ᠨᠠᠮ᠎ᠤ᠋ᠨ ᠬᠣᠷᠢᠶ᠎ᠠ᠎ᠶ᠋ᠢᠨ ᠠᠷᠪᠠᠳᠤᠭᠠᠷ ᠪᠦᠭᠦᠳᠡ ᠬᠤᠷᠠᠯ > ᠮᠡᠳᠡᠭᠡ

2025-11-14 16:48:53

ᠵᠣᠬᠢᠶᠠᠭ᠍ᠴᠢ᠄ ​ᠯᠢ ᠬᠠᠨ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 13 ᠎ᠤ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠳᠤᠭᠠᠷ ᠪᠥᠬᠥᠳᠡ ᠬᠤᠷᠠᠯ ᠬᠥᠬᠡᠬᠣᠲᠠ᠎ᠳᠤ ᠬᠤᠷᠠᠯᠳᠤᠪᠠ᠂ ᠬᠤᠷᠠᠯ᠎ᠤᠨ ᠬᠤᠭᠤᠴᠠᠭ᠎ᠠ ᠨᠢ 2 ᠡᠳᠦᠷ ᠪᠣᠯᠣᠨ᠎ᠠ᠃


IMG_0284.PNG


11 ᠰᠠᠷ᠎ᠠ᠎ᠶᠢᠨ13 ᠎ᠤ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶᠢᠨ ᠠᠷᠪᠠᠳᠤᠭᠠᠷ ᠪᠥᠬᠥᠳᠡ ᠬᠤᠷᠠᠯ ᠬᠥᠬᠡᠬᠣᠲᠠ᠎ᠳᠤ ᠬᠤᠷᠠᠯᠳᠤᠪᠠ᠃

ᠰᠤᠷᠪᠤᠯᠵᠢᠯᠠᠭ᠍ᠴᠢ ᠮᠠ ᠵᠢᠶᠠᠨ ᠪᠢᠩ ᠰᠡᠭᠦᠳᠡᠷᠯᠡᠪᠡ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠢ ᠵᠦᠩ ᠠᠩᠬᠠᠳᠤᠭᠠᠷ ᠪᠦᠬᠦᠳᠠ ᠬᠤᠷᠠᠯ᠎ᠢ ᠡᠷᠬᠢᠯᠡᠬᠦ᠎ᠶᠢᠨ ᠬᠠᠮᠲᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢ ᠲᠥᠯᠥᠭᠡᠯᠡᠨ ᠪᠦᠬᠦᠳᠠ ᠬᠤᠷᠠᠯ᠎ᠳᠤ ᠠᠵᠢᠯ᠎ᠤᠨ ᠢᠯᠡᠳᠬᠡᠯ ᠬᠢᠬᠦ ᠵᠢᠨ ᠬᠠᠮᠲᠤ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠠᠨᠠᠭᠤᠯᠭ᠎ᠠ(ᠶᠠᠷᠢᠯᠴᠠᠬᠤ ᠨᠣᠣᠷᠠᠭ)》 ᠵᠢᠨ ᠲᠤᠬᠠᠢ ᠲᠣᠳᠣᠷᠬᠠᠢᠯᠠᠯᠲᠠ ᠬᠢᠵᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠤᠷᠠᠯ ᠳ᠋ᠤ ᠣᠷᠣᠯᠴᠠᠪᠠ᠃

ᠳᠤᠰ ᠤᠳᠠᠭ᠎ᠠ ᠵᠢᠨ ᠪᠥᠬᠥᠳᠡ ᠬᠤᠷᠠᠯ᠎ᠤᠨ ᠭᠣᠣᠯ ᠡᠭᠦᠷᠭᠡ ᠪᠣᠯ᠄ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠳᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠬᠣᠷᠢᠶ᠎ᠠ᠎ᠶᠢᠨ ᠠᠵᠢᠯ᠎ᠤᠨ ᠢᠯᠡᠳᠬᠡᠯ᠎ᠢ ᠰᠣᠨᠣᠰᠴᠤ᠂《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠦᠪᠵᠢᠭᠦᠯᠭᠡ᠎ᠶᠢ ᠲᠣᠭᠲᠠᠭᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠠᠨᠠᠭᠤᠯᠭ᠎ᠠ》᠎ᠶᠢ ᠬᠢᠨᠠᠨ ᠵᠥᠪᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面