪᠣᠳᠠᠰ᠎ᠤᠨ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠵᠠᠬᠢᠷᠤᠭ᠍ᠴᠢ ᠵᠠᠩ ᠵᠢᠩ᠄ 《ᠵᠢᠨ ᠢᠦᠶ ᠠᠮᠢᠳᠤ ᠪᠣᠳᠠᠰ ᠨᠢ ᠵᠠᠩᠭᠢᠯᠠᠭ᠎ᠠ᠎ᠶ᠋ᠢᠨ ᠮᠡᠷᠭᠡᠵᠢᠯ᠎ᠦᠨ ᠬᠦᠴᠢᠷ ᠠᠰᠠᠭᠤᠳᠠᠯ᠎ᠢ ᠴᠢᠷᠮᠠᠢᠨ ᠱᠢᠶ᠋ᠳᠪᠦᠷᠢᠯᠡᠵᠦ᠍᠂ ᠠᠮᠢᠳᠤ ᠪᠣᠳᠠᠰ᠎ᠤᠨ ᠡᠮ ᠡᠮᠨᠡᠯᠭᠡ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠡᠭᠦᠨ ᠡᠴᠡ ᠭᠠᠳᠠᠨ᠎ᠠ᠂ ᠳᠤᠮᠳᠠᠳᠤ ᠤᠯᠤᠰ᠎ᠤᠨ ᠤᠮᠠᠷᠠᠲᠤ ᠬᠢᠯᠢ᠎ᠶ᠋ᠢᠨ ᠠᠮᠢᠲᠠᠨ᠎ᠤ ᠡᠷᠡᠭᠦᠯ ᠮᠡᠨᠳᠦ᠍᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠵᠢᠨ ᠢᠦᠶ ᠠᠮᠢᠳᠤ ᠪᠣᠳᠠᠰ ᠥᠪᠡᠷ᠎ᠦᠨ ᠬᠦᠴᠦᠨ ᠴᠢᠳᠠᠯ᠎ᠢᠶᠠᠨ ᠢᠳᠡᠪᠬᠢᠲᠡᠶ ᠨᠡᠮᠡᠷᠢᠯᠡᠵᠤ ᠂ ᠤᠮᠠᠷᠠᠲᠤ ᠬᠢᠯᠢ᠎ᠶ᠋ᠢᠨ ᠭᠠᠵᠠᠷ ᠣᠷᠣᠨ᠎ᠤ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ》 ᠭᠡᠯ᠎ᠡ᠃

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 〈ᠰᠦ ᠵᠢᠨ ᠦᠶ᠋ᠯᠡᠰ᠎ᠤᠨ ᠳᠡᠯᠡᠬᠡᠶ ᠳᠡᠭᠡᠷᠡᠬᠢ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠦᠨ᠎ᠡ〉 ᠭᠡᠵᠦ᠍ ᠳᠤᠷᠠᠳᠤᠭ᠍ᠰᠠᠨ ᠨᠢ ᠮᠠᠨ᠎ᠤ ᠡᠷᠴᠢ ᠵᠣᠷᠢᠭ᠎ᠢ ᠨᠠᠩ ᠬᠥᠪᠴᠢᠯᠡᠵᠡᠶ᠃ ᠪᠢᠳᠠ ᠴᠢᠩᠭ᠎ᠠ ᠬᠠᠲᠠᠭᠤ ᠶᠠᠰᠤ ᠴᠢᠨᠠᠷ᠎ᠤᠨ ᠬᠠᠮᠢᠶᠠᠷᠤᠨ ᠡᠵᠡᠮᠳᠡᠬᠦ᠌ ᠪᠠᠷᠢᠮᠵᠢᠶ᠎ᠠ᠎ᠶ᠋ᠢ ᠦᠢᠯᠡᠳᠬᠦᠨ᠎ᠦ ᠦᠢᠯᠡᠳᠪᠦᠷᠢᠯᠡᠯ᠎ᠦᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠬᠡᠷᠡᠭ᠌ᠯᠡᠭ᠌ᠴᠢᠳ᠎ᠲᠦ ᠠᠮᠤᠷ ᠲᠦᠪᠱᠢᠨ᠂ ᠴᠢᠨᠠᠷ ᠰᠠᠢᠲᠠᠢ ᠴᠠᠭᠠᠨ ᠢᠳᠡᠭᠡᠨ ᠬᠠᠩᠭᠠᠨ᠎ᠠ᠃ ᠡᠭᠦᠨ᠎ᠦ ᠬᠠᠮᠲᠤ᠂ ᠪᠢᠳᠡ ᠬᠡᠷᠡᠭ᠌ᠯᠡᠭ᠌ᠴᠢᠳ᠎ᠢᠶᠡᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠶᠠᠰᠤ ᠴᠢᠨᠠᠷ᠎ᠢ ᠬᠠᠮᠢᠶᠠᠷᠤᠨ ᠡᠵᠡᠮᠳᠡᠬᠦ᠌ ᠲᠦᠪᠱᠢᠨ᠎ᠢᠶᠡᠨ ᠦᠷᠭᠦᠯᠵᠢᠯᠡᠨ ᠳᠡᠭᠡᠭ᠌ᠰᠢᠯᠡᠭᠦᠯᠦᠨ᠎ᠡ》 ᠭᠡᠵᠤ ᠢᠯᠢ᠎ᠶᠢᠨ ᠡᠷᠡᠭᠦᠯ ᠮᠡᠨᠳᠦ᠍᠎ᠶ᠋ᠢᠨ ᠬᠦᠨᠳᠡᠢ᠎ᠶ᠋ᠢᠨ ᠰᠦᠨ ᠲᠠᠯᠬ᠎ᠠ᠎ᠶ᠋ᠢᠨ ᠪᠥᠬᠥ᠌ ᠪᠥᠮᠪᠥᠷᠴᠡᠭ᠎ᠦᠨ ᠤᠶᠤᠨᠴᠢ ᠦᠢᠯᠡᠳᠭᠡᠯ᠎ᠤᠨ ᠬᠡᠪ ᠳᠠᠭᠤᠷᠢᠶᠠᠯ᠎ᠤᠨ ᠰᠠᠭᠤᠷᠢᠨ᠎ᠤ ᠴᠢᠨᠠᠷ᠎ᠤᠨ ᠮᠡᠷᠭᠡᠵᠢᠯ᠎ᠦᠨ ᠳᠠᠭᠠᠭᠠᠮᠠᠯ ᠱᠢᠤᠢ ᠹᠠ ᠳ᠋ᠦᠩ ᠭᠡᠯᠡᠨ᠎ᠡ᠃

ᠮᠸᠩ ᠼᠤᠤ ᠪᠦᠯᠦᠭ᠌ᠯᠡᠯ᠎ᠦᠨ ᠲᠠᠯ᠎ᠠ ᠨᠤᠲᠤᠭ᠎ᠤᠨ ᠠᠮᠢ ᠠᠬᠤᠢ᠎ᠶ᠋ᠢᠨ ᠱᠢᠰᠲᠸᠮ᠎ᠤᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ᠂ ᠱᠢᠨ᠎ᠡ᠎ᠶ᠋ᠢ ᠡᠭᠦᠳᠬᠦ᠌ ᠲᠥᠪ᠎ᠦᠨ ᠳᠡᠳ᠋ ᠡᠷᠬᠢᠯᠡᠭ᠌ᠴᠢ ᠴᠧᠨ ᠱᠢᠶᠠᠩ᠄ 《ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠢᠳᠡᠨ᠎ᠢ ᠳᠣᠭ᠍ᠳᠣᠯᠤᠭᠤᠯᠤᠨ ᠤᠷᠮᠠᠱᠢᠭᠤᠯᠪᠠ᠃ ᠰᠡᠳᠭᠢᠯ ᠳᠣᠭ᠍ᠳᠣᠯᠤᠭ᠍ᠰᠠᠨ ᠤᠴᠢᠷ ᠭᠡᠪᠡᠯ᠂ ᠢᠯᠡᠳᠭᠡᠯ᠎ᠳᠦ 〈ᠠᠵᠤ ᠠᠬᠤᠢᠯᠠᠯ᠎ᠢ ᠲᠡᠳᠬᠦᠬᠦ᠌ ᠠᠵᠢᠯᠯᠠᠭ᠎ᠠ᠎ᠶ᠋ᠢ ᠴᠢᠩᠭ᠎ᠠ ᠠᠳᠭᠤᠵᠤ᠂ ᠦᠨᠡᠨ ᠰᠡᠳᠭᠢᠯ ᠡᠴᠡ᠎ᠪᠡᠨ ᠠᠵᠤ ᠠᠬᠤᠢᠯᠠᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍ ᠥᠭ᠌ᠬᠦ ᠬᠡᠷᠡᠭ᠌ᠲᠡᠢ〉 ᠭᠡᠵᠦ᠍ ᠲᠣᠳᠣᠷᠬᠠᠢ ᠳᠤᠷᠠᠳᠴᠠᠢ᠂ ᠡᠨᠡ ᠨᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠬᠥᠭ᠌ᠵᠢᠨ ᠪᠤᠵᠠᠭᠠᠢ᠌ᠷᠠᠬᠤ᠎ᠳᠤ ᠮᠠᠰᠢ ᠶᠡᠬᠡ ᠬᠦᠴᠦᠨ ᠨᠡᠮᠡᠷᠢᠯᠡᠬᠦ᠌ ᠪᠣᠯᠤᠨ᠎ᠠ᠃ ᠤᠷᠮᠠᠰᠢᠭᠰᠠᠨ ᠨᠢ ᠭᠡᠪᠡᠯ᠂ ᠢᠯᠡᠳᠭᠡᠯ᠎ᠳᠦ 〈ᠡᠯᠡᠰᠦ᠎ᠶ᠋ᠢ ᠵᠠᠰᠠᠬᠤ ᠪᠠ ᠤᠰᠤ ᠠᠷᠪᠢᠯᠠᠬᠤ᠎ᠪᠠᠷ ᠵᠢᠯᠣᠭᠣᠳᠤᠮᠵᠢ ᠪᠣᠯᠭᠠᠵᠤ᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠢ〉 ᠭᠡᠵᠦ᠍ ᠳᠤᠷᠠᠳᠴᠤ᠌᠂ ᠠᠮᠢ ᠠᠬᠤᠢ᠎ᠶ᠋ᠢᠨ ᠠᠵᠤ ᠠᠬᠤᠢᠯᠠᠯ᠎ᠤᠨ ᠲᠠᠷᠠᠭᠠᠴᠢ᠎ᠶ᠋ᠢᠨ ᠠᠯᠬᠤᠮ᠎ᠤᠨ ᠠᠵᠢᠯ᠎ᠢᠶᠠᠨ ᠥᠷᠨᠢᠭᠦᠯᠬᠦ᠌᠎ᠳᠦ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ》 ᠬᠡᠯ᠎ᠠ᠃


ᠬᠥᠭ᠌ᠵᠢᠯᠲᠡ᠎ᠶ᠋ᠢᠨ ᠠᠵᠠ ᠲᠣᠬᠢᠶᠠᠯ᠎ᠢ ᠠᠮᠵᠢᠵᠤ ᠤᠮᠤᠭ ᠵᠤᠷᠢᠭ ᠪᠠᠳᠠᠷᠠᠨᠭᠭᠤᠢ ᠪᠡᠷ ᠡᠷᠡᠯᠬᠡᠭᠯᠡᠨ ᠤᠷᠤᠭ᠍ᠰᠢᠯᠠᠨ᠎ᠠ

ᠱᠢᠨ᠎ᠡ᠎ᠶ᠋ᠢ ᠡᠭᠦᠳᠬᠦ᠌ ᠦᠭᠡᠢ ᠪᠣᠯ ᠭᠠᠷᠬᠤ ᠵᠠᠮ ᠦᠭᠡᠢ᠂ ᠨᠡᠩ ᠴᠤ᠌ ᠢᠷᠡᠭᠡᠳᠦᠢ ᠦᠭᠡᠢ ᠶᠤᠮ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠦᠨ ᠪᠠᠢᠭᠤᠯᠤᠯᠲᠠ᠎ᠶ᠋ᠢ ᠬᠦᠳᠦᠯᠦᠨ ᠳᠠᠭᠠᠭᠤᠯᠵᠤ᠂ ᠴᠢᠨᠠᠷ ᠰᠠᠢᠲᠠᠢ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠬᠡᠷᠡᠭ᠌ᠲᠡᠢ ᠭᠡᠵᠦ ᠲᠤᠷᠠᠳᠪᠠ᠃ ᠶᠤᠸᠠᠨ ᠵᠢᠩ ᠮᠸᠩ ᠱᠢᠨ ᠪᠦᠯᠦᠭ᠌ᠯᠡᠯ᠎ᠦᠨ ᠶᠡᠷᠦᠩᠬᠡᠢ ᠳᠠᠭᠠᠭᠠᠮᠠᠯ ᠯᠢ ᠸᠧᠢ᠄ 《2025 ᠣᠨ᠎ᠳᠦ᠂ ᠪᠢᠳᠡ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ〈ᠪᠦᠰᠡᠯᠡᠯᠲᠡ ᠱᠢᠪᠲᠤᠯᠬᠤ〉ᠢᠨᠵᠧᠨᠧᠷᠢᠩ᠎ᠳᠦ ᠢᠳᠡᠪᠬᠢᠲᠡᠢ ᠣᠷᠣᠯᠴᠠᠨ᠂ ᠨᠡᠭᠦᠷᠡᠰᠦᠲᠥ᠋ᠷᠥᠭ᠌ᠴᠢ᠎ᠶᠢ ᠦᠯᠦ ᠭᠠᠳᠠᠭᠰᠢᠯᠠᠭᠤᠯᠬᠤ ᠠᠵᠤ ᠦᠶ᠋ᠯᠡᠰ᠎ᠦᠨ ᠬᠦᠷᠢᠶᠡᠯᠡᠩ᠎ᠦᠨ 2.0 ᠲᠠᠰ ᠳᠡᠪᠱᠢᠬᠦ᠌᠎ᠶ᠋ᠢ ᠠᠬᠢᠭᠤᠯᠵᠤ᠂ ᠱᠢᠨ᠎ᠡ ᠬᠡᠯᠪᠡᠷᠢ᠎ᠶ᠋ᠢᠨ ᠡᠨᠧᠷᠭᠢ ᠬᠠᠳᠠᠭᠠᠯᠠᠬᠤ᠂ ᠪᠤᠬᠢᠷᠳᠤᠯ ᠦᠭᠡᠢ ᠴᠠᠬᠢᠯᠭᠠᠨ᠎ᠢᠶᠡᠷ ᠤᠷᠤᠯᠠᠭᠤᠯᠬᠤ ᠵᠡᠷᠭᠡ ᠴᠢᠬᠤᠯᠠ ᠶᠡᠬᠡ ᠲᠥᠷᠥᠯ ᠵᠦᠶ᠋ᠯ ᠳᠡᠭᠡᠷ᠎ᠡ ᠱᠢᠨ᠎ᠡ᠎ᠶ᠋ᠢ ᠡᠭᠦᠳᠴᠦ᠍ ᠵᠢᠱ᠌ᠢᠶ᠎ᠡ ᠦᠵᠡᠭᠦᠯᠦᠨ᠂ ᠪᠣᠬᠢᠷᠲᠤᠯ ᠥᠬᠡᠶ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠪᠣᠢᠵᠢᠭᠤᠯᠵᠤ ᠬᠥᠭ᠌ᠵᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ》 ᠭᠡᠪᠡ᠃

ᠥᠪᠥᠷ ᠮᠣᠩᠭᠣᠯ᠎ᠤᠨ ᠭᠠᠵᠠᠷ ᠱᠢᠨᠵᠢᠯᠡᠭᠡ ᠠᠭᠤᠷᠬᠠᠢ᠎ᠶ᠋ᠢᠨ ᠭᠠᠷᠤᠯᠲᠠ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠤᠷᠢᠶ᠎ᠠ ᠵᠢᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠵᠢᠶᠠ ᠴᠢᠩ ᠳ᠋ᠦᠩ᠄《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠢᠯᠡᠰ᠎ᠦᠨ ᠬᠡᠯᠬᠢᠶ᠎ᠡ᠎ᠶ᠋ᠢᠨ ᠲᠦᠭ᠌ᠵᠢᠷᠡᠯ᠎ᠢ ᠨᠡᠪᠲᠡᠷᠡᠭᠦᠯᠬᠦ᠌ ᠬᠡᠷᠡᠭ᠌ᠲᠡᠢ ᠭᠡᠵᠦ᠍ ᠳᠤᠷᠠᠳᠪᠠ᠃ ᠪᠢᠳᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠢ ᠨᠡᠮᠡᠭ᠌ᠳᠡᠭᠦᠯᠬᠦ᠌ ᠲᠣᠭ᠍ᠲᠠᠭᠤᠨ ᠲᠣᠭ᠍ᠲᠠᠴᠠ᠎ᠶ᠋ᠢ ᠪᠠᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠭᠣᠣᠯᠳᠠᠯᠭ᠎ᠠ᠎ᠲᠠᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ᠌ ᠪᠠ ᠦᠷ᠎ᠡ ᠪᠦᠲᠦᠭᠡᠯ᠎ᠢ ᠤᠨᠳᠤᠤᠰᠢᠭᠤᠯᠬᠤ ᠰᠠᠭᠤᠷᠢᠨ᠎ᠢ ᠪᠠᠢᠭᠤᠯᠵᠤ᠂ ᠤᠯᠤᠰ᠎ᠤᠨ ᠳᠡᠰ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠱᠢᠨ᠎ᠡ᠎ᠶ᠋ᠢ ᠡᠭᠦᠳᠬᠦ᠌ ᠲᠠᠪᠴᠠᠩ᠎ᠢ ᠡᠭᠦᠳᠦᠨ ᠪᠠᠢᠭᠤᠯᠤᠨ᠎ᠠ᠃ ᠡᠭᠦᠨ᠎ᠦ ᠬᠠᠮᠲᠤ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠬᠢᠷᠢ ᠬᠡᠮᠵᠢᠶ᠎ᠡ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠨᠡᠭᠡᠭᠡᠨ ᠠᠱᠢᠭ᠍ᠯᠠᠬᠤ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠨ᠂ ᠲᠡᠮᠦᠷᠯᠢᠭ ᠬᠠᠢᠯᠤᠭᠤᠯᠬᠤ ᠠᠵᠤ ᠠᠬᠤᠢᠯᠠᠯ᠎ᠤᠨ ᠤᠶᠤᠨᠴᠢᠯᠠᠭ᠍ᠰᠠᠨ᠂ ᠳᠡᠭᠡᠳᠦ ᠲᠡᠰᠵᠢᠭ᠌ᠰᠡᠨ᠂ ᠪᠣᠬᠢᠷᠲᠤᠯ ᠦᠭᠡᠢᠵᠢᠭ᠌ᠰᠡᠨ ᠬᠥᠭ᠌ᠵᠢᠯᠲᠡ᠎ᠶ᠋ᠢ ᠠᠬᠢᠭᠤᠯᠤᠨ᠎ᠠ》 ᠭᠡᠵᠡᠢ᠃

ᠵᠦᠩ ᠲᠢᠶᠠᠨ ᠡᡁᠸ ᠴᠤᠸᠠᠩ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠤᠷᠢᠶ᠎ᠠ ᠵᠢᠨ ᠱᠦᠵᠢ ᠴᠦ ᠱᠢᠶᠤᠤ ᠬᠤᠸᠠ᠄《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 〈ᠲᠥᠪ᠎ᠦᠨ ᠠᠵᠤ ᠠᠬᠤᠢᠯᠠᠯ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠴᠢᠨᠠᠭ᠍ᠰᠢᠳᠠ ᠴᠢᠩᠭᠠᠳᠭᠠᠵᠤ᠂ ᠨᠢᠭᠡ ᠨᠢᠭᠡ ᠠᠵᠤ ᠠᠬᠤᠢᠯᠠᠯ᠎ᠢᠶᠠᠷ ᠵᠣᠯᠭᠠᠭᠤᠯᠵᠤ᠂ ᠨᠢᠭᠡ ᠨᠢᠭᠡ ᠲᠦᠷᠦᠯ ᠵᠦᠢᠯ᠎ᠢᠶᠡᠷ ᠨᠠᠢᠳᠠᠪᠤᠷᠢᠵᠢᠭᠤᠯᠵᠤ᠂ ᠮᠠᠨ᠎ᠤ ᠣᠷᠣᠨ᠎ᠤ ᠡᠬᠢ ᠪᠠᠶᠠᠯᠢᠭ᠂ ᠠᠵᠤ ᠦᠢᠯᠡᠰ᠎ᠦᠨ ᠳᠠᠪᠠᠭᠤᠯᠢᠭ ᠪᠣᠯᠤᠨ ᠲᠥᠪ᠎ᠦᠨ ᠠᠵᠤ ᠠᠬᠤᠢᠯᠠᠯ᠎ᠤᠨ ᠬᠦᠴᠦᠷᠬᠡᠭ ᠶᠡᠬᠡ ᠪᠣᠳᠠᠲᠤ ᠬᠦᠴᠦᠨ᠂ ᠲᠡᠷᠢᠭᠦᠨ᠎ᠦ ᠮᠡᠷᠭᠡᠵᠢᠯ᠎ᠢ ᠬᠠᠷᠢᠯᠴᠠᠨ ᠵᠤᠯᠭᠠᠭᠤᠯᠤᠨ᠎ᠠ〉 ᠭᠡᠵᠡᠢ᠂ ᠡᠨᠡ ᠨᠢ ᠠᠵᠤ ᠠᠬᠤᠢᠯᠠᠯ᠎ᠤᠨ ᠥᠪᠡᠷᠲᠡᠭᠡᠨ ᠵᠠᠰᠠᠬᠤ ᠣᠷᠣᠨ᠎ᠳᠠᠬᠢ ᠴᠢᠨᠠᠭ᠍ᠰᠢᠳᠠ᠎ᠶ᠋ᠢᠨ ᠬᠥᠭ᠌ᠵᠢᠯᠲᠡ᠎ᠳᠦ ᠡᠷᠴᠢ ᠬᠦᠴᠦᠨ ᠨᠡᠮᠡᠷᠢᠯᠡᠵᠦ᠍᠂ ᠲᠡᠳᠡᠨ᠎ᠦ ᠡᠬᠡ ᠤᠯᠤᠰ᠎ᠤᠨ ᠤᠮᠠᠷᠠᠲᠤ᠎ᠬᠢᠯᠢ ᠳ᠋ᠦ ᠦᠨᠳᠦᠰᠦ ᠬᠠᠳᠬᠤᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢ ᠪᠦᠲᠦᠭᠡᠨ ᠪᠠᠢᠭᠤᠯᠬᠤ ᠢᠲᠡᠭᠡᠯ ᠵᠣᠷᠢᠭ᠎ᠢ ᠬᠦᠪᠴᠢᠯᠡᠵᠠᠢ》 ᠭᠡᠪᠠ᠃


ᠬᠦᠴᠢᠷ᠎ᠢ ᠲᠠᠪᠠᠵᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠨ᠎ᠡ

《ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ᠎ᠶᠢ ᠪᠠᠭᠤᠷᠠᠭᠤᠯᠬᠤ ᠪᠣᠬᠢᠷᠲᠤᠯ ᠦᠭᠡᠢ ᠬᠥᠭᠵᠢᠯᠲᠡ᠎ᠶᠢ ᠠᠬᠢᠭᠤᠯᠤᠨ᠎ᠠ》᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ ᠳᠤᠷᠠᠳᠤᠭᠰᠠᠨ ᠱᠠᠭᠠᠷᠳᠠᠯᠭ᠎ᠠ ᠨᠢ ᠥᠪᠥᠷ ᠮᠣᠩᠭᠣᠯ᠎ᠤᠨ ᠵᠡᠭᠦᠨᠭᠠᠷ ᠬᠣᠰᠢᠭᠤᠨ᠎ᠤ ᠯᠢ ᠯᠢᠶᠠᠩ ᠨᠡᠭᠦᠷᠡᠰᠦᠨ᠎ᠦ ᠦᠢᠯᠡᠰ᠎ᠦᠨ ᠬᠡᠷᠡᠭ ᠮᠡᠳᠡᠭᠴᠢᠳ᠎ᠦᠨ ᠳᠠᠷᠤᠭ᠎ᠠ ᠯᠢ ᠪᠥᠸᠧ᠎ᠳᠦ ᠬᠠᠷᠢᠭᠤᠴᠠᠯᠭ᠎ᠠ ᠬᠦᠨᠳᠦ ᠭᠡᠳᠡᠭ ᠢ᠋ ᠭᠦᠨᠵᠡᠭᠡᠢ ᠣᠢᠯᠠᠭᠠᠭᠤᠯᠪᠠ᠃ ᠲᠠᠷᠠ᠄《ᠯᠢ ᠯᠢᠶᠠᠩ ᠨᠡᠭᠦᠷᠡᠰᠦᠨ᠎ᠦ ᠦᠢᠯᠡᠰ ᠨᠢ ᠤᠯᠤᠰ᠎ᠤᠨ ᠳᠡᠰ᠎ᠤᠨ ᠪᠣᠬᠢᠷᠲᠤᠯ ᠦᠭᠡᠢ ᠠᠭᠤᠷᠬᠠᠢ ᠪᠣᠯᠤᠭᠰᠠᠨ᠎ᠤ ᠬᠤᠪᠢ᠎ᠳᠤ᠂ ᠠᠮᠢ ᠠᠬᠤᠢ᠎ᠶᠢ ᠲᠡᠷᠢᠭᠦᠨ᠎ᠳᠦ ᠲᠠᠯᠪᠢᠵᠤ᠂ ᠪᠣᠬᠢᠷᠲᠤᠯ ᠦᠭᠡᠢ ᠬᠥᠭᠵᠢᠭᠦᠯᠬᠦ ᠣᠢᠯᠠᠭᠠᠭᠳᠠᠬᠤᠨ᠎ᠢ ᠪᠠᠷᠢᠮᠲᠠᠯᠠᠨ᠂ ᠰᠡᠷᠭᠦᠭᠡᠨ ᠬᠠᠭᠠᠯᠪᠤᠷᠢᠯᠠᠬᠤ ᠣᠷᠣᠨ᠎ᠤ ᠵᠠᠰᠠᠯᠲᠠ ᠪᠠ ᠠᠭᠤᠷᠬᠠᠢ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢ ᠬᠢᠵᠦ᠂ ᠰᠡᠷᠭᠦᠭᠡᠨ ᠬᠠᠭᠠᠯᠪᠤᠷᠢᠯᠠᠬᠤ ᠣᠷᠣᠨ᠎ᠢ ᠠᠯᠬᠤᠮ ᠠᠯᠬᠤᠮ᠎ᠢᠶᠠᠷ ᠠᠮᠢ ᠠᠬᠤᠢ᠎ᠶᠢᠨ ᠦᠷ᠎ᠡ ᠠᠰᠢᠭ᠋᠂ ᠠᠵᠤ ᠠᠬᠤᠢ᠎ᠶᠢᠨ ᠦᠷ᠎ᠡ ᠠᠰᠢᠭ᠋᠂ ᠨᠡᠢᠭᠡᠮ᠎ᠦᠨ ᠦᠷ᠎ᠡ ᠠᠰᠢᠭ᠋ ᠪᠦᠬᠦᠢ ᠠᠮᠢ ᠠᠬᠤᠢ᠎ᠶᠢᠨ ᠲᠠᠷᠢᠶᠠᠯᠠᠩ᠎ᠤᠨ ᠬᠦᠷᠢᠶᠡᠯᠡᠩ ᠪᠣᠯᠭᠠᠨ ᠥᠭᠡᠷᠡᠴᠢᠯᠡᠨ᠎ᠡ》 ᠭᠡᠪᠡ᠃

ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭᠯᠡᠯ᠎ᠦᠨ ᠪᠠᠶᠠᠨᠨᠠᠭᠤᠷ᠎ᠤᠨ ᠴᠠᠬᠢᠯᠭᠠᠨ ᠬᠠᠩᠭᠠᠬᠤ ᠺᠣᠮᠫᠠᠨᠢ᠎ᠶᠢᠨ ᠡᠵᠡᠩᠨᠡᠨ ᠪᠣᠷᠣᠯᠠᠭᠤᠯᠬᠤ ᠦᠢᠯᠡᠴᠢᠯᠡᠭᠡᠨ᠎ᠦ ᠬᠡᠯᠲᠡᠰ᠎ᠦᠨ ᠳᠠᠷᠤᠭ᠎ᠠ ᠶᠠᠩ ᠺᠠᠢ ᠯᠦᠩ᠄ 《 ᠺᠣᠮᠫᠠᠨᠢ ᠨᠢ ᠥᠪᠡᠷᠲᠡᠭᠡᠨ ᠵᠠᠰᠠᠬᠤ ᠣᠷᠣᠨ᠎ᠤ 〈ᠲᠠᠪᠤᠨ ᠶᠡᠬᠡ ᠡᠭᠦᠷᠭᠡ〉᠂ 〈ᠵᠢᠷᠭᠤᠭᠠᠨ ᠠᠵᠢᠯᠯᠠᠭ᠎ᠠ〉 ᠳ᠋ᠦ ᠪᠦᠬᠦ ᠲᠠᠯ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠵᠦ᠂ ᠴᠠᠬᠢᠯᠭᠠᠨ ᠬᠠᠩᠭᠠᠬᠤ ᠦᠢᠯᠡᠴᠢᠯᠡᠭᠡᠨ᠎ᠦ ᠲᠦᠪᠰᠢᠨ᠎ᠢᠶᠡᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠠᠵᠠᠷ ᠣᠷᠣᠨ᠎ᠤ ᠰᠢᠨ᠎ᠡ ᠡᠨᠧᠷᠭᠢ᠎ᠶᠢᠨ ᠡᠬᠢ ᠪᠠᠶᠠᠯᠢᠭ᠋᠎ᠤᠨ ᠳᠠᠪᠠᠭᠤᠯᠢᠭ᠋ ᠪᠣᠯᠣᠨ ᠴᠠᠬᠢᠯᠭᠠᠨ ᠲᠣᠣᠷ᠎ᠤᠨ ᠲᠤᠰᠬᠠᠢ ᠮᠡᠷᠭᠡᠵᠢᠯ᠎ᠦᠨ ᠳᠠᠪᠠᠭᠤᠯᠢᠭ᠋᠎ᠤᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠰᠢᠨ᠎ᠡ ᠡᠨᠧᠷᠭᠢ᠎ᠶᠢ ᠲᠤᠬᠠᠢ᠎ᠶᠢᠨ ᠭᠠᠵᠠᠷ ᠲᠤᠨᠢ ᠰᠢᠩᠭᠡᠬᠡᠨ ᠠᠪᠬᠤ ᠬᠠᠷᠢᠴᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠢᠯᠠᠯ᠎ᠤᠨ ᠴᠠᠬᠢᠯᠭᠠᠨ ᠬᠡᠷᠡᠭᠯᠡᠬᠦ ᠥᠪᠡᠷ᠎ᠦᠨ ᠥᠷᠲᠡᠭ᠎ᠢ ᠪᠠᠭᠤᠷᠠᠭᠤᠯᠤᠨ᠂ ᠠᠷᠠᠯᠵᠢᠶᠠᠴᠢᠨ ᠤᠷᠢᠵᠤ ᠪᠡᠯᠡ ᠮᠦᠨᠭᠭᠦ ᠤᠷᠤᠭᠤᠯᠤᠨ ᠠᠪᠴᠢᠷᠠᠬᠤ ᠲᠥᠷᠥᠯ ᠵᠦᠢᠯ᠎ᠢ ᠨᠠᠢᠳᠠᠪᠤᠷᠢᠵᠢᠭᠤᠯᠬᠤ᠎ᠳᠤ ᠪᠥᠬᠥ ᠬᠦᠴᠦᠨ᠎ᠢᠶᠡᠷ᠎ᠢᠶᠡᠨ ᠦᠢᠯᠡᠴᠢᠯᠡᠨ᠎ᠡ᠃ ᠤᠰᠤ ᠠᠷᠪᠢᠯᠠᠬᠤ ᠠᠵᠢᠯᠯᠠᠭ᠎ᠠ᠎ᠶᠢᠨ ᠲᠣᠭᠣᠷᠢᠨ᠎ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠴᠠᠬᠢᠯᠭᠠᠨ ᠲᠣᠣᠷ᠎ᠤᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠴᠠᠬᠢᠯᠭᠠᠨ ᠬᠦᠴᠦᠨ᠂ ᠤᠰᠤᠨ ᠠᠰᠢᠭ᠍ᠯᠠᠯᠲᠠ᠎ᠶᠢᠨ ᠬᠡᠮᠵᠢᠯᠲᠡ ᠬᠢᠭᠡᠳ ᠤᠰᠤ ᠬᠡᠷᠡᠭᠯᠡᠬᠦ ᠮᠡᠳᠡᠭᠡ ᠵᠠᠩᠭᠢ᠎ᠶᠢᠨ᠎ᠳ᠋ᠠᠢᠲ᠋ᠠ᠎ᠶᠢ ᠪᠥᠬᠥ ᠲᠠᠯ᠎ᠠ᠎ᠪᠠᠷ ᠬᠠᠮᠲᠤ ᠪᠠᠷ ᠡᠳ᠋ᠯᠡᠵᠦ ᠲᠣᠬᠢᠷᠠᠭᠤᠯᠬᠤ᠎ᠶᠢ ᠠᠬᠢᠭᠤᠯᠤᠨ᠎ᠡ》 ᠭᠡᠪᠠ᠃

《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ 2024 ᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠣᠯᠣᠭᠰᠠᠨ ᠬᠢᠯᠠᠯᠵᠠᠮ᠎ᠠ ᠠᠮᠵᠢᠯᠲᠠ᠎ᠶᠢ ᠡᠷᠭᠢᠴᠡᠭᠦᠯᠵᠦ᠂ 2025 ᠣᠨ᠎ᠤ ᠥᠪᠥᠷ ᠮᠣᠩᠭᠣᠯ᠎ᠤᠨ ᠬᠥᠭᠵᠢᠯᠲᠡ᠎ᠶᠢᠨ ᠲᠦᠰᠦᠪ᠎ᠢ ᠵᠢᠷᠤᠭᠯᠠᠵᠤ᠂ ᠬᠥᠮᠥᠰ ᠰᠣᠨᠣᠰᠤᠭᠰᠠᠨ᠎ᠤ ᠳᠠᠷᠠᠭ᠎ᠠ ᠤᠷᠮ᠎ᠠ ᠰᠡᠳᠬᠢᠯᠭᠡ ᠪᠠᠳᠠᠷᠠᠵᠤ᠂ ᠢᠲᠡᠭᠡᠯ ᠵᠣᠷᠢᠭ᠋ ᠬᠥᠪᠴᠢᠯᠡᠭᠳᠡᠨ᠎ᠡ》᠃ 《ᠮᠠᠨ ᠤ᠋ ᠪᠦᠯᠦᠭᠯᠡᠯ᠎ᠦᠨ ᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠡᠴᠡ ᠮᠠᠨ ᠤ᠋ ᠪᠦᠯᠦᠭᠯᠡᠯ ᠳ᠋ᠤ ᠲᠤᠭᠳᠠᠭᠠᠵᠤ ᠦᠭᠭᠦᠭᠰᠡᠨ ᠡᠭᠦᠷᠭᠡ ᠴᠢᠳᠠᠮᠵᠢ᠎ᠶᠢᠨ ᠪᠠᠢᠷᠢ ᠲᠣᠭᠲᠠᠭᠠᠯᠲᠠ᠎ᠶᠢᠨ ᠲᠣᠭᠣᠷᠢᠨ᠎ᠳᠤ᠂ ᠡᠭᠦᠷᠭᠡ᠎ᠶᠢᠨ ᠪᠠᠷᠢᠮᠵᠢᠶ᠎ᠠ᠎ᠳᠤ ᠬᠦᠷᠬᠦ᠂ ᠵᠠᠬ᠎ᠠ ᠳᠡᠯᠭᠡᠭᠦᠷ᠎ᠢ ᠥᠷᠭᠡᠳᠬᠡᠬᠦ᠂ ᠤᠯᠠᠨ ᠡᠰᠢᠵᠢᠭᠦᠯᠦᠨ ᠬᠥᠭᠵᠢᠭᠦᠯᠬᠦ ᠭᠤᠷᠪᠠᠨ ᠶᠡᠬᠡ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠦᠷᠭᠦᠯᠵᠢᠯᠡᠨ ᠠᠬᠢᠭᠤᠯᠵᠤ᠂ ᠪᠦᠯᠦᠭᠯᠡᠯ᠎ᠦᠨ ᠡᠯ᠎ᠡ ᠵᠦᠢᠯ᠎ᠦᠨ ᠦᠢᠯᠡᠰ᠎ᠦᠨ ᠬᠥᠭᠵᠢᠯᠲᠡ ᠪᠦᠬᠦ ᠲᠠᠯ᠎ᠠ᠎ᠶᠢᠨ ᠰᠢᠪᠲᠤᠯᠤᠯᠲᠠ ᠪᠠ ᠳᠡᠭᠡᠭᠰᠢᠯᠡᠯᠲᠡ᠎ᠲᠠᠢ ᠪᠣᠯᠬᠤ᠎ᠶᠢ ᠬᠦᠴᠦᠲᠡᠢ ᠠᠬᠢᠭᠤᠯᠤᠨ᠎ᠠ》᠃ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠬᠣᠢᠰᠢᠳᠠ᠎ᠶᠢᠨ ᠠᠵᠢᠯ᠎ᠳᠤ ᠴᠢᠭᠯᠡᠯ᠎ᠢ ᠲᠣᠳᠣᠷᠬᠠᠢ ᠵᠢᠭᠠᠵᠤ᠂ ᠬᠥᠳᠡᠯᠭᠡᠬᠦ ᠬᠦᠴᠦᠨ ᠨᠡᠮᠡᠷᠢᠯᠡᠪᠡ᠂ ᠳᠠᠷᠠᠭᠠᠴᠢ᠎ᠶᠢᠨ ᠠᠯᠬᠤᠮ᠎ᠳᠤ 〈ᠳᠤᠮᠳᠠ ᠲᠦᠪᠰᠢᠨ᠎ᠳᠤ ᠣᠷᠣᠬᠤ᠂ 500 ᠬᠦᠴᠦᠷᠬᠡᠭ ᠲᠦ᠍ ᠤᠷᠤᠬᠤ〉ᠪᠠᠢᠯᠳᠤᠬᠤ ᠪᠣᠳᠣᠯᠭ᠎ᠠ᠎ᠶᠢᠨ ᠬᠠᠷᠠᠯᠲᠠ᠎ᠶᠢᠨ ᠲᠣᠭᠣᠷᠢᠨ᠎ᠳᠤ᠂ ᠪᠣᠳᠠᠲᠤ ᠠᠵᠢᠯᠯᠠᠭ᠎ᠠ᠎ᠪᠠᠷ᠎ᠢᠶᠠᠨ ᠵᠠᠮ ᠬᠠᠷᠢᠯᠴᠠᠭᠠᠨ᠎ᠤ ᠪᠦᠯᠦᠭᠯᠡᠯ᠎ᠦᠨ ᠬᠦᠴᠦᠨ᠎ᠢ ᠨᠡᠮᠡᠷᠢᠯᠡᠨ᠎ᠡ》 ᠭᠡᠵᠦ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ᠎ᠦᠨ ᠺᠠᠳ᠋ᠷ ᠠᠵᠢᠯᠲᠠᠳ ᠰᠠᠨᠠᠯ ᠨᠢᠭᠡᠲᠡᠢ ᠢᠯᠡᠳᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面