2025 ᠣᠷᠣᠨ᠎ᠤ᠋ ᠬᠤᠶᠠᠷ ᠬᠤᠷᠠᠯ > ᠣᠨᠴᠠ ᠮᠡᠳᠡᠭᠡᠯᠡᠯ

2025-01-18 12:44:28

ᠵᠣᠬᠢᠶᠠᠭ᠍ᠴᠢ᠄ ᠭᠤᠤ ᠬᠤᠢ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠰᠠᠨᠠᠯ ᠳᠤᠷᠠᠳᠤᠯᠭ᠎ᠠ᠎ᠶ᠋ᠢᠨ ᠵᠥᠪᠯᠡᠯ᠎ᠡᠴᠡ ᠣᠢᠯᠠᠭᠠᠭ᠍ᠰᠠᠨ᠎ᠢᠶᠠᠷ᠂ 1 ᠰᠠᠷ᠎ᠠ᠎ᠶ᠋ᠢᠨ 15 ᠤ᠋ ᠡᠳᠦᠷ᠎ᠦᠨ 12 ᠴᠠᠭ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ ᠨᠡᠢᠲᠡ 1087 ᠬᠤᠪᠢ ᠰᠠᠨᠠᠯ ᠳᠤᠷᠠᠳᠤᠯᠭ᠎ᠠ ᠬᠤᠷᠢᠶᠠᠨ ᠤᠯᠵᠠᠢ᠃ ᠬᠢᠨᠠᠨ ᠪᠠᠢᠴᠠᠭᠠᠬᠤ ᠪᠡᠷ ᠳᠠᠮᠵᠢᠭᠠᠳ 821 ᠬᠤᠪᠢ ᠰᠠᠨᠠᠯ ᠳᠤᠷᠠᠳᠤᠯᠭ᠎ᠠ ᠵᠢ ᠳᠠᠩᠰᠠᠯᠠᠵᠤ᠂ 143 ᠬᠤᠪᠢ ᠰᠠᠨᠠᠯ ᠳᠤᠷᠠᠳᠤᠯᠭ᠎ᠠ ᠵᠢ ᠨᠡᠢᠯᠡᠭᠦᠯᠵᠤ᠂ 123 ᠬᠤᠪᠢ ᠨᠡᠢᠭᠡᠮ᠎ᠦᠨ ᠪᠠᠢᠳᠠᠯ ᠠᠷᠠᠳ᠎ᠤᠨ ᠰᠠᠨᠠᠭᠠᠨ᠎ᠤ ᠮᠡᠳᠡᠭᠡ ᠵᠠᠩᠭᠢ᠎ᠶ᠋ᠢ ᠳᠠᠮᠵᠢᠭᠤᠯᠬᠤ ᠪᠡᠷ ᠪᠠᠢᠨ᠎ᠠ᠃

ᠲᠤᠰ ᠤᠳᠠᠭ᠎ᠠ᠎ᠶ᠋ᠢᠨ ᠬᠤᠷᠠᠯ ᠳᠡᠭᠡᠷ᠎ᠡ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠨᠢᠭᠡ ᠭᠣᠣᠯ ᠱᠢᠵᠢᠮ ᠎ᠢ ᠲᠤᠭᠤᠱᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠂ ᠱᠢᠨ᠎ᠡ ᠵᠠᠮ ᠨᠡᠭᠡᠭᠡᠵᠦ᠍ ᠳᠤᠮᠳᠠ ᠲᠦᠪᠰᠢᠨ᠎ᠳᠤ ᠣᠷᠣᠬᠤ ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂《ᠲᠠᠪᠤᠨ ᠶᠡᠬᠡ ᠡᠭᠦᠷᠭᠡ》 ᠵᠢ ᠭᠦᠨᠵᠡᠭᠡᠢ ᠨᠠᠢᠳᠠᠪᠤᠷᠢᠵᠢᠭᠤᠯᠬᠤ᠂ 《ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠬᠡᠷᠡᠭ᠌ᠵᠢᠭᠦᠯᠬᠦ᠂ 《ᠵᠢᠷᠭᠤᠭᠠᠨ ᠠᠵᠢᠯᠯᠠᠭ᠎ᠠ 》 ᠵᠢ ᠵᠣᠬᠢᠶᠠᠨ ᠪᠠᠢᠭᠤᠯᠤᠨ ᠥᠷᠨᠢᠭᠦᠯᠬᠦ ᠵᠢᠨ ᠲᠤᠭᠤᠷᠢᠨ ᠳ᠋ᠤ ᠰᠠᠨᠠᠯ ᠳᠤᠷᠠᠳᠤᠯᠭ᠎ᠠ᠎ᠶ᠋ᠢ ᠢᠳᠡᠪᠬᠢᠲᠡᠢ ᠠᠱᠢᠭ᠍ᠯᠠᠨ ᠠᠷᠭ᠎ᠠ ᠤᠬᠠᠭᠠᠨ ᠳᠡᠪᠰᠢᠭᠦᠯᠦᠨ ᠵᠠᠰᠠᠭ᠎ᠲᠤ ᠲᠤᠰᠠᠯᠠᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠪᠠ᠃ ᠡᠭᠦᠨ᠎ᠦ ᠳᠣᠲᠣᠷ᠎ᠠ ᠭᠡᠱᠢᠭᠦᠳ᠎ᠦᠨ ᠰᠠᠨᠠᠯ ᠳᠤᠷᠠᠳᠤᠯᠭ᠎ᠠ 601 ᠬᠤᠪᠢ ᠪᠠᠢᠵᠤ᠂ 73.20 % ᠵᠢ ᠡᠵᠡᠯᠡᠪᠡ; ᠡᠯ᠎ᠡ ᠠᠷᠠᠳᠴᠢᠯᠠᠭ᠍ᠰᠠᠨ ᠨᠠᠮ ᠪᠦᠯᠦᠭ᠂ ᠬᠣᠯᠪᠣᠭ᠍ᠳᠠᠯ ᠪᠦᠬᠦᠢ ᠠᠷᠠᠳ᠎ᠤᠨ ᠪᠦᠯᠬᠦᠮ᠂ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠲᠤᠰᠭᠠᠶ ᠵᠦᠪᠯᠡᠯ ᠪᠠ ᠡᠲᠡᠭᠡᠳ ᠢᠯᠭᠠᠯ᠎ᠤᠨ ᠰᠠᠨᠠᠯ ᠳᠤᠷᠠᠳᠤᠯᠭ᠎ᠠ 220 ᠬᠤᠪᠢ ᠪᠠᠢᠵᠤ᠂ 26.80 % ᠎ᠶ᠋ᠢ ᠡᠵᠡᠯᠡᠪᠡ᠃ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠦᠳᠦᠭᠡᠨ ᠪᠠᠢᠭᠤᠯᠬᠤ ᠲᠠᠯ᠎ᠠ ᠪᠡᠷ ᠬᠢ ᠰᠠᠨᠠᠯ ᠳᠤᠷᠠᠳᠤᠯᠭ᠎ᠠ 152 ᠬᠤᠪᠢ ᠪᠠᠢᠵᠤ᠂ 18.51 % ᠎ᠶ᠋ᠢ ᠡᠵᠡᠯᠡᠪᠡ; ᠡᠭᠡ ᠤᠯᠤᠰ ᠤ᠋ᠨ ᠤᠮᠠᠷᠠᠲᠤ ᠵᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ᠎ᠶ᠋ᠢ ᠪᠦᠳᠦᠭᠡᠨ ᠪᠠᠢᠭᠤᠯᠬᠤ ᠲᠠᠯ᠎ᠠ ᠪᠡᠷ ᠬᠢ ᠰᠠᠨᠠᠯ ᠳᠤᠷᠠᠳᠤᠯᠭ᠎ᠠ 91 ᠬᠤᠪᠢ ᠪᠠᠢᠵᠤ᠂ 11.09 % ᠎ᠶ᠋ᠢ ᠡᠵᠡᠯᠡᠪᠡ; ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠳᠦᠭᠡᠨ ᠪᠠᠢᠭᠤᠯᠬᠤ ᠲᠠᠯ᠎ᠠ ᠪᠡᠷ ᠬᠢ ᠰᠠᠨᠠᠯ ᠳᠤᠷᠠᠳᠤᠯᠭ᠎ᠠ 124 ᠬᠤᠪᠢ ᠪᠠᠢᠵᠤ᠂ 15.10 % ᠵᠢ ᠡᠵᠡᠯᠡᠪᠡ; ᠤᠯᠤᠰ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ᠎ᠦᠨ ᠴᠢᠬᠤᠯᠠ ᠰᠠᠭᠤᠷᠢᠨ᠎ᠢ ᠪᠦᠲᠦᠭᠡᠨ ᠪᠠᠢᠭᠤᠯᠬᠤ ᠲᠠᠯ᠎ᠠ ᠪᠡᠷ ᠬᠢ ᠰᠠᠨᠠᠯ ᠳᠤᠷᠠᠳᠤᠯᠭ᠎ᠠ 112 ᠬᠤᠪᠢ ᠪᠠᠢᠵᠤ᠂ 13.64 % ᠎ᠶ᠋ᠢ ᠡᠵᠡᠯᠡᠪᠡ; ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠦᠲᠦᠭᠡᠨ ᠪᠠᠢᠭᠤᠯᠬᠤ ᠲᠠᠯ᠎ᠠ᠎ᠪᠠᠷ ᠬᠢ ᠰᠠᠨᠠᠯ ᠳᠤᠷᠠᠳᠤᠯᠭ᠎ᠠ 93 ᠬᠤᠪᠢ ᠪᠠᠢᠵᠤ᠂ 11.33 % ᠎ᠶ᠋ᠢ ᠡᠵᠡᠯᠡᠪᠡ; ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠲᠠᠯ᠎ᠠ᠎ᠪᠠᠷ ᠬᠢ ᠰᠠᠨᠠᠯ ᠳᠤᠷᠠᠳᠤᠯᠭ᠎ᠠ 185 ᠬᠤᠪᠢ ᠪᠠᠢᠵᠤ᠂ 22.53 % ᠵᠢ ᠡᠵᠡᠯᠡᠪᠡ; ᠪᠤᠰᠤᠳ ᠲᠠᠯ᠎ᠠ ᠪᠡᠷ ᠬᠢ ᠰᠠᠨᠠᠯ ᠳᠤᠷᠠᠳᠤᠯᠭ᠎ᠠ 64 ᠬᠤᠪᠢ ᠪᠠᠢᠵᠤ᠂ 7.80 % ᠵᠢ ᠡᠵᠡᠯᠡᠪᠡ᠃

ᠲᠤᠰ ᠤᠳᠠᠭ᠎ᠠ ᠵᠢᠨ ᠬᠤᠷᠠᠯ ᠳᠡᠭᠡᠷ᠎ᠡ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠬᠥᠭ᠌ᠵᠢᠯᠲᠡ᠎ᠶ᠋ᠢᠨ ᠬᠡᠷᠡᠭ᠌ᠴᠡᠭᠡ᠂ ᠠᠷᠠᠳ᠎ᠤᠨ ᠬᠦᠰᠡᠯ ᠡᠷᠡᠮᠡᠯᠵᠡᠯ᠎ᠢ ᠴᠢᠩᠭ᠎ᠠ ᠠᠩᠬᠠᠷᠴᠤ᠌᠂ ᠰᠠᠨᠠᠯ ᠳᠤᠷᠠᠳᠤᠯᠭ᠎ᠠ᠎ᠶ᠋ᠢᠨ ᠰᠡᠳᠦᠪ ᠎ᠢ ᠰᠣᠩᠭᠣᠬᠤ᠎ᠳᠠᠭᠠᠨ ᠠᠩᠬᠠᠷᠤᠯ᠎ᠢᠶᠠᠨ ᠨᠡᠩ ᠲᠥᠪᠯᠡᠷᠡᠭᠦᠯᠵᠦ᠍᠂ ᠪᠠᠢᠴᠠᠭᠠᠨ ᠰᠤᠳᠤᠯᠤᠯᠲᠠ ᠨᠡᠩ ᠭᠦᠨᠵᠡᠭᠡᠢᠷᠡᠵᠦ᠍᠂ ᠠᠷᠭ᠎ᠠ ᠤᠬᠠᠭᠠᠨ ᠳᠡᠪᠰᠢᠭᠦᠯᠬᠦ ᠳ᠋ᠡᠭᠡᠨ ᠪᠣᠳᠠᠲᠠᠢ᠎ᠶ᠋ᠢ ᠨᠡᠩ ᠡᠷᠬᠢᠮᠯᠡᠨ᠂ ᠰᠠᠨᠠᠯ ᠳᠤᠷᠠᠳᠤᠯᠭ᠎ᠠ᠎ᠶ᠋ᠢᠨ ᠪᠦᠲᠦᠴᠡ ᠤᠯᠠᠮ ᠨᠢᠭᠡ ᠠᠯᠬᠤᠮ ᠱᠢᠯᠢᠳᠡᠭ᠌ᠵᠢᠵᠦ᠍᠂ ᠰᠠᠨᠠᠯ ᠳᠤᠷᠠᠳᠤᠯᠭ᠎ᠠ᠎ᠶ᠋ᠢᠨ ᠪᠦᠬᠦᠯᠢ ᠴᠣᠭ᠍ᠴᠠ᠎ᠶ᠋ᠢᠨ ᠶᠠᠰᠤ ᠴᠢᠨᠠᠷ ᠤᠯᠠᠮ ᠨᠢᠭᠡ ᠠᠯᠬᠤᠮ ᠳᠡᠭᠡᠭ᠌ᠰᠢᠯᠡᠪᠡ᠃ ᠶᠡᠬᠡ ᠬᠤᠷᠠᠯ ᠲᠡᠭᠦᠰᠦᠭ᠌ᠰᠡᠨ᠎ᠦ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠲᠠᠶ ᠬᠠᠮᠲᠤᠷᠠᠨ ᠰᠠᠨᠠᠯ ᠳᠤᠷᠠᠳᠤᠯᠭ᠎ᠠ᠎ᠶ᠋ᠢ ᠲᠤᠱᠢᠶᠠᠨ ᠱᠢᠶ᠋ᠳᠪᠦᠷᠢᠯᠡᠭᠦᠯᠬᠦ᠌ ᠬᠤᠷᠠᠯ ᠬᠤᠷᠠᠯᠳᠤᠭᠤᠯᠵᠤ᠂ ᠳᠠᠩᠰᠠᠯᠠᠭᠰᠠᠨ ᠰᠠᠨᠠᠯ ᠳᠤᠷᠠᠳᠤᠯᠭ᠎ᠠ᠎ᠶ᠋ᠢ ᠬᠠᠮᠢᠶ᠎ᠠ ᠪᠥᠬᠥᠶ ᠨᠢᠭᠡᠴᠢ᠎ᠳᠦ ᠲᠤᠱᠢᠶᠠᠨ ᠥᠭ᠌ᠴᠦ ᠱᠢᠶ᠋ᠳᠪᠦᠷᠢᠯᠡᠭᠦᠯᠬᠦ᠌ ᠪᠣᠯᠤᠨ᠎ᠠ᠃ ᠲᠤᠰ ᠤᠳᠠᠭ᠎ᠠ ᠵᠢᠨ ᠶᠡᠬᠡ ᠬᠤᠷᠠᠯ᠎ᠤᠨ ᠰᠠᠨᠠᠯ ᠳᠤᠷᠠᠳᠤᠯᠭ᠎ᠠ ᠳᠤᠷᠠᠳᠬᠤ ᠴᠠᠭ ᠤ᠋ᠨ ᠬᠢᠵᠠᠭᠠᠷ ᠦᠩᠭᠡᠷᠡᠭᠰᠡᠨ ᠤ᠋ ᠳᠠᠷᠠᠭ᠎ᠠ ᠬᠦᠯᠢᠶᠡᠨ ᠠᠪᠤᠭᠰᠠᠨ ᠰᠠᠨᠠᠯ ᠳᠤᠷᠠᠳᠤᠯᠭ᠎ᠠ ᠎ᠶ᠋ᠢ ᠡᠩ᠎ᠦᠨ ᠦᠶ᠎ᠡ᠎ᠶ᠋ᠢᠨ ᠰᠠᠨᠠᠯ ᠳᠤᠷᠠᠳᠤᠯᠭ᠎ᠠ ᠪᠣᠯᠭᠠᠵᠤ ᠴᠠᠭ ᠲᠤᠬᠠᠢ᠎ᠳᠤᠨᠢ ᠱᠢᠢᠳᠪᠦᠷᠢᠯᠡᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面