2025-01-18 12:35:51
ᠬᠠᠷᠢᠭᠤᠴᠠᠯᠭ᠎ᠠ ᠪᠠᠨ ᠰᠠᠢᠳᠤᠷᠡᠭᠦᠷᠭᠡᠯᠡᠨ ᠬᠠᠮᠲᠤ ᠪᠠᠷ ᠴᠢᠷᠮᠠᠢᠵᠤ ᠴᠤᠴᠠᠯᠳᠠ ᠥᠬᠡᠶ ᠤᠷᠤᠭ᠍ᠰᠢᠯᠠᠨ ᠱᠢᠨ᠎ᠡ ᠬᠠᠭᠤᠳᠠᠰᠤ᠎ᠶ᠋ᠢ ᠪᠢᠴᠢᠭ᠌ᠯᠡᠰᠦᠭᠡᠢ — ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡ
ᠣᠯᠠᠨ ᠤ ᠣᠶᠤᠨ ᠤᠬᠠᠭᠠᠨ᠎ᠢ ᠲᠥᠪᠯᠡᠷᠡᠭᠦᠯᠵᠦ᠍᠂ ᠲᠦᠮᠡᠨ ᠤ ᠬᠦᠴᠦᠨ ᠴᠢᠳᠠᠯ᠎ᠢ ᠨᠢᠭ᠍ᠲᠠᠷᠠᠭᠤᠯᠵᠤ᠂ ᠱᠢᠨ᠎ᠡ ᠪᠠᠢᠳᠠᠯ᠎ᠢ ᠨᠡᠭᠡᠭᠡᠵᠦ᠍᠂ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ᠃ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠯᠠᠭᠤᠨ ᠠᠩᠬᠠᠷᠤᠯ ᠳᠤᠤᠷ᠎ᠠ᠂ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠭᠡᠱᠢᠭᠦᠳ᠎ᠦᠨ ᠬᠠᠮᠲᠤ᠎ᠶ᠋ᠢᠨ ᠴᠢᠷᠮᠠᠢᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ ᠡᠯ᠎ᠡ ᠵᠥᠪᠯᠡᠬᠦ᠌ ᠵᠦᠶ᠋ᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠍ ᠢᠯᠠᠯᠳᠠ᠎ᠲᠠᠶ ᠪᠡᠷ ᠲᠡᠭᠦᠰᠪᠡ᠃ ᠪᠢᠳᠡ ᠶᠡᠬᠡ ᠬᠤᠷᠠᠯ᠎ᠤᠨ ᠲᠡᠭᠦᠰ ᠠᠮᠵᠢᠯᠲᠠ ᠣᠯᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!
ᠬᠠᠮᠲᠤ᠎ᠶ᠋ᠢᠨ ᠲᠠᠨᠢᠯᠲᠠ ᠬᠤᠷᠠᠯ᠎ᠤᠨ ᠲᠠᠯᠠᠪᠠᠢ᠎ᠶ᠋ᠢᠨ ᠳᠣᠲᠣᠨ᠎ᠠ ᠭᠠᠳᠠᠨ᠎ᠠ ᠨᠢᠭ᠍ᠲᠠᠷᠠᠵᠤ᠂ ᠢᠲᠡᠭᠡᠯ ᠵᠣᠷᠢᠭ ᠤᠮᠠᠷᠠᠲᠤ᠎ᠶ᠋ᠢᠨ ᠡᠬᠡ ᠭᠠᠵᠠᠷ᠎ᠲᠤ ᠪᠠᠳᠠᠷᠠᠨ᠎ᠠ᠃ ᠬᠣᠶᠠᠷ ᠬᠤᠷᠠᠯ᠎ᠤᠨ ᠬᠤᠭᠤᠴᠠᠭᠠᠨ᠎ᠳᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠲᠥᠯᠥᠭᠡᠯᠡᠭ᠌ᠴᠢᠳ ᠪᠠ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠠᠷᠠᠳ ᠲᠦᠮᠡᠨ ᠦ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠦᠯ ᠥᠬᠡᠶ᠎ᠪᠡᠷ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠵᠦ᠍᠂ ᠢᠳᠡᠪᠬᠢᠲᠡᠶ᠎ᠪᠡᠷ ᠠᠷᠭ᠎ᠠ ᠤᠬᠠᠭᠠᠨ ᠳᠡᠪᠰᠢᠭᠦᠯᠵᠤ᠂ ᠡᠵᠡᠨ ᠬᠥᠮᠦᠨ᠎ᠦ ᠵᠣᠷᠢᠭ ᠰᠠᠨᠠᠭ᠎ᠠ ᠪᠠ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠬᠠᠷᠢᠭᠤᠴᠠᠯᠭᠠᠲᠤ ᠰᠡᠳᠭᠢᠯᠭᠡ ᠵᠢ ᠢᠯᠡᠷᠡᠭᠦᠯᠪᠡ᠃ ᠶᠡᠬᠡ ᠬᠤᠷᠠᠯ᠎ᠡᠴᠡ ᠬᠢᠨᠠᠨ ᠵᠥᠪᠯᠡᠵᠦ᠍ ᠪᠠᠲᠤᠯᠠᠭ᠍ᠰᠠᠨ ᠡᠯ᠎ᠡ ᠵᠦᠢᠯ᠎ᠦᠨ ᠮᠡᠳᠡᠭᠦᠯᠦᠯᠲᠡ ᠪᠣᠯᠤᠨ ᠱᠢᠢᠳᠪᠦᠷᠢ᠂ ᠰᠣᠩᠭᠣᠭᠤᠯᠢ ᠶ᠋ᠢᠨ ᠦᠷ᠎ᠡ ᠳ᠋ᠦᠩ ᠨᠢ ᠪᠦᠬᠦ᠌ ᠣᠷᠣᠨ᠎ᠤ ᠠᠷᠠᠳ ᠲᠦᠮᠡᠨ ᠦ ᠬᠠᠮᠲᠤ᠎ᠶ᠋ᠢᠨ ᠵᠣᠷᠢᠭ ᠰᠠᠨᠠᠭ᠎ᠠ ᠶ᠋ᠢ ᠢᠯᠡᠷᠡᠭᠦᠯᠵᠦ᠍᠂ ᠨᠡᠢᠭᠡᠮ᠎ᠦᠨ ᠡᠯ᠎ᠡ ᠡᠲᠡᠭᠡᠳ᠎ᠦᠨ ᠬᠠᠮᠲᠤ᠎ᠶ᠋ᠢᠨ ᠬᠦᠰᠡᠯ ᠡᠷᠡᠮᠡᠯᠵᠡᠯ᠎ᠢ ᠲᠤᠰᠭᠠᠵᠠᠢ᠃ ᠡᠨᠡ ᠪᠣᠯ ᠲᠤᠭ᠎ᠢ ᠥᠨᠳᠥᠷ ᠮᠠᠨᠳᠤᠭᠤᠯᠤᠭ᠍ᠰᠠᠨ᠂ ᠡᠷᠴᠢ ᠵᠣᠷᠢᠭ᠎ᠢ ᠬᠥᠪᠴᠢᠯᠡᠭ᠌ᠰᠡᠨ ᠶᠡᠬᠡ ᠬᠤᠷᠠᠯ ᠮᠦᠨ᠂ ᠦᠨᠡᠨ ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠵᠠᠮ ᠨᠡᠭᠡᠭᠡᠨ ᠱᠢᠨ᠎ᠡ᠎ᠶ᠋ᠢ ᠡᠭᠦᠳᠦᠭ᠌ᠰᠡᠨ ᠶᠡᠬᠡ ᠬᠤᠷᠠᠯ ᠮᠦᠨ᠂ ᠬᠥᠭ᠌ᠵᠢᠯᠲᠡ᠎ᠶ᠋ᠢ ᠬᠠᠮᠲᠤ᠎ᠪᠠᠷ ᠰᠦᠪᠡᠭ᠌ᠴᠢᠯᠡᠭ᠌ᠰᠡᠨ᠂ ᠪᠦᠯᠬᠦᠮᠳᠡᠨ ᠲᠡᠮᠡᠴᠡᠭ᠌ᠰᠡᠨ ᠶᠡᠬᠡ ᠬᠤᠷᠠᠯ ᠮᠦᠨ᠂ ᠯᠠᠪᠲᠠᠢ ᠣᠷᠣᠨ ᠳᠠᠶᠠᠭᠠᠷ ᠢ᠋ ᠨᠡᠩ ᠡᠷᠡᠰ ᠪᠠᠲᠤ ᠢᠲᠡᠭᠡᠯ ᠵᠣᠷᠢᠭ᠂ ᠨᠡᠩ ᠴᠤᠭ ᠪᠠᠳᠠᠷᠠᠩᠭᠤᠢ ᠲᠡᠮᠡᠴᠡᠯ᠎ᠦᠨ ᠵᠣᠷᠢᠭ᠂ ᠨᠡᠩ ᠪᠣᠳᠠᠲᠠᠢ᠎ᠶ᠋ᠢ ᠡᠷᠬᠢᠮᠯᠡᠭ᠌ᠰᠡᠨ ᠰᠤᠷᠲᠠᠯ᠎ᠢᠶᠠᠷ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠭᠠᠯ ᠬᠠᠯᠠᠭᠤᠨ ᠦᠢᠯᠡᠳᠦᠯᠭᠡ᠎ᠳᠦ ᠢᠳᠡᠪᠬᠢᠲᠡᠢ ᠳᠠᠢᠴᠢᠯᠠᠨ ᠤᠷᠤᠯᠴᠠᠭᠤᠯᠬᠤ ᠪᠣᠯᠤᠨ᠎ᠠ᠃
2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ ᠵᠢ ᠲᠦᠯᠦᠪᠵᠢᠭᠦᠯᠦᠨ ᠲᠤᠭᠳᠠᠭᠠᠬᠤ ᠵᠢᠯ ᠪᠤᠯᠤᠨ᠎ᠠ᠃ ᠰᠡᠬᠦᠯ ᠬᠤᠷᠢᠶᠠᠬᠤ ᠵᠢᠯ ᠳ᠋ᠤ ᠰᠡᠬᠦᠯ ᠬᠤᠷᠢᠶᠠᠬᠤ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠲᠥᠯᠥᠪᠵᠢᠭᠦᠯᠬᠦ᠌ ᠵᠢᠯ ᠳ᠋ᠤ ᠪᠠᠢᠷᠢᠰᠢᠭᠤᠯᠤᠯᠳᠠ ᠵᠢᠨ ᠠᠷᠭ᠎ᠠ ᠪᠤᠳᠤᠯᠭ᠎ᠠ᠎ᠶ᠋ᠢ ᠰᠠᠢᠳᠤᠷ ᠲᠣᠭ᠍ᠲᠠᠭᠠᠬᠤ ᠬᠡᠷᠡᠭ᠌ᠲᠡᠢ᠃ ᠪᠢᠳᠡ ᠬᠣᠶᠠᠷ ᠬᠤᠷᠠᠯ᠎ᠡᠴᠡ ᠪᠦᠷᠢᠯᠳᠦᠬᠦᠯᠦᠭ᠌ᠰᠡᠨ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠲᠠ᠎ᠶ᠋ᠢ ᠲᠡᠮᠡᠴᠡᠯ᠎ᠦᠨ ᠤᠷᠮ᠎ᠠ ᠰᠡᠳᠭᠢᠯᠭᠡ ᠪᠣᠯᠭᠠᠨ ᠬᠤᠪᠢᠷᠠᠭᠤᠯᠵᠤ᠂ ᠬᠣᠶᠠᠷ ᠬᠤᠷᠠᠯ᠎ᠡᠴᠡ ᠬᠦᠪᠴᠢᠯᠡᠭᠰᠡᠨ ᠢᠲᠡᠭᠡᠯ ᠵᠣᠷᠢᠭ᠎ᠢ ᠠᠤᠭ᠎ᠠ ᠶᠡᠬᠡ ᠬᠦᠴᠦᠨ ᠴᠢᠳᠠᠯ ᠪᠣᠯᠭᠠᠨ ᠨᠢᠭ᠍ᠲᠠᠷᠠᠭᠤᠯᠵᠤ᠂ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ 《ᠴᠠᠭᠠᠰᠤᠨ ᠳᠡᠭᠡᠷ᠎ᠡ》 ᠡᠴᠡ ᠪᠤᠳᠠᠳᠠᠢ ᠳ᠋ᠤ ᠨᠠᠢᠳᠠᠪᠤᠷᠢᠵᠢᠭᠤᠯᠵᠤ᠂ ᠰᠡᠳᠭᠢᠯ ᠨᠢᠭᠡᠳᠦᠨ ᠬᠦᠴᠦ ᠪᠠᠨ ᠬᠠᠮᠳᠤᠳᠬᠠᠵᠤ ᠬᠤᠷᠠᠯ᠎ᠤᠨ ᠦᠷ᠎ᠡ ᠪᠦᠲᠦᠭᠡᠯ᠎ᠢ ᠬᠥᠭ᠌ᠵᠢᠯᠲᠡ᠎ᠶ᠋ᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠤᠯᠠᠮ ᠡᠴᠡ ᠤᠯᠠᠮ ᠳᠡᠭᠡᠭᠰᠢᠯᠡᠨ ᠠᠬᠢᠬᠤ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠬᠤ ᠬᠡᠷᠡᠭ᠌ᠲᠡᠢ᠃
ᠭᠤᠤᠯᠯᠠᠭ᠍ᠴᠢ ᠬᠦᠴᠦᠨ ᠴᠢᠳᠠᠯ᠎ᠢ ᠨᠢᠭ᠍ᠲᠠᠷᠠᠭᠤᠯᠵᠤ᠂ ᠲᠣᠭ ᠲᠡᠮᠳᠡᠭ ᠴᠢᠭ᠌ᠯᠡᠯ᠎ᠢ ᠬᠥᠲᠥᠯᠥᠨ ᠳᠠᠭᠠᠭᠤᠯᠤᠨ᠎ᠠ᠃ ᠥᠩᠭᠡᠷᠡᠭ᠌ᠰᠡᠨ ᠨᠢᠭᠡ ᠵᠢᠯ᠎ᠳᠦ᠂ ᠥᠪᠥᠷ ᠮᠣᠩᠭᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂《ᠲᠠᠪᠤᠨ ᠶᠡᠬᠡ ᠡᠭᠦᠷᠭᠡ》 ᠵᠢᠨ ᠣᠨ᠎ᠤ ᠠᠵᠢᠯ᠎ᠢ ᠪᠦᠬᠦᠨ᠎ᠢ ᠪᠡᠶᠡᠯᠡᠭᠦᠯᠵᠦ᠍᠂ 《ᠵᠢᠷᠭᠤᠭᠠᠨ ᠢᠨᠵᠧᠨᠧᠷᠢᠩ》 ᠤ᠋ᠨ ᠦᠷ᠎ᠡ ᠪᠦᠲᠦᠭᠡᠯ ᠬᠦᠮᠦᠰ ᠢ᠋ ᠤᠷᠮᠠᠰᠢᠭᠤᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ ᠪᠠᠷ ᠪᠦᠲᠦᠭᠡᠨ ᠪᠠᠢᠭᠤᠯᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠪᠠ ᠁ ᠡᠳᠡᠭᠡᠷ ᠠᠮᠵᠢᠯᠲᠠ ᠪᠦᠲᠦᠮᠵᠢ ᠵᠢ ᠴᠥᠮ ᠶᠡᠷᠦᠩᠬᠡᠢ ᠱᠦᠵᠢ ᠰᠢ ᠵᠢᠨ ᠫᠢᠩ᠎ᠦᠨ ᠬᠠᠯᠠᠮᠵᠢᠯᠠᠯ ᠪᠠ ᠵᠢᠯᠤᠭᠤᠳᠤᠯᠭ᠎ᠠ ᠳᠣᠣᠷ᠎ᠠ ᠣᠯᠤᠭ᠍ᠰᠠᠨ ᠶᠤᠮ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ ᠤ 《ᠥᠪᠥᠷ ᠮᠣᠩᠭᠣᠯ᠎ᠤᠨ ᠬᠠᠭᠤᠳᠠᠰᠤ》᠂ 《ᠦᠨᠳᠦᠰᠦᠲᠡᠨ᠎ᠦ ᠬᠠᠭᠤᠳᠠᠰᠤ》 ᠶ᠋ᠢᠨ ᠦᠷ᠎ᠡ ᠪᠦᠲᠦᠭᠡᠯ ᠪᠣᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠱᠢᠶ᠋ᠳᠪᠦᠷᠢᠲᠦ ᠢᠯᠠᠯᠲᠠ᠎ᠶ᠋ᠢ ᠲᠡᠮᠡᠴᠡᠨ ᠣᠯᠵᠤ᠂ ᠡᠷᠡᠮᠡᠬᠡᠢᠯᠡᠨ ᠤᠷᠤᠭ᠍ᠰᠢᠯᠠᠬᠤ᠎ᠳᠤ ᠡᠷᠬᠡᠪᠰᠢ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶ᠋ᠢ ᠡᠷᠬᠢᠮᠯᠡᠵᠦ᠍᠂ 《ᠬᠣᠶᠠᠷ ᠢ ᠲᠣᠭ᠍ᠲᠠᠭᠠᠭᠰᠠᠨ》 ᠢ᠋ ᠦᠨᠡᠨᠴᠢ ᠱᠢᠳᠤᠷᠭᠤ᠎ᠪᠠᠷ ᠬᠠᠮᠠᠭᠠᠯᠠᠵᠤ᠂ 《ᠬᠣᠶᠠᠷ᠎ᠢ ᠬᠠᠮᠠᠭᠠᠯᠠᠬᠤ》 ᠵᠢ ᠦᠨᠡᠨᠴᠢ ᠱᠢᠳᠤᠷᠭᠤ᠎ᠪᠠᠷ ᠦᠶ᠋ᠯᠡᠳᠦᠯᠭᠡᠵᠢᠭᠦᠯᠵᠦ᠍᠂ ᠶᠡᠷᠦᠩᠬᠡᠶ ᠱᠦᠵᠢ ᠵᠢ ᠰᠠᠯᠤᠯ ᠦᠭᠡᠢ ᠳᠠᠭᠠᠨ ᠱᠢᠨ᠎ᠡ ᠠᠶᠠᠨ ᠳ᠋ᠤ ᠡᠷᠡᠮᠡᠬᠡᠢᠯᠡᠨ ᠤᠷᠤᠭᠰᠢᠯᠠᠵᠤ᠂ 《ᠨᠢᠭᠡ ᠭᠤᠤᠯ ᠱᠢᠵᠢᠮ᠎ᠢ ᠲᠤᠭᠤᠱᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ ᠮᠣᠩᠭᠣᠯ ᠮᠣᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠂ ᠱᠢᠨ᠎ᠡ ᠵᠠᠮ ᠨᠡᠭᠡᠭᠡᠵᠤ᠂ ᠳᠤᠮᠳᠠ ᠲᠦᠪᠰᠢᠨ᠎ᠳᠤ ᠣᠷᠣᠬᠤ》 ᠳᠡᠭᠡᠷ᠎ᠡ ᠨᠠᠩ ᠶᠡᠬᠡ ᠵᠢᠳᠬᠦᠯ ᠴᠢᠷᠮᠠᠢᠯᠭ᠎ᠠ ᠭᠠᠷᠭᠠᠵᠤ᠂ ᠶᠡᠷᠦᠩᠬᠡᠶ ᠱᠦᠵᠢ᠎ᠶ᠋ᠢᠨ ᠥᠪᠥᠷ ᠮᠣᠩᠭᠣᠯ᠎ᠳᠤ ᠲᠠᠯᠪᠢᠭ᠍ᠰᠠᠨ ᠨᠠᠨᠳᠢᠨ ᠬᠦᠰᠡᠯ ᠡᠷᠡᠮᠡᠯᠵᠡᠯ᠎ᠢ ᠠᠯᠬᠤᠮ ᠠᠯᠬᠤᠮ᠎ᠢᠶᠠᠷ ᠰᠠᠢᠨ ᠰᠠᠢᠬᠠᠨ ᠪᠣᠳᠠᠲᠤ ᠠᠬᠤᠶ ᠪᠣᠯᠭᠠᠵᠤ ᠬᠤᠪᠢᠷᠠᠭᠤᠯᠬᠤ ᠬᠡᠷᠡᠭ᠌ᠲᠡᠶ᠃
ᠶᠡᠬᠡ ᠶᠣᠰᠣ᠌ ᠵᠢ ᠬᠡᠯᠡᠬᠦᠢ ᠳ᠋ᠤᠷ ᠲᠦᠬᠦᠮ ᠠᠳᠠᠯ᠎ᠠ ᠪᠣᠳᠠᠲᠠᠢ ᠠᠵᠢᠯᠯᠠᠬᠤ ᠪᠡᠷ ᠭᠤᠤᠯ ᠪᠤᠯᠭᠠᠮᠤᠢ; ᠬᠠᠷᠠᠯᠲᠠ ᠲᠣᠳᠣᠷᠬᠠᠢ ᠪᠤᠯᠵᠦ᠂ ᠭᠣᠣᠯᠳᠠᠯᠭ᠎ᠠ ᠨᠢ ᠨᠠᠢᠳᠠᠪᠤᠷᠢᠵᠢᠭᠤᠯᠬᠤ᠎ᠳᠤ ᠪᠤᠢ᠃ ᠪᠣᠳᠠᠲᠠᠢ ᠠᠵᠢᠯᠯᠠᠬᠤ ᠪᠣᠯ ᠬᠠᠮᠤᠭ᠎ᠤᠨ ᠰᠠᠢᠨ ᠡᠭᠦᠷᠭᠡᠯᠡᠯ ᠮᠥᠨ᠂ ᠨᠠᠢᠳᠠᠪᠤᠷᠢᠵᠢᠭᠤᠯᠬᠤ ᠪᠣᠯ ᠬᠠᠮᠤᠭ᠎ᠤᠨ ᠰᠠᠢᠨ ᠭᠠᠷᠤᠭ᠎ᠠ ᠮᠥᠨ᠃ ᠣᠷᠣᠨ ᠳᠠᠶᠠᠭᠠᠷ᠎ᠢᠶᠠᠨ ᠡᠷᠡᠮᠡᠬᠡᠢᠯᠡᠨ ᠤᠷᠤᠭᠰᠢᠯᠠᠵᠤ᠂ ᠪᠣᠭᠣᠮᠲᠠ ᠰᠢᠪᠲᠤᠯᠬᠤ ᠡᠷᠴᠢ ᠵᠣᠷᠢᠭ᠋᠂ ᠬᠠᠳᠠᠨ ᠵᠣᠷᠢᠭ᠋᠂ ᠬᠦᠴᠦᠨ ᠴᠢᠳᠠᠯ᠎ᠢᠶᠠᠨ ᠡᠭᠦᠷᠢᠳᠡ ᠪᠠᠲᠤᠯᠠᠵᠤ᠂ ᠴᠢᠨᠠᠷ ᠰᠠᠢᠲᠠᠢ ᠬᠥᠭᠵᠢᠯᠲᠡ ᠲᠡᠢᠰᠢ ᠴᠤᠴᠠᠯᠲᠠ ᠦᠭᠡᠢ ᠤᠷᠤᠭᠰᠢᠯᠠᠵᠤ᠂ ᠡᠯ᠎ᠡ ᠬᠦᠷᠢᠶᠡᠨ ᠳ᠋ᠡᠬᠢ ᠥᠭᠡᠷᠡᠴᠢᠯᠡᠯᠲᠡ᠎ᠶᠢ ᠡᠷᠡᠰ ᠰᠢᠭᠤᠷᠬᠠᠢ ᠠᠬᠢᠭᠤᠯᠵᠤ᠂ ᠠᠷᠭ᠎ᠠ ᠪᠦᠬᠦᠨ᠎ᠢ ᠰᠦᠪᠡᠭᠴᠢᠯᠡᠵᠦ ᠪᠠᠢᠭᠠᠳ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠢ᠋ ᠰᠢᠢᠳᠪᠦᠷᠢᠯᠡᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ ᠪᠣᠳᠠᠲᠤ ᠦᠷ᠎ᠡ ᠪᠦᠲᠦᠮᠵᠢ ᠣᠯᠵᠤ ᠪᠣᠳᠠᠲᠤ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠪᠤᠳᠠᠳᠠᠢ ᠬᠢᠬᠦ ᠵᠢ ᠲᠡᠷᠢᠭᠦᠨ ᠳᠦ ᠲᠠᠯᠪᠢᠵᠤ᠂ ᠬᠠᠷᠢᠭᠤᠴᠠᠯᠭ᠎ᠠ ᠪᠠᠨ ᠰᠡᠳᠬᠢᠯ ᠳᠡᠭᠡᠨ ᠪᠤᠳᠤᠵᠦ᠂ ᠬᠠᠷᠢᠭᠤᠴᠠᠯᠭ᠎ᠠ ᠪᠠᠨ ᠪᠡᠶ᠎ᠡ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂《ᠬᠦᠴᠤᠯᠡᠨ ᠴᠢᠷᠮᠠᠢᠵᠤ ᠪᠠᠢᠭᠠᠳ ᠬᠦᠰᠡᠯ ᠵᠤᠷᠢᠯᠳᠠ ᠪᠡᠨ ᠪᠠᠶᠠᠯᠡᠬᠦᠯᠬᠦ》 ᠵᠣᠷᠢᠭ᠋ ᠰᠠᠨᠠᠭ᠎ᠠ᠎ᠪᠠᠷ 《ᠬᠥᠮᠥᠨ ᠨᠢᠭᠡ ᠬᠤᠪᠢ ᠴᠢᠷᠮᠠᠢᠪᠠᠯ ᠪᠢ ᠠᠷᠪᠠᠨ ᠬᠤᠪᠢ ᠴᠢᠷᠮᠠᠢᠵᠦ᠂ ᠬᠥᠮᠥᠨ ᠠᠷᠪᠠᠨ ᠬᠤᠪᠢ ᠴᠢᠷᠮᠠᠢᠪᠠᠯ ᠪᠢ ᠵᠠᠭᠤᠨ ᠬᠤᠪᠢ ᠴᠢᠷᠮᠠᠢᠵᠦ》᠂ 《ᠲᠠᠪᠤᠨ ᠶᠡᠬᠡ ᠡᠭᠦᠷᠭᠡ》 ᠶ᠋ᠢ ᠦᠷᠭᠦᠯᠵᠢᠯᠡᠨ ᠪᠡᠶᠡᠯᠡᠭᠦᠯᠵᠦ᠂ 《ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠬᠡᠷᠡᠭᠵᠢᠭᠦᠯᠵᠦ᠂《ᠵᠢᠷᠭᠤᠭᠠᠨ ᠠᠵᠢᠯᠯᠠᠭ᠎ᠠ》 ᠶ᠋ᠢ ᠭᠦᠨᠵᠡᠭᠡᠢ ᠥᠷᠨᠢᠭᠦᠯᠵᠦ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ ᠬᠥᠭᠵᠢᠯᠲᠡ᠎ᠶᠢᠨ ᠰᠢᠨ᠎ᠡ ᠪᠠᠢᠳᠠᠯ᠎ᠢ ᠨᠡᠬᠡᠬᠡᠵᠦ᠂ ᠵᠣᠷᠢᠭ᠍ᠲᠠᠢ᠎ᠪᠠᠷ ᠲᠡᠷᠢᠭᠦᠨ᠎ᠦ ᠬᠢ ᠪᠣᠯᠬᠤ᠎ᠪᠠᠷ ᠴᠢᠷᠮᠠᠢᠵᠤ ᠬᠥᠭᠵᠢᠯᠲᠡ᠎ᠶᠢᠨ ᠱᠠᠲᠤ᠎ᠶᠢ ᠲᠡᠪᠢᠰᠬᠦ ᠬᠡᠷᠡᠭᠲᠡᠢ᠃
ᠰᠢᠨ᠎ᠡ ᠠᠶᠠᠨ ᠰᠢᠨ᠎ᠡ ᠡᠭᠦᠷᠭᠡ ᠬᠠᠷᠢᠭᠤᠴᠠᠯᠭ᠎ᠠ᠎ᠶᠢ ᠣᠯᠭᠣᠵᠤ᠂ ᠰᠢᠨ᠎ᠡ ᠡᠭᠦᠷᠭᠡ ᠬᠠᠷᠢᠭᠤᠴᠠᠯᠭ᠎ᠠ ᠰᠢᠨ᠎ᠡ ᠵᠢᠳᠬᠦᠯ ᠴᠢᠷᠮᠠᠢᠯᠭ᠎ᠠ᠎ᠶᠢ ᠤᠷᠢᠶᠠᠯᠠᠵᠦ ᠪᠠᠢᠨ᠎ᠠ᠃ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ ᠪᠣᠯ ᠮᠠᠨ᠎ᠤ ᠤᠯᠤᠰ᠎ᠤᠨ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠪᠡᠶᠡᠯᠡᠭᠦᠯᠬᠦ ᠴᠢᠬᠤᠯᠠ ᠪᠠᠢᠭᠤᠯᠤᠯ ᠤ᠋ᠨ ᠠᠴᠢᠶᠠᠯᠠᠪᠤᠷᠢ ᠮᠥᠨ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠵᠥᠪᠯᠡᠬᠦ ᠠᠷᠠᠳᠴᠢᠯᠠᠯ ᠪᠣᠯ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠤᠨ ᠴᠢᠬᠤᠯᠠ ᠬᠡᠯᠪᠡᠷᠢ ᠮᠥᠨ᠃ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠳᠤᠮᠳᠠ ᠰᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠳᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠂ ᠤᠯᠤᠰ ᠲᠦᠷᠦ᠎ᠶᠢᠨ ᠵᠥᠪᠯᠡᠯᠭᠡᠨ ᠦ ᠦᠢᠯᠡᠳᠦᠯ ᠢ ᠭᠦᠢᠴᠡᠳ ᠪᠠᠳᠠᠷᠠᠭᠤᠯᠬᠤ ᠴᠢᠬᠤᠯᠠᠲᠠᠢ᠂ ᠡᠯ᠎ᠡ ᠲᠠᠯ᠎ᠠ᠎ᠶᠢᠨ ᠬᠢᠨ ᠢᠳᠡᠪᠬᠢᠲᠡᠢ ᠣᠷᠣᠯᠴᠠᠵᠤ᠂ ᠠᠷᠭ᠎ᠠ ᠤᠬᠠᠭᠠᠨ ᠭᠠᠷᠭᠠᠨ ᠬᠦᠴᠦᠨ ᠴᠢᠳᠠᠯ᠎ᠢᠶᠠᠨ ᠡᠷᠭᠦᠬᠦ ᠴᠢᠬᠤᠯᠠᠲᠠᠢ᠃ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠢᠷᠠᠭᠤ ᠠᠯᠳᠠᠷᠲᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠎ᠪᠡᠨ ᠴᠢᠩᠭᠠᠳᠬᠠᠵᠤ᠂ ᠪᠠᠢᠷᠢᠯᠠᠭᠤᠯᠤᠯᠲᠠ ᠪᠠ ᠬᠠᠷᠠᠯᠲᠠ ᠡᠭᠦᠷᠭᠡ᠎ᠲᠠᠢ ᠨᠢᠭ᠍ᠲᠠ ᠤᠶᠠᠯᠳᠤᠭᠤᠯᠤᠨ᠂ ᠣᠯᠠᠨ ᠲᠦᠮᠡᠨ᠎ᠲᠠᠢ ᠨᠠᠩ ᠰᠠᠢᠲᠤᠷ ᠣᠢᠷᠠᠲᠤᠵᠤ᠂ ᠠᠷᠠᠳ᠎ᠤᠨ ᠪᠠᠢᠳᠠᠯ ᠢ ᠨᠠᠩ ᠰᠠᠢᠲᠤᠷ ᠤᠢᠯᠠᠭᠠᠵᠦ᠂ ᠠᠷᠠᠳ᠎ᠤᠨ ᠣᠶᠤᠨ ᠤᠬᠠᠭᠠᠨ᠎ᠢ ᠨᠠᠩ ᠰᠠᠢᠲᠤᠷ ᠨᠢᠭ᠍ᠲᠠᠷᠠᠭᠤᠯᠵᠤ᠂ ᠠᠷᠠᠳ᠎ᠤᠨ ᠠᠮᠢᠳᠤᠷᠠᠯ᠎ᠳᠤ ᠨᠠᠩ ᠰᠠᠢᠲᠤᠷ ᠠᠰᠢᠭ᠋ ᠬᠦᠷᠲᠡᠭᠡᠬᠦ ᠬᠡᠷᠡᠭᠲᠡᠢ᠃ ᠥᠷᠭᠡᠨ ᠤᠯᠠᠨ ᠺᠠᠳ᠋ᠷ ᠤᠯᠠᠨ ᠲᠦᠮᠡᠨ ᠳᠤᠤᠭᠠᠷᠪᠠᠯ ᠲᠠᠭᠤ ᠨᠢᠭᠡᠲᠡᠢ᠂ ᠳᠤᠭᠲᠤᠷᠪᠠᠯ ᠬᠦᠴᠦ ᠨᠢᠭᠡᠲᠡᠢ ᠪᠠᠢᠵᠤ᠂ ᠬᠠᠷᠠᠯᠲᠠ᠎ᠪᠠᠨ ᠪᠠᠲᠤ ᠡᠵᠡᠮᠳᠡᠨ᠂ ᠰᠠᠢᠨ ᠬᠡᠷᠡᠭᠵᠢᠭᠦᠯᠦᠭᠴᠢ᠂ ᠰᠠᠢᠨ ᠠᠵᠢᠯᠯᠠᠭ᠍ᠴᠢ᠂ ᠪᠣᠳᠠᠲᠠᠢ ᠠᠵᠢᠯᠯᠠᠭ᠍ᠴᠢ ᠪᠣᠯᠬᠤ ᠬᠡᠷᠡᠭᠲᠡᠢ᠃ ᠡᠯ᠎ᠡ ᠲᠠᠯ᠎ᠠ ᠶᠢᠨ ᠠᠵᠢᠯ᠎ᠤᠨ ᠡᠷᠴᠢᠵᠤᠷᠢᠭ ᠢ᠋ ᠬᠥᠭᠵᠢᠭᠡᠵᠦ᠂ ᠵᠢᠵᠢᠭ ᠰᠠᠵᠢᠭ᠋ ᠵᠦᠢᠯ᠎ᠢ ᠴᠢᠷᠮᠠᠢᠨ ᠬᠤᠷᠠᠮᠳᠤᠭᠤᠯᠵᠤ ᠠᠤᠭ᠎ᠠ ᠶᠡᠬᠡ ᠬᠦᠴᠦᠨ ᠪᠣᠯᠭᠠᠵᠤ᠂ ᠤᠯᠠᠨ᠎ᠢᠶᠠᠷ᠎ᠢᠶᠠᠨ ᠬᠠᠮᠲᠤ᠎ᠪᠠᠷ ᠴᠢᠷᠮᠠᠢᠨ ᠠᠵᠢᠯᠯᠠᠪᠠᠯ ᠦᠨᠡᠨ ᠪᠣᠳᠠᠲᠠᠢ ᠠᠵᠢᠯᠯᠠᠭ᠎ᠠ ᠪᠣᠯᠣᠨ ᠦᠷ᠎ᠡ ᠪᠦᠲᠦᠮᠵᠢ᠎ᠪᠡᠷ᠎ᠢᠶᠡᠨ ᠥᠪᠥᠷ ᠮᠣᠩᠭᠣᠯ᠎ᠤᠨ ᠬᠥᠭᠵᠢᠯᠲᠡ᠎ᠶᠢ ᠨᠡᠩ ᠲᠦᠷᠭᠡᠨ ᠨᠡᠩ ᠰᠠᠢᠨ ᠪᠣᠯᠭᠠᠵᠤ᠂ ᠰᠢᠨ᠎ᠡ ᠲᠡᠮᠡᠴᠡᠯ ᠢᠶᠡᠷ ᠰᠢᠨ᠎ᠡ ᠭᠠᠢᠬᠠᠮᠰᠢᠭ᠋᠎ᠢ ᠡᠭᠦᠳᠴᠦ ᠴᠢᠳᠠᠨ᠎ᠠ᠃
ᠲᠠᠷᠪᠠᠭᠤᠯ ᠭᠡᠢᠰᠭᠡᠠ ᠠᠶᠠᠨ ᠳ᠋ᠠᠭᠠᠨ ᠮᠤᠷᠳᠠᠬᠤᠶᠠ ᠢᠷᠡᠭᠡᠳᠤᠢ ᠬᠦᠰᠡᠯ ᠡᠷᠡᠮᠡᠯᠵᠡᠯ ᠵᠢᠡᠷ ᠲᠦᠬᠦᠷᠡᠩ᠃ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳ᠋ᠤ ᠣᠷᠣᠵᠤ᠂ ᠥᠪᠥᠷ ᠮᠣᠩᠭᠣᠯ᠎ᠢᠶᠠᠨ ᠰᠠᠢᠲᠤᠷ ᠪᠦᠲᠦᠭᠡᠨ ᠪᠠᠢᠭᠤᠯᠵᠤ᠂ ᠰᠠᠢᠲᠤᠷ ᠬᠥᠭᠵᠢᠭᠦᠯᠬᠦ ᠨᠢ ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠣᠷᠢᠶ᠎ᠠ ᠵᠢᠨ ᠬᠦᠨᠳᠦ ᠨᠠᠶ᠋ᠢᠳᠠᠯᠭ᠎ᠠ᠎ᠶᠢ ᠡᠭᠦᠷᠭᠡᠯᠡᠵᠦ᠂ ᠥᠪᠥᠷ ᠮᠣᠩᠭᠣᠯ᠎ᠤᠨ 2400 ᠲᠦᠮᠡᠨ ᠳᠤᠮᠳᠠᠳᠤ᠎ᠶᠢᠨ ᠬᠥᠪᠡᠭᠦᠳ ᠥᠬᠢᠳ᠎ᠦᠨ ᠬᠦᠰᠡᠯ ᠡᠷᠡᠮᠡᠯᠵᠡᠯ᠎ᠢ ᠠᠴᠢᠶᠠᠯᠠᠵᠤ ᠪᠠᠢᠨ᠎ᠠ᠃ ᠬᠦᠨᠳᠦ ᠡᠭᠦᠷᠭᠡ ᠮᠥᠷᠥᠨ ᠳᠡᠭᠡᠷ᠎ᠡ ᠲᠠᠯᠪᠢᠬᠳᠠᠵᠤ᠂ ᠴᠢᠷᠮᠠᠢᠨ ᠠᠵᠢᠯᠯᠠᠬᠤ ᠵᠢ ᠯᠡ ᠱᠠᠭᠠᠷᠳᠠᠵᠤ ᠪᠠᠢᠨ᠎ᠠ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠠᠭᠠᠭᠤᠯᠭ᠎ᠠ ᠳᠣᠣᠷ᠎ᠠ᠂ ᠴᠢᠨᠡᠬᠡ ᠪᠡᠷ ᠵᠢᠡᠨ ᠴᠢᠷᠮᠠᠢᠨ ᠨᠡᠭᠡᠵᠤ᠂ ᠪᠥᠬᠥ ᠬᠦᠴᠦ ᠪᠠᠨ ᠰᠢᠪᠬᠠᠨ ᠤᠷᠤᠬᠰᠢᠯᠠᠵᠦ᠂ ᠰᠢᠨ᠎ᠡ ᠵᠠᠮ ᠨᠡᠭᠡᠭᠡᠵᠤ ᠳᠤᠮᠳᠠ ᠲᠦᠪᠰᠢᠨ ᠳ᠋ᠤ ᠤᠷᠤᠬᠤ ᠲᠡᠭᠡᠷ᠎ᠠ ᠨᠠᠩ ᠰᠠᠢᠨ ᠬᠢᠷᠢ ᠪᠦᠲᠦᠮᠵᠢ ᠣᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠭᠤᠢᠳᠠ ᠰᠠᠢᠬᠠᠨ ᠪᠢᠴᠢᠭᠯᠡᠰᠤᠭᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃