2025-11-16 12:15:01
— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠨᠢᠭᠡᠨᠲᠡ ᠥᠭᠦᠯᠡᠬᠦ᠌ ᠨᠢ
ᠠᠴᠢ ᠡᠨᠡᠷᠢᠯ᠎ᠳᠦ ᠲᠠᠯᠠᠷᠬᠠᠵᠤ ᠡᠷᠡᠮᠡᠬᠡᠢᠯᠡᠨ ᠤᠷᠤᠭ᠍ᠰᠢᠯᠠᠵᠤ ᠱᠢᠨ᠎ᠡ ᠠᠶᠠᠨ᠎ᠢᠶᠠᠨ ᠡᠬᠢᠯᠡᠭᠦᠯᠤᠨ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠠᠶᠠᠨ ᠳ᠋ᠠᠭᠠᠨ ᠲᠠᠬᠢᠨ ᠮᠣᠷᠳᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠢᠯᠡᠳᠭᠡᠯ᠎ᠢ ᠰᠣᠨᠣᠰᠴᠤ᠌᠂ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠠᠨᠠᠭᠤᠯᠭ᠎ᠠ》 ᠶ᠋ᠢ ᠬᠢᠨᠠᠨ ᠵᠥᠪᠯᠡᠵᠦ᠍ ᠪᠠᠲᠤᠯᠠᠨ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠲᠤᠬᠠᠶ ᠪᠠᠢᠷᠢᠯᠠᠭᠤᠯᠤᠯᠲᠠ ᠬᠢᠵᠦ᠍᠂ ᠤᠷᠤᠨ ᠲᠠᠶᠠᠭᠠᠷ ᠤ᠋ᠨ ᠴᠥᠬᠥᠷᠡᠰᠢ ᠥᠬᠡᠶ ᠴᠢᠷᠮᠠᠢᠨ᠂ ᠦᠷᠭᠦᠯᠵᠢᠯᠡᠨ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠰᠠᠢᠲᠤᠷ ᠪᠢᠴᠢᠭ᠌ᠯᠡᠬᠦ᠌᠎ᠳᠦ ᠢᠲᠡᠭᠡᠯ ᠵᠣᠷᠢᠭᠢ᠋ ᠬᠦᠪᠴᠢᠯᠡᠨ᠂ ᠴᠢᠭ᠌ᠯᠡᠯ᠎ᠢ ᠲᠣᠳᠣᠷᠬᠠᠢᠯᠠᠪᠠ᠃
ᠲᠠᠪᠤᠨ ᠵᠢᠯ᠎ᠦᠨ ᠲᠥᠯᠦᠪᠵᠢᠭᠦᠯᠭᠡ᠎ᠶᠢ ᠰᠢᠨᠵᠢᠯᠡᠬᠦ ᠤᠬᠠᠭᠠᠨᠴᠢ᠎ᠪᠠᠷ ᠲᠣᠭᠲᠠᠭᠠᠬᠤ ᠪᠠ ᠵᠠᠯᠭᠠᠭᠤᠯᠤᠨ ᠬᠡᠷᠡᠭᠵᠢᠭᠦᠯᠬᠦ ᠪᠣᠯ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠨᠢᠭᠡᠨ ᠴᠢᠬᠤᠯᠠ ᠤᠯᠤᠰ ᠲᠦᠷᠦ᠎ᠶᠢᠨ ᠳᠠᠪᠠᠭᠤᠯᠢᠭ᠋ ᠮᠥᠨ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠦᠭᠦᠳᠡ ᠬᠤᠷᠠᠯ᠎ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠵᠢᠯᠤᠭᠣᠳᠬᠤ ᠴᠢᠭᠯᠡᠯᠲᠡ ᠪᠠ ᠭᠣᠣᠯ ᠬᠠᠷᠠᠯᠲᠠ᠎ᠶᠢ ᠲᠣᠳᠣᠷᠬᠠᠢᠯᠠᠵᠤ᠂ ᠢᠷᠡᠭᠡᠳᠦᠢ᠎ᠶᠢᠨ ᠲᠠᠪᠤᠨ ᠵᠢᠯ᠎ᠦᠨ ᠬᠥᠭᠵᠢᠯᠲᠡ᠎ᠶᠢᠨ ᠠᠤᠭ᠎ᠠ ᠲᠥᠰᠥᠪ᠎ᠢ ᠵᠢᠷᠤᠭᠯᠠᠭᠰᠠᠨ ᠪᠠᠢᠨ᠎ᠠ᠃ ᠣᠳᠣᠬᠠᠨ᠎ᠳᠤ ᠪᠥᠬᠥ ᠣᠷᠣᠨ ᠳᠠᠶᠠᠭᠠᠷ ᠲᠤ᠌ ᠶᠠᠭ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠴᠤ ᠪᠠᠢᠨ᠎ᠠ᠂ ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠲᠠᠢ ᠤᠶᠠᠯᠳᠤᠭᠤᠯᠤᠨ ᠰᠤᠷᠤᠯᠴᠠᠨ ᠣᠢᠯᠠᠭᠠᠵᠤ᠂ ᠨᠠᠩ ᠰᠠᠢᠲᠤᠷ ᠲᠠᠷᠢᠬᠢ ᠲᠣᠯᠣᠭᠠᠢ᠎ᠪᠠᠨ ᠵᠡᠪᠰᠡᠭᠯᠡᠨ ᠦᠢᠯᠡᠳᠦᠯᠭᠡ᠎ᠪᠡᠨ ᠵᠢᠯᠣᠭᠣᠳᠤᠭᠤᠯᠵᠤ᠂ ᠪᠣᠳᠠᠲᠤ ᠠᠮᠵᠢᠯᠲᠠ ᠪᠦᠲᠦᠮᠵᠢ᠎ᠪᠠᠷ᠎ᠢᠶᠠᠨ ᠬᠠᠷᠢᠭᠤᠴᠠᠯᠭ᠎ᠠ ᠡᠭᠦᠷᠭᠡᠯᠡᠯ᠎ᠢᠶᠡᠨ ᠪᠢᠴᠢᠭᠯᠡᠵᠦ᠂ ᠠᠴᠢ ᠬᠠᠷᠢᠭᠤᠯᠵᠤ ᠡᠷᠡᠯᠬᠡᠭᠯᠡᠨ ᠤᠷᠤᠭᠰᠢᠯᠠᠬᠤ ᠴᠠᠭ ᠦᠶ᠎ᠡ᠎ᠶᠢᠨ ᠬᠠᠮᠤᠭ᠎ᠤᠨ ᠬᠦᠴᠦᠷᠬᠡᠭ ᠲᠠᠭᠤᠨ᠎ᠢ ᠬᠠᠮᠲᠤ᠎ᠪᠠᠷ ᠴᠢᠪᠬᠠᠳᠠᠬᠤ ᠬᠡᠷᠡᠭᠲᠡᠢ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠨᠢ ᠥᠪᠥᠷ ᠮᠣᠩᠭᠣᠯ᠎ᠳᠦ ᠠᠪᠴᠤ ᠬᠡᠯᠡᠪᠡᠯ ᠳᠠᠪᠠᠭ᠎ᠠ ᠳᠠᠪᠠᠵᠤ ᠬᠦᠴᠢᠷ᠎ᠢ ᠲᠤᠭᠤᠯᠬᠤ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠬᠤ ᠪᠥᠭᠡᠳ ᠨᠡᠩ ᠴᠤ᠌ ᠢᠯᠠᠯᠲᠠ᠎ᠶ᠋ᠢᠨ ᠡᠷᠴᠢᠨ ᠳᠡᠭᠡᠷ᠎ᠡ᠎ᠪᠡᠨ ᠤᠷᠤᠭ᠍ᠰᠢᠯᠠᠬᠤ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠵᠢᠨ ᠬᠠᠯᠠᠮᠵᠢᠯᠠᠯ ᠵᠢᠯᠤᠭᠤᠳᠤᠯᠭ᠎ᠠ ᠲᠠᠢ᠂ ᠨᠠᠮ ᠪᠣᠯᠤᠨ ᠤᠯᠤᠰ᠎ᠤᠨ ᠠᠯᠢ ᠤᠯᠠᠨ ᠴᠢᠬᠤᠯᠠ ᠶᠡᠬᠡ ᠳᠡᠮᠵᠢᠯᠭᠡ᠎ᠶ᠋ᠢᠨ ᠲᠦᠷᠦ᠍᠎ᠶ᠋ᠢᠨ ᠪᠤᠳᠤᠯᠭ᠎ᠠ ᠪᠠᠢᠬᠰᠠᠨ ᠡᠴᠡ ᠪᠦᠬᠦ᠌ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠎ᠳᠤ ᠮᠠᠰᠢ ᠤᠯᠠᠨ ᠠᠱᠢᠭ᠍ᠲᠠᠢ ᠨᠥᠬᠥᠴᠡᠯ ᠲᠠᠢ ᠪᠤᠯᠤᠭᠰᠠᠨ᠎ᠢ ᠣᠯᠵᠤ ᠬᠠᠷᠠᠬᠤ ᠬᠡᠷᠡᠭ᠌ᠲᠡᠢ; ᠡᠭᠦᠨ᠎ᠦ ᠬᠠᠮᠲᠤ ᠬᠥᠭ᠌ᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠢᠬᠤ ᠠᠰᠠᠭᠤᠳᠠᠯ ᠮᠥᠨ ᠲᠤᠪᠤᠢ᠌ᠮ᠎ᠠ ᠪᠠᠢᠵᠤ᠂ ᠲᠤᠯᠭᠠᠷᠠᠵᠤ ᠪᠠᠢᠭ᠎ᠠ ᠠᠶᠤᠯ ᠲᠦᠭ᠌ᠰᠢᠭᠦᠷᠢ ᠥᠷᠢᠰᠥᠯᠳᠦᠭᠡᠨ᠎ᠢ ᠣᠮᠲᠣᠭᠠᠢᠯᠠᠵᠤ ᠪᠣᠯᠤᠰᠢ ᠦᠭᠡᠢ᠃ ᠢᠲᠡᠭᠡᠯ ᠵᠣᠷᠢᠭ᠎ᠢᠶᠠᠨ ᠪᠠᠲᠤᠳᠭᠠᠪᠠᠯ ᠰᠠᠶᠢ ᠲᠠᠰᠤᠷᠠᠯᠲᠠ ᠦᠭᠡᠢ ᠤᠷᠤᠭ᠍ᠰᠢᠯᠠᠵᠤ ᠴᠢᠳᠠᠨ᠎ᠠ; ᠭᠠᠭ᠍ᠴᠠ ᠬᠦ᠌ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠪᠠᠯ ᠰᠠᠶᠢ ᠱᠢᠨ᠎ᠡ ᠪᠠᠢᠳᠠᠯ᠎ᠢ ᠡᠭᠦᠳᠴᠦ᠍ ᠴᠢᠳᠠᠨ᠎ᠠ᠃ ᠪᠢᠳᠡ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ᠎ᠢᠶᠡᠨ ᠴᠢᠩᠭᠠᠳᠭᠠᠵᠤ᠂ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠲᠠᠶ ᠪᠥᠬᠥ᠌ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠰᠡᠳᠭᠢᠬᠦᠶ᠎ᠪᠡᠷ ᠳᠠᠪᠠᠭᠤᠯᠢᠭ᠎ᠢᠶᠠᠨ ᠪᠠᠳᠠᠷᠠᠭᠤᠯᠵᠤ᠂ ᠳᠤᠲᠠᠭᠤᠳᠠᠯ᠎ᠢᠶᠠᠨ ᠨᠥᠬᠥᠪᠥᠷᠢᠯᠡᠵᠦ᠍᠂ ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠵᠦ᠍᠂ ᠲᠡᠦᠬᠡ᠎ᠶ᠋ᠢᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠪᠠᠷ ᠬᠦᠴᠢᠷ᠎ᠢ ᠳᠤᠭᠤᠯᠤᠨ᠂ ᠠᠶᠤᠯ ᠲᠦᠭ᠌ᠰᠢᠭᠦᠷᠢᠲᠡᠶ ᠲᠡᠮᠡᠴᠡᠵᠦ᠍᠂ ᠥᠷᠢᠰᠥᠯᠳᠦᠭᠡᠨ᠎ᠢ ᠤᠭ᠍ᠲᠤᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ ᠭᠡᠷᠡᠭᠲᠡᠢ᠃
ᠰᠡᠳᠦᠪ ᠬᠥᠲᠥᠯᠪᠦᠷᠢ᠎ᠶ᠋ᠢ ᠨᠢᠭᠡᠨᠲᠡ ᠲᠣᠭ᠍ᠲᠠᠭᠠᠵᠤ᠂ ᠢᠯᠠᠯᠲᠠ᠎ᠶ᠋ᠢᠨ ᠡᠷᠴᠢᠨ ᠳᠡᠭᠡᠷ᠎ᠡ ᠪᠡᠨ ᠤᠷᠤᠭ᠍ᠰᠢᠯᠠᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠡᠨᠡ ᠬᠦ᠌ ᠴᠠᠭ ᠬᠤᠭᠤᠴᠠᠭᠠᠨ᠎ᠤ ᠴᠤᠩᠬᠤᠪᠴᠢ ᠵᠢ ᠠᠳᠭᠤᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠬᠦᠷᠢᠶᠡᠨ᠎ᠳᠦ ᠠᠩᠬᠠᠷᠤᠯ᠎ᠢᠶᠡᠨ ᠲᠥᠪᠯᠡᠷᠡᠭᠦᠯᠦᠨ ᠬᠠᠮᠵᠢᠯᠴᠠᠨ ᠬᠦᠴᠦᠯᠡᠪᠡᠯ ᠲᠠᠷᠤᠢ ᠰᠠᠢᠨ ᠰᠠᠢᠬᠠᠨ ᠪᠠᠢᠳᠠᠯ᠎ᠢ ᠤᠯᠠᠮ ᠨᠢᠭᠡ ᠠᠯᠬᠤᠮ ᠪᠡᠬᠢᠵᠢᠭᠦᠯᠦᠨ ᠪᠣᠶ ᠪᠣᠯᠭᠠᠵᠤ᠂ ᠪᠠᠢᠯᠳᠤᠬᠤ ᠪᠣᠳᠣᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠣᠯᠵᠤ ᠴᠢᠳᠠᠨ᠎ᠠ᠃ ᠣᠷᠣᠨ ᠳᠠᠶᠠᠭᠠᠷ᠎ᠢᠶᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠪᠠᠢᠷᠢᠯᠠᠭᠤᠯᠤᠯᠲᠠ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ 《ᠳᠥᠷᠪᠡᠨ ᠪᠦᠬᠦ᠌ ᠲᠠᠯ᠎ᠠ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠵᠣᠬᠢᠴᠠᠭᠤᠯᠤᠨ ᠠᠬᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠎ᠳᠤ ᠢᠳᠡᠪᠬᠢᠲᠡᠢ ᠠᠭᠤᠰᠤᠯᠴᠠᠨ ᠦᠢᠯᠡᠴᠢᠯᠡᠵᠦ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠠᠵᠤ ᠠᠬᠤᠢ᠎ᠶ᠋ᠢᠨ ᠪᠦᠲᠦᠭᠡᠨ ᠪᠠᠢᠭᠤᠯᠤᠯᠲᠠ᠎ᠪᠠᠷ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠭᠤᠤᠯ ᠰᠡᠳᠦᠪ ᠪᠣᠯᠭᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠦᠨᠳᠦᠰᠦᠨ ᠬᠥᠳᠡᠯᠭᠡᠬᠦ᠌ ᠬᠦᠴᠦᠨ ᠪᠣᠯᠭᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠰᠠᠢᠨ ᠰᠠᠢᠬᠠᠨ ᠠᠮᠢᠳᠤᠷᠠᠯ᠎ᠤᠨ ᠲᠤᠬᠠᠢ ᠬᠡᠷᠡᠭ᠌ᠴᠡᠭᠡ᠎ᠶ᠋ᠢ ᠬᠠᠩᠭᠠᠬᠤ᠎ᠪᠠᠷ ᠦᠨᠳᠦᠰᠦᠨ ᠵᠣᠷᠢᠯᠭ᠎ᠠ ᠪᠣᠯᠭᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠪᠠᠷ ᠦᠨᠳᠦᠰᠦᠨ ᠪᠠᠲᠤᠯᠠᠭ᠎ᠠ ᠪᠣᠯᠭᠠᠵᠤ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠣᠬᠢᠰᠲᠠᠶ ᠨᠡᠮᠡᠭ᠌ᠳᠡᠯ᠎ᠢ ᠠᠬᠢᠭᠤᠯᠵᠤ᠂ ᠬᠥᠮᠦᠨ᠎ᠦ ᠪᠦᠬᠦ᠌ ᠲᠠᠯ᠎ᠠ᠎ᠶ᠋ᠢᠨ ᠬᠥᠭ᠌ᠵᠢᠯᠲᠡ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶᠠᠪᠤᠳᠠᠯ ᠯᠠᠪᠳᠠᠭᠤᠨ ᠪᠠᠲᠤᠲᠠᠢ ᠠᠯᠬᠤᠮ᠎ᠢ ᠠᠯᠬᠤᠬᠤ ᠵᠢ ᠠᠬᠢᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢ ᠪᠦᠲᠦᠭᠡᠨ ᠪᠠᠢᠭᠤᠯᠬᠤ ᠲᠠᠯ᠎ᠠ ᠪᠡᠷ ᠱᠢᠨ᠎ᠡ ᠵᠢᠳᠬᠦᠯ ᠴᠢᠷᠮᠠᠢᠯᠭ᠎ᠠ ᠭᠠᠷᠭᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠪᠦᠬᠦ᠌ ᠤᠯᠤᠰ᠎ᠲᠠᠶ ᠬᠠᠮᠲᠤ᠎ᠪᠠᠷ ᠨᠡᠢᠭᠡᠮ ᠵᠢᠷᠤᠮᠲᠤ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠲᠠᠯ᠎ᠠ᠎ᠪᠠᠷ ᠱᠢᠢᠳᠪᠦᠷᠢᠯᠡᠭ᠌ᠴᠢ ᠴᠢᠨᠠᠷᠲᠠᠢ ᠠᠬᠢᠴᠠ᠎ᠲᠠᠶ ᠪᠣᠯᠬᠤ᠎ᠶ᠋ᠢ ᠦᠨᠡᠨ ᠬᠦ᠌ ᠪᠠᠲᠤᠯᠠᠬᠤ ᠬᠡᠷᠡᠭᠲᠡᠢ᠃
ᠤᠩᠭᠤᠴᠠ ᠰᠠᠯ ᠭᠤᠤᠯ ᠮᠦᠷᠡᠨ ᠲᠠᠭᠠᠨ ᠤᠷᠤᠭᠰᠢᠯᠠᠪᠠᠯ ᠬᠤᠷᠳᠤᠴᠠ ᠲᠦᠷᠭᠡᠰᠴᠦ᠂ ᠬᠥᠮᠦᠨ ᠵᠠᠮ ᠳᠠᠭᠠᠨ ᠠᠶᠠᠯᠠᠪᠠᠯ ᠴᠢᠭᠯᠡᠯ᠎ᠢᠶᠡᠨ ᠠᠯᠳᠠᠬᠤ ᠦᠭᠡᠢ᠃ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠴᠢ ᠡᠨᠡᠷᠢᠯ᠎ᠳᠦ ᠲᠠᠯᠠᠷᠬᠠᠵᠤ ᠡᠷᠡᠮᠡᠬᠡᠢᠯᠡᠨ ᠤᠷᠤᠭ᠍ᠰᠢᠯᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠴᠤᠴᠠᠯᠲᠠ ᠦᠭᠡᠢ ᠤᠷᠤᠭ᠍ᠰᠢᠯᠠᠵᠤ᠂ ᠱᠢᠨ᠎ᠡ ᠠᠶᠠᠨᠳᠠᠭᠠᠨ ᠡᠷᠡᠯᠬᠡᠭ᠌ᠯᠡᠨ ᠤᠷᠤᠭ᠍ᠰᠢᠯᠠᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠪᠠᠯ ᠪᠢᠳᠡ ᠯᠠᠪᠲᠠᠢ ᠱᠢᠨ᠎ᠡ ᠲᠡᠮᠡᠴᠡᠯ᠂ ᠱᠢᠨ᠎ᠡ ᠦᠢᠯᠡᠳᠦᠯᠭᠡ ᠪᠡᠷ ᠥᠪᠥᠷ ᠮᠣᠩᠭᠣᠯ᠎ᠤᠨ ᠡᠯ᠎ᠡ ᠬᠦᠷᠢᠶᠡᠨ᠎ᠤ ᠬᠥᠭ᠌ᠵᠢᠯᠲᠡ᠎ᠶ᠋ᠢᠨ ᠱᠢᠨ᠎ᠡ ᠵᠢᠷᠤᠭ ᠲᠥᠰᠦᠪ᠎ᠢ ᠵᠢᠷᠤᠭ᠍ᠯᠠᠵᠤ ᠴᠢᠳᠠᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃