2025-01-18 12:47:28
ᠵᠠᠩ ᠶᠠᠨ ᠺᠦᠨ ᠣᠷᠣᠯᠴᠠᠵᠠᠢ
1 ᠰᠠᠷ᠎ᠠ᠎ᠶ᠋ᠢᠨ 17 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ ᠭᠤᠷᠪᠠᠳᠤᠭᠠᠷ ᠤᠳᠠᠭ᠎ᠠ᠎ᠶ᠋ᠢᠨ ᠪᠦᠭᠦᠳᠡ ᠬᠤᠷᠠᠯ ᠬᠢᠪᠡ᠃
ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠡᠷᠢᠭᠦᠯᠡᠭ᠌ᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠶᠠᠩ ᠸᠧᠶ ᠳ᠋ᠦᠩ᠂ ᠴᠡᠴᠡᠭ᠂ ᠸᠧᠶ ᠭᠦᠸᠧ ᠨᠠᠨ᠂ ᠠᠨ ᠷᠦᠨ ᠱᠧᠩ᠂ ᠵᠠᠩ ᠯᠸᠢ᠂ ᠵᠠᠩ ᠪᠠᠶ ᠴᠧᠩ᠂ ᠶᠠᠩ ᠵᠢᠶᠧ ᠵᠢᠴᠢ ᠨᠠᠷᠢᠨ ᠪᠢᠴᠢᠭ᠎ᠦᠨ ᠳᠠᠷᠤᠭ᠎ᠠ ᠶᠠᠩ ᠯᠢ ᠮᠢᠨ ᠬᠤᠷᠠᠯ᠎ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠯᠦᠸᠧ ᡁᠢ ᠬᠣ᠌ ᠬᠤᠷᠠᠯ᠎ᠢ ᠡᠷᠭᠢᠯᠡᠪᠡ᠃
ᠰᠣᠩᠭᠣᠭᠤᠯᠢ᠎ᠶ᠋ᠢᠨ ᠶᠡᠬᠡ ᠬᠤᠷᠠᠯ᠎ᠳᠤ 482 ᠭᠡᠱᠢᠭᠦᠨ ᠣᠷᠣᠯᠴᠠᠵᠤ᠂ ᠪᠦᠬᠦ᠌ ᠭᠡᠱᠢᠭᠦᠨ᠎ᠦ ᠲᠣᠭᠠᠨ᠎ᠤ ᠭᠤᠷᠪᠠᠨ᠎ᠤ ᠬᠣᠶᠠᠷ ᠬᠤᠪᠢ᠎ᠡᠴᠡ ᠳᠠᠪᠠᠵᠤ᠂ ᠰᠣᠩᠭᠣᠭᠤᠯᠢ᠎ᠶ᠋ᠢᠨ ᠠᠷᠭ᠎ᠠ᠎ᠶ᠋ᠢᠨ ᠬᠣᠯᠪᠣᠭ᠍ᠳᠠᠯ ᠪᠦᠬᠦᠢ ᠲᠣᠭ᠍ᠲᠠᠭᠠᠯ᠎ᠳᠤ ᠨᠡᠢᠴᠡᠪᠡ᠃
ᠬᠤᠷᠠᠯ᠎ᠡᠴᠡ᠂ ᠰᠦᠨ ᠵᠢᠶᠦ᠋ᠨ ᠴᠢᠩ ᠨᠥᠬᠥᠷ᠎ᠦᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠦ ᠳᠡᠳ᠋ ᠲᠡᠷᠢᠭᠦᠯᠡᠭ᠌ᠴᠢ᠂ ᠭᠡᠱᠢᠭᠦᠨ᠎ᠦ ᠲᠤᠱᠢᠶᠠᠯ᠎ᠡᠴᠡ᠎ᠪᠠᠨ ᠪᠠᠭᠤᠬᠤᠭᠤᠶᠤᠴᠢᠯᠠᠯᠢ ᠵᠥᠪᠱᠢᠶᠡᠷᠡᠬᠦ᠌ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠷᠢᠶ᠎ᠠ ᠵᠢᠨ ᠲᠣᠭ᠍ᠲᠠᠭᠠᠯ᠎ᠢ ᠬᠢᠨᠠᠨ ᠵᠥᠪᠯᠡᠵᠦ᠍ ᠪᠠᠲᠤᠯᠠᠨ᠂ ᠢᠦᠶ ᠴᠠᠩ ᠬᠣᠩ᠂ ᠸᠠᠩ ᠬᠦᠶ ᠶᠢᠨ᠂ ᠪᠠᠶ ᠴᠢᠩ ᠶᠤᠸᠠᠨ᠂ ᠸᠧᠶ ᠵᠢᠶᠦ᠋ᠨ᠎ᠤ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ᠎ᠶ᠋ᠢᠨ ᠵᠥᠪᠯᠡᠯᠭᠡᠨ ᠦ ᠪᠠᠢᠩᠭᠤ᠎ᠶ᠋ᠢᠨ ᠭᠡᠱᠢᠭᠦᠨ᠂ ᠭᠡᠱᠢᠭᠦᠨ ᠦ ᠲᠤᠱᠢᠶᠠᠯ᠎ᠡᠴᠡ᠎ᠪᠠᠨ ᠪᠠᠭᠤᠬᠤᠭᠤᠶᠤᠴᠢᠯᠠᠯᠢ ᠵᠥᠪᠱᠢᠶᠡᠷᠡᠬᠦ᠌ ᠲᠤᠬᠠᠶ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠷᠢᠶ᠎ᠠ ᠵᠢᠨ ᠲᠣᠭ᠍ᠲᠠᠭᠠᠯ ᠢ ᠬᠢᠨᠠᠨ ᠵᠥᠪᠯᠡᠵᠦ᠍ ᠪᠠᠲᠤᠯᠠᠪᠠ᠃
ᠬᠤᠷᠠᠯ᠎ᠡᠴᠡ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ᠎ᠤᠨ ᠰᠣᠩᠭᠣᠭᠤᠯᠢ᠎ᠶ᠋ᠢᠨ ᠠᠷᠭ᠎ᠠ᠂ ᠶᠡᠷᠦᠩᠬᠡᠶ ᠪᠢᠯᠧᠲ ᠬᠢᠨᠠᠭ᠍ᠴᠢ᠂ ᠳᠡᠳ᠋ ᠶᠡᠷᠦᠩᠬᠡᠶ ᠪᠢᠯᠧᠲ ᠬᠢᠨᠠᠭ᠍ᠴᠢ᠂ ᠪᠢᠯᠧᠲ ᠬᠢᠨᠠᠭ᠍ᠴᠢᠳ᠎ᠤᠨ ᠨᠡᠷᠡᠰ᠎ᠢ ᠬᠢᠨᠠᠨ ᠵᠥᠪᠯᠡᠵᠦ᠍ ᠪᠠᠲᠤᠯᠠᠪᠠ᠃ ᠤᠯᠤᠰ ᠲᠥᠷᠥ ᠶ᠋ᠢᠨ ᠵᠥᠪᠯᠡᠯᠭᠡᠨ ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠎ᠢ ᠰᠣᠩᠭᠣᠵᠠᠢ᠃
ᠶᠡᠬᠡ ᠬᠤᠷᠠᠯ ᠤᠨ ᠰᠣᠩᠭᠣᠭᠤᠯᠢ᠎ᠶ᠋ᠢᠨ ᠠᠷᠭ᠎ᠠ ᠪᠣᠯᠤᠨ ᠪᠢᠯᠧᠲ ᠪᠦᠷᠢᠳᠭᠡᠭ᠌ᠰᠡᠨ ᠦᠷ᠎ᠡ ᠳ᠋ᠦᠩ᠎ᠢ ᠦᠨᠳᠦᠰᠦᠯᠡᠪᠡᠯ᠂ ᠯᠢᠦ ᠸᠧᠢ᠂ ᠬᠣ᠌ ᠹᠸᠩ᠂ ᠵᠢᠶᠠ ᠶᠤᠸᠠᠢ ᠹᠸᠩ᠂ ᠼᠤᠤ᠎ᠶ᠋ᠢᠨ ᠱᠠᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠎ᠢᠶᠡᠷ ᠰᠣᠩᠭᠣᠭ᠍ᠳᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃