2025-01-18 12:50:59
1 ᠰᠠᠷ᠎ᠠ᠎ᠶ᠋ᠢᠨ 17 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ ᠦᠨ ᠪᠦᠯᠬᠦᠮ ᠦᠨ ᠭᠤᠷᠪᠠᠳᠤᠭᠠᠷ ᠤᠳᠠᠭ᠎ᠠ ᠵᠢᠨ ᠬᠤᠷᠠᠯ ᠡᠴᠡ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠭᠤᠷᠪᠠᠳᠤᠭᠠᠷ ᠬᠤᠷᠠᠯ᠎ᠤᠨ ᠲᠥᠯᠥᠭᠡᠯᠡᠭ᠌ᠴᠢᠳ ᠦᠨ ᠰᠠᠨᠠᠯ ᠵᠥᠪᠯᠡᠯᠭᠡ᠎ᠶ᠋ᠢ ᠬᠢᠨᠠᠨ ᠪᠠᠢᠴᠠᠭᠠᠭ᠍ᠰᠠᠨ ᠦᠷ᠎ᠡ ᠳ᠋ᠦᠩ᠎ᠦᠨ ᠮᠡᠳᠡᠭᠦᠯᠦᠯᠲᠡ ᠶ᠋ᠢ ᠪᠠᠲᠤᠯᠠᠵᠤ᠂ ᠮᠡᠳᠡᠭᠦᠯᠦᠯᠲᠡ᠎ᠶ᠋ᠢ ᠪᠦᠬᠦ᠌ ᠲᠥᠯᠥᠭᠡᠯᠡᠭ᠌ᠴᠢᠳ᠎ᠲᠦ ᠳᠠᠷᠤᠮᠠᠯᠯᠠᠨ ᠲᠠᠷᠬᠠᠭᠠᠬᠤ᠎ᠪᠠᠷ ᠲᠣᠭ᠍ᠲᠠᠪᠠ᠃
ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠬᠤᠭᠤᠴᠠᠭᠠᠨ᠎ᠳᠤ ᠲᠥᠯᠥᠭᠡᠯᠡᠭ᠌ᠴᠢᠳ ᠦᠨᠳᠦᠰᠦᠨ ᠬᠠᠤᠯᠢ᠂ ᠬᠠᠤᠯᠢ ᠴᠠᠭᠠᠵᠠ ᠡᠴᠡ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠶ ᠭᠦᠶ᠋ᠴᠡᠳᠭᠡᠪᠠ᠃ ᠶᠡᠬᠡ ᠬᠤᠷᠠᠯ ᠡᠴᠡ ᠲᠣᠭ᠍ᠲᠠᠭᠠᠭ᠍ᠰᠠᠨ ᠰᠠᠨᠠᠯ ᠵᠥᠪᠯᠡᠯᠭᠡ ᠳᠤᠷᠠᠳᠭᠤ ᠬᠠᠮᠤᠭ ᠡᠴᠦᠰ᠎ᠤᠨ ᠬᠢᠵᠠᠭᠠᠷᠯᠠᠬᠤ ᠴᠠᠭ (1 ᠰᠠᠷ᠎ᠠ᠎ᠶ᠋ᠢᠨ 15 ᠤ᠋ 12 ᠴᠠᠭ) ᠪᠤᠯᠳᠠᠯ᠎ᠠ ᠶᠡᠬᠡ ᠬᠤᠷᠠᠯ ᠡᠴᠡ ᠨᠡᠢᠲᠡ 12 ᠬᠤᠪᠢ ᠰᠠᠨᠠᠯ ᠵᠥᠪᠯᠡᠯᠭᠡ᠎ᠶ᠋ᠢ ᠭᠥᠯᠢᠶᠡᠨ ᠠᠪᠴᠠᠶ᠃
ᠬᠤᠷᠠᠯ ᠡᠴᠡ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠭᠤᠷᠪᠠᠳᠤᠭᠠᠷ ᠬᠤᠷᠠᠯ᠎ᠤᠨ ᠰᠠᠨᠠᠯ ᠵᠥᠪᠯᠡᠯᠭᠡ᠎ᠶ᠋ᠢ ᠬᠢᠨᠠᠨ ᠪᠠᠢᠴᠠᠭᠠᠬᠤ ᠵᠥᠪᠯᠡᠯ ᠡᠯ᠎ᠡ ᠵᠦᠶ᠋ᠯ ᠦᠨ ᠰᠠᠨᠠᠯ ᠵᠥᠪᠯᠡᠯᠭᠡ᠎ᠶ᠋ᠢ ᠨᠠᠷᠢᠨ ᠬᠢᠨᠠᠮᠠᠭᠠᠶ ᠬᠢᠨᠠᠨ ᠪᠠᠢᠴᠠᠭᠠᠵᠤ᠂ ᠲᠡᠭᠦᠨ᠎ᠦ ᠳᠣᠲᠣᠷᠠᠬᠢ 11 ᠰᠠᠨᠠᠯ ᠵᠥᠪᠯᠡᠯᠭᠡᠨ᠎ᠢ ᠰᠠᠨᠠᠯ ᠵᠥᠪᠯᠡᠯᠭᠡ᠎ᠶ᠋ᠢᠨ ᠦᠨᠳᠦᠰᠦᠨ ᠱᠠᠭᠠᠷᠳᠠᠯᠭ᠎ᠠ᠎ᠳᠤ ᠨᠡᠢᠴᠡᠨ᠎ᠡ ᠭᠡᠵᠦ᠍ ᠦᠵᠡᠪᠡ᠃ ᠲᠤᠰ 11 ᠬᠤᠪᠢ ᠰᠠᠨᠠᠯ ᠵᠥᠪᠯᠡᠯᠭᠡ᠎ᠶ᠋ᠢᠨ ᠳᠣᠲᠣᠷᠠᠬᠢ 2 ᠬᠤᠪᠢ ᠰᠠᠨᠠᠯ ᠵᠥᠪᠯᠡᠯᠭᠡ᠎ᠶ᠋ᠢᠨ ᠰᠣᠩᠭᠣᠭ᠍ᠰᠠᠨ ᠰᠡᠳᠦᠪ ᠨᠢ ᠠᠳᠠᠯᠢ ᠪᠤᠯᠬᠤᠷ ᠨᠢᠭᠡ ᠰᠠᠨᠠᠯ ᠵᠦᠪᠯᠡᠯᠭᠡ ᠪᠤᠯᠭᠠᠨ ᠰᠢᠢᠳᠪᠦᠷᠢᠯᠡᠵᠦ᠂ ᠨᠡᠢᠲᠡ 10 ᠬᠤᠪᠢ ᠰᠠᠨᠠᠯ ᠵᠥᠪᠯᠡᠯᠭᠡ᠎ᠶ᠋ᠢ ᠳᠤᠭᠳᠠᠭᠠᠪᠠ᠂ ᠴᠥᠮ ᠬᠠᠤᠯᠢ ᠲᠣᠭ᠍ᠲᠠᠭᠠᠬᠤ ᠲᠠᠯ᠎ᠠ᠎ᠶᠢᠨ ᠰᠠᠨᠠᠯ ᠵᠦᠪᠯᠡᠯᠬᠡ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃