2025-01-18 12:42:08
1 ᠰᠠᠷ᠎ᠠ᠎ᠶᠢᠨ 17 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭᠴᠢᠳ ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠲᠥᠯᠥᠭᠡᠯᠡᠭᠴᠢᠳ ᠳᠤᠭᠤᠢᠯᠠᠩ ᠬᠤᠪᠢᠶᠠᠵᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠪᠣᠯᠣᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶᠢ ᠬᠢᠨᠠᠨ ᠵᠥᠪᠯᠡᠪᠡ᠃
ᠲᠥᠯᠥᠭᠡᠯᠡᠭᠴᠢᠳ᠂ ᠰᠢᠭᠦᠬᠦ ᠬᠣᠷᠢᠶ᠎ᠠ ᠪᠠᠢᠴᠠᠭᠠᠬᠤ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ ᠨᠢ ᠠᠮᠵᠢᠯᠲᠠ ᠪᠦᠳᠦᠮᠵᠢ᠎ᠪᠠᠨ ᠪᠦᠬᠦ ᠲᠠᠯ᠎ᠠ᠎ᠪᠠᠷ ᠪᠤᠰᠤᠳᠴᠢ᠎ᠪᠠᠷ ᠳ᠋ᠦᠩᠨᠡᠵᠦ᠂ ᠠᠵᠢᠯ᠎ᠤᠨ ᠭᠣᠣᠯᠳᠠᠯᠭ᠎ᠠ᠎ᠪᠠᠨ ᠤᠬᠠᠭᠠᠯᠠᠨ ᠲᠦᠯᠦᠪᠯᠡᠭᠰᠡᠨ ᠨᠢ ᠲᠣᠳᠣᠷᠬᠠᠢ᠂ ᠥᠭᠡᠷᠡᠴᠢᠯᠡᠯᠲᠡ ᠬᠢᠵᠦ ᠰᠢᠨ᠎ᠡ᠎ᠶᠢ ᠡᠭᠦᠳᠬᠦ ᠵᠣᠷᠢᠭ᠋ ᠰᠠᠨᠠᠭ᠎ᠠ᠎ᠪᠠᠷ ᠪᠢᠯᠬᠠᠮ᠎ᠠ ᠪᠠᠢᠵᠤ᠂ ᠶᠡᠬᠡ ᠲᠠᠯ᠎ᠠ᠎ᠶᠢᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠂ ᠥᠨᠳᠥᠷᠴᠡ ᠲᠠᠢ᠂ ᠬᠠᠢᠷ᠎ᠠ ᠰᠡᠳᠬᠢᠯᠭᠡ᠎ᠲᠠᠢ᠂ ᠡᠷᠴᠢᠮ᠎ᠲᠠᠢ ᠰᠠᠢᠨ ᠮᠡᠳᠡᠭᠦᠯᠦᠯᠲᠡ ᠪᠣᠯᠣᠨ᠎ᠠ ᠭᠡᠵᠦ ᠦᠵᠡᠵᠡᠭᠡᠪᠡ᠃
《ᠠᠬᠤᠢ ᠲᠠᠯᠠᠪᠠᠢ᠎ᠳᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ᠎ᠶᠢ ᠰᠣᠨᠣᠰᠴᠤ᠂ ᠪᠦᠬᠦ ᠣᠷᠣᠨ᠎ᠤ ᠰᠢᠭᠦᠬᠦ ᠬᠤᠷᠢᠶ᠎ᠠ᠎ᠵᠢᠨ ᠰᠢᠰᠲᠧᠮ᠎ᠦᠨ ᠰᠢᠭᠦᠨ ᠲᠠᠰᠤᠯᠬᠤ ᠵᠢ ᠭᠦᠢᠴᠡᠳᠬᠡᠬᠦ ᠭᠣᠣᠯ ᠬᠠᠷᠢᠭᠤᠴᠠᠯᠭ᠎ᠠ ᠭᠣᠣᠯ ᠠᠵᠢᠯ᠎ᠳᠠᠭᠠᠨ ᠰᠠᠭᠤᠷᠢᠯᠠᠵᠤ᠂ ᠰᠢᠭᠦᠨ ᠲᠠᠰᠤᠯᠬᠤ ᠠᠵᠢᠯ᠎ᠤᠨ ᠣᠳᠣᠬᠢᠴᠢᠯᠠᠯᠲᠠ᠎ᠶᠢ ᠪᠦᠬᠦ ᠬᠦᠴᠦᠨ᠎ᠢᠶᠡᠷ᠎ᠢᠶᠡᠨ ᠠᠬᠢᠭᠤᠯᠤᠭᠰᠠᠨ ᠴᠢᠷᠮᠠᠢᠯᠭ᠎ᠠ᠎ᠶᠢ ᠦᠨᠡᠨ ᠬᠦ᠌ ᠮᠡᠳᠡᠷᠡᠵᠦ᠂ ᠬᠥᠮᠥᠰ᠎ᠲᠦ ᠮᠠᠰᠢ ᠰᠠᠢᠨ ᠢᠲᠡᠭᠡᠯ ᠵᠣᠷᠢᠭ᠋᠂ ᠡᠷᠡᠮᠡᠬᠡᠢᠯᠡᠨ ᠤᠷᠤᠭᠰᠢᠯᠠᠬᠤ ᠬᠥᠳᠡᠯᠭᠡᠬᠦ ᠬᠦᠴᠦᠨ ᠣᠯᠭᠣᠬᠰᠠᠨ ᠪᠠᠢᠨ᠎ᠠ》᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠬᠥᠬᠡᠬᠣᠲᠠ᠎ᠶᠢᠨ ᠠᠷᠠᠳ᠎ᠤᠨ ᠳᠤᠮᠳᠠ ᠵᠡᠷᠭᠡ᠎ᠶᠢᠨ ᠰᠢᠭᠦᠬᠦ ᠬᠤᠷᠢᠶ᠎ᠠ᠎ᠵᠢᠨ ᠢᠷᠭᠡᠨ᠎ᠦ ᠬᠡᠷᠡᠭ᠎ᠦᠨ ᠰᠢᠭᠦᠨ ᠲᠠᠰᠤᠯᠤᠯᠲᠠ᠎ᠶᠢᠨ ᠨᠢᠭᠡᠳᠦᠭᠡᠷ ᠲᠢᠩᠬᠢᠮ᠎ᠦᠨ ᠳᠡᠳ᠋ ᠳᠠᠷᠤᠭ᠎ᠠ ᠵᠠᠩ ᠵᠸ᠂ ᠰᠢᠭᠦᠬᠦ ᠬᠤᠷᠢᠶ᠎ᠠ᠎ᠵᠢᠨ ᠰᠢᠰᠲᠧᠮ᠎ᠦᠨ ᠨᠢᠭᠡᠨ ᠠᠷᠠᠳ᠎ᠤᠨ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠪᠢ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ 《ᠬᠡᠷᠪᠡ ᠪᠢ ᠵᠠᠭᠠᠯᠳᠤᠯᠭ᠎ᠠ ᠬᠢᠵᠤ ᠪᠠᠢᠪᠠᠯ》 ᠭᠡᠬᠦ ᠣᠢᠯᠠᠭᠠᠭᠳᠠᠬᠤᠨ᠎ᠢᠶᠠᠷ ᠬᠠᠤᠯᠢ ᠴᠠᠭᠠᠵᠠ᠎ᠶᠢᠨ ᠰᠢᠭᠦᠨ ᠲᠠᠰᠤᠯᠬᠤ ᠠᠵᠢᠯ᠎ᠢ ᠦᠷᠭᠦᠯᠵᠢᠯᠡᠨ ᠰᠠᠢᠲᠤᠷ ᠬᠢᠵᠦ᠂ ᠠᠷᠠᠳ ᠲᠦᠮᠡᠨ᠎ᠤ ᠲᠦᠯᠦᠭᠡ ᠰᠠᠨᠠᠯ ᠰᠠᠨᠠᠭᠤᠯᠭ᠎ᠠ ᠳᠤᠷᠠᠳᠴᠤ᠂ ᠠᠷᠠᠳ ᠲᠦᠮᠡᠨ᠎ᠦ ᠲᠥᠯᠥᠭᠡ ᠬᠠᠤᠯᠢ ᠪᠠᠷᠢᠨ᠎ᠠ ᠭᠡᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠣᠷᠳᠣᠰ ᠬᠤᠳᠠ᠎ᠶᠢᠨ ᠠᠷᠠᠳ᠎ᠤᠨ ᠪᠠᠢᠴᠠᠭᠠᠬᠤ ᠬᠤᠷᠢᠶ᠎ᠠ᠎ᠵᠢᠨ ᠪᠠᠢᠴᠠᠭᠠᠬᠤ ᠵᠥᠪᠯᠡᠯ᠎ᠦᠨ ᠲᠤᠰᠬᠠᠢ ᠲᠤᠰᠢᠶᠠᠯᠲᠤ ᠭᠡᠰᠢᠭᠦᠨ ᠶᠠᠩ ᠯᠢ ᠴᠢᠨ᠂ ᠥᠩᠭᠡᠷᠡᠭᠰᠡᠨ ᠨᠢᠭᠡ ᠵᠢᠯ᠎ᠳᠦ᠂ ᠪᠦᠬᠦ ᠣᠷᠣᠨ᠎ᠤ ᠪᠠᠢᠴᠠᠭᠠᠬᠤ ᠠᠵᠢᠯ᠎ᠤᠨ ᠣᠯᠣᠭᠰᠠᠨ ᠠᠮᠵᠢᠯᠲᠠ ᠪᠦᠲᠦᠮᠵᠢ᠎ᠶᠢᠨ ᠬᠢᠯᠠᠰ ᠴᠡᠭ ᠲᠣᠪᠣᠢᠮ᠎ᠠ ᠪᠠᠢᠵᠤ᠂ ᠬᠥᠮᠥᠰ᠎ᠢ ᠵᠤᠷᠢᠬᠵᠢᠭᠤᠯᠤᠨ ᠤᠷᠮᠠᠰᠢᠭᠤᠯᠪᠠ᠃ ᠲᠣᠭ᠎ᠠ ᠪᠠᠷᠢᠮᠲᠠ ᠨᠢᠭᠡ ᠪᠦᠷᠢ᠎ᠶᠢᠨ ᠠᠷᠤ᠎ᠳᠤ ᠴᠥᠮ ᠦᠨᠡᠨ ᠪᠣᠳᠠᠲᠠᠢ ᠠᠵᠢᠯ ᠪᠠᠢᠵᠤ᠂ ᠪᠥᠬᠥ ᠣᠷᠣᠨ᠎ᠤ ᠪᠠᠢᠴᠠᠭᠠᠬᠤ ᠪᠠᠢᠭᠤᠯᠭ᠎ᠠ᠎ᠶᠢᠨ ᠤᠬᠠᠮᠰᠠᠷ᠎ᠡᠴᠡ᠎ᠪᠠᠨ ᠶᠡᠬᠡ ᠲᠠᠯ᠎ᠠ᠎ᠳᠤ ᠦᠢᠯᠡᠴᠢᠯᠡᠬᠦ᠂ ᠠᠷᠠᠳ ᠲᠦᠮᠡᠨ᠎ᠦ ᠲᠥᠯᠥᠭᠡ ᠬᠠᠤᠯᠢ ᠪᠠᠷᠢᠬᠤ᠂ ᠬᠠᠤᠯᠢ᠎ᠪᠠᠷ ᠵᠠᠰᠠᠬᠤ᠎ᠳᠤ ᠬᠠᠷᠢᠭᠤᠴᠠᠯᠭ᠎ᠠ ᠡᠭᠦᠷᠭᠡᠯᠡᠬᠦ ᠠᠵᠢᠯ᠎ᠤᠨ ᠪᠣᠳᠠᠲᠤ ᠦᠷ᠎ᠡ ᠪᠦᠲᠦᠮᠵᠢ᠎ᠶᠢ ᠲᠤᠰᠬᠠᠪᠠ ᠭᠡᠵᠡᠢ᠃
ᠲᠥᠯᠥᠭᠡᠯᠡᠭᠴᠢᠳ᠂ ᠬᠣᠢᠰᠢᠳᠠ᠎ᠶᠢᠨ ᠠᠵᠢᠯ᠎ᠤᠨ ᠳᠤᠮᠳᠠ ᠪᠠᠨ᠂ ᠰᠢᠭᠦᠬᠦ ᠬᠣᠷᠢᠶ᠎ᠠ ᠪᠠᠢᠴᠠᠭᠠᠬᠤ ᠬᠣᠷᠢᠶ᠎ᠠ ᠭᠣᠣᠯ ᠠᠵᠢᠯ ᠶᠡᠬᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠬᠡᠷᠡᠭ᠎ᠢ ᠬᠠᠤᠯᠢ ᠶᠣᠰᠣᠭᠠᠷ ᠲᠥᠪ ᠭᠤᠤᠯᠴᠢ ᠥᠨᠳᠥᠷ ᠪᠦᠲᠦᠮᠵᠢᠲᠡᠶ᠎ᠪᠡᠷ ᠰᠢᠭᠦᠵᠦ᠂ ᠬᠠᠤᠯᠢ ᠴᠠᠭᠠᠵᠠ᠎ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ᠎ᠪᠠᠨ ᠪᠥᠬᠥ ᠲᠠᠯ᠎ᠠ᠎ᠪᠠᠷ ᠭᠦᠢᠴᠡᠳᠬᠡᠵᠦ᠂ ᠠᠷᠠᠳ᠎ᠤᠨ ᠲᠥᠯᠥᠭᠡ ᠬᠠᠤᠯᠢ ᠪᠠᠷᠢᠬᠤ᠂ ᠲᠥᠪ ᠭᠤᠤᠯᠴᠢ᠎ᠪᠠᠷ ᠬᠠᠤᠯᠢ ᠪᠠᠷᠢᠬᠤ᠎ᠶᠢ ᠪᠠᠷᠢᠮᠲᠠᠯᠠᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠪᠠᠲᠤ ᠴᠢᠩᠭ᠎ᠠ ᠬᠠᠤᠯᠢ ᠴᠠᠭᠠᠵᠠ᠎ᠶᠢᠨ ᠪᠠᠲᠤᠯᠠᠭ᠎ᠠ ᠬᠠᠩᠭᠠᠨ᠎ᠠ ᠭᠡᠵᠦ ᠢᠯᠡᠳᠭᠡᠵᠡᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃