2025-01-17 10:17:48
ᠰᠠᠶᠢᠬᠠᠨ ᠥᠩᠭᠡᠷᠡᠭᠰᠡᠨ 2024 ᠣᠨ ᠪᠣᠯ 《ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ》 ᠤ᠋ ᠠᠵᠢᠯ ᠦᠢᠯᠡᠰ ᠲᠦᠷᠭᠡᠨ ᠬᠦᠭᠵᠢᠭᠰᠡᠨ ᠨᠢᠭᠡ ᠵᠢᠯ ᠪᠤᠯᠤᠨ᠎ᠠ᠄ ᠠᠮᠤ ᠪᠤᠳᠠᠭᠠᠨ᠎ᠤ ᠶᠡᠷᠦᠩᠬᠡᠢ ᠤᠨᠠᠯᠲᠠ 820.1 ᠳ᠋ᠦᠩᠰᠢᠭᠤᠷ ᠵᠢᠩ᠎ᠳᠦ ᠬᠦᠷᠴᠦ᠂ 《ᠬᠣᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ》 ᠵᠢ ᠪᠡᠶᠡᠯᠡᠬᠦᠯᠵᠤ᠂ ᠨᠡᠮᠡᠭᠳᠡᠯ᠎ᠦᠨ ᠬᠡᠮᠵᠢᠶ᠎ᠡ ᠨᠢ ᠪᠥᠬᠥ ᠤᠯᠤᠰ᠎ᠤᠨ ᠭᠤᠷᠪᠠᠳᠤᠭᠠᠷ᠎ᠲᠤ ᠵᠢᠬᠰᠠᠪᠠ᠃ ᠦᠬᠡᠷ ᠬᠣᠨᠢᠨ ᠮᠢᠬ᠎ᠠ᠂ ᠦᠨᠢᠶᠡᠨ ᠰᠦ᠎ᠶᠢᠨ ᠭᠠᠷᠤᠯᠲᠠ ᠪᠥᠬᠥ ᠤᠯᠤᠰ᠎ᠤᠨ ᠨᠢᠭᠡᠳᠦᠭᠡᠷ᠎ᠲᠦ ᠲᠤᠳᠤᠷᠠᠵᠤ᠂ ᠰᠦ ᠮᠢᠬ᠎ᠠ ᠲᠥᠮᠥᠰᠥ ᠨᠤᠤᠯᠤᠭᠤᠷ ᠵᠡᠷᠭᠡ 7 ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠯᠬᠢᠶ᠎ᠡ᠎ᠶᠢᠨ ᠦᠢᠯᠡᠳᠪᠦᠷᠢᠯᠡᠯ ᠤ᠋ᠨ ᠥᠷᠲᠡᠭ 7000 ᠳ᠋ᠦᠩᠰᠢᠭᠤᠷ ᠲᠥᠭᠥᠷᠢᠭ᠎ᠢ ᠳᠠᠪᠠᠵᠤ᠂ ᠪᠥᠬᠥ ᠤᠯᠤᠰ᠎ᠤᠨ ᠠᠷᠠᠳ ᠲᠦᠮᠡᠨ᠎ᠦ ᠬᠣᠭᠣᠯᠠᠨ ᠰᠢᠷᠡᠭᠡᠨ ᠳ᠋ᠤ ᠲᠡᠯᠭᠡᠭᠳᠡᠬᠦ ᠲᠠᠯ᠎ᠠ ᠨᠤᠲᠤᠭ ᠤ᠋ᠨ ᠪᠣᠬᠢᠷᠲᠤᠯ ᠦᠭᠡᠢ ᠢᠳᠡᠭᠡᠨ ᠨᠡᠩ ᠤᠯᠠᠨ ᠪᠤᠯᠪᠠ᠃
ᠬᠣᠶᠠᠷ ᠬᠤᠷᠠᠯ ᠵᠢᠡᠷ ᠳᠠᠮᠵᠢᠨ ᠥᠪᠥᠷ ᠮᠣᠩᠭᠣᠯ᠎ᠤᠨ ᠮᠠᠯ ᠠᠵᠤ ᠠᠬᠤᠢ ᠲᠠᠷᠢᠶᠠᠯᠠᠩ ᠤ᠋ᠨ ᠬᠥᠭᠵᠢᠯᠲᠡ᠎ᠶᠢᠨ ᠰᠢᠨ᠎ᠡ ᠪᠠᠢᠳᠠᠯ᠎ᠢ ᠣᠢᠯᠠᠭᠠᠵᠤ ᠪᠤᠯᠤᠨ᠎ᠠ᠃《ᠠᠮᠤ ᠵᠢᠨ ᠰᠠᠩ》 ᠳᠦᠭᠦᠷᠡᠩ᠂ 《ᠮᠢᠬᠠᠨ᠎ᠤ ᠬᠥᠮᠥᠷᠭᠡ》 ᠡᠯᠪᠡᠭ᠂ ᠮᠠᠯ ᠠᠵᠤ ᠠᠬᠤᠢ ᠲᠠᠷᠢᠶᠠᠯᠠᠩ ᠤ᠋ᠨ ᠬᠥᠭᠵᠢᠯᠲᠡ ᠲᠣᠭᠲᠠᠭᠤᠨ᠎ᠤ ᠳᠤᠮᠳᠠ ᠤᠷᠤᠭᠰᠢᠯᠠᠵᠤ᠂ ᠲᠣᠭᠲᠠᠭᠤᠨ᠎ᠤ ᠳᠤᠮᠳᠠ ᠰᠢᠨᠡᠳᠴᠦ᠂ ᠤᠯᠤᠰ᠎ᠤᠨ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠪᠦᠲᠦᠭᠡᠨ ᠪᠠᠢᠭᠤᠯᠤᠯᠲᠠ ᠲᠦᠷᠭᠡᠨ ᠪᠥᠭᠡᠳ ᠲᠣᠭᠲᠠᠭᠤᠨ ᠠᠬᠢᠪᠠ᠃
《ᠳᠤᠮᠳᠠᠳᠤ ᠤᠯᠤᠰ᠎ᠤᠨ ᠪᠤᠳᠠᠭᠠᠨ ᠠᠶᠠᠭ᠎ᠠ》 ᠵᠢ ᠲᠤᠭᠳᠠᠭᠤᠨ ᠪᠠᠢᠯᠭᠠᠬᠤ ᠪᠤᠯ ᠥᠪᠥᠷ ᠮᠣᠩᠭᠣᠯ᠎ᠤᠨ ᠪᠣᠳᠠᠲᠤ ᠬᠦᠴᠦᠨ ᠮᠥᠨ᠂ ᠨᠡᠩ ᠴᠤ᠌ ᠥᠪᠥᠷ ᠮᠣᠩᠭᠣᠯ᠎ᠤᠨ ᠬᠠᠷᠢᠭᠤᠴᠠᠯᠭ᠎ᠠ ᠡᠭᠦᠷᠭᠡᠯᠡᠯ ᠮᠥᠨ᠃ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ᠎ᠤ ᠪᠦᠲᠦᠭᠡᠨ ᠪᠠᠢᠭᠤᠯᠤᠯᠲᠠ᠎ᠶᠢ ᠲᠦᠷᠭᠡᠳᠬᠡᠵᠦ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠶᠢ ᠬᠦᠴᠦᠲᠡᠢ ᠪᠦᠲᠦᠮᠵᠢᠲᠡᠢ ᠠᠬᠢᠭᠤᠯᠬᠤ ᠨᠢ ᠳᠠᠬᠢᠨᠲᠠ ᠲᠥᠯᠥᠭᠡᠯᠡᠭᠴᠢᠳ ᠭᠡᠰᠢᠭᠦᠳ᠎ᠦᠨ ᠬᠠᠯᠠᠭᠤᠨ ᠶᠠᠷᠢᠯᠴᠠᠭ᠎ᠠ ᠪᠣᠯᠪᠠ᠃
ᠦᠨᠳᠦᠰᠦ ᠰᠠᠭᠤᠷᠢ᠎ᠶᠢ ᠪᠡᠬᠢᠵᠢᠭᠦᠯᠵᠦ ᠦᠢᠯᠡᠳᠪᠦᠷᠢᠯᠡᠯ᠎ᠤᠨ ᠬᠡᠮᠵᠢᠶ᠎ᠠ ᠦᠢᠯᠡᠳᠪᠦᠷᠢᠯᠡᠬᠦ ᠴᠢᠳᠠᠪᠤᠷᠢ᠎ᠶᠢ ᠵᠡᠷᠭᠡ ᠪᠡᠷ ᠴᠢᠬᠤᠯᠠᠴᠢᠯᠠᠨ᠎ᠠ
ᠴᠠᠭ ᠮᠥᠴᠡ ᠤᠷᠤᠭᠰᠢᠯᠠᠯᠳᠠ ᠵᠢᠨ ᠠᠯᠬᠤᠭ᠎ᠠ᠎ᠶᠢ ᠭᠡᠷᠡᠴᠢᠯᠡᠨ᠎ᠡ᠃
ᠨᠢᠬᠡ ᠪᠦᠯᠦᠭ 《ᠨᠡᠮᠡᠭᠳᠡᠯ》 ᠤ᠋ᠨ ᠲᠣᠭ᠎ᠠ ᠪᠠᠷᠢᠮᠳᠠ ᠨᠢ 《ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ》 ᠤ᠋ ᠠᠵᠢᠯ ᠤ᠋ᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠦᠭᠰᠡᠨᠢ ᠪᠡᠳᠤ ᠬᠡᠷᠡᠴᠢᠯᠡᠪᠠ᠃
ᠲᠥᠬᠥᠭᠡᠷᠦᠮᠵᠢᠲᠦ ᠲᠠᠷᠢᠶᠠᠯᠠᠩ᠎ᠢ 26 ᠲᠦᠮᠡᠨ ᠮᠦ᠍᠂ ᠬᠠᠰᠢᠶᠠᠯᠠᠨ ᠲᠡᠵᠢᠭᠡᠬᠦ ᠰᠠᠷᠠᠪᠴᠢ᠎ᠶᠢ 300 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ᠎ᠪᠡᠷ ᠨᠡᠮᠡᠭᠳᠡᠭᠦᠯᠵᠦ᠂ 78 ᠲᠦᠮᠡᠨ ᠮᠠᠯᠵᠢᠬᠤ ᠲᠠᠷᠢᠶᠠᠯᠠᠬᠤ ᠡᠷᠦᠬᠡ ᠬᠦᠷᠢᠶ᠎ᠡ ᠬᠠᠰᠢᠶᠠᠨ᠎ᠤ ᠠᠵᠤ ᠠᠬᠤᠢ᠎ᠶᠢ ᠬᠥᠭᠵᠢᠭᠦᠯᠪᠡ;
ᠠᠮᠤ ᠪᠤᠳᠠᠭᠠᠨ᠎ᠤ ᠮᠦ᠍ ᠪᠦᠷᠢ᠎ᠶᠢᠨ ᠳᠤᠮᠳᠠᠴᠢ ᠤᠨᠠᠯᠲᠠ 24.2 ᠵᠢᠩ ᠳᠡᠭᠡᠭᠰᠢᠯᠡᠵᠦ᠂ ᠡᠷᠳᠡᠨᠢ ᠰᠢᠰᠢ᠂ ᠲᠥᠮᠥᠰᠥ᠎ᠶᠢᠨ ᠲᠠᠯᠠᠪᠠᠶ ᠨᠢᠭᠡᠴᠢ᠎ᠶᠢᠨ ᠲᠡᠭᠰᠢᠳᠭᠡᠭᠰᠡᠨ ᠤᠨᠠᠯᠲᠠ ᠳᠠᠬᠢᠨᠲᠠ ᠰᠢᠨ᠎ᠡ ᠲᠡᠮᠳᠡᠭᠯᠡᠯ᠎ᠢ ᠡᠭᠦᠳᠪᠡ;
ᠡᠳᠡᠬᠡᠷ ᠦᠨᠡᠨ ᠪᠤᠳᠠᠳᠠᠢ ᠲᠣᠭ᠎ᠠ ᠪᠠᠷᠢᠮᠲᠠ᠎ᠶ᠋ᠢᠨ ᠠᠷᠤ᠎ᠳᠤ᠂ ᠥᠪᠥᠷ ᠮᠣᠩᠭᠣᠯ᠎ᠤᠨ《ᠮᠠᠯ ᠠᠵᠤ ᠠᠬᠤᠢ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ》 ᠤ᠋ ᠦᠨᠳᠦᠰᠦᠨ ᠰᠠᠭᠤᠷᠢ ᠤᠯᠠᠮ ᠨᠢᠭᠡ ᠠᠯᠬᠤᠮ ᠪᠡᠬᠢᠵᠢᠭᠰᠡᠨᠤ ᠬᠦᠴᠦᠲᠡᠢ ᠭᠡᠷᠡᠴᠢᠯᠡᠯ ᠪᠤᠢ᠃
ᠲᠦᠮᠡᠨ ᠬᠡᠷᠡᠭ ᠮᠢᠩᠭᠠᠨ ᠶᠠᠪᠤᠳᠠᠯ᠎ᠳᠤ ᠬᠣᠭᠣᠯᠠ ᠢᠳᠡᠬᠦ᠌ ᠪᠤᠯ ᠬᠠᠮᠤᠭ᠎ᠤᠨ ᠴᠢᠬᠤᠯᠠ ᠶᠠᠪᠤᠳᠠᠯ ᠪᠤᠯᠤᠨ᠎ᠠ᠃ ᠮᠠᠯ ᠠᠵᠤ ᠠᠬᠤᠶ ᠲᠠᠷᠢᠶᠠᠯᠠᠩ᠎ᠤᠨ ᠲᠣᠮᠣ ᠣᠷᠣᠨ ᠪᠣᠯᠤᠭ᠍ᠰᠠᠨ᠎ᠤ ᠬᠤᠪᠢ᠎ᠳᠤ᠂ ᠠᠮᠤ ᠪᠤᠳᠠᠭ᠎ᠠ ᠪᠠ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠬᠤ ᠡᠨᠡ ᠬᠦ᠌ ᠬᠦᠨᠳᠦ ᠡᠭᠦᠷᠭᠡ᠎ᠶ᠋ᠢ ᠬᠡᠷᠬᠢᠨ ᠴᠢᠩᠭ᠎ᠠ ᠰᠠᠢᠲᠤᠷ ᠠᠳᠭᠤᠬᠤ ᠪᠣᠶ?ᠲᠥᠯᠥᠭᠡᠯᠡᠭ᠌ᠴᠢᠳ ᠭᠡᠱᠢᠭᠦᠳ ᠢᠳᠡᠪᠬᠢᠳᠡᠢ ᠠᠷᠭ᠎ᠠ ᠤᠬᠠᠭᠠᠨ ᠭᠠᠷᠭᠠᠵᠤ ᠠᠷᠭ᠎ᠠ ᠪᠤᠳᠤᠯᠭ᠎ᠠ ᠲᠡᠪᠰᠢᠬᠦᠯᠪᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠲᠢᠩᠬᠢᠮ᠎ᠦᠨ ᠳᠡᠳ᠋ ᠳᠠᠷᠤᠭ᠎ᠠ ᠵᠠᠩ ᠬᠤᠸᠠ ᠵᠧᠨ ᠄《 ᠡᠨᠡ ᠵᠢᠯ᠎ᠦᠨ ᠮᠠᠯ ᠠᠵᠤ ᠠᠬᠤᠶ ᠲᠠᠷᠢᠶᠠᠯᠠᠩ᠎ᠤᠨ ᠠᠵᠢᠯ᠎ᠢ ᠰᠠᠢᠲᠤᠷ ᠬᠢᠬᠦ᠌᠎ᠳᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠵᠢᠳᠬᠦᠯ ᠴᠢᠷᠮᠠᠢᠯᠭ᠎ᠠ ᠲᠠᠢ ᠵᠠᠰᠠᠭ᠎ᠤᠨ ᠣᠷᠳᠣᠨ᠎ᠯᠤᠭ᠎ᠠ᠎ᠶ᠋ᠢᠨ ᠬᠠᠷᠢᠴᠠᠭ᠎ᠠ᠂ ᠶᠡᠷᠦᠩᠬᠡᠶ ᠬᠠᠩᠭᠠᠯᠭ᠎ᠠ ᠪᠠ ᠶᠡᠷᠦᠩᠬᠡᠶ ᠬᠡᠷᠡᠭ᠌ᠴᠡᠭᠡ᠎ᠶ᠋ᠢᠨ ᠬᠠᠷᠢᠴᠠᠭ᠎ᠠ᠂ ᠱᠢᠨ᠎ᠡ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠬᠤ ᠪᠠ ᠬᠠᠭᠤᠴᠢᠨ ᠬᠥᠳᠡᠯᠭᠡᠬᠦ᠌ ᠡᠨᠧᠷᠭᠢ᠎ᠶ᠋ᠢ ᠱᠢᠨᠡᠳᠭᠡᠬᠦ᠌᠎ᠶ᠋ᠢᠨ ᠬᠠᠷᠢᠴᠠᠭ᠎ᠠ᠂ ᠨᠡᠮᠡᠭ᠌ᠳᠡᠯ᠎ᠦᠨ ᠬᠡᠮᠵᠢᠶ᠎ᠡ᠎ᠶ᠋ᠢ ᠱᠢᠯᠢᠳᠡᠭ᠌ᠵᠢᠭᠦᠯᠬᠦ᠌ ᠪᠠ ᠬᠠᠳᠠᠭᠠᠯᠠᠯᠲᠠ᠎ᠶ᠋ᠢᠨ ᠬᠡᠮᠵᠢᠶ᠎ᠡ᠎ᠶ᠋ᠢ ᠠᠮᠢᠳᠤᠯᠢᠭ ᠪᠣᠯᠭᠠᠬᠤ᠎ᠶ᠋ᠢᠨ ᠬᠠᠷᠢᠴᠠᠭ᠎ᠠ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠪᠠ ᠶᠡᠷᠦᠩᠬᠡᠶ ᠬᠡᠮᠵᠢᠶ᠎ᠡ᠎ᠶ᠋ᠢ ᠪᠤᠵᠠᠭᠠᠢᠷᠠᠭᠤᠯᠬᠤ᠎ᠶ᠋ᠢᠨ ᠬᠠᠷᠢᠴᠠᠭ᠎ᠠ᠎ᠶ᠋ᠢ ᠭᠤᠤᠯᠳᠠᠯᠭ᠎ᠠ᠎ᠲᠠᠶ ᠰᠠᠢᠲᠤᠷ ᠨᠢᠭᠡᠳᠦᠯᠲᠡᠶ ᠲᠥᠯᠥᠪᠵᠢᠭᠦᠯᠬᠦ᠌ ᠬᠡᠷᠡᠭ᠌ᠲᠡᠶ᠃ ᠡᠭᠦᠨ᠎ᠦ ᠬᠠᠮᠲᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠯᠭᠠᠭᠤᠷᠢᠯᠠᠯ᠎ᠢ ᠴᠢᠩᠭᠠᠳᠭᠠᠵᠤ᠂ ᠱᠢᠨ᠎ᠡ ᠵᠠᠭ᠍ᠪᠤᠷ᠂ ᠱᠢᠨ᠎ᠡ ᠡᠭᠦᠯᠳᠡᠷ᠂ ᠱᠢᠨ᠎ᠡ ᠮᠡᠷᠭᠡᠵᠢᠯ᠂ ᠱᠢᠨ᠎ᠡ ᠮᠠᠱᠢᠨ ᠮᠸᠬᠠᠨᠢᠭ᠂ ᠱᠢᠨ᠎ᠡ ᠲᠠᠪᠴᠠᠩ᠂ ᠱᠢᠨ᠎ᠡ ᠡᠵᠡᠩᠨᠡᠨ ᠪᠣᠷᠣᠯᠠᠭᠤᠯᠤᠯᠲᠠ᠎ᠶ᠋ᠢᠨ 〈ᠵᠢᠷᠭᠤᠭᠠᠨ ᠱᠢᠨ᠎ᠡ〉 ᠳᠡᠭᠡᠷ᠎ᠡ ᠬᠦᠴᠦᠯᠡᠵᠦ᠍᠂ ᠨᠠᠩ ᠣᠯᠠᠨ ᠮᠠᠯ ᠠᠵᠤ ᠠᠬᠤᠶ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠪᠣᠳᠠᠲᠤ ᠦᠶ᠋ᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ》 ᠭᠡᠯ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠵᠠᠯᠠᠢᠳ ᠬᠣᠱᠢᠭᠤᠨ᠎ᠤ ᠨᠠᠮ᠎ᠤᠨ ᠬᠣᠷᠢᠶ᠎ᠠ᠎ᠶᠢᠨ ᠱᠦᠵᠢ ᠴᠢ ᠯᠢᠨ᠄ 《ᠵᠠᠯᠠᠢᠳ ᠬᠣᠱᠢᠭᠤ 〈ᠲᠠᠷᠢᠶᠠᠨ ᠭᠠᠵᠠᠷ᠎ᠢᠶᠡᠷ ᠠᠮᠤ ᠪᠤᠳᠠᠭᠠᠨ᠎ᠤ ᠦᠢᠯᠡᠳᠪᠦᠷᠢᠯᠡᠯ᠎ᠤᠨ ᠴᠢᠳᠠᠪᠤᠷᠢ᠎ᠶ᠋ᠢ ᠪᠠᠲᠤᠯᠠᠵᠤ᠂ ᠮᠡᠷᠭᠡᠵᠢᠯ᠎ᠢᠶᠡᠷ ᠠᠮᠤ ᠪᠤᠳᠠᠭᠠᠨ᠎ᠤ ᠤᠨᠠᠯᠲᠠ᠎ᠶ᠋ᠢ ᠨᠡᠮᠡᠭ᠌ᠳᠡᠭᠦᠯᠬᠦ᠌〉ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠠᠷᠢᠶᠠᠨ ᠭᠠᠵᠠᠷ᠎ᠢ ᠬᠠᠮᠠᠭᠠᠯᠠᠬᠤ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠶ ᠪᠠᠢᠬᠤ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠂ ᠬᠠᠷ᠎ᠠ ᠬᠥᠷᠥᠰᠥ᠍᠎ᠲᠦ ᠭᠠᠵᠠᠷ ᠰᠢᠷᠤᠢ᠎ᠵᠢ ᠬᠠᠮᠠᠭᠠᠯᠠᠨ ᠠᠱᠢᠭ᠍ᠯᠠᠬᠤ᠂ ᠬᠠᠮᠠᠭᠠᠯᠠᠯᠲᠠ᠎ᠶ᠋ᠢᠨ ᠴᠢᠨᠠᠷᠲᠠᠶ ᠲᠠᠷᠢᠶᠠᠯᠠᠬᠤ ᠵᠡᠷᠭᠡ ᠲᠥᠷᠥᠯ ᠵᠦᠶ᠋ᠯ᠎ᠢ ᠢᠳᠡᠪᠬᠢᠲᠡᠶ ᠲᠡᠮᠡᠴᠡᠨ ᠣᠯᠤᠨ᠎ᠠ᠃ ᠬᠠᠷ᠎ᠠ ᠬᠥᠷᠥᠰᠥᠲᠦ ᠭᠠᠵᠠᠷ᠎ᠰᠢᠷᠤᠢ᠎ᠵᠢ ᠬᠠᠮᠠᠭᠠᠯᠠᠬᠤ ᠪᠠ ᠪᠥᠲᠥᠭᠡᠨ ᠪᠠᠢᠭᠤᠯᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠲᠠᠷᠢᠶᠠᠯᠠᠩ᠎ᠤᠨ ᠮᠠᠱᠢᠨ ᠲᠠᠷᠢᠶᠠᠯᠠᠩ᠎ᠤᠨ ᠮᠡᠷᠭᠡᠵᠢᠯ᠎ᠢ ᠤᠶᠠᠯᠳᠤᠭᠤᠯᠬᠤ᠂ ᠭᠠᠵᠠᠷ ᠱᠢᠷᠣᠶ ᠬᠡᠷᠡᠭ᠌ᠯᠡᠵᠦ᠍ ᠭᠠᠵᠠᠷ ᠱᠢᠷᠣᠶ ᠠᠷᠠᠴᠢᠯᠠᠬᠤ᠎ᠶ᠋ᠢ ᠤᠶᠠᠯᠳᠤᠭᠤᠯᠬᠤ᠂ ᠵᠠᠰᠠᠯᠲᠠ ᠬᠢᠨᠠᠯᠲᠠ ᠬᠠᠮᠢᠶᠠᠷᠤᠯᠲᠠ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠠᠷ᠎ᠠ ᠬᠥᠷᠥᠰᠥᠲᠦ ᠭᠠᠵᠠᠷ ᠰᠢᠷᠤᠢ᠎ᠵᠢ 〈ᠨᠢᠮᠭᠡᠷᠡᠭᠦᠯᠬᠦ᠌〉᠂ 〈ᠮᠠᠭᠤᠳᠠᠭᠤᠯᠬᠤ〉 ᠶ᠋ᠢ ᠴᠢᠩᠭ᠎ᠠ ᠰᠡᠷᠭᠡᠢᠯᠡᠵᠦ᠍᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃
ᠲᠠᠷᠢᠶᠠᠯᠠᠩ᠎ᠢ ᠡᠷᠬᠢᠮᠯᠡᠬᠦ ᠪᠤᠯᠪᠠᠰᠤ ᠤᠯᠤᠰ᠎ᠤᠨ ᠶᠡᠭᠡ ᠪᠤᠳᠤᠯᠭ᠎ᠠ ᠪᠤᠯᠠᠢ᠃ ᠥᠪᠥᠷ ᠮᠣᠩᠭᠣᠯ ᠦᠷᠭᠦᠯᠵᠢᠯᠡᠨ ᠲᠠᠯᠠᠪᠠᠶ᠎ᠵᠢ ᠲᠣᠭᠲᠠᠪᠤᠷᠢᠵᠢᠭᠤᠯᠵᠤ᠂ ᠲᠠᠯᠠᠪᠠᠢ ᠨᠢᠭᠡᠴᠢ᠎ᠶᠢᠨ ᠤᠨᠠᠯᠲᠠ ᠢ᠋ ᠲᠡᠭᠡᠭᠰᠢᠯᠡᠬᠦᠯᠵᠤ᠂ ᠦᠢᠯᠡᠴᠢᠯᠡᠭᠡ᠎ᠪᠡᠨ ᠰᠢᠯᠢᠳᠡᠭᠵᠢᠭᠦᠯᠦᠨ᠂ ᠲᠥᠷᠥ᠎ᠶᠢᠨ ᠪᠣᠳᠣᠯᠭ᠎ᠠ᠎ᠪᠠᠨ ᠴᠢᠩᠭᠠᠳᠬᠠᠵᠤ᠂ 《ᠰᠠᠢᠨ ᠡᠭᠦᠯᠳᠡᠷ᠂ ᠰᠠᠢᠨ ᠮᠡᠷᠭᠡᠵᠢᠯ᠂ ᠰᠠᠢᠨ ᠲᠠᠷᠢᠶ᠎ᠠ᠂ ᠰᠠᠢᠨ ᠠᠵᠠ ᠲᠣᠬᠢᠶᠠᠯ᠂ ᠰᠠᠢᠨ ᠳᠦᠷᠢᠮ》 ᠢ᠋ ᠭᠦᠨᠵᠡᠭᠡᠢ ᠠᠭᠤᠰᠤᠯᠴᠠᠭᠤᠯᠤᠨ ᠬᠦᠴᠦᠯᠡᠵᠦ᠂ 《ᠳᠤᠮᠳᠠᠳᠤ ᠤᠯᠤᠰ᠎ᠤᠨ ᠠᠶᠠᠭᠠᠨ》 ᠳᠣᠲᠣᠷᠠᠬᠢ 《ᠥᠪᠥᠷ ᠮᠣᠩᠭᠣᠯ᠎ᠤᠨ ᠠᠮᠤ ᠪᠤᠳᠠᠭ᠎ᠠ》 ᠵᠢᠨ ᠬᠦᠨᠳᠤ ᠵᠢᠨ ᠵᠢᠩ᠎ᠢ ᠨᠡᠩ ᠨᠡᠮᠡᠭᠳᠡᠬᠦᠯᠦᠨ᠎ᠡ᠃
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠨᠢ ᠦᠢᠯᠡᠳᠪᠤᠷᠢᠯᠡᠯ ᠠᠮᠢ ᠠᠬᠤᠢ᠎ᠶᠢᠨ ᠬᠠᠮᠲᠤ᠎ᠪᠠᠷ ᠠᠰᠢᠭ᠋ ᠭᠥᠷᠳᠡᠬᠦ ᠳ᠋ᠤ ᠬᠦᠴᠤᠨ ᠤᠯᠭᠤᠨ᠎ᠠ
ᠮᠠᠯ ᠠᠵᠤ ᠠᠬᠤᠢ᠎ᠲᠠᠷᠢᠶᠠᠯᠠᠩ ᠤ᠋ᠨ ᠣᠳᠣᠬᠢᠴᠢᠯᠠᠯᠲᠠ᠎ᠶᠢᠨ ᠵᠠᠩᠭᠢᠯᠠᠭ᠎ᠠ ᠨᠢ ᠮᠠᠯ ᠠᠵᠤ ᠠᠬᠤᠢ᠎ᠲᠠᠷᠢᠶᠠᠯᠠᠩ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠳᠣᠬᠢᠴᠢᠯᠠᠯᠲᠠ ᠪᠣᠯᠣᠨ᠎ᠠ᠃ ᠮᠠᠯ ᠠᠵᠤ ᠠᠬᠤᠢᠲᠠᠷᠢᠶᠠᠯᠠᠩᠢ ᠴᠢᠨᠠᠷ ᠰᠠᠢᠲᠠᠢ ᠬᠥᠭᠵᠢᠭᠦᠯᠬᠦ᠎ᠳᠦ ᠡᠷᠬᠡᠪᠰᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠮᠠᠯ ᠠᠵᠤ ᠠᠬᠤᠢ᠎ᠲᠠᠷᠢᠶᠠᠯᠠᠩ ᠤ᠋ᠨ ᠶᠡᠷᠦᠩᠬᠡᠢᠯᠡᠭᠰᠡᠨ ᠦᠢᠯᠡᠳᠪᠦᠷᠢᠯᠡᠯ᠎ᠦᠨ ᠴᠢᠳᠠᠪᠤᠷᠢ᠎ᠶᠢ ᠳᠡᠭᠡᠭᠰᠢᠯᠡᠭᠦᠯᠬᠦ ᠲᠠᠯ᠎ᠠ᠎ᠪᠠᠷ ᠬᠢ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠪᠣᠳᠠᠲᠤ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠬᠤ ᠬᠡᠷᠡᠭᠲᠡᠢ᠃
ᠭᠤᠤᠯᠳᠠᠯᠭ᠎ᠠ ᠵᠢ ᠠᠳᠬᠤᠵᠤ ᠬᠦᠭᠵᠢᠯᠳᠠ ᠵᠢ ᠠᠬᠢᠭᠤᠯᠵᠤ ᠪᠤᠯᠤᠨ᠎ᠠ᠂ ᠵᠢᠮ᠎ᠠ ᠶᠤᠰᠤ ᠵᠢ ᠡᠵᠡᠮᠳᠡᠵᠤ ᠲᠦᠮᠡᠨ ᠪᠤᠳᠠᠰ ᠢ᠋ ᠮᠦᠷᠳᠡᠵᠤ ᠪᠤᠯᠤᠨ᠎ᠠ᠃ ᠬᠡᠷᠬᠢᠨ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠬᠥᠳᠡᠯᠭᠡᠬᠦ ᠬᠦᠴᠦᠨ ᠪᠣᠯᠭᠠᠵᠤ᠂ ᠰᠢᠨ᠎ᠡ᠎ᠶᠢ ᠡᠭᠦᠳᠬᠦ᠎ᠪᠡᠷ ᠠᠮᠢᠵᠢᠷᠠᠯ᠎ᠤᠨ ᠬᠦᠴᠦᠨ ᠪᠣᠯᠭᠠᠬᠤ》 ᠨᠢ ᠲᠥᠯᠥᠭᠡᠯᠡᠭᠴᠢᠳ ᠭᠡᠰᠢᠭᠦᠳ᠎ᠦᠨ ᠠᠩᠬᠠᠷᠤᠯ᠎ᠤᠨ ᠲᠥᠪ ᠪᠣᠯᠪᠠ᠃
《ᠣᠳᠣᠬᠠᠨ᠎ᠳᠤ᠂ ᠮᠠᠨ᠎ᠤ ᠣᠷᠣᠨ ᠶᠠᠭ ᠮᠠᠯ ᠠᠵᠤ ᠠᠬᠤᠢ ᠲᠠᠷᠢᠶᠠᠯᠠᠩ᠎ᠤᠨ ᠲᠣᠮᠣ᠌ ᠣᠷᠣᠨ᠎ᠡᠴᠡ ᠮᠠᠯ ᠠᠵᠤ ᠠᠬᠤᠢ ᠲᠠᠷᠢᠶᠠᠯᠠᠩ᠎ᠤᠨ ᠬᠦᠴᠦᠷᠬᠡᠭ ᠣᠷᠣᠨ ᠳᠠᠢᠰᠢ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠵᠤ ᠪᠣᠶ᠂ ᠡᠷᠬᠡᠪᠰᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠮᠠᠯ ᠠᠵᠤ ᠠᠬᠤᠢ ᠲᠠᠷᠢᠶᠠᠯᠠᠩ᠎ᠤᠨ ᠰᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠬᠥᠭᠵᠢᠯᠲᠡ᠎ᠶᠢ ᠬᠥᠲᠥᠯᠥᠨ ᠳᠠᠭᠠᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠠᠵᠤ ᠦᠢᠯᠡᠰ᠎ᠦᠨ ᠲᠠᠰ ᠳᠡᠪᠰᠢᠬᠦ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠮᠠᠯ ᠠᠵᠤ ᠠᠬᠤᠢ᠎ᠲᠠᠷᠢᠶᠠᠯᠠᠩ ᠤ᠋ᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠳᠠᠷᠤᠭ᠎ᠠ ᠯᠦ᠍ ᠵᠠᠨ ᠶᠤᠸᠠᠨ ᠬᠡᠯᠡᠨ᠎ᠠ᠃
ᠯᠦ᠍ ᠵᠠᠨ ᠶᠤᠸᠠᠨ᠂ ᠮᠠᠯ ᠠᠵᠤ ᠠᠬᠤᠢ᠎ᠲᠠᠷᠢᠶᠠᠯᠠᠩ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠦᠷᠭᠦᠯᠵᠢᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ᠎ᠶᠢᠨ ᠡᠷᠴᠢᠮ᠎ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭᠴᠠᠵᠢᠭᠤᠯᠬᠤ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠱᠠᠲᠤᠯᠢᠭ᠋ ᠲᠣᠳᠣᠷᠬᠠᠢ᠂ ᠲᠤᠰᠢᠶᠠᠯ ᠬᠠᠷᠢᠭᠤᠴᠠᠯᠭ᠎ᠠ ᠲᠣᠳᠣᠷᠬᠠᠢ᠂ ᠠᠵᠢᠯ ᠬᠤᠪᠢᠶᠠᠷᠢᠯᠠᠨ ᠬᠠᠮᠵᠢᠯᠴᠠᠬᠤ᠂ ᠵᠣᠬᠢᠰᠲᠠᠢ ᠥᠷᠢᠰᠦᠯᠳᠦᠬᠦ ᠨᠢᠭᠡ ᠴᠣᠭᠴᠠᠵᠢᠭᠤᠯᠤᠭᠰᠠᠨ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠰᠢᠰᠲᠧᠮ᠎ᠢ ᠪᠠᠶ᠋ᠢᠭᠤᠯᠬᠤ ᠬᠡᠷᠡᠭᠲᠡᠢ᠃ ᠪᠠᠰᠠ ᠠᠮᠢ ᠠᠬᠤᠢ᠎ᠶᠢᠨ ᠲᠠᠷᠢᠶᠠᠯᠠᠩ᠂ ᠣᠶᠤᠨᠳᠤ ᠲᠠᠷᠢᠶᠠᠯᠠᠩ ᠵᠡᠷᠭᠡ ᠰᠢᠨ᠎ᠡ ᠵᠠᠭᠪᠤᠷ᠎ᠢ ᠶᠡᠬᠡ ᠪᠡᠷ ᠬᠥᠭᠵᠢᠭᠦᠯᠵᠦ᠂ ᠤᠯᠠᠮᠵᠢᠯᠠᠯᠲᠤ ᠲᠠᠷᠢᠶᠠᠯᠠᠩ᠎ᠢ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠦ ᠲᠠᠷᠢᠶᠠᠯᠠᠩ ᠳᠠᠢᠰᠢ ᠲᠦᠷᠭᠡᠨ ᠬᠤᠪᠢᠷᠠᠭᠤᠯᠬᠤ᠎ᠶᠢ ᠠᠬᠢᠭᠤᠯᠵᠤ᠂ ᠮᠠᠯ ᠠᠵᠤ ᠠᠬᠤᠢ᠎ᠲᠠᠷᠢᠶᠠᠯᠠᠩ ᠤ᠋ᠨ ᠠᠮᠢ ᠠᠬᠤᠢ᠎ᠶᠢᠨ ᠬᠠᠮᠠᠭᠠᠯᠠᠯᠲᠠ᠂ ᠦᠢᠯᠡᠳᠪᠦᠷᠢᠯᠡᠯ᠎ᠦᠨ ᠬᠥᠭᠵᠢᠯᠲᠡ ᠪᠠ ᠮᠠᠯᠴᠢᠨ ᠲᠠᠷᠢᠶᠠᠴᠢᠨ᠎ᠤ ᠣᠷᠣᠯᠭ᠎ᠠ᠎ᠶᠢᠨ ᠨᠡᠮᠡᠭᠳᠡᠯ᠎ᠦᠨ ᠵᠣᠬᠢᠴᠠᠩᠭᠤᠢ ᠪᠥᠭᠡᠳ ᠨᠢᠭᠡᠳᠦᠯᠲᠡᠢ ᠪᠠᠢᠬᠤ᠎ᠶᠢ ᠪᠡᠶᠡᠯᠡᠭᠦᠯᠪᠡᠯ ᠵᠤᠬᠢᠨ᠎ᠠ ᠭᠡᠵᠤ ᠰᠠᠨᠠᠭᠤᠯᠭ᠎ᠠ ᠲᠤᠷᠠᠳᠪᠠ᠃
ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ᠎ᠲᠠᠢ ᠨᠢᠭ᠍ᠲᠠ ᠤᠶᠠᠯᠳᠤᠭᠤᠯᠤᠨ ᠪᠣᠭᠣᠮᠲᠠ ᠰᠢᠪᠲᠤᠯᠬᠤ ᠪᠣᠯ ᠥᠪᠥᠷ ᠮᠣᠩᠭᠣᠯ᠎ᠤᠨ ᠮᠠᠯ ᠠᠵᠤ ᠠᠬᠤᠢ᠎ᠲᠠᠷᠢᠶᠠᠯᠠᠩ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠡᠭᠦᠳᠦᠯᠲᠡ᠎ᠶᠢᠨ《ᠦᠨᠳᠦᠰᠦᠨ ᠱᠠᠲᠤᠨ᠎ᠳᠤ ᠣᠢᠷᠠᠲᠤᠭᠰᠠᠨ》 ᠰᠢᠭᠤᠳ ᠢᠯᠡᠷᠡᠯ ᠪᠣᠯᠣᠨ᠎ᠠ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠰᠦ ᠵᠢᠨ ᠦᠢᠯᠡᠰ᠎ᠦᠨ ᠳᠡᠭᠡᠳᠦ ᠰᠤᠷᠭᠠᠭᠤᠯᠢ᠎ᠶᠢᠨ ᠵᠠᠬᠢᠷᠤᠯ ᠰᠦᠨ ᡁᠢ ᠬᠣᠩ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠰᠦ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠳᠤ ᠰᠠᠭᠤᠷᠢ ᠰᠤᠳᠤᠯᠭᠠᠨ᠎ᠤ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠰᠦᠨ ᠬᠦᠴᠢᠯ᠎ᠦᠨ ᠪᠠᠺᠲᠧᠷᠢ᠎ᠶᠢᠨ ᠰᠢᠨ᠎ᠡ ᠴᠢᠳᠠᠮᠵᠢ ᠪᠠ ᠰᠢᠨ᠎ᠡ ᠬᠡᠷᠡᠭᠯᠡᠭᠡ᠎ᠶᠢ ᠥᠨᠳᠥᠷ ᠪᠦᠲᠦᠮᠵᠢᠲᠡᠶ᠎ᠪᠡᠷ ᠠᠭᠤᠳᠠᠯᠬᠤ ᠬᠡᠷᠡᠭᠲᠡᠢ ᠭᠡᠵᠦ ᠪᠤᠳᠤᠯ᠎ᠵᠢᠡᠨ ᠲᠡᠯᠭᠡᠵᠤ ᠭᠠᠷᠤᠯ᠎ᠠ᠃ ᠲᠡᠷᠡ᠄《ᠰᠦᠨ ᠬᠦᠴᠢᠯ᠎ᠦᠨ ᠪᠠᠺᠲᠧᠷᠢ᠎ᠶᠢᠨ ᠴᠢᠳᠠᠮᠵᠢ᠎ᠶᠢᠨ ᠰᠤᠳᠤᠯᠭᠠᠨ᠎ᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠰᠦᠨ ᠬᠦᠴᠢᠯ᠎ᠦᠨ ᠪᠠᠺᠲᠧᠷᠢ᠎ᠶᠢᠨ ᠡᠷᠡᠭᠦᠯ ᠮᠡᠨᠳᠦ᠎ᠶᠢᠨ ᠢᠳᠡᠭᠡᠨ᠂ ᠮᠠᠯ ᠵᠢᠭᠦᠷᠲᠡᠨ᠎ᠢ ᠲᠡᠵᠢᠭᠡᠨ ᠦᠷᠡᠵᠢᠭᠦᠯᠬᠦ᠂ ᠬᠥᠷᠥᠰᠥ ᠰᠢᠷᠣᠢ᠎ᠶᠢ ᠰᠠᠢᠵᠢᠷᠠᠭᠤᠯᠬᠤ᠂ ᠣᠷᠴᠢᠨ ᠠᠬᠤᠢ᠎ᠶᠢᠨ ᠬᠠᠮᠠᠭᠠᠯᠠᠯᠲᠠ᠎ᠶᠢᠨ ᠠᠵᠤ ᠦᠢᠯᠡᠰ ᠵᠡᠷᠭᠡ ᠬᠦᠷᠢᠶᠡᠨ᠎ᠳᠡᠬᠢ ᠰᠠᠭᠤᠷᠢ ᠰᠤᠳᠤᠯᠭᠠᠨ᠎ᠢ ᠪᠠᠢᠷᠢᠯᠠᠭᠤᠯᠵᠤ᠂ ᠰᠠᠭᠤᠷᠢ ᠰᠤᠳᠤᠯᠭᠠᠨ᠎ᠤ ᠳᠠᠪᠠᠭᠤᠯᠢᠭ᠋᠎ᠢ ᠠᠯᠬᠤᠮ ᠠᠯᠬᠤᠮ᠎ᠢᠶᠠᠷ ᠪᠣᠶ ᠪᠣᠯᠭᠠᠬᠤ ᠬᠡᠷᠡᠭᠲᠡᠢ᠃ ᠡᠭᠦᠨ᠎ᠦ ᠬᠠᠮᠲᠤ ᠵᠠᠩᠭᠢᠯᠠᠭ᠎ᠠ᠎ᠶᠢᠨ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠴᠢᠩᠭᠠᠳᠬᠠᠵᠤ᠂ ᠪᠣᠯᠪᠠᠰᠤᠷᠠᠭᠤᠯᠬᠤ ᠮᠡᠷᠭᠡᠵᠢᠯ᠎ᠦᠨ ᠪᠣᠭᠣᠮᠢ᠎ᠶᠢ ᠰᠢᠪᠲᠤᠯᠬᠤ ᠬᠡᠷᠡᠭᠳᠡᠢ᠃ ᠣᠯᠠᠨ ᠰᠢᠨᠵᠢᠯᠡᠭᠡᠨ᠎ᠦ ᠰᠠᠯᠠᠭ᠎ᠠ᠎ᠶᠢ ᠰᠣᠯᠪᠢᠴᠠᠭᠤᠯᠤᠨ ᠪᠣᠭᠣᠮᠲᠠ ᠰᠢᠪᠲᠤᠯᠬᠤ᠎ᠶᠢ ᠵᠣᠷᠢᠭ᠍ᠵᠢᠭᠤᠯᠵᠤ᠂ ᠰᠦᠨ ᠬᠦᠴᠢᠯ᠎ᠦᠨ ᠪᠠᠺᠲᠧᠷᠢ᠎ᠶᠢᠨ ᠨᠠᠢᠷᠠᠯᠭ᠎ᠠ᠎ᠶᠢᠨ ᠢᠳᠡᠪᠬᠢ ᠴᠢᠨᠠᠷ᠎ᠢᠶᠠᠷ ᠳᠣᠣᠷ᠎ᠠ᠂ ᠲᠣᠭᠲᠠᠪᠤᠷᠢᠲᠤ ᠴᠢᠨᠠᠷ᠎ᠢᠶᠠᠷ ᠠᠨᠠᠢ᠂ ᠥᠪᠡᠷ᠎ᠦᠨ ᠥᠷᠲᠡᠭ᠎ᠢᠶᠡᠷ ᠥᠨᠳᠥᠷ ᠵᠡᠷᠭᠡ ᠪᠣᠯᠪᠠᠰᠤᠷᠠᠭᠤᠯᠬᠤ ᠮᠡᠷᠭᠡᠵᠢᠯ᠎ᠦᠨ ᠪᠣᠭᠣᠮᠢ᠎ᠶᠢ ᠰᠢᠪᠲᠤᠯᠵᠤ᠂ ᠥᠪᠥᠷ ᠮᠣᠩᠭᠣᠯ᠎ᠤᠨ ᠡᠬᠢ ᠪᠠᠶᠠᠯᠢᠭ᠋᠎ᠤᠨ ᠳᠠᠪᠠᠭᠤᠯᠢᠭ᠋᠂ ᠮᠡᠷᠭᠡᠵᠢᠯ᠎ᠦᠨ ᠳᠠᠪᠠᠭᠤᠯᠢᠭ᠋᠎ᠢ ᠠᠵᠤ ᠦᠢᠯᠡᠰ᠎ᠦᠨ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠰᠦᠨ ᠬᠦᠴᠢᠯ᠎ᠦᠨ ᠪᠠᠺᠲᠧᠷᠢ᠎ᠶᠢᠨ ᠠᠵᠤ ᠦᠢᠯᠡᠰ᠎ᠢ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ ᠪᠣᠯᠭᠠᠨ᠎ᠠ》 ᠭᠡᠵᠤ ᠰᠠᠨᠠᠯ᠎ᠵᠢᠡᠨ ᠭᠡᠯᠡᠨ᠎ᠠ᠃
ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠣᠯ ᠬᠥᠭᠵᠢᠯᠲᠡ᠎ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠭᠴᠢ ᠬᠦᠴᠦᠨ ᠮᠥᠨ᠃ ᠥᠪᠥᠷ ᠮᠣᠩᠭᠣᠯ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠶ᠋ᠢ ᠲᠦᠷᠭᠡᠳᠬᠡᠨ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠵᠢ ᠠᠬᠢᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠡᠷ ᠡᠬᠢ ᠪᠠᠶᠠᠯᠢᠭ᠋ ᠣᠷᠴᠢᠨ ᠲᠣᠭᠣᠷᠢᠨ᠎ᠤ ᠬᠢᠵᠠᠭᠠᠷᠯᠠᠯ᠎ᠢ ᠰᠢᠪᠲᠤᠯᠬᠤ᠂ ᠠᠮᠤ ᠪᠤᠳᠠᠭ᠎ᠠ ᠪᠠ ᠴᠢᠬᠤᠯᠠ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠲᠣᠭᠲᠠᠭᠤᠨ ᠬᠠᠩᠭᠠᠯᠭ᠎ᠠ᠎ᠶᠢ ᠪᠠᠲᠤᠯᠠᠬᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ᠎ᠤ ᠣᠳᠣᠬᠢᠴᠢᠯᠠᠬᠤ ᠬᠥᠭᠵᠢᠯᠲᠡ᠎ᠶᠢ ᠬᠥᠲᠥᠯᠥᠨ ᠳᠠᠭᠠᠭᠤᠯᠬᠤ ᠬᠦᠴᠦᠲᠦ ᠬᠥᠳᠡᠯᠭᠡᠭᠦᠷ ᠪᠣᠯᠭᠠᠨ᠎ᠠ᠃
ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠵᠦ ᠭᠠᠷᠤᠯᠲᠠ᠎ᠶᠢ ᠨᠡᠮᠡᠭᠳᠡᠭᠦᠯᠦᠨ ᠣᠷᠣᠯᠭ᠎ᠠ᠎ᠶᠢ ᠨᠡᠮᠡᠭᠳᠡᠭᠦᠯᠬᠦ᠎ᠶᠢ ᠵᠡᠷᠭᠡ ᠪᠡᠷ ᠠᠳᠬᠤᠨ᠎ᠠ
ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠳ᠋ᠦ᠂ ᠲᠡᠮᠳᠡᠭᠯᠡᠭᠦᠰᠢᠲᠡᠢ ᠵᠠᠩᠭᠢᠯᠠᠭ᠎ᠠ᠎ᠶᠢᠨ ᠥᠭᠦᠯᠡᠪᠦᠷᠢ ᠮᠠᠰᠢ ᠣᠯᠠᠨ ᠪᠤᠢ᠄《ᠮᠠᠯ ᠠᠵᠤ ᠠᠬᠤᠢ ᠲᠠᠷᠢᠶᠠᠯᠠᠩᠢᠣᠳᠣᠬᠢᠴᠢᠯᠠᠭᠰᠠᠨ ᠲᠣᠮᠣ᠌ ᠠᠵᠤ ᠦᠢᠯᠡᠰ ᠪᠣᠯᠭᠠᠨ ᠪᠦᠲᠦᠭᠡᠨ ᠪᠠᠶ᠋ᠢᠭᠤᠯᠬᠤ᠎ᠪᠠᠷ ᠴᠢᠷᠮᠠᠢᠬᠤ ᠬᠡᠷᠡᠭᠲᠡᠢ》᠂ 《ᠥᠩ ᠰᠢᠮᠡᠯᠢᠭ ᠬᠦᠷᠦᠰᠦ ᠰᠢᠷᠣᠢ᠂ ᠥᠷᠭᠡᠨ ᠠᠭᠤᠳᠠᠮ ᠲᠠᠯ᠎ᠠ ᠨᠤᠲᠤᠭ᠂ ᠴᠡᠪᠡᠷ ᠲᠤᠨᠭᠭᠠᠯᠠᠭ ᠭᠣᠣᠯ᠎ᠤᠨ ᠤᠰᠤ᠎ᠶᠢ ᠦᠢᠯᠡᠳᠪᠦᠷᠢᠯᠡᠯ᠎ᠦᠨ ᠬᠦᠴᠦᠨ ᠪᠠ ᠥᠷᠢᠰᠦᠯᠳᠦᠬᠦ ᠬᠦᠴᠦᠨ ᠪᠣᠯᠭᠠᠨ ᠬᠤᠪᠢᠷᠠᠭᠤᠯᠬᠤ᠎ᠪᠠᠷ ᠴᠢᠷᠮᠠᠢᠬᠤ ᠬᠡᠷᠡᠭᠲᠡᠢ》᠂ 《ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠬᠥᠭᠵᠢᠭᠦᠯᠬᠦ᠎ᠪᠡᠷ ᠬᠤᠰᠢᠭᠤ ᠰᠢᠶᠠᠨ᠎ᠤ ᠠᠵᠤ ᠠᠬᠤᠢ᠎ᠶᠢ ᠪᠤᠵᠠᠭᠠᠢᠷᠠᠭᠤᠯᠤᠨ᠎ᠠ》 ᠁
ᠡᠲᠡᠭᠡᠷ ᠵᠠᠩᠭᠢᠯᠠᠭ᠎ᠠ᠎ᠶᠢᠨ ᠥᠭᠦᠯᠡᠮᠵᠢ ᠨᠢ ᠮᠠᠯ ᠠᠵᠤ ᠠᠬᠤᠢ ᠲᠠᠷᠢᠶᠠᠯᠠᠩ᠎ᠤᠨ ᠬᠥᠭᠵᠢᠯᠲᠡ᠎ᠶᠢ ᠬᠠᠯᠠᠮᠵᠢᠯᠠᠨ ᠠᠩᠬᠠᠷᠴᠤ ᠪᠠᠢᠭ᠎ᠠ ᠲᠥᠯᠥᠭᠡᠯᠡᠭᠴᠢᠳ ᠭᠡᠰᠢᠭᠦᠳ᠎ᠦᠨ ᠬᠠᠮᠲᠤ᠎ᠶᠢᠨ ᠬᠦᠷᠢᠶᠡᠯᠡᠯ᠎ᠢ ᠣᠯᠣᠭᠰᠠᠨ ᠪᠠᠢᠨ᠎ᠠ᠃
ᠲᠠᠷᠢᠶᠠᠯᠠᠩ᠎ᠤᠨ ᠨᠡᠢᠭᠡᠮᠴᠢᠯᠡᠭᠰᠡᠨ ᠦᠢᠯᠡᠴᠢᠯᠡᠭᠡᠨ᠎ᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠨᠢ ᠲᠠᠷᠢᠶᠠᠯᠠᠩ᠎ᠤᠨ ᠦᠢᠯᠡᠳᠪᠦᠷᠢᠯᠡᠯ᠎ᠦᠨ ᠦᠷ᠎ᠡ ᠪᠦᠲᠦᠮᠵᠢ ᠪᠣᠯᠣᠨ ᠦᠷ᠎ᠡ ᠠᠰᠢᠭ᠋᠎ᠢ ᠳᠡᠭᠡᠭᠰᠢᠯᠡᠭᠦᠯᠬᠦ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠬᠢᠩᠭᠠᠨ ᠠᠢᠮᠠᠭ᠎ᠤᠨ ᠬᠤᠸᠠ ᠹᠧᠶ ᠮᠠᠯ ᠠᠵᠤ ᠠᠬᠤᠶ ᠲᠠᠷᠢᠶᠠᠯᠠᠩ᠎ᠤᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠱᠢᠤᠢ ᠹᠸᠢ᠄ 《ᠨᠢᠭᠡ ᠲᠠᠯ᠎ᠠ᠎ᠪᠠᠷ᠂ ᠲᠠᠷᠢᠶᠠᠯᠠᠩ᠎ᠤᠨ ᠨᠡᠢᠭᠡᠮᠴᠢᠯᠡᠭ᠌ᠰᠡᠨ ᠦᠶ᠋ᠯᠡᠴᠢᠯᠡᠭᠡᠨ᠎ᠦ ᠭᠤᠤᠯ ᠴᠣᠭ᠍ᠴᠠ᠎ᠶ᠋ᠢ ᠪᠣᠢᠵᠢᠭᠤᠯᠬᠤ ᠪᠠ ᠵᠢᠯᠣᠭᠣᠳᠭᠤ᠎ᠪᠠᠨ ᠴᠢᠩᠭᠠᠳᠭᠠᠵᠤ᠂ ᠦᠶ᠋ᠯᠡᠴᠢᠯᠡᠭᠡᠨ᠎ᠦ ᠴᠢᠳᠠᠮᠵᠢ ᠪᠦᠷᠢᠨ᠂ ᠵᠣᠬᠢᠶᠠᠨ ᠪᠠᠢᠭᠤᠯᠬᠤ ᠴᠢᠳᠠᠪᠤᠷᠢ ᠴᠢᠩᠭ᠎ᠠ᠂ ᠠᠵᠢᠯᠯᠠᠭᠠᠨ᠎ᠤ ᠬᠠᠮᠢᠶᠠᠷᠤᠯᠲᠠ᠎ᠨᠢ ᠵᠢᠷᠤᠮᠵᠢᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠳᠠᠭᠠᠭᠤᠯᠤᠭᠴᠢ ᠠᠵᠤ ᠠᠬᠤᠢᠯᠠᠯ ᠪᠣᠯᠤᠨ ᠦᠶ᠋ᠯᠡᠴᠢᠯᠡᠭᠡᠨ᠎ᠦ ᠵᠣᠬᠢᠶᠠᠨ ᠪᠠᠢᠭᠤᠯᠤᠯᠲᠠ᠎ᠶ᠋ᠢ ᠭᠤᠤᠯᠳᠠᠯᠭ᠎ᠠ᠎ᠲᠠᠶ ᠪᠣᠢᠵᠢᠭᠤᠯᠵᠤ᠂ ᠦᠶ᠋ᠯᠡᠴᠢᠯᠡᠭᠡᠨ᠎ᠦ ᠬᠡᠯᠬᠢᠶ᠎ᠡ᠎ᠶ᠋ᠢ ᠦᠶ᠋ᠯᠡᠳᠪᠦᠷᠢᠯᠡᠬᠦ ᠭᠣᠭ᠍ᠴᠣᠭ᠎ᠠ ᠡᠴᠡ ᠬᠠᠳᠠᠭᠠᠬᠤ᠂ ᠱᠢᠨ᠎ᠡ ᠰᠣᠷᠭᠣᠭ ᠪᠠᠢᠯᠭᠠᠬᠤ᠂ ᠬᠥᠮᠥᠷᠭᠡᠯᠡᠨ ᠬᠠᠳᠠᠭᠠᠯᠠᠬᠤ᠂ ᠡᠳ᠋ᠱᠢᠭᠦᠯᠬᠦ᠌᠂ ᠪᠣᠷᠣᠯᠠᠭᠤᠯᠬᠤ ᠵᠡᠷᠭᠡ ᠦᠶ᠋ᠯᠡᠳᠪᠦᠷᠢᠯᠡᠯ᠎ᠦᠨ ᠳᠠᠷᠠᠭᠠᠬᠢ ᠭᠣᠭ᠍ᠴᠣᠭ᠎ᠠ ᠬᠦᠷᠲᠡᠯ᠎ᠡ ᠤᠷᠲᠤᠳᠭᠠᠬᠤ᠎ᠶ᠋ᠢ ᠵᠣᠷᠢᠭ᠍ᠵᠢᠭᠤᠯᠬᠤ ᠵᠢ ᠰᠠᠨᠠᠭᠤᠯᠵᠤ ᠪᠠᠢᠨ᠎ᠠ᠃ ᠨᠥᠭᠥᠭᠡ ᠲᠠᠯ᠎ᠠ᠎ᠪᠠᠷ᠂ ᠱᠢᠨ᠎ᠡ ᠮᠠᠶᠢᠭ᠎ᠦᠨ ᠦᠢᠯᠡᠴᠢᠯᠡᠭᠡᠨ᠎ᠦ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠨ ᠳᠡᠯᠭᠡᠷᠡᠭᠦᠯᠬᠦ ᠬᠡᠷᠡᠭᠳᠡᠢ᠃ ᠡᠯ᠎ᠡ ᠭᠠᠵᠠᠷ᠎ᠤᠨ᠎ᠬᠢᠨ 〈ᠢᠨᠲ᠋ᠸᠷ ᠰᠦᠯᠵᠢᠶ᠎ᠡ + ᠮᠠᠯ ᠠᠵᠤ ᠠᠬᠤᠶ ᠲᠠᠷᠢᠶᠠᠯᠠᠩ〉᠎ᠤ᠋ᠨ ᠵᠠᠭ᠍ᠪᠤᠷ᠎ᠢ ᠲᠦᠷᠭᠡᠨ ᠳᠡᠯᠭᠡᠷᠡᠭᠦᠯᠵᠦ᠍᠂ ᠲᠣᠮᠣ ᠳ᠋ᠠᠢᠲ᠋ᠠ᠂ ᠡᠭᠦᠯᠡᠨ ᠪᠤᠳᠤᠯᠲᠠ ᠵᠡᠷᠭᠡ ᠣᠲᠣ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠢᠶᠡᠷ ᠳᠠᠮᠵᠢᠨ᠂ ᠮᠠᠯ ᠠᠵᠤ ᠠᠬᠤᠶ᠎ᠲᠠᠷᠢᠶᠠᠯᠠᠩ᠎ᠤᠨ ᠦᠶ᠋ᠯᠡᠴᠢᠯᠡᠭᠡᠨ᠎ᠦ ᠤᠶᠤᠨᠴᠢᠯᠠᠯᠲᠠ᠂ ᠨᠠᠷᠢᠯᠢᠭ ᠤᠨᠤᠴᠠᠳᠤ ᠬᠥᠭ᠌ᠵᠢᠯᠲᠡ᠎ᠶ᠋ᠢ ᠪᠡᠶᠡᠯᠡᠭᠦᠯᠵᠦ᠍᠂ ᠦᠶ᠋ᠯᠡᠴᠢᠯᠡᠭᠡᠨ᠎ᠦ ᠦᠷ᠎ᠡ ᠪᠦᠲᠦᠮᠵᠢ ᠪᠠ ᠦᠶ᠋ᠯᠡᠴᠢᠯᠡᠭᠡᠨ᠎ᠦ ᠴᠢᠨᠠᠷ᠎ᠢ ᠳᠡᠭᠡᠭ᠌ᠰᠢᠯᠡᠭᠦᠯᠬᠦ ᠬᠡᠷᠡᠭᠳᠡᠢ᠃ ᠲᠣᠰᠭᠣᠨ᠎ᠤ ᠬᠠᠮᠲᠤ ᠡᠴᠡ ᠳᠠᠭᠠᠭᠤᠯᠤᠨ ᠡᠷᠭᠢᠯᠡᠭ᠌ᠰᠡᠨ ᠬᠣᠷᠱᠢᠶ᠎ᠠ᠂ ᠠᠷᠠᠳ᠎ᠤᠨ ᠡᠵᠡᠩᠨᠡᠯᠳᠡ᠎ᠶᠢᠨ ᠲᠠᠷᠢᠶᠠᠯᠠᠩ᠎ᠤᠨ ᠲᠠᠯᠠᠪᠠᠶ ᠵᠡᠷᠭᠡ ᠱᠢᠨ᠎ᠡ ᠬᠡᠯᠪᠡᠷᠢ᠎ᠶ᠋ᠢᠨ ᠲᠠᠷᠢᠶᠠᠯᠠᠩ᠎ᠤᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠦᠷᠭᠦᠯᠵᠢᠯᠡᠨ ᠲᠡᠳᠬᠦᠵᠦ᠍᠂ 〈ᠬᠣᠷᠱᠢᠶ᠎ᠠ + ᠰᠠᠭᠤᠷᠢᠨ + ᠲᠠᠷᠢᠶᠠᠯᠠᠬᠤ ᠡᠷᠦᠬᠡ〉 ᠶ᠋ᠢᠨ ᠵᠠᠭ᠍ᠪᠤᠷ᠎ᠢᠶᠠᠷ ᠳᠠᠮᠵᠢᠨ᠂ ᠨᠠᠩ ᠣᠯᠠᠨ ᠠᠵᠤ ᠦᠶ᠋ᠯᠡᠰ᠎ᠦᠨ ᠬᠡᠯᠬᠢᠶ᠎ᠡ᠂ ᠥᠷᠲᠡᠭ᠎ᠦᠨ ᠬᠡᠯᠬᠢᠶ᠎ᠡ᠎ᠶ᠋ᠢᠨ ᠥᠷᠲᠡᠭ᠎ᠤᠨ ᠨᠡᠮᠡᠭ᠌ᠳᠡᠯ᠎ᠦᠨ ᠠᠱᠢᠭ ᠣᠷᠣᠯᠭ᠎ᠠ᠎ᠶ᠋ᠢ ᠮᠠᠯᠴᠢᠨ ᠲᠠᠷᠢᠶᠠᠴᠢᠨ᠎ᠳᠤ ᠦᠯᠡᠳᠡᠭᠡᠨ ᠥᠭ᠌ᠴᠦ᠂ ᠮᠠᠯᠵᠢᠬᠤ ᠲᠠᠷᠢᠶᠠᠯᠠᠬᠤ ᠣᠷᠣᠨ᠎ᠳᠤ ᠦᠯᠡᠳᠡᠭᠡᠬᠦ ᠵᠢ ᠰᠠᠨᠠᠭᠤᠯᠵᠤ ᠪᠠᠢᠨ᠎ᠠ》 ᠭᠡᠵᠤ ᠲᠠᠷᠢᠶᠠᠯᠠᠩ᠎ᠤᠨ ᠨᠡᠢᠭᠡᠮᠴᠢᠯᠡᠭ᠌ᠰᠡᠨ ᠦᠶ᠋ᠯᠡᠴᠢᠯᠡᠭᠡᠨ᠎ᠦ ᠱᠢᠰᠲ᠋ᠧᠮ᠎ᠤᠨ ᠪᠠᠢᠭᠤᠯᠤᠯᠲᠠ᠎ᠶ᠋ᠢ ᠬᠡᠷᠬᠢᠨ ᠴᠢᠩᠭᠠᠳᠭᠠᠬᠤ ᠲᠤᠬᠠᠶ ᠪᠤᠳᠤᠯ᠎ᠵᠢᠡᠨ ᠶᠠᠷᠢᠵᠤ ᠭᠠᠷᠤᠯ᠎ᠠ᠃
《ᠳᠠᠭᠠᠳᠭᠠᠯ᠎ᠤᠨ ᠠᠵᠤ ᠠᠬᠤᠢᠯᠠᠯ᠎ᠤᠨ ᠲᠠᠷᠢᠶᠠᠯᠠᠩ᠎ᠳᠤ ᠬᠣᠯᠪᠣᠭ᠍ᠳᠠᠬᠤ ᠳᠠᠭᠠᠳᠭᠠᠯ᠎ᠤᠨ ᠦᠶ᠋ᠯᠡᠳᠬᠦᠨ᠎ᠦ ᠵᠢᠷᠤᠭ ᠲᠥᠯᠥᠪᠯᠡᠭᠡ᠎ᠶ᠋ᠢ ᠱᠢᠯᠢᠳᠡᠭ᠌ᠵᠢᠭᠦᠯᠵᠦ᠂ ᠪᠠᠢᠭᠠᠯᠢ᠎ᠶ᠋ᠢᠨ ᠭᠠᠶ ᠭᠠᠮᠱᠢᠭ᠂ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠶ᠋ᠢᠨ ᠬᠡᠯᠪᠡᠯᠵᠡᠯᠲᠡ ᠵᠡᠷᠭᠡ ᠵᠢ ᠬᠠᠮᠤᠷᠤᠭᠰᠠᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠡᠷᠦᠩᠬᠡᠢᠯᠡᠭ᠌ᠰᠡᠨ ᠳᠠᠭᠠᠳᠭᠠᠯ᠎ᠢ ᠨᠡᠭᠡᠭᠡᠨ ᠬᠥᠭ᠌ᠵᠢᠭᠦᠯᠵᠦ᠂ ᠲᠠᠷᠢᠶᠠᠴᠢᠳ᠎ᠤᠨ ᠠᠳᠠᠯᠢ ᠪᠤᠰᠤ ᠬᠡᠷᠡᠭ᠌ᠴᠡᠭᠡ᠎ᠶ᠋ᠢ ᠬᠠᠩᠭᠠᠬᠤ ᠵᠢ ᠰᠠᠨᠠᠭᠤᠯᠵᠤ ᠪᠠᠢᠨ᠎ᠠ᠃ ᠲᠥᠯᠥᠪᠦᠷᠢ ᠥᠭ᠌ᠬᠦ ᠶᠠᠪᠤᠴᠠ ᠵᠢ ᠳᠥᠭᠥᠮᠴᠢᠯᠡᠵᠦ᠍᠂ ᠠᠯᠤᠰ ᠰᠡᠷᠡᠯ᠎ᠦᠨ ᠳᠠᠭᠠᠭᠤᠯᠢ ᠣᠲᠣ᠂ ᠵᠢᠯᠣᠭᠣᠴᠢ ᠥᠬᠡᠶ ᠨᠢᠰᠭᠡᠯ᠂ ᠲᠣᠮᠣ ᠳ᠋ᠠᠢᠲ᠋ᠠ ᠵᠡᠷᠭᠡ ᠮᠡᠷᠭᠡᠵᠢᠯ᠎ᠦᠨ ᠠᠷᠭ᠎ᠠ ᠪᠠᠷᠢᠯ᠎ᠢ ᠠᠱᠢᠭ᠍ᠯᠠᠨ ᠬᠣᠬᠢᠷᠠᠯ᠎ᠤᠨ ᠬᠡᠮᠵᠢᠶ᠎ᠡ᠎ᠶ᠋ᠢ ᠲᠦᠷᠭᠡᠨ ᠲᠣᠭ᠍ᠲᠠᠭᠠᠵᠤ᠂ ᠴᠠᠭ ᠲᠤᠬᠠᠶ᠎ᠳᠤᠨᠢ ᠲᠥᠯᠥᠪᠦᠷᠢ ᠥᠭ᠌ᠬᠦ ᠬᠡᠷᠡᠭᠳᠡᠢ᠃ ᠡᠭᠦᠨ᠎ᠦ ᠬᠠᠮᠲᠤ᠂ ᠳᠠᠭᠠᠳᠭᠠᠯ᠎ᠤᠨ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠱᠢᠨᠵᠢᠯᠡᠬᠦ᠌ ᠤᠬᠠᠭᠠᠨᠴᠢ ᠨᠢᠭᠡᠳᠦᠯᠲᠡᠶ ᠱᠢᠰᠲ᠋ᠧᠮ᠎ᠢ ᠪᠠᠢᠭᠤᠯᠵᠤ᠂ ᠦᠨᠡᠯᠡᠨ ᠵᠢᠱ᠌ᠢᠬᠦ᠌ ᠪᠠᠷᠢᠮᠵᠢᠶ᠎ᠠ ᠪᠠ ᠶᠠᠪᠤᠴᠠ᠎ᠶ᠋ᠢ ᠲᠣᠳᠣᠷᠬᠠᠢᠯᠠᠨ᠂ ᠦᠨᠡᠯᠡᠨ ᠵᠢᠱ᠌ᠢᠬᠦ᠌ ᠠᠵᠢᠯᠲᠠᠨ᠎ᠤ ᠪᠣᠯᠪᠠᠰᠤᠷᠠᠯ ᠪᠠ ᠬᠠᠮᠢᠶᠠᠷᠤᠯᠲᠠ᠎ᠶ᠋ᠢ ᠴᠢᠩᠭᠠᠳᠭᠠᠵᠤ᠂ ᠦᠨᠡᠯᠡᠨ ᠵᠢᠱ᠌ᠢᠭ᠌ᠰᠡᠨ ᠦᠷ᠎ᠡ ᠳ᠋ᠦᠩ᠎ᠦᠨ ᠵᠥᠪ ᠣᠨᠣᠪᠴᠢᠲᠤ ᠴᠢᠨᠠᠷ᠎ᠢ ᠦᠨᠡᠨ ᠬᠦ᠌ ᠪᠠᠲᠤᠯᠠᠬᠤ᠎ᠶ᠋ᠢ ᠰᠠᠨᠠᠭᠤᠯᠵᠤ ᠪᠠᠢᠨ᠎ᠠ᠃ ᠳᠠᠷᠠᠭᠠᠴᠢ᠎ᠶ᠋ᠢᠨ ᠠᠯᠬᠤᠮ᠎ᠳᠤ᠂ ᠪᠢ ᠦᠷᠭᠦᠯᠵᠢᠯᠡᠨ ᠤᠯᠠᠨ ᠲᠦᠮᠡᠨ᠎ᠲᠡᠶ ᠨᠢᠭ᠍ᠲᠠ ᠬᠠᠷᠢᠯᠴᠠᠵᠤ᠂ ᠠᠵᠤ ᠦᠢᠯᠡᠰ᠎ᠦᠨ ᠬᠥᠭ᠌ᠵᠢᠯᠲᠡ᠎ᠶ᠋ᠢᠨ ᠳᠤᠮᠳᠠ ᠲᠦᠷᠦᠭᠦᠯᠡᠨ ᠲᠥᠯᠥᠪᠵᠢᠭᠦᠯᠵᠦ᠍᠂ ᠲᠦᠷᠦᠭᠦᠯᠡᠨ ᠵᠢᠱ᠌ᠢᠶ᠎ᠡ ᠦᠵᠡᠭᠦᠯᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠲᠣᠰᠭᠣᠨ᠎ᠤ ᠠᠷᠠᠳ᠎ᠢ ᠳᠠᠭᠠᠭᠤᠯᠤᠨ ᠣᠷᠣᠯᠭ᠎ᠠ᠎ᠶ᠋ᠢ ᠨᠢ ᠨᠡᠮᠡᠭ᠌ᠳᠡᠭᠦᠯᠵᠦ᠍ ᠪᠠᠶᠠᠵᠢᠭᠤᠯᠤᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠪᠠᠶᠠᠨᠨᠠᠭᠤᠷ ᠬᠣᠲᠠ᠎ᠶ᠋ᠢᠨ ᠤᠷᠠᠳ᠎ᠤᠨ ᠡᠮᠦᠨᠡᠲᠦ ᠬᠣᠱᠢᠭᠤᠨ᠎ᠤ ᠶᠡᠬᠡ ᠰᠢᠭᠡᠭᠳᠡᠢ ᠪᠠᠯᠭᠠᠰᠤᠨ᠎ᠤ ᠵᠦᠬᠡᠬᠡᠢ ᠲᠠᠢ ᠲᠣᠰᠭᠣᠨ᠎ᠤ ᠨᠠᠮ᠎ᠤᠨ ᠡᠭᠦᠷ᠎ᠦᠨ ᠱᠦᠵᠢ ᠸᠠᠩ ᠶᠤᠸᠠᠢ ᠫᠢᠩ ᠬᠡᠯᠡᠨ᠎ᠠ᠃
ᠡᠳᠦᠷ ᠡᠴᠡ ᠪᠠᠨ ᠡᠳᠦᠷ ᠥᠭᠡᠳᠡᠯᠡᠨ᠂ ᠴᠠᠭ ᠡᠴᠡ ᠪᠠᠨ ᠴᠠᠭ ᠳᠡᠭ᠌ᠵᠢᠷᠡᠨᠡ᠃ ᠥᠪᠥᠷ ᠮᠣᠩᠭᠣᠯ ᠪᠣᠳᠠᠲᠠᠶ ᠠᠵᠢᠯᠯᠠᠬᠤ᠎ᠪᠠᠷ ᠬᠠᠷᠢᠭᠤᠴᠠᠯᠭ᠎ᠠ ᠡᠭᠦᠷᠭᠡᠯᠡᠯ᠎ᠢᠶᠡᠨ ᠢᠯᠡᠷᠡᠭᠦᠯᠵᠦ᠍᠂ ᠲᠥᠯᠥᠪᠵᠢᠭᠦᠯᠬᠦ᠌ ᠳᠤᠮᠳᠠ ᠬᠥᠭ᠌ᠵᠢᠯᠲᠡ᠎ᠶ᠋ᠢᠨ ᠠᠷᠭ᠎ᠠ ᠵᠠᠮ᠎ᠤᠨ ᠱᠢᠨ᠎ᠡ᠎ᠶ᠋ᠢ ᠡᠭᠦᠳᠴᠦ᠍᠂ ᠠᠵᠢᠯᠯᠠᠬᠤ ᠳᠤᠮᠳᠠ᠎ᠪᠠᠨ ᠬᠥᠭ᠌ᠵᠢᠯᠲᠡ᠎ᠶ᠋ᠢᠨ ᠢᠲᠡᠭᠡᠯ᠎ᠢᠶᠡᠨ ᠪᠠᠳᠤᠳᠬᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃