2025-01-15 10:59:23
ᠬᠦᠭᠡᠭᠡ ᠡᠪᠦᠯ᠎ᠦᠨ ᠤᠯᠠᠷᠢᠯ᠎ᠳᠤ᠂ ᠶᠡᠬᠡ ᠬᠢᠩᠭᠠᠨ ᠳᠠᠪᠠᠭ᠎ᠠ ᠳ᠋ᠤ ᠬᠦᠢᠳᠡᠨ ᠰᠠᠯᠬᠢ ᠢᠰᠭᠡᠷᠦᠨᠠ᠃ ᠬᠥᠯᠥᠨ ᠪᠤᠢ᠌ᠷ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠬᠢ᠎ᠶ᠋ᠢᠨ ᠡᠩᠬᠡᠬᠠᠳᠠ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠠᠷᠠᠳ᠎ᠤᠨ ᠴᠠᠭ᠍ᠳᠠᠭ᠎ᠠ ᠪᠣᠯᠤᠨ ᠡᠨᠳᠡ ᠰᠠᠭᠤᠭ᠎ᠠ ᠴᠢᠯᠥᠭᠡᠯᠡᠬᠦ᠌ ᠴᠡᠷᠢᠭ ᠵᠢᠡᠷ ᠪᠦᠷᠢᠯᠳᠦᠭ᠌ᠰᠡᠨ ᠠᠩᠬᠢ ᠳᠤᠮᠳᠠᠳᠤ ᠤᠷᠤᠰ᠎ᠤᠨ ᠬᠢᠯᠢ᠎ᠶ᠋ᠢᠨ ᠱᠤᠭᠤᠮ ᠳᠠᠭᠠᠤ ᠴᠠᠰᠤᠨ ᠤ᠋ ᠳᠤᠮᠳᠠᠭᠤᠷ ᠴᠠᠭ᠍ᠳᠠᠵᠤ ᠶᠠᠪᠤᠨ᠎ᠠ᠃ ᠲᠡᠳᠡᠨ᠎ᠦ ᠬᠦᠴᠦ ᠬᠦᠳᠡᠯᠮᠦᠷᠢ ᠵᠢᠨ ᠠᠷᠤ ᠳ᠋ᠦ᠂ ᠡᠬᠡ ᠤᠯᠤᠰ ᠤ᠋ᠨ ᠬᠢᠯᠢ ᠬᠢᠵᠠᠭᠠᠷ ᠠᠮᠤᠷ ᠠᠮᠤᠭᠤᠯᠠᠩ᠂ ᠨᠡᠢᠭᠡᠮ ᠲᠣᠭ᠍ᠲᠠᠭᠤᠨ᠂ ᠠᠷᠠᠳ ᠲᠦᠮᠡᠨ ᠵᠣᠯ ᠵᠢᠷᠭᠠᠯ᠎ᠲᠠᠶ ᠭᠤᠢᠳᠠ ᠵᠢᠷᠤᠭ ᠳᠡᠯᠭᠡᠭ᠌ᠳᠡᠨ᠎ᠠ᠃
ᠡᠬᠡ ᠤᠯᠤᠰ᠎ᠤᠨ 《ᠤᠮᠠᠷᠠᠳᠤ ᠶᠡᠬᠡ ᠬᠠᠭᠠᠯᠭ᠎ᠠ》᠂ ᠨᠡᠢᠰᠯᠡᠯ᠎ᠦᠨ 《ᠬᠠᠮᠠᠭᠠᠯᠠᠯᠳᠠ ᠵᠢᠨ ᠭᠣᠣᠯ》 ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠤᠯᠤᠰ᠎ᠤᠨ ᠠᠮᠤᠷ ᠲᠦᠪᠱᠢᠨ ᠲᠣᠭ᠍ᠲᠠᠭᠤᠨ᠎ᠤ ᠶᠡᠬᠡ ᠲᠠᠯ᠎ᠠ ᠳ᠋ᠤ ᠴᠢᠬᠤᠯᠠ ᠪᠠᠢᠷᠢ ᠰᠠᠭᠤᠷᠢ᠂ ᠬᠦᠨᠳᠦ ᠬᠠᠷᠢᠭᠤᠴᠠᠯᠭ᠎ᠠ ᠲᠠᠢ ᠶᠤᠮ᠃ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢᠨ ᠨᠢᠭᠡ ᠪᠣᠯᠤᠨ᠎ᠠ᠂ ᠨᠠᠩ ᠴᠤ᠌ ᠥᠪᠥᠷ ᠮᠣᠩᠭᠣᠯ᠎ᠤᠨ ᠡᠷᠬᠡᠪᠰᠢ ᠰᠠᠢᠲᠤᠷ ᠭᠦᠶ᠋ᠴᠡᠳᠭᠡᠬᠦ᠌ ᠴᠢᠬᠤᠯᠠᠳᠠᠢ ᠬᠦᠨᠳᠦ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠣᠯᠤᠨ᠎ᠠ᠃
2024 ᠣᠨ᠎ᠢ ᠡᠷᠭᠢᠴᠡᠭᠦᠯᠬᠦᠶ᠎ᠡ᠂ ᠥᠪᠥᠷ ᠮᠣᠩᠭᠣᠯ ᠶᠡᠷᠦᠩᠬᠡᠶ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠤᠤᠯ ᠱᠢᠵᠢᠮ ᠲᠠᠢ ᠨᠢᠭᠳᠠ ᠤᠶᠠᠯᠳᠤᠭᠤᠯᠵᠤ᠂ᠠᠮᠤᠷ ᠠᠮᠤᠭᠤᠯᠠᠩ᠎ᠤᠨ ᠪᠠᠢᠭᠤᠯᠤᠯᠲᠠ᠂ ᠬᠢᠯᠢ ᠬᠢᠵᠠᠭᠠᠷ ᠵᠢᠡᠨ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌᠂ ᠨᠡᠢᠭᠡᠮ᠎ᠦᠨ ᠵᠠᠰᠠᠯᠲᠠ ᠵᠡᠷᠭᠡ ᠡᠯ᠎ᠡ ᠵᠦᠶ᠋ᠯ᠎ᠦᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ 《ᠲᠡᠮᠦᠷ ᠬᠡᠷᠡᠮ ᠪᠣᠯᠣᠳ ᠬᠠᠨ᠎ᠠ》 ᠶ᠋ᠢ ᠦᠨᠡᠨ ᠬᠦ᠌ ᠪᠠᠲᠤ ᠴᠣᠭ᠍ᠴᠠᠯᠠᠪᠠ᠃
ᠤᠷᠤᠭ᠍ᠰᠢᠯᠠᠯᠲᠠ᠎ᠶ᠋ᠢᠨ ᠪᠦᠷᠢᠶ᠎ᠠ ᠬᠠᠩᠭᠢᠨᠠᠵᠤ᠂ ᠡᠷᠴᠢ ᠵᠣᠷᠢᠭ᠎ᠢ ᠬᠥᠪᠴᠢᠯᠡᠨ᠎ᠡ᠃ 2025 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠬᠤᠷᠠᠯᠳᠤᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠵᠤ ᠨᠢ ᠳᠠᠬᠢᠨᠲᠠ ᠲᠥᠯᠥᠭᠡᠯᠡᠭ᠌ᠴᠢᠳ᠂ ᠭᠡᠱᠢᠭᠦᠳ᠎ᠦᠨ ᠬᠠᠯᠠᠭᠤᠨ ᠶᠠᠷᠢᠯᠴᠠᠭ᠎ᠠ ᠪᠣᠯᠪᠠ᠃
ᠠᠮᠤᠷ ᠠᠮᠤᠭᠤᠯᠠᠩ ᠤ᠋ᠨ ᠪᠠᠢᠭᠤᠯᠤᠯᠲᠠ ᠠᠷᠠᠳ ᠲᠦᠮᠡᠨ᠎ᠦ ᠵᠣᠯ ᠵᠢᠷᠭᠠᠯ᠎ᠤᠨ ᠰᠠᠭᠤᠷᠢ᠎ᠶ᠋ᠢ ᠪᠠᠲᠤ ᠴᠣᠭ᠍ᠴᠠᠯᠠᠪᠠ
ᠬᠠᠬᠢᠷ ᠡᠪᠤᠯ ᠤ᠋ᠨ ᠬᠦᠢᠳᠡᠨ ᠳ᠋ᠤ ᠠᠮᠤᠷ ᠠᠮᠤᠭᠤᠯᠠᠩ ᠢ᠋ ᠰᠠᠬᠢᠨ ᠬᠠᠮᠠᠭᠠᠯᠠᠨ᠎ᠠ᠃ 2024 ᠣᠨ᠎ᠳᠤ᠂ ᠥᠪᠥᠷ ᠮᠣᠩᠭᠣᠯ᠎ᠤᠨ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠪᠥᠬᠥ᠌ ᠣᠷᠣᠨ᠎ᠳᠤ ᠨᠢᠭᠡ ᠤᠳᠠᠭ᠎ᠠ ᠵᠢᠨ ᠰᠦᠷ ᠳᠠᠯᠠᠢᠴᠠᠲᠠᠶ 《ᠡᠪᠦᠯ᠎ᠦᠨ ᠤᠯᠠᠷᠢᠯ᠎ᠤᠨ ᠨᠡᠢᠭᠡᠮ᠎ᠦᠨ ᠲᠠᠯ᠎ᠠ᠎ᠶ᠋ᠢᠨ ᠠᠮᠤᠷ᠎ᠢ ᠬᠠᠮᠠᠭᠠᠯᠠᠬᠤ ᠲᠣᠭᠣᠷᠢᠨ ᠰᠡᠷᠭᠡᠢᠯᠡᠬᠦ᠌ ᠠᠵᠢᠯᠯᠠᠭ᠎ᠠ》 ᠥᠷᠨᠢᠭᠦᠯᠵᠦ᠍᠂ ᠠᠷᠠᠳ ᠣᠯᠠᠨ᠎ᠳᠤ ᠠᠮᠤᠷ ᠲᠦᠪᠱᠢᠨ᠎ᠢ ᠦᠨᠡᠨ ᠬᠦ᠌ ᠮᠡᠳᠡᠷᠡᠭᠦᠯᠪᠡ᠃
《ᠬᠡᠳᠦᠢ ᠬᠦᠢᠲᠡᠨ ᠡᠳᠦᠷ ᠪᠠᠢᠯ᠎ᠠ ᠴᠤ᠌ ᠭᠡᠰᠡᠨ᠂ ᠴᠠᠭ᠍ᠳᠠᠠ ᠲᠤᠭᠤᠷᠢᠵᠤ ᠪᠠᠢᠭ᠎ᠠ ᠴᠠᠭ᠍ᠳᠠᠭ᠎ᠠ ᠪᠣᠯᠤᠨ ᠴᠠᠭ᠍ᠳᠠᠭᠠᠨ᠎ᠤ ᠲᠡᠷᠭᠡ᠎ᠶ᠋ᠢ ᠦᠷᠭᠦᠯᠵᠢ ᠣᠯᠵᠤ ᠬᠠᠷᠠᠳᠠᠭ ᠪᠣᠯᠬᠣᠷ ᠰᠠᠨᠠᠭ᠎ᠠ ᠠᠮᠤᠷ ᠪᠠᠢᠳᠠᠭ!》 ᠭᠡᠵᠦ᠍ ᠤᠷᠳᠤᠰ ᠬᠤᠳᠠ᠎ᠶ᠋ᠢᠨ ᠬᠢᠶ᠎ᠠ ᠪᠠᠭ᠍ᠰᠢ ᠲᠣᠭᠣᠷᠢᠭ᠎ᠤᠨ ᠪᠢᠨ ᠾᠧ ᠵᠠᠮ᠎ᠤᠨ ᠵᠡᠭᠡᠯᠢ ᠭᠤᠳᠤᠮᠵᠢ᠎ᠳᠤ ᠰᠠᠭᠤᠭ᠎ᠠ ᠯᠢᠨ ᠠᠪᠠᠬᠠᠢ ᠬᠡᠯᠡᠨ᠎ᠡ᠃
ᠨᠡᠢᠭᠡᠮ᠎ᠦᠨ ᠲᠣᠭ᠍ᠲᠠᠭᠤᠨ ᠪᠠ ᠠᠮᠤᠷ ᠲᠦᠪᠱᠢᠨ ᠪᠣᠯ ᠠᠷᠠᠳ ᠣᠯᠠᠨ᠎ᠤ ᠬᠠᠮᠤᠭ᠎ᠤᠨ ᠦᠨᠳᠦᠰᠦᠨ᠂ ᠬᠠᠮᠤᠭ᠎ᠤᠨ ᠲᠦᠭᠡᠮᠡᠯ ᠬᠦᠰᠡᠯ ᠡᠷᠡᠮᠡᠯᠵᠡᠯ ᠮᠥᠨ᠂ ᠪᠠᠰᠠ ᠴᠤ᠌ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠶ᠋ᠢᠨ 《ᠵᠠᠪᠠᠯ ᠰᠣᠩᠭᠣᠬᠤ ᠵᠦᠶ᠋ᠯ》 ᠮᠥᠨ᠃ ᠥᠪᠥᠷ ᠮᠣᠩᠭᠣᠯ ᠢᠮᠠᠭ᠍ᠲᠠ ᠨᠡᠢᠭᠡᠮ᠎ᠦᠨ ᠠᠮᠤᠷ ᠲᠣᠭ᠍ᠲᠠᠭᠤᠨ ᠪᠠᠢᠳᠠᠯ᠎ᠢ ᠪᠠᠲᠤᠯᠠᠬᠤ᠎ᠶ᠋ᠢ ᠴᠢᠬᠤᠯᠠ ᠶᠡᠬᠡ ᠡᠭᠦᠷᠭᠡ ᠪᠣᠯᠭᠠᠵᠤ᠂ ᠣᠯᠠᠨ ᠲᠦᠮᠡᠨ᠎ᠦ ᠠᠮᠤᠷ ᠠᠮᠤᠭᠤᠯᠠᠩ᠎ᠢ ᠰᠠᠬᠢᠨ ᠬᠠᠮᠠᠭᠠᠯᠠᠬᠤ᠂ ᠣᠯᠠᠨ ᠲᠦᠮᠡᠨ᠎ᠦ ᠡᠷᠬᠡ ᠠᠱᠢᠭ᠎ᠢ ᠪᠠᠲᠤᠯᠠᠬᠤ ᠴᠢᠳᠠᠪᠤᠷᠢ ᠪᠠ ᠲᠦᠪᠱᠢᠨ᠎ᠢᠶᠡᠨ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠨᠠᠩ ᠴᠢᠨᠠᠷ ᠰᠠᠢᠲᠠᠶ ᠠᠮᠤᠭᠤᠯᠠᠩᠳᠦ ᠥᠪᠥᠷ ᠮᠣᠩᠭᠣᠯ᠎ᠢ ᠢᠯᠡ ᠲᠣᠳᠣ᠂ ᠣᠢᠯᠠᠭᠠᠮᠵᠢᠲᠠᠶ᠂ ᠮᠡᠳᠡᠷᠡᠬᠦ ᠪᠣᠯᠭᠠᠪᠠ᠃
2024 ᠣᠨ᠎ᠳᠤ᠂ ᠥᠪᠥᠷ ᠮᠣᠩᠭᠣᠯ 《ᠺᠦᠨᠯᠦᠢ᠍ᠨ 2024》᠂ 《ᠵᠢᠩ ᠹᠸᠩ》 ᠵᠡᠷᠭᠡ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠠᠬᠢᠭᠤᠯᠵᠤ᠂ ᠴᠠᠬᠢᠯᠭᠠᠨ ᠬᠣᠯᠪᠣᠭᠠᠨ᠎ᠤ ᠮᠡᠬᠡᠯᠡᠯ᠂ ᠰᠤᠷᠭᠠᠭᠤᠯᠢ᠎ᠶ᠋ᠢᠨ ᠬᠦᠷᠢᠶᠡᠨ᠎ᠦ ᠳᠣᠷᠣᠮᠵᠢᠯᠠᠯ ᠵᠡᠷᠭᠡ ᠡᠯ᠎ᠡ ᠲᠥᠷᠥᠯ᠎ᠦᠨ ᠬᠠᠤᠯᠢ᠎ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠠᠮᠢᠨ ᠬᠡᠷᠡᠭ᠎ᠦᠨ ᠳᠠᠷᠤᠭ᠍ᠳᠠᠮᠠᠯ ᠬᠡᠷᠡᠭ᠎ᠦᠨ ᠪᠣᠭᠣᠮᠲᠠ ᠱᠢᠪᠲᠤᠯᠤᠯᠳᠠ᠎ᠶ᠋ᠢ ᠭᠦᠨᠵᠡᠭᠡᠢᠷᠡᠭᠦᠯᠵᠦ᠍᠂ ᠪᠥᠬᠥ᠌ ᠨᠡᠢᠭᠡᠮ᠎ᠦᠨ ᠠᠮᠤᠷ ᠲᠦᠪᠱᠢᠨ᠎ᠦ ᠲᠥᠷᠥᠭ᠌ᠳᠡᠯ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠠᠷᠠᠳ ᠣᠯᠠᠨ᠎ᠤ ᠠᠮᠤᠷ ᠲᠦᠪᠱᠢᠨ᠎ᠦ ᠲᠥᠷᠥᠭ᠌ᠳᠡᠯ᠎ᠢ 98.3% ᠳ᠋ᠤ ᠬᠦᠷᠭᠡᠪᠡ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠬᠠᠷ᠎ᠠ ᠪᠦᠯᠦᠭ᠌ᠲᠡᠨ ᠬᠠᠷᠭᠢᠰ ᠬᠦᠴᠦᠨ᠎ᠢ ᠠᠷᠢᠯᠭᠠᠬᠤ ᠲᠡᠮᠡᠴᠡᠯ᠎ᠢ ᠪᠠᠢᠩᠭᠤᠵᠢᠭᠤᠯᠤᠨ ᠠᠬᠢᠭᠤᠯᠵᠤ᠂ ᠡᠯ᠎ᠡ ᠲᠥᠷᠥᠯ᠎ᠦᠨ ᠬᠠᠤᠯᠢ᠎ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠨᠡᠢᠭᠡᠮ᠎ᠦᠨ ᠶᠡᠬᠡ ᠲᠠᠯ᠎ᠠ᠎ᠶ᠋ᠢᠨ ᠡᠶ᠎ᠡ ᠵᠣᠬᠢᠴᠠᠩᠭᠤᠶ ᠲᠣᠭ᠍ᠲᠠᠭᠤᠨ᠎ᠢ ᠦᠨᠡᠨ ᠬᠦ᠌ ᠬᠠᠮᠠᠭᠠᠯᠠᠨ᠎ᠠ ᠭᠡᠵᠦ᠍ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠴᠠᠭ᠍ᠳᠠᠭ᠎ᠠ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠬᠠᠮᠢᠶᠠᠷᠤᠯᠲᠠ᠎ᠶ᠋ᠢᠨ ᠰᠠᠯᠪᠤᠷᠢ᠎ᠶ᠋ᠢᠨ ᠫᠷᠤᠹᠸᠰᠰᠤᠷ ᠶᠢᠩ ᠵᠢᠶᠦ᠋ᠨ᠄ 《ᠱᠢᠨ᠎ᠡ ᠪᠠᠢᠳᠠᠯ ᠳ᠋ᠦ ᠬᠠᠨᠳᠤᠵᠤ᠂ ᠱᠢᠨ᠎ᠡ ᠥᠷᠢᠰᠥᠯᠳᠦᠭᠡᠨ᠎ᠢ ᠠᠷᠭᠠᠴᠠᠭᠠᠬᠤ ᠳ᠋ᠦ᠂ ᠱᠢᠨ᠎ᠡ ᠴᠢᠨᠠᠷᠲᠠᠢ ᠳᠣᠲᠣᠭᠠᠳᠤ᠎ᠶ᠋ᠢ ᠬᠠᠮᠠᠭᠠᠯᠠᠬᠤ ᠲᠠᠢ᠌ᠴᠢᠨ ᠬᠦᠴᠦᠨ᠎ᠢ ᠲᠦᠷᠭᠡᠨ ᠪᠦᠷᠢᠯᠳᠦᠭᠦᠯᠵᠦ᠍ ᠳᠡᠭᠡᠭ᠌ᠰᠢᠯᠡᠭᠦᠯᠬᠦ᠌ ᠬᠡᠷᠡᠭ᠌ᠲᠡᠢ᠃ ᠡᠭᠦᠨ᠎ᠦ ᠲᠤᠯᠠᠳᠠ᠂ ᠳᠣᠲᠣᠭᠠᠳᠤ᠎ᠶ᠋ᠢ ᠬᠠᠮᠠᠭᠠᠯᠠᠬᠤ ᠶᠡᠬᠡ ᠳᠡᠭᠡᠳᠦ ᠰᠤᠷᠭᠠᠭᠤᠯᠢ᠎ᠶ᠋ᠢᠨ᠎ᠬᠢᠨ 〈ᠵᠢᠭᠠᠨ ᠰᠤᠷᠭᠠᠬᠤ᠂ ᠰᠤᠷᠤᠯᠴᠠᠬᠤ᠂ ᠰᠤᠳᠤᠯᠬᠤ᠂ ᠪᠣᠯᠪᠠᠰᠤᠷᠠᠬᠤ᠂ ᠪᠠᠢᠯᠳᠤᠬᠤ〉 ᠶ᠋ᠢ ᠨᠢᠭᠡ ᠴᠣᠭ᠍ᠴᠠᠵᠢᠭᠤᠯᠤᠭ᠍ᠰᠠᠨ ᠴᠢᠳᠠᠪᠤᠷᠢᠲᠠᠨ ᠬᠥᠮᠦᠵᠢᠭᠦᠯᠬᠦ᠌ ᠵᠠᠭ᠍ᠪᠤᠷ᠎ᠢ ᠤᠯᠠᠮ ᠴᠢᠨᠠᠭ᠍ᠰᠢᠳᠠ ᠲᠡᠭᠦᠯᠳᠡᠷᠵᠢᠭᠦᠯᠵᠦ᠍᠂ 〈ᠲᠤᠰᠭᠠᠶ ᠮᠡᠷᠭᠡᠵᠢᠯ + ᠲᠣᠭ᠍ᠲᠠᠴᠠ + ᠲᠣᠮᠣ ᠳ᠋ᠠᠢᠲ᠋ᠠ〉 ᠶ᠋ᠢᠨ ᠱᠢᠨ᠎ᠡ ᠬᠡᠯᠪᠡᠷᠢ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠠᠵᠢᠯᠯᠠᠭᠠᠨ᠎ᠤ ᠵᠠᠭ᠍ᠪᠤᠷ ᠵᠡᠷᠭᠡ ᠲᠠᠯ᠎ᠠ᠎ᠪᠠᠷ ᠰᠤᠳᠤᠯᠭᠠᠨ᠎ᠢᠶᠠᠨ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠴᠠᠭ᠍ᠳᠠᠭᠠᠨ᠎ᠤ ᠦᠢᠯᠡᠰ᠎ᠢ ᠮᠠᠨᠳᠤᠭᠤᠯᠬᠤ᠂ ᠥᠭᠡᠷᠡᠴᠢᠯᠡᠯᠲᠡ᠎ᠪᠡᠷ ᠴᠠᠭ᠍ᠳᠠᠭ᠎ᠠ᠎ᠶ᠋ᠢᠨ ᠡᠨᠭᠨᠡᠭᠡ ᠵᠢ ᠬᠦᠴᠦᠷᠬᠡᠭ᠌ᠵᠢᠭᠦᠯᠬᠦ᠌ ᠪᠠᠢᠯᠳᠤᠬᠤ ᠪᠣᠳᠣᠯᠭ᠎ᠠ᠎ᠳᠤ ᠨᠠᠩ ᠴᠢᠩᠭ᠎ᠠ ᠣᠨᠣᠯ᠎ᠤᠨ ᠳᠡᠮᠵᠢᠯᠭᠡ ᠪᠠ ᠣᠶᠤᠨ᠎ᠤ ᠲᠤᠯᠭᠠᠭᠤᠷᠢᠯᠠᠯ ᠬᠠᠩᠭᠠᠵᠤ ᠳᠣᠲᠣᠭᠠᠳᠤ᠎ᠶ᠋ᠢ ᠬᠠᠮᠠᠭᠠᠯᠠᠬᠤ ᠴᠢᠨᠠᠷ ᠰᠠᠢᠲᠠᠶ ᠬᠥᠭ᠌ᠵᠢᠯᠲᠡ᠎ᠳᠦ ᠨᠠᠩ ᠣᠯᠠᠨ ᠴᠢᠳᠠᠪᠤᠷᠢᠲᠠᠨ᠎ᠤ ᠪᠠᠲᠤᠯᠠᠭ᠎ᠠ ᠪᠠ ᠪᠡᠯᠡᠳᠭᠡᠯ ᠬᠦᠴᠦᠨ ᠬᠠᠩᠭᠠᠬᠤ᠎ᠪᠠᠷ ᠴᠢᠷᠮᠠᠢᠬᠤ ᠬᠡᠷᠡᠭ᠌ᠲᠡᠶ》 ᠭᠡᠵᠦ ᠦᠵᠡᠪᠡ᠃
ᠰᠦᠯᠵᠢᠶᠡᠨ᠎ᠦ ᠠᠮᠤᠷ ᠲᠦᠪᠱᠢᠨ ᠨᠢ ᠤᠯᠤᠰ᠎ᠤᠨ ᠥᠨᠢ ᠤᠳᠠᠭᠠᠨ᠎ᠤ ᠠᠮᠤᠷ ᠲᠦᠪᠱᠢᠨ᠎ᠲᠡᠶ ᠬᠣᠯᠪᠣᠭ᠍ᠳᠠᠵᠤ᠂ ᠠᠷᠠᠳ ᠤᠯᠠᠨ᠎ᠤ ᠠᠵᠠ ᠵᠢᠷᠭᠠᠯ᠎ᠲᠠᠶ ᠬᠣᠯᠪᠣᠭ᠍ᠳᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠪᠤᠭᠤᠲᠤ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠮᠡᠷᠭᠡᠵᠢᠯ᠎ᠦᠨ ᠰᠦᠯᠵᠢᠶ᠎ᠡ᠎ᠶ᠋ᠢᠨ ᠰᠠᠯᠪᠤᠷᠢ ᠠᠩᠭᠢ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠮᠡᠷᠭᠡᠵᠢᠯ᠎ᠦᠨ ᠬᠣᠶᠠᠳᠤᠭᠠᠷ ᠳᠡᠰ᠎ᠤᠨ ᠭᠤᠤᠯᠯᠠᠨ ᠬᠠᠮᠢᠶᠠᠷᠤᠭ᠍ᠴᠢ ᠵᠣᠣ ᠷᠦᠨ ᠢᠦᠶ ᠰᠠᠨᠠᠭᠤᠯᠬᠤ᠎ᠳᠠᠭᠠᠨ᠂ ᠥᠪᠡᠷᠲᠡᠭᠡᠨ ᠵᠠᠰᠠᠬᠤ ᠣᠷᠣᠨ᠎ᠤ ᠰᠦᠯᠵᠢᠶ᠎ᠡ ᠬᠢᠭᠡᠳ ᠳ᠋ᠠᠢᠲ᠋ᠠ᠎ᠶ᠋ᠢᠨ ᠠᠮᠤᠷ ᠲᠦᠪᠱᠢᠨ᠎ᠢ ᠬᠢᠨᠠᠨ ᠬᠡᠮᠵᠢᠵᠦ᠍ ᠰᠡᠷᠡᠮᠵᠢᠯᠡᠭᠦᠯᠬᠦ᠌ ᠲᠠᠪᠴᠠᠩ᠎ᠢ ᠲᠦᠷᠭᠡᠳᠭᠡᠨ ᠪᠠᠢᠭᠤᠯᠵᠤ᠂ ᠪᠥᠬᠥ᠌ ᠣᠷᠣᠨ᠎ᠤ ᠰᠦᠯᠵᠢᠶ᠎ᠡ ᠬᠢᠭᠡᠳ ᠳ᠋ᠠᠢᠲ᠋ᠠ᠎ᠶ᠋ᠢᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠲᠦᠪᠱᠢᠨ᠎ᠢ ᠳᠡᠭᠡᠭ᠌ᠰᠢᠯᠡᠭᠦᠯᠵᠦ᠍᠂ ᠰᠦᠯᠵᠢᠶᠡᠨ᠎ᠦ ᠠᠮᠤᠷ ᠲᠦᠪᠱᠢᠨ᠎ᠦ ᠬᠡᠷᠡᠭ ᠡᠭᠦᠰᠭᠦ᠎ᠶ᠋ᠢ ᠤᠷᠢᠳᠴᠢᠯᠠᠨ ᠰᠡᠷᠭᠡᠢᠯᠡᠬᠦ᠌᠎ᠶ᠋ᠢᠨ ᠬᠠᠮᠲᠤ ᠪᠠᠭᠠᠰᠭᠠᠬᠤ ᠬᠡᠷᠡᠭ᠌ᠲᠡᠶ ᠭᠡᠵᠡᠶ᠃
ᠬᠢᠯᠢ ᠬᠢᠵᠠᠭᠠᠷ᠎ᠢ ᠬᠦᠴᠦᠷᠬᠡᠭ᠌ᠵᠢᠭᠦᠯᠦᠨ ᠰᠡᠷᠭᠡᠢᠯᠡᠯᠲᠡ᠎ᠶ᠋ᠢ ᠪᠡᠬᠢᠵᠢᠭᠦᠯᠵᠦ᠍᠂ ᠤᠮᠠᠷᠠᠲᠤ ᠬᠢᠯᠢ᠎ᠶ᠋ᠢᠨ 《ᠪᠣᠯᠣᠳ ᠬᠡᠷᠡᠮ》 ᠢ᠋ ᠪᠠᠲᠤ ᠴᠣᠭ᠍ᠴᠠᠯᠠᠪᠠ
50 ᠭᠠᠷᠤᠢ ᠵᠢᠯ᠎ᠦᠨ ᠡᠮᠦᠨ᠎ᠡ᠂ ᠨᠢᠮ᠎ᠠ ᠬᠦᠦ᠍ᠡᠴᠡᠪᠡᠨ ᠳᠠᠯᠳᠠᠭᠤᠷ ᠠᠯᠠᠱᠠ ᠪᠠᠷᠠᠭᠤᠨ ᠬᠣᠱᠢᠭᠤᠨ᠎ᠤ ᠲᠠᠨᠭᠰᠤᠭ ᠪᠤᠯᠠᠭ ᠰᠤᠮᠤ᠎ᠶ᠋ᠢᠨ ᠳᠤᠮᠳᠠᠳᠤ ᠮᠣᠩᠭᠣᠯ᠎ᠤᠨ ᠬᠢᠯᠢ᠎ᠶ᠋ᠢᠨ ᠡᠮᠦᠨ᠎ᠡ ᠹᠷᠣᠨᠲ᠎ᠲᠤ ᠬᠦᠷᠴᠦ᠍ ᠠᠯᠪᠠᠨ ᠵᠢᠷᠤᠮᠵᠢᠡᠷ ᠬᠢᠯᠢ᠎ᠶ᠋ᠢ ᠴᠠᠭ᠍ᠳᠠᠪᠠ᠃ ᠡᠳᠦᠭᠡ᠂ ᠨᠢᠮ᠎ᠠ ᠨᠠᠰᠤᠲᠠᠨ ᠨᠢᠭᠡᠨᠲᠡ ᠬᠢᠯᠢ ᠬᠠᠮᠠᠭᠠᠯᠠᠭ᠍ᠴᠢ᠎ᠶ᠋ᠢᠨ ᠪᠤᠤᠬᠢᠶ᠎ᠠ᠎ᠶ᠋ᠢ ᠬᠥᠤ ᠬᠠᠳᠠᠪᠥ᠋ᠬᠡ ᠳ᠋ᠡᠬᠡᠨ ᠲᠤᠱᠢᠶᠠᠨ ᠥᠭ᠌ᠴᠦ᠂ ᠲᠡᠭᠦᠨ᠎ᠦ ᠣᠮᠪᠣᠯᠣ ᠨᠢ ᠴᠦ᠍ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠲᠤᠰᠠᠯᠠᠭ᠍ᠴᠢ ᠴᠠᠭ᠍ᠳᠠᠭ᠎ᠠ ᠪᠣᠯᠤᠭ᠍ᠰᠠᠨ ᠪᠠᠢᠨ᠎ᠠ᠃
ᠲᠦᠷᠦ᠍᠎ᠶ᠋ᠢ ᠵᠠᠰᠠᠬᠤ᠎ᠳᠤ ᠡᠷᠬᠡᠪᠰᠢ ᠬᠢᠯᠢ ᠬᠢᠵᠠᠭᠠᠷ᠎ᠢ ᠵᠠᠰᠠᠵᠤ᠂ ᠬᠢᠯᠢ ᠬᠢᠵᠠᠭᠠᠷ᠎ᠢ ᠰᠠᠬᠢᠬᠤ᠎ᠳᠤ ᠪᠠᠰᠠ ᠭᠡᠷ ᠣᠷᠣᠨ᠎ᠢᠶᠠᠨ ᠰᠠᠬᠢᠬᠤ ᠬᠡᠷᠡᠭ᠌ᠲᠡᠢ᠃ ᠬᠢᠯᠢ᠎ᠶ᠋ᠢᠨ ᠱᠤᠭᠤᠮ᠎ᠳᠦ ᠦᠨᠳᠦᠰᠦᠯᠡᠵᠦ᠍᠂ ᠲᠤᠬᠠᠢ᠎ᠶ᠋ᠢᠨ ᠭᠠᠵᠠᠷ᠎ᠤᠨ ᠠᠮᠢᠳᠤᠷᠠᠯ᠎ᠳᠤ ᠠᠭᠤᠰᠤᠯᠴᠠᠵᠤ᠂ ᠨᠢᠭᠡ ᠪᠦᠯᠦᠭ 《ᠨᠡᠭᠦᠳᠡᠯ ᠬᠠᠷᠠᠭᠤᠯ》᠂ 《ᠠᠮᠢᠳᠤ ᠬᠢᠯᠢ᠎ᠶ᠋ᠢᠨ ᠬᠥᠱᠢᠢ᠎ᠡ》 ᠪᠤᠯᠤᠭᠰᠠᠳ ᠬᠠᠮᠲᠤ᠎ᠪᠠᠷ ᠬᠢᠯᠢ᠎ᠶ᠋ᠢᠨ ᠪᠣᠭᠣᠮᠲᠠ᠎ᠶ᠋ᠢ ᠴᠣᠭ᠍ᠴᠠᠯᠠᠪᠠ᠃
ᠣᠯᠠᠨ ᠵᠢᠯ᠎ᠦᠨ ᠲᠤᠷᠰᠢ᠂ ᠥᠪᠥᠷ ᠮᠣᠩᠭᠣᠯ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ᠎ᠪᠡᠨ ᠬᠠᠮᠲᠤᠳᠬᠠᠨ ᠬᠢᠯᠢ ᠬᠢᠵᠠᠭᠠᠷ᠎ᠢ ᠬᠦᠴᠦᠷᠬᠡᠭᠵᠢᠭᠦᠯᠦᠨ ᠬᠠᠮᠠᠭᠠᠯᠠᠯᠲᠠ᠎ᠶᠢ ᠪᠡᠬᠢᠵᠢᠭᠦᠯᠬᠦ᠎ᠶᠢ ᠪᠠᠷᠢᠮᠲᠠᠯᠠᠵᠤ᠂ ᠬᠢᠯᠢ᠎ᠶᠢᠨ ᠬᠣᠯᠪᠤᠭᠠᠯᠠᠨ ᠰᠡᠷᠭᠡᠢᠯᠡᠬᠦ ᠪᠠᠢᠭᠤᠯᠤᠯ ᠲᠣᠭᠲᠡᠴᠡ᠎ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠬᠥᠮᠥᠨ᠎ᠢᠶᠡᠷ ᠰᠡᠷᠭᠡᠢᠯᠡᠬᠦ᠂ ᠪᠣᠳᠠᠰ᠎ᠢᠶᠠᠷ ᠰᠡᠷᠭᠡᠢᠯᠡᠬᠦ᠂ ᠮᠡᠷᠭᠡᠵᠢᠯ᠎ᠢᠶᠡᠷ ᠰᠡᠷᠭᠡᠢᠯᠡᠬᠦ᠎ᠶᠢ ᠬᠠᠷᠢᠯᠴᠠᠨ ᠠᠭᠤᠰᠤᠯᠴᠠᠭᠤᠯᠤᠭᠰᠠᠨ ᠬᠢᠯᠢ᠎ᠶᠢᠨ ᠪᠣᠰᠣᠭ᠎ᠠ ᠴᠣᠭᠴᠠᠲᠤ ᠰᠡᠷᠭᠡᠢᠯᠡᠨ ᠡᠵᠡᠮᠳᠡᠬᠦ ᠰᠢᠰᠲᠧᠮ᠎ᠢ ᠪᠠᠢᠭᠤᠯᠵᠤ᠂ 《ᠮᠣᠩᠭᠣᠯ ᠭᠡᠷ᠎ᠦᠨ ᠬᠠᠷᠠᠭᠤᠯ᠎ᠤᠨ ᠭᠠᠵᠠᠷ》᠂ 《ᠬᠢᠯᠢ᠎ᠶᠢᠨ ᠪᠡᠬᠢᠯᠡᠯᠲᠡ ᠵᠢᠨ ᠡᠷᠦᠬᠡ》᠂ 《ᠴᠠᠰᠤᠲᠤ ᠬᠣᠲᠠ᠎ᠶᠢᠨ ᠵᠢᠷᠤᠮ᠎ᠤᠨ ᠴᠠᠭᠳᠠᠭ᠎ᠠ》 ᠵᠡᠷᠭᠡ ᠣᠨᠴᠠᠯᠢᠭ᠋᠎ᠲᠠᠢ ᠬᠢᠯᠢ ᠬᠢᠵᠠᠭᠠᠷ᠎ᠢ ᠬᠠᠮᠠᠭᠠᠯᠠᠬᠤ ᠵᠠᠭᠪᠤᠷ᠎ᠲᠤ ᠰᠢᠨ᠎ᠡ᠎ᠶᠢ ᠡᠭᠦᠳᠴᠦ᠂ ᠮᠠᠨ᠎ᠤ ᠣᠷᠣᠨ᠎ᠤ ᠠᠵᠤ ᠠᠬᠤᠢ᠎ᠶᠢᠨ ᠬᠥᠭᠵᠢᠯᠲᠡ᠂ ᠦᠨᠳᠦᠰᠦᠲᠡᠨ᠎ᠦ ᠪᠦᠯᠬᠦᠮᠳᠡᠯ᠂ ᠨᠡᠢᠭᠡᠮ᠎ᠦᠨ ᠲᠣᠭᠲᠠᠭᠤᠨ᠂ ᠬᠢᠯᠢ ᠬᠢᠵᠠᠭᠠᠷ᠎ᠤᠨ ᠠᠮᠤᠷ ᠠᠮᠤᠭᠤᠯᠠᠩ ᠪᠠᠢᠬᠤ ᠰᠠᠢᠨ ᠰᠠᠢᠬᠠᠨ ᠪᠠᠢᠳᠠᠯ᠎ᠢ ᠦᠷᠭᠦᠯᠵᠢᠯᠡᠨ ᠪᠡᠬᠢᠵᠢᠭᠦᠯᠵᠠᠢ᠃ ᠨᠢᠳᠤᠨᠤᠨ᠂ ᠥᠪᠥᠷ ᠮᠣᠩᠭᠣᠯ᠎ᠤᠨ 1 ᠬᠢᠯᠢ᠎ᠶᠢᠨ ᠬᠣᠰᠢᠭᠤ᠂ 2 ᠬᠢᠯᠢ᠎ᠶᠢᠨ ᠪᠠᠯᠭᠠᠰᠤ ᠪᠥᠬᠥ ᠤᠯᠤᠰ᠎ᠤᠨ ᠠᠩᠬᠠᠳᠠᠭ᠍ᠴᠢ ᠪᠦᠯᠦᠭ ᠠᠮᠤᠷ ᠠᠮᠤᠭᠤᠯᠠᠩ ᠬᠢᠯᠢ᠎ᠶᠢᠨ ᠵᠢᠱ᠌ᠢᠶᠡᠴᠢ ᠰᠢᠶᠠᠨ ᠬᠣᠲᠠ ᠪᠠ ᠵᠢᠱ᠌ᠢᠶᠡᠴᠢ ᠰᠢᠶᠠᠩ ᠪᠠᠯᠭᠠᠰᠤ᠎ᠪᠠᠷ ᠦᠨᠡᠯᠡᠭᠳᠡᠪᠡ᠃
《ᠰᠢᠨ᠎ᠡ ᠴᠠᠭ ᠦᠶ᠎ᠡ᠎ᠳᠦ ᠬᠢᠯᠢ ᠬᠢᠵᠠᠭᠠᠷ᠎ᠢ ᠬᠦᠴᠦᠷᠬᠡᠭᠵᠢᠭᠦᠯᠦᠨ ᠬᠠᠮᠠᠭᠠᠯᠠᠯᠲᠠ᠎ᠶᠢ ᠪᠡᠬᠢᠵᠢᠭᠦᠯᠬᠦ᠎ᠳᠦ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠦᠷ ᠬᠦᠴᠦᠨ᠎ᠢ ᠰᠠᠢᠲᠤᠷ ᠪᠠᠳᠠᠷᠠᠭᠤᠯᠬᠤ ᠬᠡᠷᠡᠭᠲᠡᠢ᠃ 2025 ᠣᠨ᠎ᠳᠤ᠂ ᠪᠢᠳᠡ ᠰᠢᠨ᠎ᠡ ᠬᠡᠯᠪᠡᠷᠢ ᠵᠢᠨ ᠰᠠᠭᠤᠷᠢ ᠲᠥᠬᠦᠭᠡᠷᠦᠮᠵᠢ᠂ ᠰᠢᠨ᠎ᠡ ᠬᠤᠷᠴᠠᠯᠢᠭ ᠲᠣᠨᠣᠭᠯᠠᠯ ᠲᠥᠬᠦᠭᠡᠷᠦᠮᠵᠢ᠂ ᠰᠢᠨ᠎ᠡ ᠬᠡᠯᠪᠡᠷᠢ ᠵᠢᠨ ᠴᠠᠭᠳᠠᠭᠠᠨ᠎ᠤ ᠶᠠᠪᠤᠳᠠᠯ᠎ᠤᠨ ᠠᠵᠢᠯᠯᠠᠭᠠᠨ᠎ᠤ ᠵᠠᠭᠪᠤᠷ᠎ᠢᠶᠠᠷ ᠭᠣᠣᠯ ᠠᠭᠤᠯᠭ᠎ᠠ ᠪᠣᠯᠭᠠᠭᠰᠠᠨ 〈ᠭᠤᠷᠪᠠᠨ ᠰᠢᠨ᠎ᠡ ᠪᠦᠲᠦᠭᠡᠨ ᠪᠠᠢᠭᠤᠯᠤᠯᠲᠠ〉 ᠶ᠋ᠢ ᠤᠯᠠᠮ ᠨᠢᠭᠡ ᠠᠯᠬᠤᠮ ᠴᠢᠩᠭᠠᠳᠬᠠᠵᠤ᠂ ᠨᠡᠭᠦᠳᠡᠯ ᠠᠷᠠᠳ᠎ᠤᠨ ᠬᠠᠮᠢᠶᠠᠷᠤᠯᠲᠠ᠎ᠶᠢᠨ ᠪᠠᠢᠭᠤᠯᠤᠮᠵᠢ᠎ᠶᠢᠨ ᠰᠢᠨ᠎ᠡ ᠴᠢᠨᠠᠷ᠎ᠤᠨ ᠳᠠᠶ᠋ᠢᠴᠢᠨ ᠬᠦᠴᠦᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ》 ᠭᠡᠵᠦ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠯᠲᠠ᠎ᠶᠢᠨ ᠶᠡᠷᠦᠩᠬᠡᠢ ᠦᠷᠳᠡᠭᠡ᠎ᠶᠢᠨ ᠳᠠᠷᠤᠭ᠎ᠠ ᠴᠧᠨ ᠬᠣᠩ ᠵᠢᠶᠦ᠋ᠨ ᠬᠡᠯᠡᠪᠡ᠃
ᠬᠢᠯᠢ ᠬᠥᠭᠵᠢᠪᠡᠯ ᠬᠢᠵᠠᠭᠠᠷ ᠤᠷᠤᠨ ᠲᠣᠭᠲᠠᠭᠤᠨ ᠪᠤᠯᠤᠨ᠎ᠠ᠂ ᠬᠢᠯᠢ᠎ᠶᠢᠨ ᠠᠷᠠᠳ ᠪᠠᠶᠠᠵᠢᠪᠠᠯ ᠬᠢᠯᠢ᠎ᠶᠢᠨ ᠬᠠᠮᠠᠭᠠᠯᠠᠯᠲᠠ ᠪᠡᠬᠢᠵᠢᠨ᠎ᠡ᠃ ᠬᠢᠯᠢ᠎ᠶᠢᠨ ᠠᠷᠠᠳ᠎ᠤᠨ ᠦᠢᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠤᠯᠠᠮ ᠨᠢᠭᠡ ᠠᠯᠬᠤᠮ ᠰᠠᠢᠵᠢᠷᠠᠭᠤᠯᠵᠤ᠂ ᠬᠢᠯᠢ ᠬᠢᠵᠠᠭᠠᠷ ᠣᠷᠣᠨ᠎ᠤ ᠠᠮᠢᠳᠤᠷᠠᠯ᠎ᠳᠦ 《ᠰᠡᠳᠬᠢᠯ᠎ᠢ ᠨᠢ ᠬᠤᠯᠪᠤᠵᠤ ᠬᠦᠮᠦᠨ᠎ᠢ ᠨᠢ ᠦᠯᠡᠳᠡᠭᠡᠬᠦ》 ᠰᠠᠢᠨ ᠰᠠᠢᠬᠠᠨ ᠣᠷᠴᠢᠨ ᠲᠣᠭᠣᠷᠢᠨ᠎ᠢ ᠪᠣᠶ ᠪᠣᠯᠭᠠᠬᠤ᠎ᠶᠢᠨ ᠲᠥᠯᠥᠭᠡ᠂ ᠥᠪᠥᠷ ᠮᠣᠩᠭᠣᠯ ᠬᠢᠯᠢ ᠬᠢᠵᠠᠭᠠᠷ ᠣᠷᠣᠨ᠎ᠤ 《ᠤᠰᠤ ᠴᠠᠬᠢᠯᠭᠠᠨ ᠵᠠᠮ ᠬᠤᠯᠪᠤᠭ᠎ᠠ》 ᠵᠢᠨ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠭᠤᠷᠪᠠᠨ ᠵᠢᠯ᠎ᠦᠨ ᠠᠵᠢᠯᠯᠠᠭ᠎ᠠ᠎ᠶᠢ ᠭᠦᠨᠵᠡᠭᠡᠢ ᠥᠷᠨᠢᠭᠦᠯᠪᠡ᠃ 2024 ᠣᠨ᠎ᠳᠤ 590 ᠬᠤᠳᠳᠤᠭ ᠮᠠᠯᠲᠠᠵᠤ᠂ 114 ᠺᠢᠯᠣᠮᠧᠲᠷ ᠬᠣᠭᠣᠯᠠᠢ ᠵᠢᠨ ᠲᠤᠤᠷ ᠳᠡᠪᠢᠰᠴᠦ᠂ 12634 ᠮᠠᠯᠴᠢᠨ ᠲᠠᠷᠢᠶᠠᠴᠢᠨ ᠡᠷᠦᠬᠡ᠎ᠳᠦ ᠰᠠᠯᠬᠢ ᠭᠡᠷᠡᠯ᠎ᠤᠨ ᠬᠠᠷᠢᠯᠴᠠᠨ ᠨᠥᠬᠥᠪᠦᠷᠢᠯᠡᠬᠦ ᠲᠥᠬᠦᠭᠡᠷᠦᠮᠵᠢ ᠤᠭᠰᠠᠷᠠᠨ ᠥᠭᠴᠦ᠂ ᠡᠯ᠎ᠡ ᠲᠠᠰ᠎ᠤᠨ ᠵᠠᠰᠠᠮᠠᠯ ᠵᠠᠮ᠎ᠢ 492 ᠺᠢᠯᠣᠮᠧᠲᠷ ᠨᠡᠪᠲᠡᠷᠡᠭᠦᠯᠦᠨ᠂ ᠬᠢᠯᠢ᠎ᠶᠢᠨ ᠬᠠᠮᠠᠭᠠᠯᠠᠯᠲᠠ᠎ᠶᠢᠨ ᠬᠠᠷᠠᠭᠤᠯ᠎ᠤᠨ ᠭᠠᠵᠠᠷ᠎ᠤᠨ ᠰᠢᠯᠵᠢᠮᠡᠯ ᠰᠦᠯᠵᠢᠶ᠎ᠡ᠎ᠶᠢ 100%᠎ᠪᠠᠷ ᠪᠦᠷᠬᠦᠭᠦᠯᠵᠦ᠂ G331 ᠤᠯᠤᠰ᠎ᠤᠨ ᠵᠠᠮ᠎ᠤᠨ 4G ᠰᠦᠯᠵᠢᠶ᠎ᠡ᠎ᠶᠢᠨ ᠪᠦᠷᠬᠦᠴᠡ᠎ᠶᠢ 47% ᠪᠠᠢᠭᠰᠠᠨ᠎ᠡᠴᠡ 82% ᠪᠣᠯᠭᠠᠨ ᠳᠡᠭᠡᠭᠰᠢᠯᠡᠭᠦᠯᠪᠡ᠃
《ᠤᠰᠤ ᠴᠠᠬᠢᠯᠭᠠᠨ ᠬᠡᠷᠡᠭ᠌ᠯᠡᠬᠦ᠌᠂ ᠲᠣᠰᠭᠣᠨ᠎ᠤ ᠳᠦᠷᠰᠦ ᠪᠠᠢᠳᠠᠯ᠎ᠢ ᠰᠠᠢᠵᠢᠷᠠᠭᠤᠯᠬᠤ ᠵᠡᠷᠭᠡ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠢᠯᠢ ᠬᠢᠵᠠᠭᠠᠷ᠎ᠤᠨ ᠡᠮᠦᠨ᠎ᠡ ᠹᠷᠣᠨᠲ᠎ᠤᠨ ᠰᠠᠭᠤᠷᠢ ᠲᠥᠬᠥᠭᠡᠷᠦᠮᠵᠢ᠎ᠶ᠋ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠍᠂ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠨᠡᠩ ᠤᠯᠠᠨ ᠬᠥᠮᠦᠨ᠎ᠢ ᠬᠢᠯᠢ ᠬᠢᠵᠠᠭᠠᠷ ᠣᠷᠣᠨ᠎ᠳᠤ ᠣᠴᠢᠭᠤᠯᠤᠨ ᠠᠮᠤᠷ ᠲᠠᠢᠪᠤᠩ ᠰᠠᠭᠤᠷᠢᠱᠢᠭᠤᠯᠵᠤ᠂ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠪᠣᠯᠭᠠᠬᠤ ᠬᠡᠷᠡᠭ᠌ᠲᠡᠢ》 ᠭᠡᠵᠦ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠬᠥᠯᠥᠨ ᠪᠤᠢ᠌ᠷ ᠬᠤᠳᠠ᠎ᠶ᠋ᠢᠨ ᠶᠡᠷᠦᠩᠬᠡᠢ ᠡᠭᠦᠷ᠎ᠦᠨ ᠡᠷᠬᠢᠯᠡᠭ᠌ᠴᠢ ᠭᠡᠱᠢᠭᠦᠨ ᠯᠢ ᠶᠢᠩ ᠲᠢᠩ ᠬᠡᠯᠡᠪᠡ᠃
ᠵᠠᠭᠤᠷᠠᠯᠳᠤᠭᠠᠨ᠎ᠢ ᠣᠯᠠᠨ ᠡᠱᠢᠵᠢᠬᠦᠯᠦᠨ ᠱᠢᠶ᠋ᠳᠪᠦᠷᠢᠯᠡᠵᠦ᠍᠂ ᠨᠡᠢᠭᠡᠮ᠎ᠦᠨ ᠲᠣᠭ᠍ᠲᠠᠭᠤᠨ᠎ᠤ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠪᠠ
《ᠲᠠᠨᠠᠷ᠎ᠲᠤ ᠮᠠᠰᠢ ᠲᠠᠯᠠᠷᠬᠠᠵᠤ ᠪᠠᠢᠨ᠎ᠠ᠂ ᠣᠯᠠᠨ ᠵᠢᠯ᠎ᠦᠨ ᠬᠦᠴᠢᠷ ᠠᠰᠠᠭᠤᠳᠠᠯ᠎ᠢ ᠡᠢᠮᠦ᠍ ᠬᠤᠷᠳᠤᠨ ᠱᠢᠶ᠋ᠳᠪᠦᠷᠢᠯᠡᠴᠢᠬᠡᠨᠡ ᠭᠡᠵᠦ᠍ ᠪᠣᠳᠣᠵᠤ ᠣᠯᠤᠭ᠍ᠰᠠᠨ ᠦᠭᠡᠢ᠂ ᠶᠠᠭᠤ᠎ᠴᠤ ᠭᠡᠰᠡᠨ ᠰᠠᠨᠠᠭ᠎ᠠ ᠠᠮᠤᠷ ᠤᠨᠲᠠᠵᠤ ᠳᠡᠢᠯᠬᠦ ᠪᠤᠯᠪᠠ!》 ᠭᠡᠵᠦ ᠬᠥᠯᠥᠨ ᠪᠣᠢᠷ ᠬᠣᠲᠠ᠎ᠶ᠋ᠢᠨ ᠡᠷᠭᠦᠨ᠎ᠡ ᠬᠣᠲᠠ᠎ᠶ᠋ᠢᠨ ᠰᠢᠨ ᠴᠸᠩ ᠵᠢᠶᠠ ᠶᠤᠸᠠᠨ ᠰᠠᠭᠤᠭᠠᠯᠢ ᠠᠷᠠᠳ᠎ᠤᠨ ᠲᠣᠭᠣᠷᠢᠭ᠎ᠤᠨ ᠬᠣᠶᠠᠳᠤᠭᠠᠷ ᠬᠤᠭᠤᠴᠠᠭᠠᠨ᠎ᠤ ᠪᠠᠷᠢᠯᠭ᠎ᠠ᠎ᠶᠢᠨ ᠥᠮᠴᠢᠲᠡᠨ᠎ᠦ ᠲᠥᠯᠥᠭᠡᠯᠡᠭ᠌ᠴᠢ᠎ᠨᠡᠷ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠠ ᠱᠢᠭᠦᠬᠦ᠌ ᠬᠣᠷᠢᠶ᠎ᠠ᠎ᠶᠢᠨ ᠡᠶᠡᠳᠡᠭᠦᠯᠦᠭ᠌ᠴᠢ᠎ᠳᠦ ᠲᠠᠯᠠᠷᠬᠠᠨ ᠬᠡᠯᠡᠪᠡ᠃
ᠨᠢᠳᠤᠨᠤᠨ᠎ᠤ 11 ᠰᠠᠷ᠎ᠠ᠎ᠳᠤ ᠡᠷᠭᠦᠨ᠎ᠡ ᠬᠣᠲᠠ᠎ᠶ᠋ᠢᠨ ᠠᠷᠠᠳ᠎ᠤᠨ ᠱᠢᠭᠦᠬᠦ᠌ ᠬᠣᠷᠢᠶ᠎ᠠ 《ᠤᠯᠤᠰ ᠲᠥᠷᠥ᠎ᠶ᠋ᠢᠨ ᠵᠥᠪᠯᠡᠯᠭᠡᠨ + ᠱᠢᠭᠦᠬᠦ᠌ ᠬᠣᠷᠢᠶ᠎ᠠ》 ᠭᠡᠬᠦ᠌ ᠵᠠᠭᠤᠷᠠᠯᠳᠤᠭᠠᠨ᠎ᠢ ᠣᠯᠠᠨ ᠡᠱᠢᠴᠢᠯᠡᠨ ᠱᠢᠶ᠋ᠳᠪᠦᠷᠢᠯᠡᠬᠦ᠌ ᠲᠣᠭ᠍ᠲᠠᠴᠠ᠎ᠪᠠᠷ ᠳᠠᠮᠵᠢᠭᠤᠯᠤᠨ᠂ ᠨᠡᠭᠡᠭᠡᠨ ᠬᠦᠭᠵᠢᠭᠦᠯᠬᠦ ᠬᠤᠳᠠᠯᠳᠤᠭᠠᠴᠢᠨ ᠬᠤᠭᠤᠴᠠᠭ᠎ᠠ ᠬᠡᠲᠦᠷᠡᠭᠦᠯᠦᠨ ᠦᠨᠡᠮᠯᠡᠯ ᠠᠪᠤᠭ᠍ᠰᠠᠨ ᠡᠴᠡ ᠪᠣᠯᠤᠭ᠍ᠰᠠᠨ ᠬᠡᠷ ᠪᠠᠢᠱᠢᠩ ᠬᠤᠳᠠᠯᠳᠤᠭᠠᠯᠠᠬᠤ ᠭᠡᠷ᠎ᠡ᠎ᠶ᠋ᠢᠨ ᠵᠠᠭᠤᠷᠠᠯᠳᠤᠭᠠᠨ᠎ᠢ ᠠᠮᠵᠢᠯᠲᠠ ᠲᠠᠶ ᠠᠷᠢᠯᠭᠠᠵᠤ᠂ ᠵᠥᠷᠢᠴᠡᠯ ᠵᠠᠭᠤᠷᠠᠯᠳᠤᠭᠠᠨ᠎ᠢ ᠵᠠᠭᠠᠯᠳᠤᠬᠤ᠎ᠡᠴᠡ ᠡᠮᠦᠨ᠎ᠡ ᠨᠠᠮᠳᠠᠭᠤᠯᠪᠠ᠃
2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ ᠪᠠ ᠳᠡᠭᠡᠳᠦ ᠵᠡᠷᠭᠡ᠎ᠶᠢᠨ ᠠᠷᠠᠳ᠎ᠤᠨ ᠱᠢᠭᠦᠬᠦ᠌ ᠬᠣᠷᠢᠶ᠎ᠠ ᠬᠠᠮᠲᠤ᠎ᠪᠠᠷ ᠤᠬᠠᠭᠠᠯᠠᠨ ᠲᠥᠯᠥᠪᠯᠡᠵᠦ ᠠᠬᠢᠭᠤᠯᠤᠨ᠂ 《ᠤᠯᠤᠰ ᠲᠥᠷᠥ᠎ᠶ᠋ᠢᠨ ᠵᠥᠪᠯᠡᠯᠭᠡᠨ + ᠱᠢᠭᠦᠬᠦ᠌ ᠬᠣᠷᠢᠶ᠎ᠠ》 ᠶ᠋ᠢᠨ ᠢᠷᠭᠡᠨ᠎ᠦ ᠪᠠ ᠬᠤᠳᠠᠯᠳᠤᠭᠠᠨ᠎ᠤ ᠶᠠᠪᠤᠳᠠᠯ᠎ᠤᠨ ᠵᠠᠭᠤᠷᠠᠯᠳᠤᠭᠠᠨ᠎ᠢ ᠣᠯᠠᠨ ᠡᠱᠢᠴᠢᠯᠡᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠪᠥᠬᠥ᠌ ᠤᠯᠤᠰ᠎ᠲᠤ ᠠᠩᠬ᠎ᠠ ᠤᠳᠠᠭ᠎ᠠ ᠳᠤᠷᠠᠳᠤᠨ ᠭᠠᠷᠭᠠᠭ᠍ᠰᠠᠨ ᠪᠥᠭᠡᠳ ᠬᠡᠷᠡᠭ᠌ᠵᠢᠭᠦᠯᠪᠡ᠃ 2024 ᠣᠨ᠎ᠤ ᠡᠴᠦᠰ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠤᠯᠤᠰ ᠲᠥᠷᠥ᠎ᠶ᠋ᠢᠨ ᠵᠥᠪᠯᠡᠯᠭᠡᠨ 1750 ᠭᠡᠱᠢᠭᠦᠨ᠎ᠢ ᠡᠶᠡᠳᠡᠭᠦᠯᠬᠦ᠌ ᠡᠩᠨᠡᠭᠡ ᠪᠠᠢᠭᠤᠯᠵᠤ᠂ 18126 ᠬᠡᠷᠡᠭ᠎ᠢ ᠡᠶᠡᠳᠡᠭᠦᠯᠦᠨ ᠱᠢᠶ᠋ᠳᠪᠦᠷᠢᠯᠡᠵᠦ᠍᠂ 11538 ᠬᠡᠷᠡᠭ᠎ᠢ ᠠᠮᠵᠢᠯᠲᠠ ᠲᠠᠢ ᠡᠶᠡᠳᠡᠭᠦᠯᠦᠨ ᠱᠢᠶ᠋ᠳᠪᠦᠷᠢᠯᠡᠵᠡᠶ᠃
ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠢ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠣᠯᠠᠨ ᠡᠱᠢᠲᠦ ᠠᠵᠢᠯ᠎ᠤᠨ ᠳᠤᠮᠳᠠ 《ᠤᠯᠤᠰ ᠲᠥᠷᠥ᠎ᠶ᠋ᠢᠨ ᠵᠥᠪᠯᠡᠯᠭᠡᠨ᠎ᠦ ᠨᠠᠢᠷᠠᠯ ᠬᠥᠭ᠌ᠵᠢᠮ》 ᠢ᠋ ᠬᠡᠷᠬᠢᠨ ᠦᠷᠭᠦᠯᠵᠢᠯᠡᠨ ᠰᠠᠢᠲᠤᠷ ᠳᠠᠭᠤᠯᠠᠬᠤ ᠪᠣᠯᠭᠠᠬᠤ ᠪᠣᠶ? ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠲᠦᠩᠯᠢᠶᠣᠤ ᠬᠣᠲᠠ᠎ᠶ᠋ᠢᠨ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠯᠢᠦᠶ ᠶᠦᠩ ᠴᠧᠩ᠎ᠦᠨ ᠦᠵᠡᠬᠦ᠌᠎ᠪᠡᠷ᠂ ᠡᠯ᠎ᠡ ᠱᠠᠲᠤᠨ᠎ᠤ ᠤᠯᠤᠰ ᠲᠥᠷᠥ᠎ᠶ᠋ᠢᠨ ᠵᠥᠪᠯᠡᠯᠭᠡᠨ ᠪᠠ ᠱᠢᠭᠦᠬᠦ᠌ ᠬᠣᠷᠢᠶ᠎ᠠ ᠬᠡᠷᠡᠭ᠎ᠢ ᠡᠶᠡᠳᠡᠭᠦᠯᠬᠦ᠌ ᠪᠠ ᠭᠡᠱᠢᠭᠦᠨ᠎ᠢ ᠲᠠᠨᠢᠯᠴᠠᠭᠤᠯᠬᠤ᠎ᠶ᠋ᠢᠨ ᠵᠣᠬᠢᠰᠲᠠᠶ ᠲᠣᠬᠢᠷᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ᠂ ᠤᠯᠤᠰ ᠲᠥᠷᠥ᠎ᠶ᠋ᠢᠨ ᠤᠬᠠᠮᠰᠠᠷ᠎ᠢᠶᠠᠷ ᠴᠢᠩᠭ᠎ᠠ᠂ ᠬᠠᠤᠯᠢ ᠴᠠᠭᠠᠵᠠ᠎ᠶ᠋ᠢᠨ ᠲᠤᠰᠭᠠᠶ ᠮᠡᠷᠭᠡᠵᠢᠯ᠎ᠦᠨ ᠠᠬᠤᠶ ᠪᠠᠢᠳᠠᠯ᠎ᠲᠠᠶ ᠪᠤᠶᠤ ᠡᠶᠡᠳᠡᠭᠦᠯᠬᠦ᠌ ᠲᠤᠷᠱᠢᠯᠭ᠎ᠠ᠎ᠪᠠᠷ ᠪᠠᠶᠠᠯᠢᠭ ᠪᠥᠭᠡᠳ ᠨᠡᠢᠭᠡᠮ᠎ᠦᠨ ᠨᠥᠯᠥᠭᠡᠯᠡᠬᠦ᠌ ᠬᠦᠴᠦᠨ᠎ᠲᠡᠶ ᠭᠡᠱᠢᠭᠦᠨ᠎ᠢ ᠰᠣᠩᠭᠣᠵᠤ ᠣᠨᠴᠠ ᠤᠷᠢᠭ᠍ᠰᠠᠨ ᠡᠶᠡᠳᠡᠭᠦᠯᠦᠭ᠌ᠴᠢ ᠪᠣᠯᠭᠠᠬᠤ ᠬᠡᠷᠡᠭ᠌ᠲᠡᠶ᠃ ᠡᠭᠦᠨ᠎ᠦ ᠬᠠᠮᠲᠤ᠂ ᠡᠯ᠎ᠡ ᠲᠦᠷᠦᠯ᠎ᠦᠨ ᠵᠠᠭᠤᠷᠠᠯᠳᠤᠭᠠᠨ᠎ᠢ ᠡᠶᠡᠳᠡᠭᠦᠯᠬᠦ᠌ ᠵᠢᠭ᠍ᠰᠠᠭᠠᠯ᠎ᠤᠨ ᠭᠠᠵᠠᠷ᠎ᠲᠤ ᠲᠦᠱᠢᠭ᠌ᠯᠡᠨ᠂ ᠵᠠᠭᠤᠷᠠᠯᠳᠤᠭᠠᠨ᠎ᠢ ᠱᠢᠢᠳᠪᠦᠷᠢᠯᠡᠬᠦ᠌ ᠠᠵᠢᠯ᠎ᠢ ᠤᠷᠤᠭ᠍ᠰᠢ ᠤᠷᠳᠤᠳᠬᠠᠬᠤ᠌᠂ ᠦᠨᠳᠦᠰᠦᠨ ᠱᠠᠳᠤ ᠲᠡᠢᠰᠢ ᠤᠷᠳᠤᠳᠬᠠᠬᠤ᠌ᠶ᠋ᠢ ᠢᠳᠡᠪᠬᠢᠲᠡᠢ ᠠᠬᠢᠭᠤᠯᠵᠤ᠂ ᠨᠡᠩ ᠤᠯᠠᠨ ᠵᠥᠷᠢᠴᠡᠯ ᠵᠠᠭᠤᠷᠠᠯᠳᠤᠭᠠᠨ᠎ᠢ ᠡᠷᠲᠡ ᠱᠢᠢᠳᠪᠦᠷᠢᠯᠡᠨ ᠪᠠᠭ᠎ᠠ ᠳᠡᠭᠡᠷ᠎ᠡ ᠨᠢ ᠠᠷᠢᠯᠭᠠᠬᠤ ᠬᠡᠷᠡᠭ᠌ᠲᠡᠢ᠃
ᠤᠯᠤᠰ ᠣᠷᠣᠨ᠎ᠤ ᠮᠠᠨᠳᠤᠯ ᠪᠠᠭᠤᠷᠠᠯ ᠨᠢ ᠪᠠᠢᠭᠤᠯᠤᠯ᠎ᠲᠠᠶ ᠬᠣᠯᠪᠣᠭ᠍ᠳᠠᠵᠤ᠂ ᠠᠷᠠᠳ᠎ᠤᠨ ᠠᠮᠤᠷ ᠠᠮᠤᠭᠤᠯᠠᠩ ᠨᠢ ᠵᠠᠰᠠᠭᠲᠦ ᠲᠦᠰᠢᠭᠯᠡᠨ᠎ᠡ᠃ 2024 ᠣᠨ᠎ᠳᠤ᠂ ᠥᠪᠥᠷ ᠮᠣᠩᠭᠣᠯ ᠱᠢᠨ᠎ᠡ ᠴᠠᠭ ᠦᠶ᠎ᠡ᠎ᠶ᠋ᠢᠨ 《ᠹᠸᠩᠴᠢᠶᠣᠤ᠎ᠶ᠋ᠢᠨ ᠲᠤᠷᠱᠢᠯᠭ᠎ᠠ》 ᠵᠢ ᠪᠠᠷᠢᠮᠲᠠᠯᠠᠨ ᠬᠥᠭ᠌ᠵᠢᠭᠦᠯᠵᠦ᠍᠂ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠨ ᠱᠢᠨ᠎ᠡ᠎ᠶ᠋ᠢ ᠡᠭᠦᠳᠴᠦ᠍᠂ ᠠᠷᠠᠳ᠎ᠤᠨ ᠡᠶᠡᠳᠡᠭᠦᠯᠭᠡ᠎ᠶ᠋ᠢᠨ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ 《ᠨᠢᠭᠡᠳᠦᠭᠡᠷ ᠰᠡᠷᠭᠡᠢᠯᠡᠯᠲᠡ᠎ᠶ᠋ᠢᠨ ᠱᠤᠭᠤᠮ》 ᠤ᠋ᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠤᠯᠠᠨ ᠲᠦᠮᠡᠨ᠎ᠦ ᠳᠡᠷᠭᠡᠳᠡᠬᠢ ᠠᠰᠠᠭᠤᠳᠠᠯ᠎ᠢ ᠰᠠᠢᠲᠤᠷ ᠱᠢᠢᠳᠪᠦᠷᠢᠯᠡᠵᠦ᠍᠂ ᠠᠷᠠᠳ ᠲᠦᠮᠡᠨ᠎ᠦ ᠠᠮᠤᠷ ᠲᠠᠢᠪᠤᠩ ᠠᠵᠤ ᠲᠦᠷᠦᠭᠦ᠌᠂ ᠨᠡᠢᠭᠡᠮ᠎ᠦᠨ ᠠᠮᠤᠷ ᠲᠣᠭ᠍ᠲᠠᠭᠤᠨ ᠡᠮᠬᠢ ᠳᠢᠭ᠌ᠯᠢᠮ᠎ᠲᠡᠶ ᠪᠠᠢᠬᠤ᠎ᠶ᠋ᠢ ᠪᠠᠲᠤᠯᠠᠪᠠ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 2024 ᠣᠨ᠎ᠤ ᠠᠵᠢᠯ᠎ᠢ ᠡᠷᠭᠢᠴᠡᠭᠦᠯᠬᠦ᠌᠎ᠳᠡᠭᠡᠨ᠂ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠶ᠋ᠴᠡᠳᠭᠡᠬᠦ᠌ ᠲᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠪᠥᠬᠥ᠌ ᠣᠷᠣᠨ᠎ᠤ ᠵᠠᠬᠢᠳᠠᠯ ᠰᠤᠷᠪᠤᠯᠵᠢᠯᠠᠯ᠎ᠤᠨ ᠶᠡᠷᠦᠩᠬᠡᠶ ᠬᠡᠮᠵᠢᠶ᠎ᠡ 46.5% ᠪᠠᠷ ᠪᠠᠭᠤᠷᠠᠵᠠᠢ ᠭᠡᠪᠡ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠤᠯᠠᠭᠠᠨᠬᠠᠳᠠ ᠬᠣᠲᠠ᠎ᠶ᠋ᠢᠨ ᠠᠷᠤ ᠬᠣᠷᠴᠢᠨ ᠬᠣᠱᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠱᠢᠭᠤᠨ ᠳᠠᠷᠤᠭ᠎ᠠ ᠴᠧᠨ ᠬᠤ᠌ ᠨᠠᠨ ᠣᠷᠣᠯᠠᠨ ᠭᠦᠶ᠋ᠴᠡᠳᠭᠡᠵᠦ ᠵᠣᠬᠢᠴᠠᠭᠤᠯᠬᠤ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠵᠠᠬᠢᠳᠠᠯ ᠰᠤᠷᠪᠤᠯᠵᠢᠯᠠᠯ᠎ᠢ ᠣᠷᠣᠯᠠᠨ ᠭᠦᠶ᠋ᠴᠡᠳᠭᠡᠬᠦ᠌ ᠲᠦᠷᠢᠮ᠎ᠢ ᠠᠬᠢᠭᠤᠯᠬᠤ ᠵᠢ ᠱᠢᠨ᠎ᠡ ᠴᠠᠭ ᠦᠶ᠎ᠡ᠎ᠶ᠋ᠢᠨ 《ᠹᠧᠩᠴᠢᠶᠣᠤ᠎ᠶ᠋ᠢᠨ ᠲᠤᠷᠱᠢᠯᠭ᠎ᠠ》 ᠶ᠋ᠢ ᠦᠶ᠋ᠯᠡᠳᠦᠯᠭᠡᠵᠢᠭᠦᠯᠬᠦ᠌ ᠲᠠᠢ ᠬᠠᠷᠢᠯᠴᠠᠨ ᠤᠶᠠᠯᠳᠤᠭᠤᠯᠵᠤ᠂ ᠦᠨᠳᠦᠰᠦᠨ ᠱᠠᠲᠤᠨ᠎ᠤ ᠡᠮᠦᠨ᠎ᠡ ᠹᠷᠣᠨᠲ ᠤᠨ ᠨᠢᠭᠤᠷᠳᠠᠨ ᠦᠶ᠋ᠯᠡᠴᠢᠯᠡᠬᠦ᠌ ᠲᠠᠢ ᠬᠠᠷᠢᠯᠴᠠᠨ ᠤᠶᠠᠯᠳᠤᠭᠤᠯᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠦᠨ ᠨᠠᠷᠢᠨ ᠪᠤᠳᠤᠯᠢᠶᠠᠨᠲᠠᠶ ᠵᠦᠶ᠋ᠯᠡᠰ᠎ᠢ ᠣᠯᠠᠨ ᠡᠱᠢᠵᠢᠬᠦᠯᠦᠨ ᠱᠢᠶ᠋ᠳᠪᠦᠷᠢᠯᠡᠬᠦ᠌᠎ᠲᠡᠶ ᠬᠠᠷᠢᠯᠴᠠᠨ ᠤᠶᠠᠯᠳᠤᠭᠤᠯᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠎ᠶ᠋ᠢ ᠴᠢᠩᠭᠠᠳᠭᠠᠵᠤ᠂ ᠭᠠᠵᠠᠷ ᠣᠷᠣᠨ᠂ ᠰᠠᠯᠠᠭ᠎ᠠ ᠮᠥᠴᠢᠷ᠎ᠦᠨ ᠰᠠᠨᠠᠭᠠᠴᠢᠯᠠᠭ᠎ᠠ ᠡᠴᠡ᠎ᠪᠠᠨ ᠡᠭᠦᠷᠭᠡ ᠭᠥᠯᠢᠶᠡᠨ ᠠᠪᠬᠤ᠎ᠶ᠋ᠢ ᠠᠬᠢᠭᠤᠯᠵᠤ᠂ ᠨᠠᠷᠢᠨ ᠬᠢᠨᠠᠮᠠᠭᠠᠶ ᠭᠦᠶ᠋ᠴᠡᠳᠭᠡᠵᠦ᠍᠂ ᠲᠦᠷᠭᠡᠨ ᠦᠷ᠎ᠡ ᠪᠦᠲᠦᠮᠵᠢ ᠤᠯᠬᠤ᠎ᠶ᠋ᠢ ᠪᠡᠶᠡᠯᠡᠭᠦᠯᠬᠦ᠌᠎ᠶ᠋ᠢ ᠬᠦᠰᠡᠪᠡ᠃
ᠲᠦᠮᠡᠨ ᠭᠠᠵᠠᠷ᠎ᠤᠨ ᠠᠶᠠᠨ᠎ᠳᠤ ᠡᠷᠴᠢ ᠵᠣᠷᠢᠭ ᠬᠥᠪᠴᠢᠯᠡᠭ᠌ᠳᠡᠵᠦ᠍᠂ ᠬᠦᠨᠳᠦ ᠡᠭᠦᠷᠭᠡ᠎ᠶ᠋ᠢ ᠡᠭᠦᠷᠭᠡᠯᠡᠨ ᠳᠠᠬᠢᠨᠳᠠ ᠤᠷᠤᠭᠰᠢᠯᠠᠨ᠎ᠠ᠃ ᠥᠪᠥᠷ ᠮᠣᠩᠭᠣᠯ ᠨᠠᠩ ᠪᠣᠳᠠᠲᠠᠶ ᠰᠤᠷᠲᠠᠯ᠂ ᠨᠠᠩ ᠬᠦᠴᠦᠲᠡᠶ ᠠᠷᠭ᠎ᠠ ᠪᠠᠷᠢᠯ᠎ᠢᠶᠡᠷ᠂ ᠪᠥᠬᠥ᠌ ᠬᠦᠴᠦ ᠪᠡᠷ᠎ᠢᠶᠡᠨ ᠠᠶᠤᠯ ᠲᠦᠭ᠌ᠰᠢᠭᠦᠷᠢ᠎ᠶ᠋ᠢ ᠰᠡᠷᠭᠡᠢᠯᠡᠵᠦ᠍᠂ ᠠᠮᠤᠷ ᠲᠦᠪᠱᠢᠨ᠎ᠢ ᠪᠠᠲᠤᠯᠠᠵᠤ᠂ ᠲᠣᠭ᠍ᠲᠠᠭᠤᠨ᠎ᠢ ᠬᠠᠮᠠᠭᠠᠯᠠᠵᠤ᠂ ᠬᠥᠭ᠌ᠵᠢᠯᠲᠡ᠎ᠶ᠋ᠢ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠨᠠᠩ ᠪᠠᠲᠤ ᠪᠠᠬᠢ ᠪᠣᠯᠭᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃