2025 ᠣᠷᠣᠨ᠎ᠤ᠋ ᠬᠤᠶᠠᠷ ᠬᠤᠷᠠᠯ > ᠣᠨᠴᠠ ᠮᠡᠳᠡᠭᠡᠯᠡᠯ

2025-01-18 12:59:11

ᠵᠣᠬᠢᠶᠠᠭ᠍ᠴᠢ᠄ ᠭᠤᠤ ᠬᠤᠢ ᠣᠩᠱᠢᠭ᠍ᠰᠠᠨ ᠣᠳᠠᠭ᠎ᠠ᠄ 3

ᠨᠡᠭᠡᠭᠡᠯᠲᠡ ᠬᠢᠳᠡᠭ ᠭᠠᠵᠠᠷ ᠣᠷᠣᠨ ᠬᠡᠵᠢᠶᠡᠳᠡ ᠬᠢᠵᠠᠭᠠᠷ ᠦᠭᠡᠢ ᠢᠷᠡᠭᠡᠳᠦᠢ ᠲᠠᠢ ᠶᠤᠮ᠃

ᠥᠪᠥᠷ ᠮᠣᠩᠭᠣᠯ ᠥᠪᠡᠷᠮᠢᠴᠡ ᠭᠠᠵᠠᠷ ᠣᠷᠣᠨ᠎ᠤ ᠳᠠᠪᠠᠭᠤᠯᠢᠭ᠎ᠲᠠᠶ ᠪᠠᠢᠵᠤ᠂ ᠣᠷᠣᠰ ᠮᠣᠩᠭᠣᠯ᠎ᠲᠠᠶ ᠬᠢᠯᠢ ᠨᠡᠢᠯᠡᠵᠦ᠍᠂ ᠬᠢᠯᠢ᠎ᠶ᠋ᠢᠨ ᠱᠤᠭᠤᠮ᠎ᠤᠨ ᠣᠷᠳᠣ᠎ᠨᠢ 4200 ᠭᠠᠷᠤᠶ ᠺᠢᠯᠣᠮᠧᠲ᠋ᠷ᠎ᠲᠦ ᠬᠦᠷᠴᠦ᠍᠂ ᠭᠠᠳᠠᠭᠠᠳᠤ ᠨᠡᠭᠡᠭᠡᠯᠲᠡ ᠬᠢᠬᠦ ᠬᠢᠯᠢ ᠵᠢᠨ ᠪᠣᠭᠣᠮᠲᠠ 20 ᠪᠠᠢᠵᠤ᠂ ᠤᠯᠤᠰ᠎ᠤᠨ ᠳᠣᠲᠣᠭᠠᠳᠤ ᠭᠠᠳᠠᠭᠠᠳᠤ ᠎ᠶ᠋ᠢᠨ ᠬᠤᠤᠰ ᠡᠷᠭᠢᠯᠲᠡ᠎ᠶ᠋ᠢ ᠬᠣᠯᠪᠣᠭ᠍ᠰᠠᠨ ᠴᠢᠬᠤᠯᠠ ᠵᠠᠩᠭᠢᠯᠠᠭ᠎ᠠ᠎ᠶ᠋ᠢᠨ ᠴᠡᠭ ᠪᠣᠯᠤᠨ᠎ᠠ᠃ 2024 ᠣᠨ᠎ᠳᠤ ᠂ ᠤᠮᠠᠷᠠᠰᠢ ᠨᠡᠬᠡᠬᠡᠯᠳᠡ ᠬᠢᠬᠦ᠌ ᠪᠡᠬᠢᠯᠡᠯᠲᠡ᠎ᠶ᠋ᠢᠨ ᠳᠣᠲᠣᠭᠠᠳᠤ ᠭᠠᠳᠠᠭᠠᠳᠤ᠎ᠶ᠋ᠢᠨ ᠶᠡᠬᠡ ᠣᠷᠴᠢᠯ᠎ᠢ ᠬᠣᠯᠪᠣᠯᠳᠤᠨ ᠨᠡᠪᠲᠡᠷᠡᠭᠦᠯᠬᠦ᠌ ᠲᠠᠯ᠎ᠠ᠎ᠪᠠᠷ ᠣᠯᠤᠭ᠍ᠰᠠᠨ ᠦᠷ᠎ᠡ ᠪᠦᠲᠦᠮᠵᠢ ᠨᠢ ᠬᠥᠮᠦᠰ᠎ᠢ ᠮᠠᠰᠢᠲᠠ ᠤᠷᠮᠠᠱᠢᠭᠤᠯᠪᠠ —

3 ᠬᠣᠣᠰ ᠣᠯᠠᠨ ᠤᠯᠤᠰ᠎ᠤᠨ ᠨᠥᠬᠥᠷᠰᠡᠭ ᠬᠣᠲᠠ ᠲᠠᠢ ᠬᠠᠷᠢᠯᠴᠠᠭ᠎ᠠ ᠪᠠᠢᠭᠤᠯᠵᠤ᠂ ᠳᠤᠮᠳᠠᠳᠤ ᠮᠤᠩᠭᠤᠯ᠎ᠤᠨ ᠡᠷᠢᠶᠡᠨ ᠬᠣᠲᠠ — ᠵᠠᠮ᠎ᠤᠨ ᠡᠭᠦᠳᠡ᠎ᠶ᠋ᠢᠨ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠲᠣᠭᠣᠷᠢᠭ᠂ ᠲᠦᠩᠯᠢᠶᠣᠤ᠎ᠶ᠋ᠢᠨ ᠭᠠᠢᠯᠢ ᠪᠠᠳᠤᠯᠬᠠᠤ ᠪᠠᠷᠠᠭ᠎ᠠ᠎ᠶ᠋ᠢᠨ ᠭᠦᠢᠯᠭᠡᠭᠡᠨ᠎ᠦ ᠲᠥᠪ᠎ᠨᠢ ᠵᠥᠪᠱᠢᠶᠡᠷᠡᠭ᠌ᠳᠡᠵᠦ᠍᠂ ᠭᠠᠭ᠍ᠴᠠᠮᠣᠳᠣ ᠬᠢᠯᠢ ᠵᠢᠨ ᠪᠣᠭᠣᠮᠲᠠ᠎ᠶ᠋ᠢᠨ ᠲᠦᠷᠭᠡᠨ᠎ᠤ ᠵᠠᠰᠠᠮᠠᠯ ᠵᠠᠮ ᠪᠦᠬᠦ᠌ ᠱᠤᠭᠤᠮ᠎ᠢᠶᠠᠷ ᠨᠡᠪᠲᠡᠷᠡᠵᠦ᠍᠂ ᠮᠠᠨᠵᠤᠤᠷ ᠲᠡᠮᠦᠷ ᠵᠠᠮ᠎ᠤᠨ ᠬᠢᠯᠢ ᠵᠢᠨ ᠪᠣᠭᠣᠮᠲᠠ᠎ᠶ᠋ᠢᠨ ᠬᠠᠷᠢᠯᠴᠠᠨ ᠠᠷᠠᠯᠵᠢᠶᠠᠯᠠᠬᠤ ᠲᠣᠭᠣᠷᠢᠭ ᠪᠣᠭᠣᠮᠲᠠ ᠪᠢᠲᠡᠭᠦᠮᠵᠢᠯᠡᠵᠦ ᠡᠵᠡᠩᠨᠡᠨ᠂ ᠪᠦᠬᠦ᠌ ᠣᠷᠣᠨ᠎ᠤ ᠬᠠᠭᠤᠷᠠᠢ ᠵᠠᠮ ᠎ᠤᠨ ᠬᠢᠯᠢ ᠵᠢᠨ ᠪᠣᠭᠣᠮᠲᠠ᠎ᠶ᠋ᠢᠨ ᠪᠠᠷᠠᠭ᠎ᠠ ᠲᠡᠭᠡᠭᠡᠪᠦᠷᠢᠯᠡᠬᠦ᠌ ᠬᠡᠮᠵᠢᠶ᠎ᠡ 1.2 ᠳ᠋ᠦᠩᠱᠢᠭᠤᠷ ᠲᠣᠨ᠎ᠢ ᠳᠠᠪᠠᠵᠤ᠂ ᠭᠠᠳᠠᠭᠠᠳᠤ ᠤᠷᠤᠭᠤᠯᠤᠯᠲᠠ ᠭᠠᠷᠭᠠᠯᠲᠠ ᠵᠢᠨ ᠶᠡᠷᠦᠩᠬᠡᠢ ᠬᠡᠮᠵᠢᠶ᠎ᠡ 2000 ᠳ᠋ᠦᠩᠱᠢᠭᠤᠷ ᠲᠥᠭᠥᠷᠢᠭ᠎ᠢ ᠳᠠᠪᠠᠵᠤ᠂ 《ᠱᠢᠨ᠎ᠡ ᠭᠤᠷᠪᠠᠨ ᠪᠠᠷᠠᠭ᠎ᠠ》 ᠵᠢᠨ ᠦᠢᠯᠡᠳᠬᠦᠨ᠎ᠦ ᠭᠠᠳᠠᠭᠠᠳᠤ ᠭᠠᠷᠭᠠᠯᠲᠠ 50% ᠡᠴᠡ ᠳᠡᠭᠡᠭ᠌ᠰᠢ᠎ᠪᠡᠷ ᠨᠡᠮᠡᠭ᠌ᠳᠡᠪᠡ ᠁

ᠵᠠᠰᠠᠭ ᠎ᠤᠨ ᠣᠷᠳᠣᠨ᠎ᠤ ᠠᠵᠢᠯ᠎ᠤᠨ ᠢᠯᠡᠳᠭᠡᠯ ᠳ᠋ᠤ᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭ᠎ᠠ᠎ᠶ᠋ᠢ ᠰᠠᠢᠲᠤᠷ ᠠᠳᠭᠤᠵᠤ᠂ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠶᠡᠬᠡ᠎ᠪᠡᠷ ᠥᠷᠭᠡᠳᠭᠡᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃ ᠭᠠᠳᠠᠭᠠᠳᠤ ᠨᠡᠭᠡᠭᠡᠯᠲᠡ ᠡᠰᠡᠬᠦᠯ᠎ᠡ ᠳᠣᠲᠣᠭᠠᠳᠤ ᠨᠡᠭᠡᠭᠡᠯᠲᠡ ᠴᠤ᠌ ᠭᠡᠰᠡᠨ ᠴᠥᠮ ᠬᠤᠤᠰ ᠴᠢᠭ᠌ᠯᠡᠯ᠎ᠤᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭᠠᠳᠬᠠᠬᠤ ᠬᠡᠷᠡᠭᠲᠡᠢ᠂ ᠮᠠᠨ᠎ᠤ ᠣᠷᠣᠨ᠎ᠳᠤ ᠬᠠᠷᠢᠴᠠᠩᠭᠤᠶ᠎ᠪᠠᠷ ᠳᠤᠲᠠᠭ᠍ᠳᠠᠵᠤ ᠪᠠᠢᠭ᠎ᠠ ᠮᠡᠷᠭᠡᠵᠢᠯ᠂ ᠴᠢᠳᠠᠪᠤᠷᠢᠲᠠᠨ᠂ ᠪᠠᠯᠠ ᠮᠥᠩᠭᠥ᠌᠂ ᠠᠵᠤ ᠦᠶ᠋ᠯᠡᠰ᠎ᠢ ᠣᠷᠣᠭᠤᠯᠤᠨ ᠠᠪᠴᠢᠷᠠᠬᠤ᠎ᠪᠠᠷ ᠪᠠᠷᠠᠬᠤ ᠥᠬᠡᠶ ᠪᠠᠰᠠ ᠮᠠᠨ ᠎ᠤ ᠣᠷᠣᠨ᠎ᠤ ᠳᠠᠪᠠᠭᠤᠯᠢᠬᠲᠤ ᠪᠤᠬᠢᠷᠳᠤᠯ ᠦᠭᠡᠢ ᠴᠠᠬᠢᠯᠭᠠᠨ᠂ ᠪᠤᠬᠢᠷᠳᠤᠯ ᠦᠭᠡᠢ ᠪᠤᠳᠤᠯᠲᠠ᠂ ᠪᠤᠬᠢᠷᠳᠤᠯ ᠦᠭᠡᠢ ᠢᠳᠡᠭᠡᠨ ᠵᠢᠴᠢ ᠥᠪᠡᠷᠮᠢᠴᠡ ᠣᠨᠴᠠᠯᠢᠭ᠎ᠲᠠᠶ ᠤᠮᠠᠷᠠᠲᠤ ᠬᠢᠯᠢ᠎ᠶ᠋ᠢᠨ ᠰᠣᠶᠣᠯ᠎ᠢ ᠭᠠᠳᠠᠭ᠍ᠰᠢ ᠬᠦᠷᠭᠡᠬᠦ᠌ ᠬᠡᠷᠡᠭ᠌ᠲᠡᠶ᠃

ᠬᠣᠶᠠᠷ ᠬᠤᠷᠠᠯ ᠎ᠤᠨ ᠬᠤᠭᠤᠴᠠᠭᠠᠨ᠎ᠳᠤ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠭᠡᠱᠢᠭᠦᠳ ᠬᠡᠷᠬᠢᠨ ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ᠎ᠶ᠋ᠢ ᠰᠠᠢᠲᠤᠷ ᠪᠠᠢᠭᠤᠯᠵᠤ ᠳᠣᠲᠣᠭᠠᠳᠤ ᠭᠠᠳᠠᠭᠠᠳᠤ ᠶᠡᠬᠡ ᠤᠷᠴᠢᠯ ᠎ᠢ ᠬᠣᠯᠪᠣᠯᠳᠤᠨ ᠨᠡᠪᠲᠡᠷᠡᠭᠦᠯᠬᠦ᠌ ᠲᠤᠬᠠᠶ ᠬᠠᠯᠠᠭᠤᠨ ᠶᠠᠷᠢᠯᠴᠠᠭ᠎ᠠ ᠥᠷᠨᠢᠭᠦᠯᠪᠡ᠃

ᠭᠠᠳᠠᠭᠠᠳᠤ ᠎ᠳᠤ ᠬᠠᠨᠳᠤᠭᠤᠯᠤᠨ ᠥᠨᠳᠥᠷ ᠲᠦᠪᠱᠢᠨ ᠪᠦᠬᠦᠢ ᠨᠡᠭᠡᠭᠡᠯᠳᠡ᠎ᠶ᠋ᠢ ᠥᠷᠭᠡᠳᠭᠡᠨ᠎ᠡ

ᠱᠢᠨ᠎ᠡ ᠵᠢᠯ ᠡᠬᠢᠯᠡᠮᠡᠭ᠌ᠴᠡ᠂ ᠣᠷᠳᠣᠰ᠎ᠤᠨ ᠶᠡᠷᠦᠩᠬᠡᠢᠯᠡᠭ᠌ᠰᠡᠨ ᠭᠠᠢᠯᠢ ᠪᠠᠳᠤᠯᠠᠬᠤ ᠣᠷᠣᠨ᠎ᠤ ᠬᠥᠮᠥᠷᠭᠡ᠎ᠳᠦ ᠬᠠᠢᠷᠴᠠᠭ ᠬᠠᠢᠷᠴᠠᠭ ᠶᠤᠸᠠᠨ ᠵᠢᠩ ᠬᠥᠳᠡᠯᠭᠡᠬᠦ᠌ ᠬᠦᠴᠦᠨ᠎ᠤ ᠯᠢᠲ᠋ᠢ ᠢᠶᠣᠨ ᠳ᠋ᠢᠶᠠᠨ ᡂᠢ᠎ᠶ᠋ᠢ ᠲᠡᠷᠭᠡᠨ᠎ᠳᠦ ᠲᠡᠭᠡᠭᠡᠵᠦ᠍᠂ ᠭᠠᠳᠠᠭᠠᠳᠤ᠎ᠶ᠋ᠢᠨ ᠵᠠᠬ᠎ᠠ ᠳᠡᠯᠭᠡᠭᠦᠷ᠎ᠲᠦ ᠭᠠᠷᠭᠠᠬᠤ᠎ᠪᠠᠷ ᠪᠡᠯᠡᠳᠭᠡᠵᠦ᠍ ᠪᠠᠢᠯ᠎ᠠ᠃

ᠣᠢᠷ᠎ᠠ᠎ᠶ᠋ᠢᠨ ᠵᠢᠯ᠎ᠦᠨ ᠲᠤᠷᠰᠢ ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠭᠠᠳᠠᠭᠠᠳᠤ᠎ᠭᠠᠷᠭᠠᠯᠲᠠ ᠵᠢᠨ ᠦᠶ᠋ᠯᠡᠳᠬᠦᠨ᠎ᠦ ᠪᠦᠲᠦᠴᠡ ᠦᠷᠭᠦᠯᠵᠢᠯᠡᠨ ᠱᠢᠯᠢᠳᠡᠭ᠌ᠵᠢᠵᠦ᠍᠂ ᠭᠠᠳᠠᠭᠠᠳᠤ᠎ᠭᠠᠷᠭᠠᠯᠲᠠ ᠵᠢᠨ ᠤᠯᠠᠮᠵᠢᠯᠠᠯᠲᠤ ᠲᠠᠸᠠᠷ᠎ᠤᠨ ᠬᠡᠮᠵᠢᠶ᠎ᠡ ᠪᠠ ᠦᠨ᠎ᠡ ᠵᠡᠷᠭᠡ᠎ᠪᠡᠷ ᠨᠡᠮᠡᠭ᠌ᠳᠡᠪᠡ᠃ 2024 ᠣᠨ᠎ᠳᠤ ᠱᠢᠨ᠎ᠡ ᠡᠨᠧᠷᠭᠢ᠎ᠶ᠋ᠢᠨ ᠮᠠᠱᠢᠨ ᠲᠡᠷᠭᠡ᠂ ᠯᠢᠲ᠋ᠢ ᠳ᠋ᠢᠶᠠᠨ ᡂᠢ᠂ ᠬᠡᠷᠡᠯᠴᠢ ᠴᠡᠨᠡᠭ᠎ᠦᠨ《ᠱᠢᠨ᠎ᠡ ᠭᠤᠷᠪᠠᠨ ᠪᠠᠷᠠᠭ᠎ᠠ 》 ᠵᠢᠨ ᠦᠶ᠋ᠯᠡᠳᠬᠦᠨ᠎ᠦ ᠭᠠᠳᠠᠭᠠᠳᠤ ᠭᠠᠷᠭᠠᠯᠲᠠ ᠵᠢᠱ᠌ᠢᠯᠲᠡ᠎ᠪᠡᠷ 40 ᠳ᠋ᠦᠩᠱᠢᠭᠤᠷ ᠲᠥᠭᠥᠷᠢᠭ᠎ᠢ ᠳᠠᠪᠠᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 50% ᠎ᠪᠠᠷ ᠨᠡᠮᠡᠭ᠌ᠳᠡᠬᠦ ᠪᠤᠯᠤᠨ᠎ᠠ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 2025 ᠣᠨ᠎ᠳᠤ ᠭᠠᠳᠠᠭᠠᠳᠤ ᠠᠷᠠᠯᠵᠢᠶᠠᠨ᠎ᠤ ᠬᠡᠪᠴᠢᠶ᠎ᠡ᠎ᠶ᠋ᠢ ᠥᠷᠭᠡᠳᠭᠡᠵᠦ᠍᠂ ᠭᠠᠷ ᠳᠠᠮᠵᠢᠭ᠍ᠰᠠᠨ ᠮᠠᠱᠢᠨ ᠲᠡᠷᠭᠡ᠂ 《ᠱᠢᠨ᠎ᠡ ᠭᠤᠷᠪᠠᠨ ᠪᠠᠷᠠᠭ᠎ᠠ》᠂ ᠲᠠᠷᠢᠶᠠᠯᠠᠩ᠎ᠤᠨ ᠢᠳᠡᠭᠡᠨ᠎ᠤ ᠪᠦᠲᠦᠭᠡᠭ᠌ᠳᠡᠬᠦᠨ᠎ᠦ ᠭᠠᠳᠠᠭᠠᠳᠤ ᠭᠠᠷᠭᠠᠯᠲᠠ᠎ᠶ᠋ᠢᠨ ᠬᠡᠪᠴᠢᠶ᠎ᠡ᠎ᠶ᠋ᠢ ᠥᠷᠭᠡᠳᠭᠡᠵᠦ᠍᠂ ᠨᠢᠭᠡ ᠪᠦᠯᠦᠭ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠠᠵᠤ ᠠᠬᠤᠢᠯᠠᠯ ᠪᠣᠯᠤᠨ ᠠᠵᠤ ᠦᠶ᠋ᠯᠡᠰ᠎ᠦᠨ ᠬᠦᠷᠢᠶᠡᠯᠡᠩ᠎ᠢ ᠪᠣᠢᠵᠢᠭᠤᠯᠵᠤ᠂ ᠨᠢᠭᠡ ᠪᠦᠯᠦᠭ ᠭᠤᠤᠯᠳᠠᠯᠭ᠎ᠠ᠎ᠲᠠᠶ ᠠᠷᠠᠯᠵᠢᠶᠠᠨ᠎ᠤ ᠬᠠᠨᠢᠲᠠᠨ᠎ᠤ ᠭᠠᠳᠠᠭᠠᠳᠤ᠎ᠳᠠᠬᠢ ᠬᠥᠮᠥᠷᠭᠡ᠎ᠶ᠋ᠢ ᠪᠠᠢᠷᠢᠱᠢᠭᠤᠯᠤᠨ᠎ᠠ ᠁ ᠪᠣᠭᠣᠮᠲᠠ᠎ᠶ᠋ᠢᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠵᠢ 1.3 ᠳ᠋ᠦᠩᠱᠢᠭᠤᠷ ᠲᠣᠨ᠎ᠢ ᠳᠠᠪᠠᠭᠤᠯᠵᠤ᠂ ᠭᠠᠳᠠᠭᠠᠳᠤ ᠠᠷᠠᠯᠵᠢᠶᠠᠨ᠎ᠤ ᠭᠠᠳᠠᠭᠠᠳᠤ ᠣᠷᠣᠭᠤᠯᠤᠯᠲᠠ ᠭᠠᠷᠭᠠᠯᠲᠠ᠎ᠶ᠋ᠢᠨ ᠶᠡᠷᠦᠩᠬᠡᠶ ᠬᠡᠮᠵᠢᠶ᠎ᠡ ᠵᠢ 2200 ᠳ᠋ᠦᠩᠱᠢᠭᠤᠷ ᠲᠥᠭᠥᠷᠢᠭ᠎ᠢ ᠳᠠᠪᠠᠭᠤᠯᠤᠨ᠎ᠠ ᠭᠡᠵᠦ᠍ ᠳᠤᠷᠠᠳᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠱᠧᠩ ᠬᠤᠢ ᠶᠢᠩ ᠯᠢ ᠴᠠᠬᠢᠯᠭᠠᠨ ᠬᠦᠴᠦᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠠᠩ ᠱᠧᠩ ᠬᠤᠢ᠂ 2024 ᠣᠨ᠎ᠤ 3 ᠰᠠᠷ᠎ᠠ᠎ᠳᠤ ᠳᠤᠮᠳᠠᠳᠤ ᠮᠣᠩᠭᠣᠯ᠎ᠤᠨ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠣᠷᠣᠨ ᠵᠥᠪᠱᠢᠶᠡᠷᠡᠭ᠌ᠳᠡᠭ᠌ᠰᠡᠨ᠎ᠡᠴᠡ ᠨᠠᠭᠠᠰᠢ ᠱᠢᠨ᠎ᠡ ᠨᠢᠭᠡ ᠡᠭᠡᠯᠵᠢ᠎ᠶ᠋ᠢᠨ ᠭᠠᠳᠠᠭᠠᠳᠤ ᠠᠷᠠᠯᠵᠢᠶᠠᠨ᠎ᠤ ᠦᠢᠯᠡᠰ ᠪᠤᠰᠭᠠᠬᠤ ᠬᠥᠭ᠌ᠵᠢᠯᠲᠡ᠎ᠶ᠋ᠢᠨ ᠬᠠᠯᠠᠭᠤᠨ ᠥᠷᠨᠢᠯᠲᠡ ᠭᠠᠷᠴᠤ᠌᠂ ᠮᠢᠩᠭ᠎ᠠ ᠱᠢᠬᠠᠮ ᠲᠥᠪ᠎ᠦᠨ ᠠᠵᠤ ᠠᠬᠤᠢᠯᠠᠯ᠂ ᠤᠯᠤᠰ᠎ᠤᠨ ᠥᠮᠴᠢᠯᠡᠯ᠎ᠦᠨ ᠠᠵᠤ ᠠᠬᠤᠢᠯᠠᠯ ᠵᠢᠴᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠨᠡᠷᠡᠳᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠡᠷᠢᠶᠡᠨ ᠬᠤᠳᠠ ᠎ᠶ᠋ᠢᠨ ᠬᠢᠯᠢ ᠵᠢᠨ ᠪᠣᠭᠣᠮᠲᠠ᠎ᠳᠤ ᠱᠢᠨᠵᠢᠯᠡᠨ ᠪᠠᠢᠴᠠᠭᠠᠵᠤ᠂ ᠬᠢᠯᠢ᠎ᠶ᠋ᠢᠨ ᠪᠣᠭᠣᠮᠲᠠ᠎ᠶ᠋ᠢᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠳᠤ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ ᠣᠯᠭᠣᠵᠠᠢ ᠭᠡᠪᠡ᠃ 《ᠣᠳᠣᠬᠠᠨ᠎ᠳᠤ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ᠎ᠨᠢ ᠨᠢᠭᠡᠨᠲᠡ ᠭᠠᠳᠠᠭᠠᠳᠤ ᠠᠷᠠᠯᠵᠢᠶᠠᠨ᠎ᠤ ᠨᠡᠮᠡᠭ᠌ᠳᠡᠯ᠎ᠢ ᠠᠬᠢᠭᠤᠯᠬᠤ ᠵᠠᠩᠭᠢᠯᠠᠭ᠎ᠠ᠎ᠶ᠋ᠢᠨ ᠬᠦᠴᠦᠨ᠎ᠦ ᠨᠢᠭᠡ ᠪᠣᠯᠤᠭ᠍ᠰᠠᠨ ᠪᠣᠯᠪᠠᠴᠤ᠌ ᠲᠣᠭᠠᠴᠢᠯᠠᠯᠳᠠ ᠵᠢᠨ ᠮᠡᠷᠭᠡᠵᠢᠯ ᠤ᠋ᠨ ᠴᠢᠳᠠᠪᠤᠷᠢᠲᠠᠨ ᠳᠤᠲᠠᠭ᠍ᠳᠠᠵᠤ ᠪᠠᠢᠭ᠎ᠠ ᠠᠰᠠᠭᠤᠳᠠᠯ ᠡᠳᠦᠷ ᠢᠷᠡᠬᠦᠶ᠎ᠡ ᠲᠣᠪᠣᠢᠮ᠎ᠠ ᠪᠣᠯᠵᠣ ᠪᠠᠢᠨ᠎ᠠ᠂ ᠮᠠᠨ᠎ᠤ ᠣᠷᠣᠨ ᠲᠣᠭᠠᠴᠢᠯᠠᠯᠳᠠ ᠵᠢᠨ ᠮᠡᠷᠭᠡᠵᠢᠯ ᠤ᠋ᠨ ᠴᠢᠳᠠᠪᠤᠷᠢᠲᠠᠨ᠎ᠤ ᠨᠡᠪᠴᠢᠭᠦᠯᠦᠭᠦᠷ ᠪᠠᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠴᠢᠩᠭᠠᠳᠭᠠᠨ᠂ ᠬᠥᠮᠦᠵᠢᠭᠦᠯᠬᠦ᠌ ᠱᠢᠰᠲ᠋ᠧᠮ ᠢ᠋ ᠲᠡᠭᠦᠯᠳᠡᠷᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭ᠎ᠠ ᠪᠤᠯᠤᠨ ᠲᠣᠭᠠᠴᠢᠯᠠᠭ᠍ᠰᠠᠨ ᠠᠵᠤ ᠠᠬᠤᠶ ᠠᠷᠠᠯᠵᠢᠶᠠᠨ᠎ᠤ ᠬᠥᠭ᠌ᠵᠢᠯᠲᠡ᠎ᠳᠦ ᠴᠢᠳᠠᠪᠤᠷᠢᠲᠠᠨ᠎ᠤ ᠰᠠᠭᠤᠷᠢ ᠴᠣᠭ᠍ᠴᠠᠯᠠᠬᠤ᠎ᠶ᠋ᠢ ᠰᠠᠨᠠᠭᠤᠯᠵᠤ ᠪᠠᠢᠨ᠎ᠠ》 ᠭᠡᠵᠦ᠍ ᠵᠠᠩ ᠱᠧᠩ ᠬᠤᠢ ᠬᠡᠯᠡᠪᠡ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 2025 ᠣᠨ᠎ᠳᠦ ᠬᠢᠯᠢ ᠵᠢᠨ ᠪᠤᠭᠤᠮᠳᠠ ᠪᠠ ᠳᠤᠳᠤᠷ᠎ᠠ ᠭᠠᠵᠠᠷ ᠤ᠋ᠨ ᠬᠣᠯᠪᠣᠭᠠᠯᠠᠨ ᠬᠥᠳᠡᠯᠦᠯᠴᠡᠬᠦ᠌᠂ ᠨᠤᠳᠤᠬᠰᠢᠭᠤᠯᠤᠨ ᠤᠨᠳᠤᠤᠰᠢᠭᠤᠯᠬᠤ᠎ᠶ᠋ᠢ ᠴᠢᠩᠭᠠᠳᠭᠠᠵᠤ᠂ ᠭᠠᠳᠠᠭᠠᠳᠤ᠎ᠳᠤ ᠭᠠᠷᠭᠠᠬᠤ ᠲᠠᠸᠠᠷ᠎ᠤᠨ ᠡᠬᠢᠨ ᠤ᠋ ᠢᠷᠡᠯᠳᠡ ᠪᠠ ᠭᠠᠳᠠᠭᠠᠳᠤ ᠡᠴᠡ ᠣᠷᠣᠭᠤᠯᠬᠤ ᠲᠠᠸᠠᠷ᠎ᠤᠨ ᠡᠴᠦᠰ ᠤ᠋ᠨ ᠬᠠᠨᠳᠤᠯᠭ᠎ᠠ ᠵᠢ ᠭᠦᠨᠵᠡᠭᠡᠶ ᠰᠤᠳᠤᠯᠵᠤ᠂ ᠬᠡᠦᠷᠡᠰᠦ᠂ ᠲᠡᠮᠦᠷ᠎ᠦᠨ ᠬᠦᠳᠡᠷ᠂ ᠠᠮᠤ ᠲᠣᠰᠣ᠂ ᠺᠠᠯᠢ ᠪᠣᠷᠲᠣᠭᠣᠷ᠂ ᠮᠣᠳᠣᠨ ᠮᠠᠲ᠋ᠧᠷᠢᠶᠠᠯ᠂ ᠬᠠᠢᠯᠤᠭᠤᠷ ᠵᠣᠩᠰᠢ᠂ ᠢᠮᠠᠭᠠᠨ ᠨᠣᠤᠯᠤᠭᠤᠷ ᠵᠡᠷᠭᠡ᠎ᠶ᠋ᠢ ᠡᠳ᠋ᠱᠢᠭᠦᠯᠦᠨ ᠪᠤᠯᠪᠠᠰᠤᠷᠠᠭᠤᠯᠬᠤ ᠠᠵᠤ ᠦᠶ᠋ᠯᠡᠰ ᠎ᠢ ᠲᠦᠷᠭᠡᠨ ᠬᠥᠭ᠌ᠵᠢᠭᠦᠯᠵᠦ᠍᠂ 《ᠭᠠᠷ ᠳᠠᠮᠵᠢᠪᠠᠴᠤ ᠠᠰᠢᠭ ᠬᠦᠷᠳᠡᠬᠦ ᠦᠭᠡᠢ》 ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠨ᠎ᠡ ᠭᠡᠵᠦ᠍ ᠳᠤᠷᠠᠳᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠦᠯᠦᠭᠡᠯᠡᠭᠴᠢ᠂ ᠠᠯᠠᠱᠠ ᠠᠢᠮᠠᠭ᠎ᠤᠨ ᠡᠵᠡᠨ᠎ᠡ ᠬᠣᠱᠢᠭᠤᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠱᠢᠭᠤᠨ ᠳᠠᠷᠤᠭ᠎ᠠ ᠪᠦᠬᠡ᠂ ᠠᠯᠠᠱᠠ ᠠᠢᠮᠠᠭ᠎ᠤᠨ ᠡᠵᠡᠨ᠎ᠡ ᠬᠣᠱᠢᠭᠤᠨ᠎ᠳᠤ ᠪᠠᠢᠷᠢᠯᠠᠭ᠎ᠠ ᠴᠡᠭᠡ ᠬᠢᠯᠢ ᠵᠢᠨ ᠪᠣᠭᠣᠮᠲᠠ ᠪᠣᠯ ᠥᠪᠥᠷ ᠮᠣᠩᠭᠣᠯ᠎ᠤᠨ ᠬᠠᠭᠤᠷᠠᠢ ᠵᠠᠮ᠎ᠤᠨ ᠭᠤᠷᠪᠠᠳᠤᠭᠠᠷ ᠶᠡᠬᠡ ᠬᠢᠯᠢ ᠵᠢᠨ ᠪᠣᠭᠣᠮᠲᠠ ᠪᠣᠯᠤᠨ᠎ᠠ᠂ ᠥᠩᠭᠡᠷᠡᠭ᠌ᠰᠡᠨ᠎ᠳᠦ ᠭᠠᠳᠠᠭᠠᠳᠤ ᠡᠴᠡ ᠣᠷᠣᠭᠤᠯᠤᠭ᠍ᠰᠠᠨ ᠨᠡᠭᠦᠷᠡᠰᠦ᠎ᠶ᠋ᠢ ᠲᠤᠬᠠᠢ᠎ᠶ᠋ᠢᠨ ᠭᠠᠵᠠᠷ᠎ᠲᠤ ᠬᠠᠳᠠᠭᠠᠯᠠᠭᠠᠳ ᠯᠠ ᠳᠠᠬᠢᠭᠠᠳ ᠪᠤᠰᠤᠳ ᠭᠠᠵᠠᠷ ᠲᠤ᠌ ᠲᠡᠭᠡᠭᠡᠪᠦᠷᠢᠯᠡᠵᠤ ᠠᠪᠠᠴᠢᠳᠠᠭ᠃ ᠡᠳᠦᠭᠡ ᠴᠡᠬᠡ ᠬᠢᠯᠢ᠎ᠶ᠋ᠢᠨ ᠪᠣᠭᠣᠮᠲᠠ ᠶᠠᠭ 《ᠳᠠᠮᠵᠢᠭᠤᠯᠬᠤ ᠦᠷᠳᠡᠭᠡ》 ᠵᠢᠨ ᠪᠠᠢᠷᠢ ᠲᠣᠭ᠍ᠲᠠᠭᠠᠯᠲᠠ ᠵᠢ ᠠᠭᠠᠵᠢᠮ᠎ᠢᠶᠠᠷ ᠬᠤᠪᠢᠷᠠᠭᠤᠯᠵᠤ᠂ ᠥᠭᠡᠷᠡᠴᠢᠯᠡᠯᠲᠡ᠎ᠶ᠋ᠢᠨ ᠰᠡᠳᠭᠢᠬᠦᠢ᠎ᠪᠡᠷ 《ᠭᠠᠷ ᠳᠠᠮᠵᠢᠪᠠᠴᠤ ᠠᠰᠢᠭ ᠬᠦᠷᠳᠡᠬᠦ ᠦᠭᠡᠢ》 ᠠᠰᠠᠭᠤᠳᠠᠯ᠎ᠢ ᠱᠢᠢᠳᠪᠦᠷᠢᠯᠡᠵᠦ᠍᠂ ᠳᠣᠲᠣᠷ᠎ᠠ ᠭᠠᠵᠠᠷ᠎ᠤᠨ ᠠᠵᠤ ᠦᠢᠯᠡᠰ᠎ᠦᠨ ᠱᠢᠯᠵᠢᠯᠲᠡ᠎ᠶ᠋ᠢ ᠢᠳᠡᠪᠬᠢᠲᠡᠢ ᠬᠦᠯᠢᠶᠡᠨ ᠠᠪᠴᠤ᠌᠂ ᠨᠡᠭᠦᠷᠡᠰᠦ ᠤᠬᠢᠶᠠᠵᠤ ᠱᠢᠯᠢᠬᠦ᠌ ᠠᠵᠤ ᠦᠢᠯᠡᠰ᠎ᠢ ᠶᠡᠬᠡ᠎ᠪᠡᠷ ᠬᠥᠭ᠌ᠵᠢᠭᠦᠯᠵᠦ᠍ ᠪᠠᠢᠨ᠎ᠠ᠃ 2024 ᠣᠨ᠎ᠳᠤ᠂ ᠭᠠᠳᠠᠭᠠᠳᠤ ᠡᠴᠡ ᠣᠷᠣᠭᠤᠯᠤᠭ᠍ᠰᠠᠨ 850 ᠲᠦᠮᠨ ᠭᠠᠷᠤᠶ ᠲᠣᠨ ᠨᠡᠭᠦᠷᠡᠰᠦ ᠵᠢ ᠠᠵᠤ ᠠᠬᠤᠢᠯᠠᠯ᠎ᠤᠨ ᠡᠳ᠋ᠱᠢᠭᠦᠯᠤᠯᠳᠠ ᠪᠡᠷ ᠲᠠᠮᠵᠢᠨ ᠥᠷᠲᠡᠭ᠎ᠶᠢ ᠨᠡᠮᠡᠭ᠌ᠳᠡᠭᠦᠯᠦᠭ᠌ᠰᠡᠨ᠎ᠦ ᠳᠠᠷᠠᠭ᠎ᠠ ᠪᠥᠬᠥ᠌ ᠤᠯᠤᠰ᠎ᠤᠨ ᠡᠯ᠎ᠡ ᠭᠠᠵᠠᠷ᠎ᠲᠤ ᠲᠡᠭᠡᠭᠡᠪᠦᠷᠢᠯᠡᠵᠤ᠂ ᠠᠵᠤ ᠦᠶ᠋ᠯᠡᠳᠪᠦᠷᠢ᠎ᠶ᠋ᠢᠨ ᠦᠢᠯᠡᠳᠪᠦᠷᠢᠯᠡᠯ ᠤ᠋ᠨ ᠶᠡᠷᠦᠨᠭᠭᠡᠢ ᠥᠷᠲᠡᠭ 35 ᠳ᠋ᠦᠩᠱᠢᠭᠤᠷ ᠲᠥᠭᠥᠷᠢᠭ᠎ᠢ ᠳᠠᠪᠠᠵᠤ᠂ 5 ᠵᠢᠯ᠎ᠦᠨ ᠡᠮᠦᠨᠡᠬᠢ᠎ᠲᠡᠶ ᠬᠠᠷᠢᠴᠠᠭᠤᠯᠪᠠᠯ ᠬᠣᠶᠠᠷ ᠳᠠᠬᠢᠨ ᠭᠠᠷᠤᠶ ᠨᠡᠮᠡᠭ᠌ᠳᠡᠵᠡᠶ᠃ ᠲᠠᠷᠠᠭᠠᠴᠢ ᠎ᠶ᠋ᠢᠨ ᠠᠯᠬᠤᠮ᠎ᠳᠤ ᠴᠡᠬᠡ ᠬᠢᠯᠢ᠎ᠶ᠋ᠢᠨ ᠪᠣᠭᠣᠮᠲᠠ ᠰᠠᠭᠤᠷᠢ ᠲᠥᠬᠥᠭᠡᠷᠦᠮᠵᠢ ᠪᠣᠯᠤᠨ ᠦᠢᠯᠡᠴᠢᠯᠡᠭᠡᠨ᠎ᠦ ᠴᠢᠳᠠᠮᠵᠢ᠎ᠶ᠋ᠢᠨ ᠣᠳᠣᠬᠢᠴᠢᠯᠠᠯᠲᠠ᠎ᠪᠡᠷ ᠭᠣᠣᠯᠳᠠᠯᠭ᠎ᠠ ᠪᠣᠯᠭᠠᠵᠤ᠂ ᠳᠡᠯᠡᠬᠡᠢᠵᠢᠭ᠌ᠰᠡᠨ ᠣᠳᠣᠬᠢᠴᠢᠯᠠᠭ᠍ᠰᠠᠨ ᠬᠢᠯᠢ᠎ᠶ᠋ᠢᠨ ᠪᠣᠭᠣᠮᠲᠠ᠎ᠶ᠋ᠢᠨ ᠪᠦᠳᠦᠭᠡᠨ ᠪᠠᠢᠭᠤᠯᠤᠯᠳᠠ᠎ᠶᠢᠨ ᠠᠵᠢᠯ᠎ᠢ ᠰᠠᠢᠲᠤᠷ ᠬᠢᠨ᠎ᠠ ᠭᠡᠪᠡ᠃

ᠳᠣᠲᠣᠭᠠᠳᠤ᠎ᠳᠠᠭᠠᠨ ᠣᠷᠣᠨ ᠪᠦᠰᠡ᠎ᠶᠢᠨ ᠬᠣᠭᠣᠷᠣᠨᠳᠣᠬᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ ᠬᠡᠷᠡᠭᠳᠡᠢ

2024 ᠣᠨ᠎ᠤ 11 ᠰᠠᠷ᠎ᠠ᠎ᠶᠢᠨ 14᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ ᠵᠠᠰᠠᠭ᠎ᠤᠨ ᠲᠥᠯᠥᠭᠡᠯᠡᠭᠴᠢᠳ᠎ᠦᠨ ᠪᠦᠯᠬᠦᠮ ᠪᠡᠭᠡᠵᠢᠩ᠎ᠳᠦ ᠰᠢᠨᠵᠢᠯᠡᠨ ᠪᠠᠢᠴᠠᠭᠠᠵᠤ᠂ ᠪᠡᠭᠡᠵᠢᠩ ᠥᠪᠥᠷ ᠮᠣᠩᠭᠣᠯ᠎ᠤᠨ ᠵᠡᠭᠦᠨ ᠪᠠᠷᠠᠭᠤᠨ ᠣᠷᠣᠨ᠎ᠤ ᠬᠠᠮᠵᠢᠯᠴᠠᠭ᠎ᠠ᠎ᠶᠢᠨ ᠭᠦᠨᠵᠡᠭᠡᠢᠷᠡᠨ ᠪᠣᠳᠠᠲᠠᠢᠵᠢᠬᠤ᠎ᠶᠢ ᠠᠬᠢᠭᠤᠯᠬᠤ ᠵᠢ ᠬᠠᠮᠳᠤ ᠪᠡᠷ ᠵᠦᠪᠳᠡᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ 《ᠪᠦᠬᠦ ᠲᠠᠯ᠎ᠠ》 ᠲᠡᠢᠰᠢ ᠭᠦᠨᠵᠡᠭᠡᠢᠷᠡᠨ ᠠᠬᠢᠪᠠ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ ᠪᠡᠭᠡᠵᠢᠩ ᠲᠢᠶᠠᠨᠵᠢᠨ ᠡᡁᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠭᠤᠸᠠᠨᠭᠳᠦᠢ᠍ᠩ ᠰᠢᠶᠠᠩᠭᠠᠩ ᠣᠣᠮᠧᠨ᠎ᠦ ᠲᠣᠮᠣ᠌ ᠪᠤᠯᠤᠩ᠎ᠤᠨ ᠣᠷᠣᠨ ᠪᠣᠯᠣᠨ ᠵᠡᠭᠦᠨ ᠬᠣᠢᠲᠤ᠎ᠶᠢᠨ ᠭᠤᠷᠪᠠᠨ ᠮᠤᠵᠢ ᠵᠡᠷᠭᠡ ᠭᠠᠵᠠᠷ ᠣᠷᠣᠨ ᠯᠤᠭ᠎ᠠ᠎ᠶᠢᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠨᠢᠭ᠍ᠲᠠᠷᠠᠭᠤᠯᠵᠤ᠂ ᠠᠵᠤ ᠦᠢᠯᠡᠰ᠎ᠦᠨ ᠰᠢᠯᠵᠢᠯᠲᠡ᠎ᠶᠢ ᠢᠳᠡᠪᠬᠢᠲᠡᠢ ᠬᠦᠯᠢᠶᠡᠨ ᠠᠪᠴᠤ᠂ ᠡᠨᠧᠷᠭᠢ᠂ ᠡᠬᠢ ᠪᠠᠶᠠᠯᠢᠭ᠋᠂ ᠪᠣᠳᠣᠯᠲᠠ᠎ᠶᠢᠨ ᠬᠦᠴᠦᠨ ᠵᠡᠷᠭᠡ ᠲᠠᠯ᠎ᠠ᠎ᠪᠠᠷ ᠠᠵᠤ ᠠᠬᠤᠢ᠎ᠶᠢᠨ ᠲᠣᠮᠣ᠌ ᠮᠤᠵᠢ ᠯᠤᠭ᠎ᠠ ᠬᠠᠮᠲᠤᠷᠠᠯᠴᠠᠭ᠎ᠠ᠎ᠪᠠᠨ ᠴᠢᠩᠭᠠᠳᠬᠠᠵᠤ᠂ ᠣᠨᠴᠠᠭᠠᠢᠯᠠᠨ ᠬᠥᠭᠵᠢᠭᠰᠡᠨ ᠭᠠᠵᠠᠷ ᠣᠷᠣᠨ᠎ᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠦᠨ ᠤᠨᠳᠤᠤᠰᠢᠭᠤᠯᠤᠯᠲᠠ᠎ᠳᠤ ᠡᠯᠪᠡᠭ ᠪᠠᠶᠠᠯᠢᠭ᠋ ᠬᠡᠷᠡᠭᠯᠡᠭᠡᠨ᠎ᠦ ᠠᠬᠤᠢ ᠨᠦᠭᠦᠴᠡᠯ ᠬᠠᠩᠭᠠᠨ᠎ᠠ᠃ ᠪᠡᠭᠡᠵᠢᠩ ᠥᠪᠥᠷ ᠮᠣᠩᠭᠣᠯ᠎ᠤᠨ ᠬᠠᠮᠲᠤᠷᠠᠯᠴᠠᠭ᠎ᠠ᠎ᠶᠢ ᠪᠦᠬᠦ ᠲᠠᠯ᠎ᠠ᠎ᠪᠠᠷ ᠥᠷᠭᠡᠳᠬᠡᠵᠦ᠂ 《ᠵᠢᠷᠭᠤᠭ᠎ᠠ ᠵᠢ ᠳᠠᠬᠢᠨ᠎ᠢᠶᠠᠷ ᠨᠡᠮᠡᠭᠳᠡᠭᠦᠯᠬᠦ ᠲᠥᠯᠥᠪᠯᠡᠭᠡ》 ᠪᠣᠯᠣᠨ《ᠳᠦᠷᠪᠡᠨ ᠵᠦᠢᠯ᠎ᠦᠨ ᠠᠵᠢᠯᠯᠠᠭ᠎ᠠ》 ᠶ᠋ᠢ ᠦᠷᠭᠦᠯᠵᠢᠯᠡᠨ ᠥᠷᠨᠢᠭᠦᠯᠵᠦ᠂ ᠰᠢᠨ᠎ᠡ ᠬᠡᠯᠪᠡᠷᠢ᠎ᠶᠢᠨ ᠡᠨᠧᠷᠭᠢ ᠬᠠᠳᠠᠭᠠᠯᠠᠬᠤ᠂ ᠨᠣᠭᠣᠭᠠᠨ ᠤᠰᠤᠲᠥ᠋ᠷᠥᠭᠴᠢ ᠨᠣᠭᠣᠭᠠᠨ ᠰᠢᠪᠲᠦᠷ᠂ ᠪᠣᠬᠢᠷᠲᠤᠯ ᠦᠭᠡᠢ ᠪᠣᠳᠣᠯᠲᠠ᠂ ᠡᠯᠡᠰᠦᠷᠬᠡᠭᠵᠢᠯ᠎ᠶᠢ ᠰᠡᠷᠭᠡᠢᠯᠡᠵᠦ ᠡᠯᠡᠰᠦ᠎ᠶᠢ ᠵᠠᠰᠠᠬᠤ᠂ ᠤᠳᠤ ᠦᠶ᠎ᠡ᠎ᠶᠢᠨ ᠮᠠᠯ ᠠᠵᠤ ᠠᠬᠤᠢ ᠲᠠᠷᠢᠶᠠᠯᠠᠩ ᠵᠡᠷᠭᠡ ᠲᠠᠯ᠎ᠠ᠎ᠪᠠᠷ ᠨᠢᠭᠡ ᠪᠦᠯᠦᠭ ᠰᠢᠨ᠎ᠡ ᠦᠷ᠎ᠡ ᠪᠦᠲᠦᠭᠡᠯ᠎ᠢ ᠪᠤᠢ ᠪᠣᠯᠭᠠᠬᠤ ᠬᠡᠷᠡᠭᠲᠡᠢ ᠭᠡᠵᠦ ᠳᠤᠷᠠᠳᠪᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠳᠡᠳ᠋ ᠳᠠᠷᠤᠭ᠎ᠠ ᠬ᠍ᠣ ᠶᠢᠩ ᠹᠸᠩ᠂ ᠥᠩᠭᠡᠷᠡᠭᠰᠡᠨ ᠨᠢᠭᠡ ᠵᠢᠯ᠎ᠳᠦ ᠾᠸᠪᠸᠢ᠂ ᠲᠢᠶᠠᠨᠵᠢᠨ ᠵᠡᠷᠭᠡ ᠭᠠᠷᠠᠮ ᠨᠢ ᠮᠠᠨ᠎ᠤ ᠣᠷᠣᠨ᠎ᠤ 28 ᠳᠣᠲᠣᠭᠠᠳᠤ ᠬᠠᠭᠤᠷᠠᠢ᠎ᠶᠢᠨ ᠭᠠᠷᠠᠮ᠎ᠲᠠᠢ ᠭᠠᠷᠠᠮ᠎ᠤᠨ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ ᠪᠠ ᠳᠣᠲᠣᠭᠠᠳᠤ ᠬᠠᠭᠤᠷᠠᠢ ᠎ᠶᠢᠨ ᠭᠠᠷᠠᠮ᠎ᠤᠨ ᠬᠠᠮᠲᠤᠷᠠᠯᠴᠠᠭ᠎ᠠ ᠪᠠᠢᠭᠤᠯᠪᠠ᠃ 《ᠥᠪᠥᠷ ᠮᠣᠩᠭᠣᠯ᠎ᠤᠨ ᠦᠨᠦᠷ ᠠᠮᠲᠠ》᠂ 《ᠪᠤᠭᠤᠮᠳᠠ ᠵᠢᠨ ᠭᠠᠳᠠᠨᠠᠬᠢ ᠪᠣᠬᠢᠷᠲᠤᠯ ᠦᠭᠡᠢ ᠪᠦᠳᠦᠭᠡᠭᠳᠡᠬᠦᠨ — ᠥᠪᠥᠷ ᠮᠣᠩᠭᠣᠯ᠎ᠤᠨ ᠴᠢᠨᠠᠷ ᠰᠠᠢᠲᠠᠢ ᠮᠠᠯ᠎ᠤᠨ ᠠᠰᠢᠭ᠋ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ᠎ᠢ ᠪᠡᠭᠡᠵᠢᠩ᠎ᠤ᠋ᠨ ᠵᠠᠬ᠎ᠠ ᠲᠡᠯᠭᠡᠬᠦᠷ ᠲᠤ᠌ ᠣᠷᠣᠭᠤᠯᠬᠤ》 ᠵᠡᠷᠭᠡ ᠰᠢᠷᠢᠰ ᠠᠵᠢᠯᠯᠠᠭ᠎ᠠ᠎ᠶᠢ ᠠᠮᠵᠢᠯᠲᠠ᠎ᠲᠠᠢ ᠡᠷᠭᠢᠯᠡᠵᠦ᠂ ᠮᠠᠯ᠎ᠤᠨ ᠠᠰᠢᠭ᠋ ᠰᠢᠮ᠎ᠡ᠎ᠲᠠᠷᠢᠶᠠᠯᠠᠩ ᠤ᠋ᠨ ᠪᠦᠲᠦᠭᠡᠭᠳᠡᠬᠦᠨ᠎ᠢ ᠪᠡᠭᠡᠵᠢᠩ᠎ᠤ᠋ᠨ ᠵᠠᠬ᠎ᠠ ᠲᠡᠯᠭᠡᠬᠦᠷ ᠲᠤ᠌ ᠭᠠᠷᠭᠠᠬᠰᠠᠨ ᠵᠢᠴᠢ ᠪᠡᠭᠡᠵᠢᠩ᠎ᠡᠴᠡ ᠭᠠᠳᠠᠭ᠍ᠰᠢ ᠪᠣᠷᠣᠯᠠᠭᠤᠯᠤᠬᠰᠠᠨ ᠭᠡᠮᠵᠢᠶ᠎ᠡ 232 ᠳ᠋ᠦᠩᠰᠢᠭᠤᠷ ᠲᠥᠭᠥᠷᠢᠭ᠎ᠲᠤ ᠬᠦᠷᠪᠡ᠃ ᠡᠭᠦᠨ᠎ᠦ ᠵᠡᠷᠭᠡ ᠪᠡᠷ ᠪᠠᠰᠠ ᠥᠪᠥᠷ ᠮᠣᠩᠭᠣᠯ ᠱᠠᠨᠰᠢ᠂ ᠥᠪᠥᠷ ᠮᠣᠩᠭᠣᠯ ᠭᠠᠨᠰᠤ᠂ ᠥᠪᠥᠷ ᠮᠣᠩᠭᠣᠯ ᠬᠥᠬᠡᠨᠠᠭᠤᠷ ᠵᠡᠷᠭᠡ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠪᠦᠳᠦᠭᠦᠪᠴᠢ ᠵᠥᠪᠯᠡᠯᠴᠡᠭᠡᠷ᠎ᠢ ᠨᠠᠢᠳᠠᠪᠤᠷᠢᠵᠢᠭᠤᠯᠬᠤ᠎ᠶᠢ ᠠᠬᠢᠭᠤᠯᠪᠠ᠃ 《ᠡᠨᠡ ᠵᠢᠯ ᠪᠢᠳᠡ ᠦᠷᠭᠦᠯᠵᠢᠯᠡᠨ ᠥᠨᠳᠥᠷ ᠲᠦᠪᠰᠢᠨ᠎ᠢᠶᠡᠷ ᠴᠢᠬᠤᠯᠠ ᠶᠡᠬᠡ ᠲᠥᠷᠥᠯ ᠵᠦᠢᠯ᠎ᠢ ᠠᠬᠢᠭᠤᠯᠵᠤ᠂ ᠬᠢᠯᠢ ᠬᠢᠵᠠᠭᠠᠷ ᠲᠤᠳᠤᠷ ᠭᠠᠵᠠᠷ ᠤ᠋ᠨ ᠠᠵᠤ ᠦᠢᠯᠡᠰ᠎ᠦᠨ ᠬᠥᠭᠵᠢᠯᠲᠡ᠎ᠶᠢ ᠴᠢᠨᠠᠷ ᠰᠠᠢᠲᠠᠢ ᠠᠬᠢᠭᠤᠯᠵᠤ᠂ ᠥᠨᠳᠥᠷ ᠲᠠᠰ᠎ᠢᠶᠠᠷ ᠨᠡᠭᠡᠭᠡᠯᠲᠡ ᠬᠢᠬᠦ ᠲᠠᠪᠴᠠᠩ᠎ᠤᠨ ᠪᠠᠢᠭᠤᠯᠤᠯᠲᠠ᠎ᠶᠢ ᠳᠡᠭᠡᠭᠰᠢᠯᠡᠭᠦᠯᠵᠦ᠂ ᠴᠢᠬᠤᠯᠠ ᠶᠡᠬᠡ ᠨᠡᠭᠡᠭᠡᠯᠲᠡ ᠬᠢᠬᠦ ᠠᠵᠢᠯᠯᠠᠭ᠎ᠠ᠎ᠶᠢ ᠥᠨᠳᠥᠷ ᠦᠷ᠎ᠡ ᠪᠦᠲᠦᠮᠵᠢᠲᠡᠶ᠎ᠪᠡᠷ ᠡᠷᠭᠢᠯᠡᠵᠦ᠂ ᠭᠠᠳᠠᠷ ᠤᠷᠤᠨ ᠯᠤᠭ᠎ᠠ᠎ᠶᠢᠨ ᠬᠠᠮᠲᠤᠷᠠᠯᠴᠠᠭ᠎ᠠ ᠰᠣᠯᠢᠯᠴᠠᠭ᠎ᠠ᠎ᠶᠢ ᠥᠨᠳᠥᠷ ᠪᠠᠷᠢᠮᠵᠢᠶ᠎ᠠ᠎ᠪᠠᠷ ᠥᠷᠭᠡᠳᠬᠡᠵᠦ᠂ ᠥᠪᠥᠷ ᠮᠣᠩᠭᠣᠯ᠎ᠤᠨ ᠣᠷᠣᠨ ᠪᠦᠰᠡ᠎ᠶᠢᠨ ᠬᠣᠭᠣᠷᠣᠨᠳᠣᠬᠢ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠬᠦ᠎ᠶᠢ ᠠᠬᠢᠭᠤᠯᠤᠨ᠎ᠠ》 ᠭᠡᠵᠦ ᠬ᠍ᠣ ᠶᠢᠩ ᠹᠸᠩ ᠬᠡᠯᠡᠪᠡ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠬᠢᠩᠭᠠᠨ ᠠᠢᠮᠠᠭ᠎ᠤᠨ ᠷᠠᠰᠢᠶᠠᠨ ᠬᠣᠲᠠ᠎ᠶᠢᠨ ᠮᠢᠩ ᠱᠦᠢ ᠾᠧ ᠪᠠᠯᠭᠠᠰᠤᠨ᠎ᠤ ᠨᠠᠮ᠎ᠤᠨ ᠬᠣᠷᠢᠶ᠎ᠠ ᠵᠢᠨ ᠱᠦᠵᠢ ᠴᠢ ᠰᠢᠤᠸᠠᠢ ᠳ᠋ᠦᠩ᠄ 《ᠪᠥᠬᠥ ᠣᠷᠣᠨ᠎ᠤ ᠡᠯ᠎ᠡ ᠵᠦᠢᠯ᠎ᠦᠨ ᠠᠵᠢᠯ ᠦᠢᠯᠡᠰ ᠲᠣᠭᠲᠠᠭᠤᠨ᠎ᠢᠶᠠᠷ ᠠᠬᠢᠵᠤ᠂ ᠴᠢᠨᠠᠷ ᠰᠠᠢᠲᠠᠢ ᠬᠥᠭᠵᠢᠯᠲᠡ᠎ᠶᠢ ᠪᠡᠶᠡᠯᠡᠭᠦᠯᠬᠦ᠎ᠳᠦ ᠰᠡᠳᠬᠢᠯ ᠵᠢᠷᠦᠬᠡ᠎ᠪᠡᠨ ᠬᠣᠯᠪᠣᠭᠰᠠᠨ〈ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ〉ᠡᠴᠡ ᠰᠠᠯᠵᠤ ᠴᠢᠳᠠᠬᠤ ᠦᠭᠡᠢ ᠶᠤᠮ᠃ ᠪᠡᠭᠡᠵᠢᠩ ᠪᠣᠯ ᠰᠢᠨ᠎ᠡ᠎ᠶᠢ ᠡᠭᠦᠳᠬᠦ ᠬᠥᠭᠵᠢᠯᠲᠡ᠎ᠶᠢᠨ ᠳᠠᠭᠠᠭᠤᠯᠤᠭ᠍ᠴᠢ ᠮᠥᠨ᠂ ᠬᠢᠩᠭᠠᠨ ᠠᠢᠮᠠᠭ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠠᠯ ᠬᠠᠯᠠᠭᠤᠨ ᠲᠡᠶ᠋ᠢᠯᠠᠯᠳᠤᠭᠠᠨ ᠤ᠋ ᠲᠠᠯᠠᠪᠤᠷ ᠮᠥᠨ᠂ ᠬᠥᠳᠡᠭᠡ ᠲᠣᠰᠬᠣᠨ᠎ᠤ ᠵᠢᠭᠤᠯᠴᠢᠯᠠᠯ ᠪᠣᠯ 〈ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ〉ᠢ᠋ ᠦᠢᠯᠡᠳᠦᠯᠭᠡᠵᠢᠭᠦᠯᠦᠨ ᠳᠡᠭᠡᠭᠰᠢᠯᠡᠭᠦᠯᠬᠦ ᠣᠶᠤᠨᠴᠢ ᠠᠷᠭ᠎ᠠ ᠵᠠᠮ ᠮᠥᠨ᠂ 〈ᠪᠡᠭᠡᠵᠢᠩ〉ᠤ᠋ᠨ ᠬᠦᠴᠦᠳᠠᠢ ᠬᠠᠪᠰᠤᠷᠤᠯᠭ᠎ᠠ ᠳᠡᠮᠵᠢᠯᠭᠡ ᠨᠢ ᠬᠣᠶᠠᠷ ᠭᠠᠵᠠᠷ᠎ᠢ ᠨᠢᠭ᠍ᠲᠠ ᠬᠣᠯᠪᠣᠵᠤ᠂ ᠮᠢᠩ ᠱᠦᠢ ᠾᠧ ᠪᠠᠯᠭᠠᠰᠤᠨ᠎ᠤ ᠬᠥᠳᠡᠭᠡ ᠲᠣᠰᠬᠣᠨ᠎ᠤ ᠵᠢᠭᠤᠯᠴᠢᠯᠠᠯ᠎ᠤᠨ ᠬᠥᠭᠵᠢᠯᠲᠡ᠎ᠶᠢ ᠯᠠᠪᠳᠠᠭᠤᠨ᠎ᠵᠢᠡᠷ ᠠᠬᠢᠭᠤᠯᠬᠤ ᠪᠣᠯᠣᠨ᠎ᠠ᠃ ᠲᠠᠷᠠᠭᠠᠴᠢ᠎ᠶᠢᠨ ᠠᠯᠬᠤᠮ᠎ᠳᠤ ᠪᠢᠳᠡ ᠬᠥᠭᠵᠢᠯᠲᠡ᠎ᠶᠢᠨ ᠶᠡᠬᠡ ᠲᠠᠯ᠎ᠠ᠎ᠶᠢᠨ ᠲᠣᠭᠣᠷᠢᠨ᠎ᠳᠤ ᠭᠣᠣᠯᠳᠠᠯᠭ᠎ᠠ᠎ᠲᠠᠢ ᠬᠠᠮᠲᠤᠷᠠᠯᠴᠠᠭᠠᠨ᠎ᠤ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂〈ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ〉ᠵᠢᠨ ᠴᠢᠨᠠᠷ ᠰᠠᠢᠲᠠᠢ ᠬᠥᠭᠵᠢᠯᠲᠡ᠎ᠳᠦ ᠦᠷᠭᠦᠯᠵᠢᠯᠡᠨ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠪᠥᠬᠥ ᠲᠠᠯ᠎ᠠ᠎ᠪᠠᠷ ᠠᠬᠢᠭᠤᠯᠬᠤ ᠰᠢᠨ᠎ᠡ ᠬᠠᠭᠤᠳᠠᠰᠤ᠎ᠶᠢ ᠬᠠᠮᠲᠤ᠎ᠪᠠᠷ ᠵᠢᠷᠤᠭᠯᠠᠨ᠎ᠠ》 ᠭᠡᠵᠤ ᠬᠡᠯᠡᠪᠡ᠃

ᠣᠷᠣᠨ᠎ᠤ ᠳᠣᠲᠣᠷ᠎ᠠ ᠵᠥᠷᠢᠶᠡᠴᠢᠯᠡᠭᠰᠡᠨ ᠵᠣᠬᠢᠴᠠᠩᠭᠤᠢ ᠬᠥᠭᠵᠢᠯᠲᠡ᠎ᠶᠢ ᠪᠠᠷᠢᠮᠲᠠᠯᠠᠨ᠎ᠠ

ᠥᠪᠥᠷ ᠮᠣᠩᠭᠣᠯ᠎ᠤᠨ ᠵᠡᠭᠦᠨ ᠳᠤᠮᠳᠠ ᠪᠠᠷᠠᠭᠤᠨ ᠬᠡᠰᠡᠭ ᠭᠠᠵᠠᠷ ᠤᠷᠤᠨ᠎ᠤ ᠨᠥᠬᠥᠴᠡᠯ ᠠᠳᠠᠯᠢ ᠪᠤᠰᠤ ᠪᠠᠢᠵᠤ᠂ ᠠᠢᠮᠠᠭ ᠬᠣᠲᠠ ᠨᠢᠭᠡ ᠪᠦᠷᠢ ᠴᠥᠮ ᠥᠪᠡᠷ ᠥᠪᠡᠷ᠎ᠦᠨ ᠬᠥᠭᠵᠢᠯᠲᠡ᠎ᠶᠢᠨ ᠣᠨᠴᠠᠯᠢᠭ᠋᠎ᠲᠠᠢ ᠪᠠᠢᠳᠠᠭ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠬᠤᠭᠤᠴᠠᠭᠠᠨ᠎ᠳᠤ᠂ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ᠎ᠶᠢ ᠪᠠᠷᠢᠮᠲᠠᠯᠠᠬᠤ ᠨᠢ ᠲᠥᠯᠥᠭᠡᠯᠡᠭᠴᠢᠳ ᠭᠡᠰᠢᠭᠦᠳ᠎ᠦᠨ ᠠᠩᠬᠠᠷᠤᠯ ᠲᠦᠪᠯᠡᠷᠡᠬᠦᠯᠦᠨ ᠶᠠᠷᠢᠯᠴᠠᠬᠰᠠᠨ ᠴᠢᠬᠤᠯᠠ ᠰᠡᠳᠦᠪ ᠪᠣᠯᠪᠠ᠃

ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ ᠵᠡᠭᠦᠨ ᠬᠡᠰᠡᠭ᠎ᠦᠨ ᠲᠠᠪᠤᠨ ᠠᠢᠮᠠᠭ ᠬᠣᠲᠠ 《ᠰᠦᠷ ᠵᠢᠪᠬᠤᠭ᠎ᠠ᠎ᠪᠠᠨ ᠳᠠᠬᠢᠨ ᠮᠠᠨᠳᠤᠭᠤᠯᠬᠤ》 ᠠᠤᠭ᠎ᠠ ᠵᠣᠷᠢᠭ᠋᠎ᠢ ᠬᠥᠪᠴᠢᠯᠡᠵᠦ᠂ ᠰᠢᠨ᠎ᠡ ᠬᠥᠭᠵᠢᠯᠲᠡ᠎ᠶᠢᠨ ᠳᠠᠪᠠᠭᠤᠯᠢᠭ᠋᠎ᠢ ᠬᠠᠮᠲᠤᠷᠠᠨ ᠡᠭᠦᠳᠬᠦ ᠬᠡᠷᠡᠭᠲᠡᠢ᠃ ᠤᠯᠠᠭᠠᠨᠬᠠᠳᠠ᠂ ᠲᠦᠩᠯᠢᠶᠣᠣ ᠰᠠᠢᠨ ᠳᠠᠭᠠᠭᠤᠯᠤᠭ᠍ᠴᠢ ᠪᠣᠯᠵᠤ᠂ ᠲᠦᠷᠦᠭᠦᠯᠡᠨ ᠬᠥᠭᠵᠢᠭᠦᠯᠦᠨ ᠮᠠᠨᠳᠤᠭᠤᠯᠬᠤ ᠬᠤᠷᠳᠤᠴᠠ᠎ᠶᠢ ᠲᠦᠷᠭᠡᠳᠬᠡᠬᠦ ᠬᠡᠷᠡᠭᠲᠡᠢ᠃ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠪᠦᠬᠦ ᠣᠷᠣᠨ᠎ᠤ ᠴᠢᠨᠠᠷ ᠰᠠᠢᠲᠠᠢ ᠬᠥᠭᠵᠢᠯᠲᠡ ᠵᠢ ᠲᠤᠯᠭᠠᠭᠤᠷᠢᠯᠠᠵᠤ᠂ ᠬᠤᠪᠢ ᠨᠡᠮᠡᠷᠢ ᠦᠵᠡᠭᠦᠯᠬᠦ᠎ᠪᠡᠷ ᠪᠠᠷᠠᠬᠤ ᠦᠭᠡᠢ ᠪᠠᠰᠠ ᠤᠯᠠᠨ ᠲᠦᠮᠡᠨ᠎ᠦ ᠴᠢᠨᠠᠷ ᠰᠠᠢᠲᠠᠢ ᠠᠮᠢᠳᠤᠷᠠᠯ ᠪᠣᠯᠣᠨ ᠨᠡᠢᠭᠡᠮ᠎ᠦᠨ ᠥᠨᠳᠥᠷ ᠲᠦᠪᠰᠢᠨ ᠪᠦᠬᠦᠢ ᠵᠠᠰᠠᠯᠲᠠ᠎ᠶᠢᠨ ᠲᠠᠯ᠎ᠠ᠎ᠪᠠᠷ ᠡᠮᠦᠨ᠎ᠡ ᠨᠢ ᠬᠣᠰᠢᠭᠤᠷᠠᠵᠤ᠂ ᠦᠯᠢᠭᠡᠷ ᠳᠠᠭᠤᠷᠢᠶᠠᠯ ᠪᠣᠯᠵᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠢ ᠨᠢᠬᠡ ᠴᠤᠬᠴᠠᠵᠢᠭᠤᠯᠤᠨ ᠬᠦᠭᠵᠢᠬᠦᠯᠬᠦ ᠬᠠᠮᠲᠤᠷᠠᠯ ᠬᠦᠴᠦᠨ᠎ᠢᠶᠡᠷ ᠪᠦᠬᠦ ᠣᠷᠣᠨ᠎ᠤ ᠬᠥᠭᠵᠢᠯᠲᠡ᠎ᠶᠢ ᠳᠠᠢᠴᠢᠯᠠᠬᠤ ᠭᠣᠣᠯ ᠬᠥᠳᠡᠯᠭᠡᠭᠦᠷ᠎ᠢ ᠡᠭᠦᠳᠬᠦ ᠬᠡᠷᠡᠭᠲᠡᠢ᠃ ᠪᠠᠷᠠᠭᠤᠨ ᠬᠡᠰᠡᠭ᠎ᠦᠨ ᠭᠤᠷᠪᠠᠨ ᠠᠢᠮᠠᠭ ᠬᠣᠲᠠ ᠨᠢ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠨ ᠰᠡᠷᠭᠦᠭᠡᠬᠦ᠎ᠶᠢ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭᠰᠢᠯᠡᠭᠦᠯᠬᠦ ᠵᠢ ᠲᠦᠷᠭᠡᠳᠬᠡᠵᠤ᠂ ᠵᠠᠯᠭᠠᠨ ᠠᠪᠴᠤ ᠣᠷᠣᠯᠠᠬᠤ ᠠᠵᠤ ᠦᠢᠯᠡᠰ᠎ᠢ ᠬᠠᠮᠲᠤ᠎ᠪᠠᠷ ᠪᠣᠢᠵᠢᠭᠤᠯᠬᠤ ᠬᠡᠷᠡᠭᠲᠡᠢ᠃ ᠦᠬᠠᠢ ᠵᠢᠴᠢ ᠲᠡᠬᠦᠨ᠎ᠤ ᠡᠷᠬᠢᠨ ᠲᠣᠭᠣᠷᠢᠨ᠎ᠤ ᠭᠠᠵᠠᠷ ᠣᠷᠣᠨ ᠎ᠤ ᠬᠢᠨ ᠠᠭᠠᠷ ᠮᠠᠨᠳᠠᠯ᠎ᠤᠨ ᠪᠣᠬᠢᠷᠲᠤᠯ᠎ᠢ ᠬᠣᠯᠪᠤᠭᠠᠯᠠᠨ ᠰᠡᠷᠭᠡᠢᠯᠡᠵᠦ ᠬᠣᠯᠪᠤᠭᠠᠯᠠᠨ ᠡᠵᠡᠮᠳᠡᠵᠦ ᠬᠣᠯᠪᠤᠭᠠᠯᠠᠨ ᠵᠠᠰᠠᠬᠤ᠎ᠶᠢ ᠴᠢᠩᠭᠠᠳᠬᠠᠵᠤ᠂ ᠠᠵᠤ ᠦᠢᠯᠡᠳᠪᠦᠷᠢ᠎ᠶᠢᠨ ᠬᠦᠷᠢᠶᠡᠯᠡᠩ ᠲᠣᠭᠣᠷᠢᠭ᠋᠎ᠤᠨ ᠬᠠᠮᠢᠶᠠᠷᠤᠯᠲᠠ᠎ᠶᠢᠨ ᠲᠣᠭᠲᠠᠴᠠ᠎ᠶᠢ ᠲᠡᠭᠦᠯᠳᠡᠷᠵᠢᠭᠦᠯᠵᠦ᠂ ᠬᠥᠭᠵᠢᠯᠲᠡ᠎ᠶᠢᠨ ᠪᠦᠬᠦᠯᠢ ᠴᠣᠭᠴᠠ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠲᠡᠢ᠃ ᠪᠠᠶᠠᠨᠨᠠᠭᠤᠷ᠎ᠤᠨ ᠬᠢᠨ ᠤᠯᠤᠰ᠎ᠤᠨ ᠲᠠᠷᠢᠶᠠᠯᠠᠩ᠎ᠤᠨ ᠳᠡᠭᠡᠲᠦ ᠰᠢᠨ᠎ᠡ ᠮᠡᠷᠭᠡᠵᠢᠯ᠎ᠤᠨ ᠠᠵᠦ ᠦᠢᠯᠡᠰ᠎ᠤᠨ ᠵᠢᠱᠶ᠋ᠶ᠎ᠡ ᠦᠵᠡᠭᠦᠯᠬᠦ ᠤᠷᠤᠨ᠎ᠤ ᠲᠠᠪᠴᠠᠩ᠎ᠢ ᠰᠠᠢᠲᠤᠷ ᠠᠰᠢᠭ᠍ᠯᠠᠵᠤ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠢ ᠨᠡᠷ᠎ᠡ ᠨᠢᠳᠡᠷ᠎ᠲᠡᠬᠡᠨ ᠨᠡᠢᠴᠡᠭᠰᠡᠨ 《ᠪᠣᠭᠣᠮᠲᠠ᠎ᠶᠢᠨ ᠭᠠᠳᠠᠨᠠᠬᠢ ᠠᠮᠤ᠎ᠵᠢᠨ ᠰᠠᠨᠭ᠌》ᠪᠣᠯᠭᠠᠨ ᠪᠦᠲᠦᠭᠡᠨ ᠪᠠᠢᠭᠤᠯᠵᠤ᠂ ᠣᠲᠣ᠌ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠰᠢᠨ᠎ᠡ ᠥᠨᠳᠥᠷᠯᠢᠭ᠎ᠢ ᠴᠣᠭᠴᠠᠯᠠᠬᠤ ᠬᠡᠷᠡᠭᠲᠡᠢ ᠭᠡᠵᠦ ᠳᠤᠷᠠᠳᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠤᠭᠤᠲᠤ ᠬᠣᠲᠠ᠎ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠡᠷᠬᠢᠯᠡᠭ᠌ᠴᠢ ᠱ᠌ᠢ ᠵᠥᠩ ᠴᠢᠨ᠂ ᠣᠳᠣᠬᠠᠨ᠎ᠳᠤ ᠪᠤᠭᠤᠲᠤ ᠬᠣᠲᠠ ᠥᠪᠡᠷᠲᠡᠭᠡᠨ ᠵᠠᠰᠠᠬᠤ ᠣᠷᠣᠨ᠎ᠳᠤ ᠲᠦᠷᠦᠬᠦᠯᠡᠨ ᠠᠵᠤ ᠦᠢᠯᠡᠰ᠎ᠤᠨ ᠡᠬᠢᠨ ᠤ᠋ ᠬᠡᠯᠬᠢᠶ᠎ᠡ᠎ᠶᠢᠨ ᠲᠦᠭᠦᠬᠡᠶ ᠮᠠᠲ᠋ᠧᠷᠢᠶᠠᠯ᠂ ᠳᠤᠮᠳᠠᠬᠢ ᠬᠡᠯᠬᠢᠶ᠎ᠡ᠎ᠶᠢᠨ ᠳ᠋ᠢᠶᠠᠨ ᡂᠢ ᠵᠢᠴᠢ ᠱᠢᠰᠲ᠋ᠧᠮᠵᠢᠬᠦᠯᠦᠨ ᠬᠤᠷᠠᠭᠤᠯᠬᠤ᠂ ᠡᠴᠦᠰ᠎ᠤᠨ ᠬᠡᠯᠬᠢᠶ᠎ᠡ᠎ᠶᠢᠨ ᠬᠡᠷᠡᠭ᠌ᠯᠡᠭᠡᠨ᠎ᠦ ᠪᠥᠲᠥᠭᠡᠨ ᠪᠠᠢᠭᠤᠯᠤᠯᠲᠠ᠎ᠶ᠋ᠢᠨ ᠪᠦᠷᠢᠨ ᠲᠡᠭᠦᠯᠳᠡᠷ ᠡᠨᠧᠷᠭᠢ ᠬᠠᠳᠠᠭᠠᠯᠠᠬᠤ ᠠᠵᠤ ᠦᠶ᠋ᠯᠡᠰ᠎ᠦᠨ ᠬᠡᠯᠬᠢᠶ᠎ᠡ᠎ᠶ᠋ᠢ ᠪᠦᠷᠢᠯᠳᠦᠭᠦᠯᠵᠦ᠂ ᠪᠥᠬᠥ᠌ ᠳᠡᠯᠡᠬᠡᠶ᠎ᠶ᠋ᠢᠨ ᠲᠦᠷᠦᠭᠦᠦ ᠪᠦᠯᠦᠭ᠎ᠦᠨ ᠪᠣᠬᠢᠷᠲᠤᠯ ᠥᠬᠡᠶ ᠴᠠᠬᠢᠯᠭᠠᠨ᠎ᠢᠶᠡᠷ ᠤᠰᠤᠲᠥ᠋ᠷᠥᠭ᠌ᠴᠢ ᠦᠢᠯᠡᠳᠬᠦ ᠲᠥᠷᠥᠯ ᠵᠦᠶ᠋ᠯ᠎ᠢ ᠪᠠᠢᠭᠤᠯᠪᠠ ᠁ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠬᠡᠪᠴᠢᠢ᠎ᠡ ᠶᠠᠪᠤᠬᠤ ᠲᠤᠲᠤᠮ ᠪᠤᠵᠠᠭᠠᠢᠷᠠᠪᠠ᠃ ᠲᠠᠷᠠᠭᠠᠴᠢ᠎ᠶ᠋ᠢᠨ ᠠᠯᠬᠤᠮ᠎ᠳᠤ᠂ ᠤᠰᠤᠲᠥ᠋ᠷᠥᠭ᠌ᠴᠢ ᠡᠨᠧᠷᠭᠢ ᠵᠢᠨ ᠡᠨ᠋ᠸᠷᠬᠢ ᠨᠥᠭᠡᠴᠡᠯᠡᠬᠦ ᠠᠵᠤ ᠦᠶ᠋ᠯᠡᠰ᠎ᠦᠨ ᠬᠥᠭ᠌ᠵᠢᠯᠲᠡ᠎ᠶ᠋ᠢ ᠲᠦᠷᠭᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠲᠠᠯ᠎ᠠ ᠡᠴᠡ ᠳᠡᠮᠵᠢᠯᠭᠡ᠎ᠶ᠋ᠢᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠨᠡᠢᠲᠡᠯᠡᠵᠦ᠍᠂ ᠤᠯᠤᠰ᠎ᠤᠨ ᠦᠮᠴᠢᠯᠡᠯ᠎ᠤᠨ ᠠᠵᠤ ᠠᠬᠤᠢᠯᠠᠯ ᠪᠠ ᠲᠥᠪ᠎ᠡᠴᠡ ᠬᠠᠮᠢᠶᠠᠷᠴᠤ ᠪᠠᠢᠭ᠎ᠠ ᠠᠵᠤ ᠠᠬᠤᠢᠯᠠᠯ ᠵᠡᠷᠭᠡ ᠲᠣᠮᠣ ᠬᠡᠯᠪᠡᠷᠢ᠎ᠶ᠋ᠢᠨ ᠠᠵᠤ ᠠᠬᠤᠢᠯᠠᠯ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌᠎ᠶ᠋ᠢ ᠳᠡᠮᠵᠢᠵᠦ᠍᠂ ᠨᠠᠩ ᠣᠯᠠᠨ ᠱᠢᠨ᠎ᠡ ᠡᠨᠧᠷᠭᠢ᠂ ᠡᠨᠧᠷᠭᠢ ᠨᠥᠭᠡᠴᠡᠯᠡᠬᠦ ᠵᠡᠷᠭᠡ ᠲᠤᠨᠤᠬᠯᠠᠯ᠎ᠤᠨ᠎ᠦᠶ᠋ᠯᠡᠳᠬᠦᠨ᠎ᠦ ᠬᠠᠩᠭᠠᠯᠭ᠎ᠠ᠎ᠶ᠋ᠢᠨ ᠬᠡᠯᠬᠢᠶ᠎ᠡ᠎ᠳᠦ ᠣᠷᠣᠭᠤᠯᠬᠤ᠎ᠲᠤᠬᠠᠢ ᠰᠠᠨᠠᠭᠤᠯᠭ᠎ᠠ ᠲᠤᠷᠠᠳᠤᠬᠰᠠᠨ ᠪᠠᠢᠨ᠎ᠠ᠃

ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠤᠯᠠᠭᠠᠨᠬᠠᠳᠠ ᠬᠤᠲᠠ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠰᠣᠶᠣᠯᠴᠡᠴᠡᠭ᠄ ᠱᠢᠨ᠎ᠡ ᠨᠢᠭᠡ ᠵᠢᠯ᠎ᠳᠦ ᠤᠯᠠᠭᠠᠨᠬᠠᠳᠠ᠎ᠶ᠋ᠢᠨ ᠤᠯᠤᠰ ᠲᠦᠷᠦ᠍᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ ᠲᠤᠰ ᠪᠡᠶ᠎ᠡ᠎ᠶ᠋ᠢᠨ ᠳᠠᠪᠠᠭᠤᠯᠢᠭ᠎ᠢᠶᠠᠨ ᠪᠠᠳᠠᠷᠠᠭᠤᠯᠵᠤ᠂ ᠢᠳᠡᠪᠬᠢᠲᠡᠢ᠎ᠪᠡᠷ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠬᠥᠷᠰᠢ ᠵᠡᠷᠭᠡᠯᠡᠳᠡᠭᠡ ᠭᠠᠵᠠᠷ ᠣᠷᠣᠨ ᠪᠣᠯᠤᠨ ᠠᠵᠤ ᠦᠢᠯᠡᠰ᠎ᠲᠡᠶ ᠬᠣᠯᠪᠣᠭ᠍ᠳᠠᠬᠤ ᠬᠦᠷᠢᠶ᠎ᠡ ᠴᠠᠷᠠᠭ᠎ᠠ ᠯᠤᠭ᠎ᠠ᠎ᠶᠢᠨ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠭᠠᠬᠤ᠎ᠶ᠋ᠢ ᠦᠷᠭᠦᠯᠵᠢᠯᠡᠨ ᠠᠬᠢᠭᠤᠯᠵᠤ᠂ ᠳᠠᠪᠠᠭᠤᠯᠢᠭ ᠤᠨᠴᠠᠯᠢᠬ᠍ᠳᠤ ᠠᠵᠤ ᠦᠢᠯᠡᠰ᠎ᠦᠨ ᠪᠦᠯᠦᠭ᠌ᠵᠢᠯ᠎ᠢ ᠬᠠᠮᠲᠤᠷᠠᠨ ᠴᠣᠭ᠍ᠴᠠᠯᠠᠬᠤ᠂ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠂ ᠠᠮᠢ ᠠᠬᠤᠢ ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠬᠤ᠂ ᠰᠣᠶᠣᠯ ᠵᠢᠭᠤᠯᠴᠢᠯᠠᠯ᠎ᠤᠨ ᠲᠦᠷᠦᠯ ᠲᠡᠮᠳᠡᠭ ᠎ᠢ ᠡᠬᠦᠳᠬᠦ ᠵᠡᠷᠭᠡ ᠲᠠᠯ᠎ᠠ᠎ᠪᠠᠷ ᠬᠠᠮᠲᠤᠷᠠᠯ ᠬᠦᠴᠦᠨ᠎ᠢ ᠪᠦᠷᠢᠯᠳᠦᠭᠦᠯᠵᠦ᠍᠂ ᠰᠠᠨᠠᠭᠠᠴᠢᠯᠠᠭ᠎ᠠ ᠡᠴᠡ᠎ᠪᠠᠨ ᠨᠡᠭᠡᠭᠡᠯᠲᠡ ᠬᠢᠬᠦ᠌ ᠳᠤᠮᠳᠠ《ᠨᠠᠢᠵᠠ᠎ᠶ᠋ᠢᠨ ᠲᠣᠭᠣᠷᠢᠭ》ᠢ᠋ᠶ᠋ᠠᠨ ᠥᠷᠭᠡᠳᠭᠡᠵᠦ᠍᠂ ᠬᠠᠮᠵᠢᠯᠴᠠᠭ᠎ᠠ᠎ᠪᠠᠨ ᠭᠦᠨᠵᠡᠭᠡᠢᠷᠡᠭᠦᠯᠬᠦ᠌ ᠳᠤᠮᠳᠠ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ ᠭᠡᠪᠡ᠃

ᠱᠢᠨ᠎ᠡ ᠨᠢᠭᠡ ᠵᠢᠯ᠎ᠳᠦ ᠱᠢᠨ᠎ᠡ ᠪᠠᠢᠳᠠᠯ ᠱᠢᠨ᠎ᠡ ᠡᠭᠦᠷᠭᠡ ᠱᠢᠨ᠎ᠡ ᠥᠷᠢᠰᠥᠯᠳᠦᠭᠡᠨ᠎ᠦ ᠡᠮᠦᠨ᠎ᠡ ᠥᠪᠥᠷ ᠮᠣᠩᠭᠣᠯ ᠨᠡᠭᠡᠭᠡᠯᠲᠡ᠎ᠪᠡᠷ ᠥᠭᠡᠷᠡᠴᠢᠯᠡᠯᠲᠡ᠎ᠶ᠋ᠢ ᠠᠬᠢᠭᠤᠯᠵᠤ᠂ ᠥᠭᠡᠷᠡᠴᠢᠯᠡᠯᠲᠡ᠎ᠪᠡᠷ ᠬᠥᠭ᠌ᠵᠢᠯᠲᠡ᠎ᠶ᠋ᠢ ᠠᠬᠢᠭᠤᠯᠵᠤ᠂ ᠭᠠᠳᠠᠭᠠᠳᠤ ᠳᠠᠷᠤᠯᠲᠠ ᠵᠢ ᠳᠣᠲᠣᠭᠠᠳᠤ ᠬᠥᠳᠡᠯᠭᠡᠬᠦ᠌ ᠬᠦᠴᠦᠨ ᠪᠣᠯᠭᠠᠵᠤ᠂ ᠣᠷᠣᠰ ᠮᠣᠩᠭᠣᠯ᠎ᠳᠤ ᠰᠠᠭᠤᠷᠢᠯᠠᠬᠤ ᠪᠣᠯᠪᠠᠴᠤ᠌ ᠣᠷᠣᠰ ᠮᠣᠩᠭᠣᠯ᠎ᠳᠤ ᠬᠢᠵᠠᠭᠠᠷᠯᠠᠭ᠍ᠳᠠᠬᠤ ᠥᠬᠡᠶ ᠪᠠᠢᠵᠤ᠂ ᠣᠷᠣᠭᠤᠯᠤᠨ ᠠᠪᠴᠢᠷᠠᠬᠤ ᠪᠠ ᠭᠠᠳᠠᠭ᠍ᠰᠢ ᠭᠠᠷᠭᠠᠬᠤ᠎ᠶ᠋ᠢ ᠨᠠᠩ ᠰᠠᠢᠲᠤᠷ ᠤᠶᠠᠯᠳᠤᠭᠤᠯᠵᠤ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠪᠥᠬᠥ᠌ ᠣᠷᠣᠨ ᠎ᠤ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面