2025 ᠣᠷᠣᠨ᠎ᠤ᠋ ᠬᠤᠶᠠᠷ ᠬᠤᠷᠠᠯ > ᠣᠨᠴᠠ ᠮᠡᠳᠡᠭᠡᠯᠡᠯ

2025-01-16 09:46:59

ᠵᠣᠬᠢᠶᠠᠭ᠍ᠴᠢ᠄ ​ ᠹᠸᠩ ᠱᠢᠤᠸᠠᠢ ᠢᠦᠢ ᠯᠢᠦ ᡁᠢ ᠱᠢᠶᠠᠨ ᠮᠸᠢ ᠭᠠᠩ ᠪᠠᠢ ᠯᠢᠶᠠᠨ ᠠᠨᠠᠷ ᠱᠢᠤᠢ ᠵᠢᠩ ᠰᠦᠩ ᠵᠢᠶᠠ ᠱᠢᠤᠸᠠᠢ ᠰᠢᠶᠤᠤ ᠹᠠᠩ ᠵᠤᠤ ᠰᠢ ᠶᠠᠩ ᠣᠩᠱᠢᠭ᠍ᠰᠠᠨ ᠣᠳᠠᠭ᠎ᠠ᠄ 3


— ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠱᠢᠭᠤᠳ ᠬᠠᠷᠢᠶ᠎ᠠ ᠲᠢᠩᠬᠢᠮ ᠲᠣᠪᠴᠢᠶ᠎ᠠ ᠪᠠᠢᠭᠤᠯᠭ᠎ᠠ᠎ᠶ᠋ᠢᠨ ᠺᠠᠳ᠋ᠷ ᠠᠵᠢᠯᠲᠠᠨ᠎ᠤ ᠳᠤᠮᠳᠠ ᠴᠢᠩᠭ᠎ᠠ ᠲᠤᠰᠭᠠᠯ ᠭᠠᠷᠪᠠ


ᠱᠢᠨ᠎ᠡ ᠵᠢᠷᠤᠭ ᠲᠦᠰᠦᠪ ᠰᠠᠢᠬᠠᠨ ᠢᠷᠡᠭᠡᠳᠦᠢ ᠵᠢ ᠵᠢᠷᠤᠬᠯᠠᠵᠦ᠂ ᠱᠢᠨ᠎ᠡ ᠠᠶᠠᠨ ᠬᠥᠮᠦᠰ᠎ᠢ ᠤᠷᠮᠠᠱᠢᠭᠤᠯᠤᠨ᠎ᠠ᠃ ᠣᠢᠷ᠎ᠠ᠎ᠶ᠋ᠢᠨ ᠡᠳᠦᠷ᠎ᠦᠳ᠎ᠲᠦ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠱᠢᠭᠤᠳ ᠬᠠᠷᠢᠶ᠎ᠠ ᠲᠢᠩᠬᠢᠮ ᠲᠣᠪᠴᠢᠶ᠎ᠠ ᠪᠠᠢᠭᠤᠯᠭ᠎ᠠ᠎ᠶ᠋ᠢᠨ ᠺᠠᠳ᠋ᠷ ᠠᠵᠢᠯᠲᠠᠨ᠎ᠤ ᠳᠤᠮᠳᠠ ᠬᠠᠯᠠᠭᠤᠨ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠬᠥᠮᠦᠰ᠎ᠢ ᠵᠣᠷᠢᠭ᠍ᠵᠢᠭᠤᠯᠵᠤ᠂ ᠬᠣᠢᠱᠢᠳᠠ᠎ᠶ᠋ᠢᠨ ᠠᠵᠢᠯ᠎ᠳᠤ ᠴᠢᠭ᠌ᠯᠡᠯ᠎ᠢ ᠲᠣᠳᠣᠷᠬᠠᠢ ᠵᠢᠭᠠᠵᠤ᠂ ᠬᠥᠳᠡᠯᠭᠡᠬᠦ᠌ ᠬᠦᠴᠦᠨ ᠨᠡᠮᠡᠷᠢᠯᠡᠪᠡ᠂ ᠳᠠᠷᠠᠭᠠᠴᠢ᠎ᠶ᠋ᠢᠨ ᠠᠯᠬᠤᠮ᠎ᠳᠤ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠢ ᠴᠢᠩᠭ᠎ᠠ ᠡᠵᠡᠮᠳᠡᠵᠦ᠍᠂ ᠪᠦᠬᠦ᠌ ᠬᠦᠴᠦ ᠪᠡᠷ᠎ᠢᠶᠡᠨ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠴᠢᠳᠠᠯ ᠵᠢᠡᠨ ᠰᠢᠪᠬᠠᠨ ᠬᠦᠴᠢᠷ᠎ᠢ ᠲᠤᠭᠤᠯᠵᠦ ᠪᠡᠷᠬᠡ᠎ᠶ᠋ᠢ ᠳᠠᠪᠠᠨ᠂ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃


《ᠤᠯᠤᠰ᠎ᠤᠨ ᠶᠡᠬᠡ ᠶᠠᠪᠤᠳᠠᠯ》᠎ᠢ ᠰᠡᠳᠭᠢᠯ ᠎ᠳᠡᠭᠡᠨ ᠪᠤᠳᠤᠵᠦ 《ᠬᠤᠶᠠᠷ ᠬᠠᠯᠬᠠᠪᠴᠢ》 ᠵᠢ ᠪᠠᠳᠤ ᠴᠤᠭᠴᠠᠯᠠᠨ᠎ᠠ

ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠦᠨ ᠶᠡᠷᠦᠩᠬᠡᠢᠯᠡᠭ᠌ᠰᠡᠨ ᠭᠠᠵᠠᠷ᠎ᠤᠨ ᠳᠠᠷᠤᠭ᠎ᠠ ᠭᠦᠸᠧ ᠹᠸᠩ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠪᠠᠢᠭᠠᠯᠢ᠎ᠶ᠋ᠢᠨ ᠡᠬᠢ ᠪᠠᠶᠠᠯᠢᠭ᠎ᠤᠨ ᠠᠵᠢᠯ ᠢᠯᠠᠩᠭᠤᠶ᠎ᠠ ᠴᠢᠬᠤᠯᠠ ᠶᠡᠬᠡ ᠲᠦᠷᠦᠯ ᠵᠦᠢᠯ᠎ᠦᠨ ᠲᠥᠯᠥᠪᠵᠢᠭᠦᠯᠭᠡ᠂ ᠡᠬᠢ ᠪᠠᠶᠠᠯᠢᠭ᠎ᠤᠨ ᠡᠯᠧᠮᠧᠨ᠋ᠲ᠎ᠦᠨ ᠪᠠᠲᠤᠯᠠᠭ᠎ᠠ᠂ ᠲᠠᠷᠢᠶᠠᠨ ᠭᠠᠵᠠᠷ᠎ᠤᠨ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠲᠠᠯ᠎ᠠ᠎ᠪᠠᠷ ᠱᠢᠨ᠎ᠡ ᠱᠠᠭᠠᠷᠳᠠᠯᠭ᠎ᠠ ᠳᠤᠷᠠᠳᠴᠠᠢ᠃ ᠪᠢᠳᠠ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠡᠬᠢ ᠪᠠᠶᠠᠯᠢᠭ᠎ᠤᠨ ᠡᠯᠧᠮᠧᠨ᠋ᠲ᠎ᠦᠨ ᠲᠤᠬᠢᠷᠠᠭᠤᠯᠤᠯᠳᠠ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠴᠢᠩᠭ᠎ᠠ ᠰᠠᠬᠢᠵᠤ᠂ ᠠᠶᠤᠯᠭᠦᠢ ᠦᠢᠯᠡᠳᠪᠦᠷᠢᠯᠡᠯ᠎ᠢ ᠯᠠᠪᠳᠠᠭᠤᠨ ᠪᠠᠲᠤᠲᠠᠢ ᠠᠬᠢᠭᠤᠯᠤᠨ᠎ᠠ ᠭᠡᠵᠤ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠴᠢᠮᠡᠭᠡ ᠪᠠᠢᠳᠠᠯ᠎ᠤᠨ ᠵᠢᠯᠣᠭᠣᠳᠭᠤ ᠲᠥᠪ ᠤ᠋ᠨ 110 ᠬᠡᠷᠡᠭ ᠲᠤᠰᠴᠤ ᠰᠢᠢᠳᠪᠦᠷᠢᠯᠡᠬᠦ ᠵᠢ ᠵᠢᠭᠠᠨ ᠵᠢᠯᠤᠭᠤᠳᠬᠤ ᠰᠠᠯᠪᠤᠷᠢ ᠠᠩᠭᠢ᠎ᠶ᠋ᠢᠨ ᠳᠡᠳ᠋ ᠳᠠᠷᠤᠭ᠎ᠠ ᠯᠢᠦᠶ ᠶᠠᠨ ᠵᠢᠶᠦ᠋ᠨ᠄ 《ᠪᠢᠳᠡ ᠥᠭᠡᠷᠡᠴᠢᠯᠡᠯᠲᠡ ᠬᠢᠵᠦ᠍ ᠴᠠᠭ᠍ᠳᠠᠭ᠎ᠠ᠎ᠶ᠋ᠢ ᠬᠦᠴᠦᠷᠬᠡᠭ᠌ᠵᠢᠭᠦᠯᠬᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠴᠠᠭ᠍ᠳᠠᠭ᠎ᠠ ᠵᠢ ᠮᠠᠨᠳᠤᠭᠤᠯᠬᠤ ᠵᠢ ᠪᠠᠷᠢᠮᠳᠠᠯᠠᠵᠤ᠂ 〈ᠲᠤᠰᠭᠠᠶ ᠮᠡᠷᠭᠡᠵᠢᠯ + ᠲᠣᠭ᠍ᠲᠡᠴᠡ + ᠲᠣᠮᠣ ᠳ᠋ᠠᠢᠲ᠋ᠠ〉ᠵᠢᠨ ᠴᠠᠭ᠍ᠳᠠᠭᠠᠨ᠎ᠤ ᠶᠠᠪᠤᠳᠠᠯ᠎ᠤᠨ ᠱᠢᠨ᠎ᠡ ᠬᠡᠯᠪᠡᠷᠢ᠎ᠶ᠋ᠢᠨ ᠠᠵᠢᠯᠯᠠᠭᠠᠨ᠎ᠤ ᠵᠠᠭ᠍ᠪᠤᠷ᠎ᠢ ᠢᠳᠡᠪᠬᠢᠲᠡᠶ ᠪᠠᠢᠭᠤᠯᠵᠤ᠂ 110 ᠪᠣᠯᠤᠨ 12345᠂ 12348᠂ 12320 - 5 ᠵᠡᠷᠭᠡ ᠬᠠᠯᠠᠮᠱᠢᠯ ᠤᠲᠠᠰᠤ ᠲᠠᠢ ᠵᠣᠯᠭᠠᠭᠤᠯᠬᠤ ᠠᠵᠢᠯ ᠢ᠋ ᠰᠠᠢᠳᠤᠷ ᠬᠢᠵᠤ᠂ ᠵᠥᠷᠢᠴᠡᠯ ᠠᠶᠤᠯ ᠲᠦᠭ᠌ᠰᠢᠭᠦᠷᠢ ᠭᠡᠮ ᠰᠤᠭᠤᠭ᠎ᠢ ᠣᠯᠠᠨ ᠡᠱᠢᠵᠢᠬᠦᠯᠵᠦ ᠬᠣᠯᠪᠣᠭᠠᠯᠠᠨ ᠱᠢᠶ᠋ᠳᠪᠦᠷᠢᠯᠡᠬᠦ᠌᠎ᠶ᠋ᠢ ᠥᠨᠳᠥᠷ ᠪᠦᠲᠦᠮᠵᠢᠲᠡᠶ ᠦᠷᠨᠢᠭᠦᠯᠵᠤ᠂ 110 ᠬᠡᠷᠡᠭ ᠳᠤᠰᠴᠤ ᠱᠢᠶ᠋ᠳᠪᠦᠷᠢᠯᠡᠬᠦ᠌ ᠠᠵᠢᠯ ᠢ᠋ ᠵᠢᠷᠤᠮᠵᠢᠭᠤᠯᠬᠤ᠂ ᠪᠠᠷᠢᠮᠵᠢᠶᠠᠵᠢᠭᠤᠯᠬᠤ᠂ ᠲᠤᠰᠭᠠᠢᠵᠢᠭᠤᠯᠬᠤ ᠪᠠ ᠤᠶᠤᠨᠴᠢᠯᠠᠬᠤ ᠲᠦᠪᠰᠢᠨ ᠢ᠋ ᠳᠡᠭᠡᠭᠰᠢᠯᠡᠭᠦᠯᠵᠤ᠂ ᠣᠯᠠᠨ ᠲᠦᠮᠡᠨ᠎ᠳᠦ ᠦᠢᠯᠡᠴᠢᠯᠡᠬᠦ᠌ ᠴᠢᠳᠠᠪᠤᠷᠢ᠎ᠪᠠᠨ ᠦᠨᠡᠨ ᠬᠦ᠌ ᠳᠡᠭᠡᠭ᠌ᠰᠢᠯᠡᠭᠦᠯᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ᠋ ᠲᠦᠷᠦᠭᠳᠡᠯ ᠢ᠋ ᠲᠠᠰᠤᠷᠠᠯᠳᠠ ᠦᠭᠡᠢ ᠳᠡᠭᠡᠭᠰᠢᠯᠡᠭᠦᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠦᠨ ᠳᠠᠷᠤᠭ᠎ᠠ ᠪᠦ᠋ ᠹᠸᠩ ᠢ᠂ ᠬᠣᠢᠱᠢᠳᠠ ᠥᠪᠡᠷᠲᠡᠭᠡᠨ ᠵᠠᠰᠠᠬᠤ ᠣᠷᠣᠨ᠎ᠤ ᠭᠣᠣᠯ ᠠᠵᠢᠯ᠎ᠤᠨ ᠲᠣᠭᠣᠷᠢᠨ᠎ᠳᠤ ᠤᠬᠠᠮᠰᠠᠷ᠎ᠡᠴᠡ ᠪᠠᠨ 《ᠲᠠᠪᠤᠨ ᠶᠡᠬᠡ ᠡᠭᠦᠷᠭᠡ》᠂ 《ᠵᠢᠷᠭᠤᠭᠠᠨ ᠢᠨᠵᠧᠨᠧᠷᠢᠩ》 ᠪᠣᠯᠤᠨ 《ᠵᠢᠷᠭᠤᠭᠠᠨ ᠠᠵᠢᠯᠯᠠᠭ᠎ᠠ》 ᠵᠢ ᠡᠬᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠢᠯᠡᠳᠦᠯᠭᠡ᠎ᠳᠦ ᠠᠭᠤᠰᠤᠯᠴᠠᠭᠤᠯᠵᠤ᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ ᠭᠣᠣᠯᠳᠠᠯᠭ᠎ᠠ᠎ᠶ᠋ᠢᠨ ᠲᠣᠭᠣᠷᠢᠨ᠎ᠳᠤ ᠡᠩᠨᠡᠭᠡ᠎ᠶ᠋ᠢ ᠪᠠᠢᠭᠤᠯᠬᠤ᠂ ᠤᠯᠠᠨ ᠲᠦᠮᠡᠨ᠎ᠳᠦ ᠦᠢᠯᠡᠴᠢᠯᠡᠬᠦ᠌ ᠡᠭᠦᠷᠭᠡ ᠴᠢᠳᠠᠪᠬᠢ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠰᠤᠷᠤᠯᠴᠠᠯᠭ᠎ᠠ ᠬᠥᠮᠦᠵᠢᠯ᠂ ᠤᠬᠠᠭᠤᠯᠭ᠎ᠠ ᠲᠠᠢᠯᠪᠤᠷᠢᠯᠠᠯᠲᠠ᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ ᠲᠠᠯ᠎ᠠ᠎ᠪᠠᠷ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠨ᠎ᠠ ᠭᠡᠵᠤ ᠢᠯᠡᠳᠭᠡᠪᠡ᠃


ᠰᠢᠨ᠎ᠠ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠲᠦᠷᠭᠡᠨ ᠬᠦᠭᠵᠢᠭᠦᠯᠵᠤ ᠰᠠᠨᠠᠭᠠᠴᠢᠯᠠᠭ᠎ᠠ ᠡᠴᠡ ᠪᠠᠨ ᠠᠵᠢᠯᠯᠠᠵᠤ ᠰᠠᠢᠳᠤᠷ ᠦᠢᠯᠡᠴᠢᠯᠡᠨ᠎ᠠ

ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠲᠥᠰᠦᠪ᠎ᠦᠨ ᠭᠠᠵᠠᠷ᠎ᠤᠨ ᠳᠠᠷᠤᠭ᠎ᠠ ᠯᠢᠦ ᡁᠢ ᠸᠧᠢ᠄《ᠪᠢᠳᠠ ᠨᠡᠩ ᠢᠳᠡᠪᠬᠢᠲᠡᠢ ᠡᠳ᠋᠎ᠦᠨ ᠵᠠᠰᠠᠭ᠎ᠤᠨ ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠵᠤ᠂ ᠲᠡᠭ ᠰᠠᠭᠤᠷᠢ ᠴᠡᠭ ᠎ᠤᠨ ᠲᠥᠰᠦᠪ᠎ᠦᠨ ᠥᠭᠡᠷᠡᠴᠢᠯᠡᠯᠲᠡ᠎ᠪᠡᠷ ᠭᠠᠷᠳᠠᠴᠠ ᠪᠣᠯᠭᠠᠵᠤ᠂ ᠵᠠᠷᠤᠯᠭ᠎ᠠ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠤᠯᠠᠮ ᠨᠢᠭᠡ ᠠᠯᠬᠤᠮ ᠲᠠᠬᠢᠨ ᠱᠤᠭᠤᠵᠤ᠂ ᠵᠠᠷᠤᠯᠭ᠎ᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠵᠠᠷᠤᠯᠭ᠎ᠠ᠎ᠶ᠋ᠢᠨ ᠠᠵᠢᠯᠯᠠᠭ᠎ᠠ᠎ᠶ᠋ᠢ ᠵᠢᠷᠤᠮᠵᠢᠭᠤᠯᠵᠤ᠂ ᠪᠡᠯᠡ ᠮᠥᠩᠭᠥ᠎ᠶ᠋ᠢ ᠬᠡᠷᠡᠭ᠌ᠯᠡᠬᠦ᠌ ᠦᠷ᠎ᠡ ᠠᠱᠢᠭ᠎ᠢ ᠳᠡᠭᠡᠭ᠌ᠰᠢᠯᠡᠭᠦᠯᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠡᠯ᠎ᠡ ᠵᠦᠢᠯ᠎ᠦᠨ ᠠᠵᠢᠯ᠎ᠤᠨ ᠪᠠᠢᠷᠢᠯᠠᠭᠤᠯᠤᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ 〈ᠵᠢᠷᠭᠤᠭᠠᠨ ᠢᠨᠵᠧᠨᠧᠷᠢᠩ〉ᠢ᠋ ᠦᠷᠭᠦᠯᠵᠢᠯᠡᠨ ᠬᠡᠷᠡᠭ᠌ᠵᠢᠭᠦᠯᠵᠦ᠍᠂ 〈ᠵᠢᠷᠭᠤᠭᠠᠨ ᠠᠵᠢᠯᠯᠠᠭ᠎ᠠ〉 ᠵᠢ ᠵᠣᠬᠢᠶᠠᠨ ᠪᠠᠢᠭᠤᠯᠤᠨ ᠥᠷᠨᠢᠭᠦᠯᠬᠦ᠌᠎ᠳᠦ ᠡᠳ᠋᠎ᠦᠨ ᠵᠠᠰᠠᠭ ᠤ᠋ᠨ ᠬᠦᠴᠦᠨ᠎ᠦ ᠪᠠᠲᠤᠯᠠᠭ᠎ᠠ ᠬᠠᠩᠭᠠᠨ᠎ᠠ》 ᠭᠡᠵᠤ ᠬᠡᠯᠡᠪᠡ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡ᠎ᠱᠢᠪᠲᠤᠯᠬᠤ》 ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠪᠣᠢᠵᠢᠭᠤᠯᠤᠨ ᠬᠥᠭ᠌ᠵᠢᠭᠦᠯᠦᠨ᠎ᠡ ᠭᠡᠵᠦ᠍ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠭᠠᠵᠠᠷ᠎ᠤᠨ ᠳᠠᠷᠤᠭ᠎ᠠ ᠱᠢᠤᠢ ᠪᠢᠨ᠄ 《2025 ᠣᠨ᠎ᠳᠤ᠂ ᠪᠢᠳᠡ ᠬᠣᠪᠣᠷ ᠱᠢᠷᠣᠶ᠂ ᠤᠰᠤᠲᠥ᠋ᠷᠥᠭ᠌ᠴᠢ ᠡᠨᠧᠷᠭᠢ᠂ ᠡᠨᠧᠷᠭᠢ ᠬᠠᠳᠠᠭᠠᠯᠠᠬᠤ ᠪᠠ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ ᠵᠡᠷᠭᠡ 〈ᠪᠦᠰᠡᠯᠡᠯᠳᠠ ᠰᠢᠪᠳᠤᠯᠬᠤ〉 ᠴᠡᠭ᠎ᠦᠨ ᠴᠢᠬᠤᠯᠠ ᠶᠡᠬᠡ ᠡᠭᠦᠷᠭᠡ᠎ᠶ᠋ᠢ ᠦᠷᠭᠦᠯᠵᠢᠯᠡᠨ ᠰᠠᠢᠲᠤᠷ ᠬᠡᠷᠡᠭ᠌ᠵᠢᠭᠦᠯᠵᠦ᠍᠂ ᠨᠢᠭᠡ ᠪᠦᠯᠦᠭ ᠱᠢᠪᠲᠤᠯᠤᠯᠲᠠ᠎ᠶ᠋ᠢᠨ ᠴᠢᠨᠠᠷᠲᠠᠶ ᠦᠷ᠎ᠡ ᠪᠦᠲᠦᠮᠵᠢ ᠣᠯᠵᠤ᠂ ᠪᠣᠭᠣᠮᠲᠠ ᠱᠢᠪᠲᠤᠯᠬᠤ ᠴᠢᠭ᠌ᠯᠡᠯ᠎ᠢᠶᠡᠨ ᠤᠯᠠᠮ ᠨᠢᠭᠡ ᠠᠯᠬᠤᠮ ᠥᠷᠭᠡᠳᠭᠡᠨ᠎ᠡ;〈ᠵᠣᠬᠢᠶᠠᠮᠠᠯ ᠣᠶᠤᠨ ᠴᠢᠳᠠᠪᠤᠷᠢ +〉᠂ ᠤᠢᠷ᠎ᠠ ᠤᠬᠳᠠᠷᠭᠤᠢ ᠵᠢᠨ ᠠᠵᠤ ᠠᠬᠤᠶ᠂ ᠠᠮᠢᠳᠤ ᠪᠣᠳᠠᠰ᠎ᠤᠨ ᠮᠡᠷᠭᠡᠵᠢᠯ ᠵᠡᠷᠭᠡ 〈ᠪᠦᠰᠡᠯᠡᠯᠳᠠ ᠰᠢᠪᠳᠤᠯᠬᠤ〉 ᠱᠢᠨ᠎ᠡ ᠴᠡᠭ᠎ᠢ ᠪᠠᠢᠷᠢᠯᠠᠭᠤᠯᠤᠨ ᠡᠬᠢᠯᠡᠭᠦᠯᠵᠦ᠍᠂ ᠡᠬᠢᠯᠡᠮᠡᠭᠴᠡ ᠲᠦᠷᠦᠭᠦᠯᠡᠬᠦ᠌᠎ᠶ᠋ᠢ ᠦᠨᠡᠨ ᠬᠦ᠌ ᠪᠠᠲᠤᠯᠠᠨ᠎ᠠ》 ᠭᠡᠵᠤ ᠬᠡᠯᠡᠪᠡ᠃

ᠨᠢᠭᠡ ᠭᠠᠵᠠᠷ ᠣᠷᠣᠨ᠎ᠤ ᠠᠵᠤ ᠠᠬᠤᠢ᠎ᠶ᠋ᠢᠨ ᠬᠥᠭ᠌ᠵᠢᠯᠲᠡ ᠨᠢ ᠡᠴᠦᠰ᠎ᠦᠨ ᠡᠴᠦᠰ᠎ᠲᠡᠬᠡᠨ ᠠᠵᠤ ᠠᠬᠤᠢᠯᠠᠯ᠎ᠤᠨ ᠭᠣᠣᠯᠯᠠᠬᠤ ᠦᠢᠯᠡᠳᠦᠯ᠎ᠳᠦ ᠲᠦᠱᠢᠭ᠌ᠯᠡᠨ᠎ᠡ᠃ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠶ᠋ᠢ ᠴᠢᠩᠭ᠎ᠠ ᠠᠳᠭᠤᠵᠤ᠂ ᠦᠨᠡᠨ ᠰᠡᠳᠭᠢᠯ᠎ᠡᠴᠡ᠎ᠪᠡᠨ ᠠᠵᠤ ᠠᠬᠤᠢᠯᠠᠯ᠎ᠤᠨ ᠬᠦᠴᠢᠷ ᠠᠰᠠᠭᠤᠳᠠᠯ᠎ᠢ ᠱᠢᠢᠳᠪᠦᠷᠢᠯᠡᠵᠦ᠍ ᠥᠭ᠌ᠬᠦ ᠬᠡᠷᠡᠭ᠌ᠲᠡᠢ ᠭᠡᠵᠦ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠦᠨ ᠭᠤᠷᠪᠠᠳᠤᠭᠠᠷ ᠭᠠᠵᠠᠷ᠎ᠤᠨ ᠳᠠᠷᠤᠭ᠎ᠠ ᠴᠢᠶᠠᠨ ᠶᠦᠨ ᠭᠸ᠂ 《ᠠᠵᠢᠯ ᠲᠦᠷᠦᠯ᠎ᠢ ᠬᠠᠮᠢᠶᠠᠷᠬᠤ ᠪᠥᠭᠡᠳ ᠨᠠᠮ᠎ᠤᠨ ᠪᠠᠢᠭᠤᠯᠤᠯᠲᠠ᠎ᠶ᠋ᠢ ᠴᠤ᠌ ᠬᠠᠮᠢᠶᠠᠷᠬᠤ》 ᠠᠵᠢᠯ᠎ᠤᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠵᠢᠯ ᠲᠦᠷᠦᠯ᠎ᠦᠨ ᠵᠢᠯᠤᠭᠤᠳᠤᠯᠭ᠎ᠠ + ᠬᠠᠷᠢᠶ᠎ᠠ ᠣᠷᠣᠨ᠎ᠤ ᠬᠠᠮᠢᠶᠠᠷᠤᠯᠲᠠ᠎ᠶ᠋ᠢᠨ ᠠᠵᠢᠯ᠎ᠤᠨ ᠵᠠᠷᠴᠢᠮ᠎ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠨᠠᠮ᠎ᠤᠨ ᠬᠣᠷᠢᠶ᠎ᠠ᠎ᠶᠢᠨ ᠠᠵᠢᠯ ᠲᠦᠷᠦᠯ᠎ᠦᠨ ᠨᠠᠮ᠎ᠤᠨ ᠬᠣᠷᠢᠶ᠎ᠠ᠎ᠶᠢᠨ ᠳᠠᠪᠠᠭᠤᠯᠢᠭ ᠨᠥᠬᠥᠴᠡᠯ᠎ᠢ ᠭᠦᠢᠴᠡᠳ ᠪᠠᠳᠠᠷᠠᠭᠤᠯᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠵᠢᠯᠣᠭᠣᠳᠴᠤ᠌᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠡᠴᠡ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠳᠡᠮᠵᠢᠬᠦ᠌ 20 ᠵᠦᠢᠯ᠎ᠦᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠲᠠᠶ ᠨᠢᠭ᠍ᠲᠠ ᠤᠶᠠᠯᠳᠤᠭᠤᠯᠤᠨ᠂ ᠨᠠᠮ᠎ᠤᠨ ᠪᠠᠢᠭᠤᠯᠤᠯᠲᠠ᠎ᠪᠠᠷ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ ᠥᠷᠨᠢᠭᠦᠯᠵᠦ᠍᠂ 《ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠶ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠦᠢᠯᠡᠴᠢᠯᠡᠬᠦ᠌᠎ᠶ᠋ᠢ ᠪᠠᠲᠤᠯᠠᠬᠤ ᠠᠵᠢᠯ᠎ᠤᠨ ᠠᠷᠭ᠎ᠠ ᠬᠡᠮᠵᠢᠶ᠎ᠡ》 ᠵᠢ ᠪᠣᠳᠠᠲᠠᠢ᠎ᠳᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠨ᠎ᠠ ᠭᠡᠵᠦ᠍ ᠢᠯᠡᠳᠭᠡᠪᠡ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠰᠣᠶᠣᠯ ᠵᠢᠭᠤᠯᠴᠢᠯᠠᠯ᠎ᠤᠨ ᠠᠵᠢᠯ᠎ᠳᠤ ᠪᠥᠬᠥ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠪᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠵᠠᠩ ᠷᠦᠢ᠂ ᠪᠥᠬᠥ᠌ ᠣᠷᠣᠨ᠎ᠤ ᠰᠣᠶᠣᠯ ᠪᠠ ᠵᠢᠭᠤᠯᠴᠢᠯᠠᠯ᠎ᠤᠨ ᠱᠢᠰᠲ᠋ᠧᠮ᠎ᠤᠨ ᠬᠢᠨ ᠤᠮᠠᠷᠠᠲᠤ ᠬᠢᠯᠢ᠎ᠶ᠋ᠢᠨ ᠰᠣᠶᠣᠯ ᠭᠡᠬᠦ᠌ ᠡᠨᠡ ᠬᠦ᠌ 《ᠣᠶᠤᠨ ᠰᠠᠨᠠᠭᠠᠨ᠎ᠤ ᠪᠠᠶᠠᠨ ᠠᠭᠤᠷᠬᠠᠶ》 ᠎ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠤᠷᠠᠯᠢᠭ᠎ᠤᠨ ᠴᠢᠳᠠᠪᠤᠷᠢᠲᠠᠨ ᠪᠠ ᠪᠦᠲᠦᠭᠡᠯ᠎ᠦᠨ ᠰᠠᠭᠤᠷᠢ᠎ᠶ᠋ᠢ ᠪᠡᠬᠢᠵᠢᠭᠦᠯᠬᠦ᠌᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠪᠠ ᠰᠣᠶᠣᠯ᠎ᠤᠨ ᠥᠪ᠎ᠢ ᠪᠡᠬᠢᠵᠢᠭᠦᠯᠬᠦ᠌᠂ ᠵᠠᠬ᠎ᠠ ᠳᠡᠯᠭᠡᠭᠦᠷ᠎ᠦᠨ ᠪᠠᠶᠡᠴᠢ ᠴᠣᠭ᠍ᠴᠠ᠎ᠶ᠋ᠢ ᠪᠣᠢᠵᠢᠭᠤᠯᠤᠨ ᠪᠤᠵᠠᠭᠠᠢᠷᠠᠭᠤᠯᠬᠤ᠂ ᠰᠣᠶᠣᠯ ᠵᠢᠭᠤᠯᠴᠢᠯᠠᠯ᠎ᠤᠨ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠡᠷᠭᠡ 《ᠲᠠᠪᠤᠨ ᠪᠣᠳᠠᠲᠠᠶ ᠠᠵᠢᠯᠯᠠᠭ᠎ᠠ》 ᠎ᠵᠢ ᠬᠡᠷᠡᠭᠵᠢᠭᠦᠯᠵᠦ᠂ ᠤᠮᠠᠷᠠᠲᠤ ᠬᠢᠯᠢ᠎ᠶ᠋ᠢᠨ ᠰᠣᠶᠣᠯ᠎ᠳᠤ ᠠᠭᠤᠯᠤᠭ᠍ᠳᠠᠵᠤ ᠪᠠᠢᠭ᠎ᠠ ᠥᠪᠥᠷ ᠮᠣᠩᠭᠣᠯ᠎ᠤᠨ ᠲᠡᠦᠬᠡ ᠰᠣᠶᠣᠯ ᠢᠷᠭᠡᠨᠱᠢᠯ᠎ᠦᠨ ᠭᠤᠤ᠎ᠠ ᠰᠠᠢᠬᠠᠨ᠂ ᠥᠩᠭᠡ ᠦᠵᠡᠮᠵᠢ ᠵᠠᠩ ᠦᠶ᠋ᠯᠡ᠎ᠶ᠋ᠢᠨ ᠭᠤᠤ᠎ᠠ ᠰᠠᠢᠬᠠᠨ᠎ᠢ ᠠᠭᠤᠳᠠᠯᠤᠨ ᠲᠠᠢᠯᠪᠤᠷᠢᠯᠠᠵᠤ᠂ ᠰᠠᠢᠲᠤᠷ ᠤᠬᠠᠭᠤᠯᠵᠤ᠂ ᠤᠮᠠᠷᠠᠲᠤ ᠬᠢᠯᠢ᠎ᠶ᠋ᠢᠨ ᠰᠤᠶᠤᠯ᠎ᠤᠨ ᠲᠦᠷᠦᠯ ᠲᠡᠮᠳᠡᠭ᠎ᠢ ᠦᠷᠭᠦᠯᠵᠢᠯᠡᠨ ᠬᠢᠯᠠᠯᠵᠠᠭᠤᠯᠤᠨ᠎ᠠ; ᠮᠠᠨ᠎ᠤ ᠣᠷᠣᠨ᠎ᠤ ᠵᠢᠭᠤᠯᠴᠢᠯᠠᠯ᠎ᠤᠨ ᠡᠬᠢ ᠪᠠᠶᠠᠯᠢᠭ ᠡᠯᠪᠡᠭ ᠳᠡᠯᠪᠡᠭ ᠪᠠᠢᠬᠤ ᠪᠣᠳᠠᠲᠤ ᠪᠠᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠦᠶ᠋ᠯᠡᠳᠬᠦᠨ᠎ᠦ ᠬᠠᠩᠭᠠᠯᠭ᠎ᠠ᠎ᠶ᠋ᠢᠨ ᠡᠷᠴᠢᠮ᠂ ᠲᠥᠷᠥᠯ ᠲᠡᠮᠳᠡᠭ᠌᠎ᠢ ᠪᠣᠶ ᠪᠣᠯᠭᠠᠬᠤ ᠨᠠᠷᠢᠯᠢᠭ᠎ᠤᠨ ᠬᠡᠮᠵᠢᠶ᠎ᠡ᠂ ᠵᠠᠬ᠎ᠠ ᠳᠡᠯᠭᠡᠭᠦᠷ᠎ᠦᠨ ᠡᠵᠡᠩᠨᠡᠨ ᠪᠣᠷᠣᠯᠠᠭᠤᠯᠤᠯᠲᠠ᠎ᠶ᠋ᠢᠨ ᠭᠦᠨᠴᠡ᠂ ᠨᠡᠭᠡᠭᠡᠯᠲᠡ ᠬᠢᠵᠦ᠍ ᠬᠠᠮᠲᠤᠷᠠᠯᠴᠠᠬᠤ ᠥᠷᠭᠡᠴᠡ ᠳᠡᠭᠡᠷ᠎ᠡ ᠬᠦᠴᠦ᠍ ᠲᠠᠯᠪᠢᠵᠤ᠂ ᠰᠣᠶᠣᠯ ᠵᠢᠭᠤᠯᠴᠢᠯᠠᠯ᠎ᠤᠨ ᠲᠥᠷᠥᠯ ᠲᠡᠮᠳᠡᠭ᠌᠎ᠢ ᠪᠣᠶ ᠪᠣᠯᠭᠠᠬᠤ᠂ ᠴᠢᠨᠠᠷ ᠰᠠᠢᠲᠠᠶ ᠦᠵᠡᠮᠵᠢ᠎ᠶ᠋ᠢᠨ ᠣᠷᠣᠨ᠎ᠢ ᠪᠣᠢᠵᠢᠭᠤᠯᠬᠤ᠂ ᠠᠵᠤ ᠦᠶ᠋ᠯᠡᠰ᠎ᠢ ᠠᠭᠤᠰᠤᠯᠴᠠᠭᠤᠯᠤᠨ ᠠᠬᠢᠭᠤᠯᠬᠤ᠂ ᠣᠷᠣᠨ ᠪᠦᠰᠡ᠎ᠶ᠋ᠢᠨ ᠬᠠᠮᠲᠤᠷᠠᠯᠴᠠᠭ᠎ᠠ ᠬᠠᠮᠵᠢᠯᠴᠠᠭ᠎ᠠ ᠵᠡᠷᠭᠡ 《ᠲᠠᠪᠤ᠎ᠶ᠋ᠢ ᠨᠠᠢᠳᠠᠪᠤᠷᠢᠵᠢᠭᠤᠯᠬᠤ ᠢᠨᠵᠧᠨᠧᠷᠢᠩ》 ᠢ᠋ ᠬᠡᠷᠡᠭ᠌ᠵᠢᠭᠦᠯᠦᠨ᠎ᠡ ᠭᠡᠵᠦ ᠢᠯᠡᠳᠭᠡᠪᠡ᠃


ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ᠍ ᠠᠯᠠᠭ᠎ᠠ ᠵᠢᠵᠢᠭ ᠰᠡᠵᠢᠬ ᠶᠠᠪᠤᠳᠠᠯ᠎ᠢ ᠴᠦ᠍ ᠬᠠᠯᠠᠮᠵᠢᠯᠠᠨ᠎ᠠ

ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠵᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠢ ᠶᠢᠩ ᠵᠢᠶᠦ᠋ᠨ᠂ ᠪᠦᠬᠦ᠌ ᠣᠷᠣᠨ᠎ᠤ ᠡᠯ᠎ᠡ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ ᠵᠢᠨ ᠰᠠᠯᠠᠭ᠎ᠠ ᠮᠥᠴᠢᠷ᠎ᠦᠨ ᠬᠢᠨ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠪᠦᠬᠦ᠌ ᠬᠦᠴᠦ᠍᠎ᠪᠡᠷ᠎ᠢᠶᠡᠨ ᠠᠬᠢᠭᠤᠯᠵᠤ᠂ ᠪᠠᠢᠭᠤᠯᠤᠯ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠂ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠭᠠᠬᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠵᠡᠷᠭᠡ ᠭᠣᠣᠯᠳᠠᠯᠭ᠎ᠠ᠎ᠲᠠᠶ ᠬᠥᠮᠦᠰ᠎ᠦᠨ ᠠᠵᠢᠯ ᠣᠯᠭᠣᠯᠲᠠ᠎ᠶ᠋ᠢ ᠠᠬᠢᠭᠤᠯᠬᠤ᠂ ᠠᠵᠢᠯ ᠣᠯᠭᠣᠯᠲᠠ᠎ᠶ᠋ᠢᠨ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠪᠠᠷ ᠲᠥᠪᠯᠡᠷᠡᠭᠦᠯᠦᠨ ᠬᠦᠴᠦᠯᠡᠵᠦ᠍᠂ ᠤᠯᠠᠨ ᠲᠦᠮᠡᠨ ᠤ᠋ ᠠᠵᠢᠯ ᠣᠯᠭᠣᠯᠲᠠ᠎ᠶ᠋ᠢᠨ 《ᠪᠤᠳᠠᠭᠠᠨ ᠠᠶᠠᠭ᠎ᠠ》ᠵᠢ ᠲᠣᠭ᠍ᠲᠠᠭᠤᠨ ᠪᠠᠢᠯᠭᠠᠨ᠎ᠠ;ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠢᠯᠡᠴᠢᠯᠡᠭᠡ ᠵᠢᠨ ᠦᠢᠯᠡᠰ᠎ᠦᠨ ᠬᠥᠭ᠌ᠵᠢᠯᠲᠡ᠎ᠶ᠋ᠢ ᠲᠦᠷᠭᠡᠳᠭᠡᠵᠦ᠍᠂ ᠱᠠᠲᠤ ᠳᠠᠷᠠᠭᠠᠯᠠᠨ ᠠᠬᠢᠨ ᠲᠠᠪᠰᠢᠬᠤ ᠴᠢᠳᠠᠪᠤᠷᠢᠲᠠᠨ᠎ᠢ ᠱᠢᠯᠢᠨ ᠰᠣᠩᠭᠣᠵᠤ ᠦᠨᠡᠯᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠴᠢᠳᠠᠪᠤᠷᠢᠲᠠᠨ᠎ᠢ ᠨᠢᠭᠡ ᠰᠡᠳᠭᠢᠯ᠎ᠢᠶᠡᠷ ᠠᠵᠢᠯ ᠬᠢᠵᠦ᠍ ᠦᠢᠯᠡᠰ ᠪᠤᠰᠭᠠᠬᠤ ᠪᠣᠯᠭᠠᠨ᠎ᠠ; ᠬᠥᠳᠡᠯᠮᠦᠷᠢ᠎ᠶ᠋ᠢᠨ ᠬᠠᠷᠢᠴᠠᠭ᠎ᠠ᠎ᠶ᠋ᠢᠨ ᠵᠠᠰᠠᠯᠳᠠ ᠵᠢᠨ ᠲᠦᠪᠱᠢᠨ᠎ᠢ ᠳᠡᠭᠡᠭ᠌ᠰᠢᠯᠡᠭᠦᠯᠵᠦ᠍᠂ ᠬᠢᠨᠠᠨ ᠪᠠᠢᠴᠠᠭᠠᠵᠤ ᠬᠠᠤᠯᠢ ᠬᠡᠷᠡᠭ᠌ᠵᠢᠭᠦᠯᠬᠦ᠌ ᠪᠠ ᠮᠠᠷᠭᠤᠯᠳᠤᠭᠠᠨ᠎ᠢ ᠡᠶᠡᠳᠡᠭᠦᠯᠬᠦ᠌ ᠪᠠ ᠬᠥᠨᠳᠡᠯᠡᠨ᠎ᠡᠴᠡ ᠲᠠᠰᠤᠯᠬᠤ᠎ᠶ᠋ᠢ ᠴᠢᠩᠭᠠᠳᠭᠠᠵᠤ᠂ ᠬᠥᠯᠥᠰᠥᠨ ᠲᠠᠷᠢᠶᠠᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ ᠲᠦᠷᠢᠮ᠎ᠢ ᠨᠡᠢᠲᠡᠯᠡᠬᠦ᠌᠎ᠶ᠋ᠢ ᠠᠬᠢᠭᠤᠯᠵᠤ᠂ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠨᠡᠩ ᠪᠠᠲᠤᠯᠠᠭ᠎ᠠ᠎ᠲᠠᠶ ᠪᠣᠯᠭᠠᠨ᠎ᠠ ᠭᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠭᠠᠵᠠᠷ᠎ᠤᠨ ᠳᠠᠷᠤᠭ᠎ᠠ ᠰᠢ ᠳ᠋ᠦᠩ ᠮᠢᠨ᠄ 《ᠣᠢᠷ᠎ᠠ᠎ᠶ᠋ᠢᠨ ᠵᠢᠯ᠎ᠳᠦ᠂ ᠪᠢᠳᠡ ᠢᠮᠠᠭᠳᠠ ᠠᠵᠢᠯ ᠣᠯᠭᠣᠯᠲᠠ᠎ᠪᠠᠷ ᠤᠳᠤᠷᠢᠳᠤᠮᠵᠢ ᠪᠣᠯᠭᠠᠵᠤ᠂ ᠲᠤᠰᠭᠠᠶ ᠮᠡᠷᠭᠡᠵᠢᠯ᠎ᠦᠨ ᠪᠠᠢᠷᠢᠯᠠᠭᠤᠯᠤᠯᠲᠠ᠎ᠳᠤ ᠲᠣᠬᠢᠷᠠᠭᠤᠯᠤᠯᠲᠠ ᠬᠢᠭ᠌ᠰᠡᠭᠡᠷ ᠢᠷᠡᠵᠡᠶ᠃ 2023 ᠣᠨ᠎ᠳᠤ᠂ ᠮᠠᠨ᠎ᠤ ᠣᠷᠣᠨ᠎ᠤ 11 ᠶᠡᠬᠡ ᠳᠡᠭᠡᠳᠦ ᠰᠤᠷᠭᠠᠭᠤᠯᠢ 22 ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠢ ᠱᠢᠨ᠎ᠡ᠎ᠪᠡᠷ ᠨᠡᠮᠡᠭ᠌ᠳᠡᠭᠦᠯᠵᠦ᠍᠂ 30 ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠢ ᠬᠠᠰᠤᠵᠤ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠪᠦᠯᠦᠭ᠌ᠵᠢᠯ᠎ᠲᠡᠶ ᠨᠢᠭ᠍ᠲᠠ ᠵᠣᠯᠭᠠᠭᠤᠯᠪᠠ᠃ ᠣᠳᠣᠬᠠᠨ᠎ᠳᠤ᠂ ᠪᠢᠳᠡ ᠪᠠᠰᠠ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ᠎ᠦᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠬᠦ᠌ ᠱᠢᠷᠢᠰ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠠᠢ》 ᠭᠡᠵᠦ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠦᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ ᠵᠢᠨ ᠭᠠᠵᠠᠷ᠎ᠤᠨ ᠠᠵᠢᠯᠲᠠᠨ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠭᠤᠷᠪᠠᠨ ᠱᠠᠲᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ ᠵᠢᠨ ᠲᠤᠤᠷ᠎ᠢ ᠦᠷᠭᠦᠯᠵᠢᠯᠡᠨ ᠪᠦᠷᠢᠨᠱᠢᠭᠦᠯᠵᠦ᠍᠂ ᠬᠡᠷ ᠳᠡᠭᠡᠨ ᠨᠠᠰᠤᠵᠢᠯ᠎ᠤᠨ ᠠᠰᠠᠷᠠᠮᠵᠢ ᠬᠦᠷᠳᠡᠬᠦ᠌ ᠪᠠ ᠨᠡᠢᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ ᠵᠢᠨ ᠶᠠᠰᠤ ᠴᠢᠨᠠᠷ᠎ᠢ ᠦᠷᠬᠦᠯᠵᠢᠯᠡᠨ ᠳᠡᠭᠡᠭ᠌ᠰᠢᠯᠡᠭᠦᠯᠵᠦ᠍ ᠦᠷ᠎ᠡ ᠠᠱᠢᠭ᠎ᠢ᠎ᠨᠢ ᠦᠷᠬᠦᠯᠵᠢᠯᠡᠨ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ;ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ ᠵᠢᠨ ᠵᠠᠬ᠎ᠠ ᠳᠡᠯᠭᠡᠭᠦᠷ᠎ᠦᠨ ᠡᠵᠡᠩᠨᠡᠯᠲᠡ᠎ᠶ᠋ᠢᠨ ᠪᠡᠶᠡᠴᠢ ᠴᠣᠭ᠍ᠴᠠ᠎ᠶ᠋ᠢ ᠪᠣᠢᠵᠢᠭᠤᠯᠤᠨ ᠬᠥᠭ᠌ᠵᠢᠭᠦᠯᠬᠦ᠌᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ ᠵᠢᠨ ᠲᠦᠭᠡᠮᠡᠯ ᠬᠠᠷᠠᠭᠠᠯᠵᠠᠯᠲᠤ ᠬᠠᠩᠭᠠᠯᠭ᠎ᠠ᠎ᠶ᠋ᠢ ᠥᠷᠭᠡᠳᠭᠡᠬᠦ᠌ ᠠᠷᠭ᠎ᠠ ᠬᠡᠮᠵᠢᠶ᠎ᠡ ᠵᠡᠷᠭᠡ᠎ᠶ᠋ᠢ ᠨᠡᠢᠲᠡᠯᠡᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ ;ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ ᠵᠢᠨ ᠴᠢᠳᠠᠪᠤᠷᠢᠲᠠᠨ᠎ᠢ ᠬᠥᠮᠦᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ ᠵᠢᠨ ᠶᠠᠰᠤ ᠴᠢᠨᠠᠷ ᠪᠠ ᠲᠦᠪᠰᠢᠨ ᠢ᠋ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠂ ᠪᠥᠬᠥ᠌ ᠣᠷᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡ ᠵᠢᠨ ᠲᠤᠤᠷ ᠤ᠋ᠨ ᠪᠠᠢᠭᠤᠯᠤᠯᠲᠠ᠎ᠶ᠋ᠢ ᠴᠢᠩᠭᠠᠳᠬᠠᠨ᠎ᠠ ᠭᠡᠵᠦ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面