2025 ᠣᠷᠣᠨ᠎ᠤ᠋ ᠬᠤᠶᠠᠷ ᠬᠤᠷᠠᠯ > ᠣᠨᠴᠠ ᠮᠡᠳᠡᠭᠡᠯᠡᠯ

2025-01-17 09:32:29

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

1 ᠰᠠᠷ᠎ᠠ᠎ᠶᠢᠨ 16 ᠤ᠋ ᠦᠳᠡ᠎ᠶᠢᠨ ᠬᠣᠢᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠲᠥᠯᠥᠭᠡᠯᠡᠭᠴᠢᠳ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶᠢ ᠬᠢᠨᠠᠨ ᠵᠥᠪᠯᠡᠪᠡ᠃ ᠲᠥᠯᠥᠭᠡᠯᠡᠭᠴᠢᠳ ᠢᠳᠡᠪᠬᠢᠲᠡᠢ ᠪᠡᠷ ᠦᠭᠡ ᠬᠡᠯᠡᠵᠤ᠂ ᠥᠪᠡᠷ ᠥᠪᠡᠷ᠎ᠦᠨ ᠪᠤᠳᠤᠯ ᠰᠠᠨᠠᠯ᠎ᠢᠶᠠᠨ ᠢᠯᠡᠳᠬᠡᠵᠦ᠂ ᠮᠡᠳᠡᠭᠦᠯᠦᠯᠳᠡ ᠵᠢ ᠭᠦᠢᠴᠡᠳ ᠨᠤᠲᠠᠯᠠᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠪᠠ᠃

ᠲᠥᠯᠥᠭᠡᠯᠡᠭᠴᠢᠳ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠳ᠋ᠤ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠲᠤᠭᠤᠰᠢᠯᠠᠭᠤᠯᠵᠤ᠂ ᠠᠵᠢᠯ᠎ᠢᠶᠠᠨ ᠡᠷᠭᠢᠴᠡᠭᠦᠯᠦᠭᠰᠡᠨ ᠨᠢ ᠦᠨᠡᠨ᠎ᠡᠴᠡ ᠵᠥᠪ᠎ᠢ ᠡᠷᠢᠵᠦ᠂ ᠲᠤᠷᠰᠢᠯᠭ᠎ᠠ᠎ᠪᠠᠨ ᠰᠢᠨᠵᠢᠯᠡᠬᠦ ᠤᠬᠠᠭᠠᠨᠴᠢ᠎ᠪᠠᠷ ᠭᠦᠨᠵᠡᠭᠡᠢ ᠳ᠋ᠦᠩᠨᠡᠵᠦ᠂ ᠠᠵᠢᠯ ᠢ᠋ ᠪᠠᠢᠷᠢᠯᠠᠭᠤᠯᠤᠭᠰᠠᠨ ᠰᠡᠳᠬᠢᠮᠵᠢ ᠲᠣᠳᠣᠷᠬᠠᠢ ᠪᠠᠢᠵᠤ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠵᠣᠷᠢᠭ᠋ ᠰᠠᠨᠠᠭ᠎ᠠ᠎ᠪᠠᠷ ᠪᠢᠯᠬᠠᠮ᠎ᠠ ᠪᠠᠢᠵᠤ᠂ ᠤᠯᠤᠰ ᠲᠥᠷᠥ᠎ᠶᠢᠨ ᠵᠢᠯᠣᠭᠣᠳᠤᠮᠵᠢ᠎ᠶᠢ ᠳᠣᠪᠣᠶ᠋ᠢᠯᠭᠠᠭᠰᠠᠨ᠂ ᠪᠣᠳᠠᠲᠠᠢ᠎ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠯ ᠢ᠋ ᠢᠯᠡᠷᠡᠭᠦᠯᠦᠭᠰᠡᠨ᠂ ᠠᠷᠠᠳ ᠲᠦᠮᠡᠨ᠎ᠢ ᠳᠡᠭᠡᠳᠦᠯᠡᠬᠦ᠎ᠶᠢ ᠪᠠᠷᠢᠮᠲᠠᠯᠠᠭᠰᠠᠨ ᠮᠡᠳᠡᠭᠦᠯᠦᠯᠳᠡ ᠪᠣᠯᠵᠠᠢ ᠬᠡᠵᠤ ᠰᠠᠨᠠᠯ ᠨᠢᠬᠡᠳᠡᠢ ᠦᠵᠡᠵᠡᠬᠡᠪᠡ᠃

ᠤᠯᠠᠭᠠᠨᠬᠠᠳᠠ ᠬᠣᠲᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠰᠦᠢ ᠯᠢ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶᠢᠨ ᠤᠯᠤᠰ ᠲᠥᠷᠥ᠎ᠶᠢᠨ ᠴᠢᠭᠯᠡᠯ ᠡᠷᠡᠰ ᠪᠠᠲᠤ᠂ ᠬᠠᠤᠯᠢᠵᠢᠯ᠎ᠤᠨ ᠵᠣᠷᠢᠭ᠋ ᠰᠠᠨᠠᠭ᠎ᠠ ᠢᠯᠡᠷᠬᠡᠢ᠂ ᠠᠷᠠᠳ᠎ᠤᠨ ᠲᠥᠯᠥᠭᠡ ᠭᠡᠬᠦ ᠰᠡᠳᠬᠢᠯᠭᠡ ᠭᠦᠨ ᠵᠤᠵᠠᠭᠠᠨ᠂ ᠠᠵᠢᠯ᠎ᠤᠨ ᠠᠷᠭ᠎ᠠ ᠬᠡᠮᠵᠢᠶ᠎ᠡ ᠨᠢ ᠪᠣᠳᠠᠲᠠᠢ᠎ᠶᠢ ᠡᠷᠬᠢᠮᠯᠡᠪᠡ᠃ ᠤᠯᠠᠭᠠᠨᠬᠠᠳᠠ ᠬᠣᠲᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠮᠡᠳᠡᠭᠦᠯᠦᠯᠲᠡ᠎ᠶᠢᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠣᠢᠯᠠᠭᠠᠵᠤ᠂ ᠳᠠᠷᠤᠢ ᠲᠦᠷᠭᠡᠨ ᠤᠯᠠᠮᠵᠢᠯᠠᠨ ᠰᠤᠷᠤᠯᠴᠠᠵᠤ᠂ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠮᠡᠳᠡᠬᠦᠯᠦᠯᠳᠡ᠎ᠳᠦ ᠳᠤᠷᠠᠳᠤᠭᠰᠠᠨ ᠰᠡᠳᠬᠢᠮᠵᠢ᠂ ᠬᠠᠷᠠᠯᠲᠠ᠂ ᠠᠷᠭ᠎ᠠ ᠬᠡᠮᠵᠢᠶ᠎ᠡ᠎ᠶᠢᠨ ᠲᠣᠭᠣᠷᠢᠨ᠎ᠳᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠭᠦᠷᠭᠡ ᠲᠤᠰᠢᠶᠠᠯ᠎ᠤᠨ ᠪᠠᠢᠷᠢ ᠲᠣᠭᠲᠠᠭᠠᠯᠲᠠ᠎ᠳᠤ ᠰᠠᠭᠤᠷᠢᠯᠠᠵᠤ᠂ ᠡᠭᠦᠷᠭᠡ ᠬᠠᠷᠢᠭᠤᠴᠠᠯᠭ᠎ᠠ᠎ᠪᠠᠨ ᠴᠢᠩᠭᠠᠳᠬᠠᠵᠤ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠂ ᠰᠠᠢᠲᠤᠷ ᠬᠡᠷᠡᠭᠵᠢᠭᠦᠯᠵᠦ᠂ ᠣᠷᠣᠨ ᠨᠤᠲᠤᠭ᠎ᠤᠨ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭᠴᠢ᠂ ᠲᠣᠰ ᠪᠡᠶ᠎ᠡ᠎ᠶᠢᠨ ᠪᠠᠢᠭᠤᠯᠤᠯᠲᠠ ᠵᠡᠷᠭᠡ ᠠᠵᠢᠯ᠎ᠢ ᠰᠠᠢᠲᠤᠷ ᠬᠢᠵᠦ᠂ ᠤᠯᠠᠭᠠᠨᠬᠠᠳᠠ ᠬᠣᠲᠠ᠎ᠶᠢᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠳᠦ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠬᠦᠴᠦᠨ ᠴᠢᠳᠠᠯ᠎ᠢᠶᠠᠨ ᠡᠷᠭᠦᠨ᠎ᠡ ᠬᠡᠵᠤ ᠢᠯᠡᠷᠬᠡᠢᠯᠡᠪᠡ᠃

《ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠨᠢ ᠤᠯᠤᠰ ᠲᠥᠷᠥ᠎ᠶᠢᠨ ᠵᠣᠭᠰᠣᠴᠠ᠎ᠶᠢ ᠪᠠᠲᠤ ᠰᠠᠬᠢᠬᠤ ᠲᠠᠯ᠎ᠠ ᠪᠡᠷ ᠲᠣᠭᠲᠠᠯ ᠬᠦᠴᠦᠨ᠎ᠲᠠᠢ ᠪᠠᠢᠵᠤ᠂ ᠬᠠᠤᠯᠢ ᠲᠣᠭᠲᠠᠭᠠᠬᠤ ᠬᠡᠷᠡᠭᠵᠢᠭᠦᠯᠬᠦ᠎ᠶᠢ ᠠᠬᠢᠭᠤᠯᠬᠤ᠎ᠳᠤ ᠭᠣᠣᠯᠳᠠᠯᠭ᠎ᠠ᠎ᠲᠠᠢ ᠪᠠᠢᠵᠤ᠂ ᠬᠢᠨᠠᠯᠲᠠ ᠲᠠᠯᠪᠢᠬᠤ ᠡᠷᠬᠡ ᠲᠤᠰᠢᠶᠠᠯ᠎ᠢᠶᠠᠨ ᠭᠦᠢᠴᠡᠳᠬᠡᠬᠦ᠎ᠳᠦ ᠴᠢᠩᠭ᠎ᠠ ᠬᠠᠲᠠᠭᠤ ᠪᠠᠢᠵᠤ᠂ ᠲᠥᠯᠥᠭᠡᠯᠡᠭᠴᠢᠳ᠎ᠦᠨ ᠦᠢᠯᠡᠳᠦᠯ᠎ᠢ ᠪᠠᠳᠠᠷᠠᠭᠤᠯᠬᠤ᠎ᠳᠤ ᠭᠠᠷᠳᠡᠴᠡ ᠲᠠᠢ ᠪᠠᠢᠵᠤ᠂ ᠲᠣᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠬᠠᠬᠤ᠎ᠳᠤ ᠪᠣᠳᠠᠲᠠᠢ ᠠᠷᠭ᠎ᠠ᠎ᠲᠠᠢ ᠪᠠᠢᠬᠤ ᠵᠢ ᠢᠯᠡᠷᠡᠬᠦᠯᠪᠡ》᠃ ᠪᠠᠶᠠᠨᠨᠠᠭᠤᠷ ᠬᠤᠳᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠷᠧᠨ ᠢ ᠴᠢᠶᠦ᠋ᠨ ᠲᠥᠯᠥᠭᠡᠯᠡᠭᠴᠢ᠂ ᠮᠡᠳᠡᠭᠦᠯᠦᠯᠲᠡ᠎ᠶᠢᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠤᠯᠠᠮᠵᠢᠯᠠᠨ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠣᠣᠯ ᠰᠢᠵᠢᠮ᠎ᠢ ᠴᠢᠩᠭ᠎ᠠ ᠡᠵᠡᠮᠳᠡᠵᠦ᠂ ᠬᠤᠳᠠ᠎ᠶᠢᠨ ᠨᠠᠮ᠎ᠤᠨ ᠬᠣᠷᠢᠶ᠎ᠠ ᠵᠢᠨ ᠵᠥᠪ ᠤᠳᠤᠷᠢᠳᠤᠯᠭ᠎ᠠ ᠳᠣᠣᠷ᠎ᠠ᠂ ᠪᠠᠶᠠᠨᠨᠠᠭᠤᠷ ᠬᠤᠳᠠ᠎ᠶᠢᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠡᠯ᠎ᠡ ᠵᠦᠢᠯ᠎ᠦᠨ ᠠᠵᠢᠯ᠎ᠢ ᠰᠠᠢᠲᠤᠷ ᠤᠬᠠᠭᠠᠯᠠᠨ ᠲᠥᠯᠥᠪᠯᠡᠵᠦ᠂ ᠰᠠᠢᠲᠤᠷ ᠥᠷᠨᠢᠭᠦᠯᠵᠦ᠂ ᠰᠠᠢᠲᠤᠷ ᠠᠬᠢᠭᠤᠯᠤᠨ᠎ᠠ ᠭᠡᠵᠦ ᠢᠯᠡᠳᠬᠡᠪᠡ᠃

ᠦᠬᠠᠢ ᠬᠤᠳᠠ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠶᠠᠨ ᠸᠸᠨ ᠯᠦᠩ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ ᠤ᠋ᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠨᠢ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠦᠬᠦ ᠶᠠᠪᠤᠴᠠ ᠳ᠋ᠤ ᠲᠤᠭᠤᠰᠢᠯᠠᠭᠤᠯᠵᠤ᠂ ᠠᠭᠤᠯᠭ᠎ᠠ ᠨᠢ ᠪᠠᠶᠠᠯᠢᠭ᠋᠂ ᠵᠣᠬᠢᠶᠠᠯ᠎ᠤᠨ ᠰᠤᠷᠲᠠᠯ ᠨᠢ ᠪᠣᠷᠣᠭᠵᠢᠭᠤᠨ ᠪᠠᠢᠵᠤ᠂ ᠭᠣᠣᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠬᠦ ᠬᠠᠷᠠᠯᠲᠠ᠎ᠶᠢᠨ ᠤᠳᠤᠷᠢᠳᠤᠮᠵᠢ᠎ᠶᠢ ᠭᠦᠢᠴᠡᠳ ᠢᠯᠡᠷᠡᠭᠦᠯᠵᠦ᠂ ᠠᠷᠠᠳ᠎ᠤᠨ ᠠᠮᠢᠳᠤᠷᠠᠯ᠎ᠢ ᠴᠢᠬᠤᠯᠠᠴᠢᠯᠠᠬᠤ᠂ ᠪᠣᠳᠠᠲᠠᠢ᠎ᠶᠢ ᠡᠷᠬᠢᠮᠯᠡᠨ ᠠᠷᠠᠳ᠎ᠢ ᠳᠣᠲᠣᠨᠣᠴᠢᠯᠠᠬᠤ ᠰᠢᠯᠢᠳᠡᠭ ᠰᠤᠷᠲᠠᠯ᠎ᠢ ᠢᠯᠡᠷᠡᠭᠦᠯᠪᠡ᠃ ᠪᠢ ᠮᠡᠳᠡᠬᠦᠯᠦᠯᠳᠡ ᠵᠢᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠭᠦᠨᠵᠡᠭᠡᠢ ᠣᠢᠯᠠᠭᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠵᠤ ᠡᠯ᠎ᠡ ᠲᠠᠯ᠎ᠠ᠎ᠶᠢᠨ ᠠᠵᠢᠯ᠎ᠳᠤ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠤᠨ᠎ᠠ ᠬᠡᠵᠤ ᠢᠯᠡᠷᠬᠡᠢᠯᠡᠪᠡ᠃

ᠲᠥᠯᠥᠭᠡᠯᠡᠭᠴᠢᠳ᠂ ᠮᠡᠳᠡᠬᠦᠯᠦᠯᠳᠡ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠪᠠᠨ ᠴᠢᠩᠭᠠᠳᠬᠠᠵᠤ᠂ ᠲᠥᠯᠥᠭᠡᠯᠡᠭᠴᠢ᠎ᠶᠢᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠯᠠᠨ ᠲᠦᠮᠡᠨ᠎ᠲᠠᠢ ᠨᠢᠭ᠍ᠲᠠ ᠬᠠᠷᠢᠯᠴᠠᠵᠤ᠂ ᠢᠳᠡᠪᠬᠢᠲᠡᠢ᠎ᠪᠡᠷ ᠠᠷᠭ᠎ᠠ ᠤᠬᠠᠭᠠᠨ ᠭᠠᠷᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面