2025-11-15 11:42:40
— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠬᠦᠳᠡ ᠬᠤᠷᠠᠯ ᠴᠢᠩᠭ᠎ᠠ ᠲᠤᠰᠭᠠᠯ ᠭᠠᠷᠪᠠ
2025 ᠣᠨ᠎ᠤ 11 ᠰᠠᠷ᠎ᠠ᠎ᠶ᠋ᠢᠨ 13 ᠡᠴᠡ 14 ᠤ᠋ ᠡᠳᠦᠷ ᠪᠣᠯᠲᠠᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ ᠵᠢᠨ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ ᠬᠥᠬᠡᠬᠣᠲᠠ᠎ᠳᠤ ᠬᠤᠷᠠᠯᠳᠤᠪᠠ᠃ ᠪᠥᠬᠥᠳᠡ ᠬᠤᠷᠠᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠢᠯᠡᠳᠭᠡᠯ᠎ᠢ ᠰᠣᠨᠣᠰᠴᠤ᠌᠂ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠠᠨᠠᠭᠤᠯᠭ᠎ᠠ》 ᠶ᠋ᠢ ᠬᠢᠨᠠᠨ ᠵᠥᠪᠯᠡᠵᠦ᠍ ᠪᠠᠲᠤᠯᠠᠨ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠳᠡᠭᠡᠳᠦ ᠬᠡᠮᠵᠢᠶ᠎ᠡ᠎ᠪᠡᠷ ᠦᠨᠡᠯᠡᠬᠦ᠌᠎ᠶ᠋ᠢᠨ ᠬᠠᠮᠲᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠪᠠᠢᠷᠢᠯᠠᠭᠤᠯᠤᠯᠲᠠ ᠬᠢᠪᠠ᠃
ᠠᠮᠵᠢᠯᠲᠠ ᠪᠦᠲᠦᠮᠵᠢ ᠬᠢᠯᠪᠠᠷ ᠪᠤᠰᠤ ᠪᠡᠷ ᠢᠷᠡᠵᠤ᠂ ᠬᠥᠮᠦᠰ᠎ᠢ ᠵᠣᠷᠢᠭ᠍ᠵᠢᠭᠤᠯᠤᠨ᠎ᠠ᠂ ᠬᠠᠷᠠᠯᠲᠠ ᠨᠢ ᠪᠤᠰᠤᠳᠴᠢ ᠪᠥᠭᠡᠳ ᠪᠣᠳᠠᠲᠠᠢ᠎ᠶ᠋ᠢ ᠡᠷᠬᠢᠮᠯᠡᠵᠦ᠍᠂ ᠬᠥᠮᠦᠰ᠎ᠢ ᠤᠷᠮᠠᠱᠢᠭᠤᠯᠤᠨ᠎ᠠ᠃ ᠬᠤᠷᠠᠯ᠎ᠳᠤ ᠣᠷᠣᠯᠴᠠᠭ᠍ᠰᠠᠨ ᠨᠥᠬᠥᠳ᠂ ᠶᠡᠷᠦᠩᠬᠡᠶ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠡᠷᠡᠰ ᠭᠤᠢᠪᠢᠰᠢ ᠥᠬᠡᠶ ᠪᠣᠳᠠᠲᠠᠶ ᠠᠵᠢᠯᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠤᠤᠯ ᠱᠢᠵᠢᠮ᠎ᠢ ᠡᠯ᠎ᠡ ᠵᠦᠶ᠋ᠯ᠎ᠦᠨ ᠠᠵᠢᠯ᠎ᠳᠤ ᠲᠤᠭᠤᠱᠢᠯᠠᠭᠤᠯᠵᠤ᠂ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠵᠢᠨ ᠰᠠᠨᠠᠭᠤᠯᠭ᠎ᠠ》 ᠶ᠋ᠢᠨ ᠪᠣᠳᠠᠲᠠᠶ ᠠᠵᠢᠯ᠎ᠤᠨ ᠲᠣᠬᠢᠷᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠥᠬᠥ᠌ ᠤᠯᠤᠰ ᠲᠠᠶ ᠬᠠᠮᠲᠤ ᠪᠠᠷ ᠨᠡᠢᠭᠡᠮ ᠵᠢᠷᠤᠮ ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶ᠋ᠢᠨ ᠲᠥᠯᠥᠭᠡ ᠬᠠᠮᠲᠤ᠎ᠪᠠᠷ ᠲᠡᠮᠡᠴᠡᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠲᠠᠰᠤᠷᠠᠯᠲᠠ ᠥᠬᠡᠶ ᠪᠢᠴᠢᠭ᠌ᠯᠡᠨ᠎ᠡ ᠭᠡᠵᠦ᠍ ᠢᠯᠡᠳᠭᠡᠵᠡᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ ᠤ᠋ᠨ ᠬᠡᠯᠲᠡᠰ᠎ᠦᠨ ᠪᠠᠢᠩᠭᠤ᠎ᠶ᠋ᠢᠨ ᠳᠡᠳ᠋ ᠳᠠᠷᠤᠭ᠎ᠠ ᠸᠠᠩ ᠵᠢᠶᠦ᠋ᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠨᠠᠮ᠎ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠨᠠᠮ᠎ᠤᠨ ᠨᠢᠭᠡᠳᠦᠮᠡᠯ ᠹᠷᠣᠨᠲ ᠤ᠋ᠨ ᠠᠵᠢᠯ᠎ᠢ ᠰᠠᠢᠲᠤᠷ ᠬᠢᠬᠦ᠌ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠤᠨ᠂ ᠨᠢᠭᠡ ᠴᠤᠬ᠍ᠴᠠᠵᠢᠭᠤᠯᠤᠨ ᠠᠬᠢᠭᠤᠯᠤᠨ᠎ᠠ᠃ ᠪᠦᠬᠦᠳᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ ᠳ᠋ᠤ ᠠᠨᠭᠬᠠᠷᠤᠯ ᠵᠢᠡᠨ ᠲᠦᠪᠯᠡᠷᠡᠬᠦᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠡᠵᠡᠮᠳᠡᠵᠦ᠍᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠨᠢᠭᠡᠳᠦᠮᠡᠯ ᠹᠷᠣᠨᠲ᠎ᠤᠨ ᠠᠵᠢᠯ᠎ᠤᠨ ᠤᠶᠠᠯᠳᠤᠯ᠎ᠤᠨ ᠴᠡᠭ ᠪᠣᠯᠤᠨ ᠬᠦᠴᠦᠯᠡᠬᠦ᠌ ᠴᠡᠭ᠎ᠢ ᠣᠨᠣᠪᠴᠢᠲᠠᠢ ᠣᠯᠵᠤ᠂ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠤᠭᠤᠳᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨᠴᠢ ᠤᠨᠤᠯ᠎ᠢᠶᠠᠷ ᠵᠡᠪᠰᠡᠭ᠌ᠯᠡᠬᠦ᠌᠎ᠶ᠋ᠢ ᠴᠢᠩᠭᠠᠳᠭᠠᠵᠤ᠂ ᠨᠢᠭᠡᠳᠦᠮᠡᠯ ᠹᠷᠣᠨᠲ᠎ᠤᠨ ᠬᠦᠴᠦᠷᠬᠡᠭ ᠶᠡᠬᠡ ᠡᠷᠳᠡᠨᠢ᠎ᠶ᠋ᠢᠨ ᠦᠢᠯᠡᠳᠦᠯ ᠢ ᠪᠠᠳᠠᠷᠠᠭᠤᠯᠤᠨ᠎ᠠ᠃ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ ᠶ᠋ᠢ ᠠᠬᠢᠭᠤᠯᠬᠤ ᠲᠤᠬᠠᠶ ᠡᠭᠦᠷᠭᠡ᠎ᠶ᠋ᠢᠨ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ᠎ᠨᠢ ᠰᠠᠢᠲᠤᠷ ᠨᠠᠢᠳᠠᠪᠤᠷᠢᠵᠢᠭᠤᠯᠵᠤ᠂ ᠲᠦᠷᠢᠮ ᠲᠣᠭ᠍ᠲᠠᠴᠠ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠣᠨᠣᠯ᠎ᠤᠨ ᠰᠤᠳᠤᠯᠭᠠᠨ᠎ᠢ ᠴᠢᠩᠭᠠᠳᠭᠠᠨ᠎ᠠ; ᠶᠡᠬᠡ ᠨᠢᠭᠡᠳᠦᠮᠡᠯ ᠹᠷᠣᠨᠲ ᠤᠨ ᠠᠵᠢᠯ ᠤᠨ ᠪᠠᠢᠷᠢᠱᠢᠯ ᠢ ᠦᠷᠭᠦᠯᠵᠢᠯᠡᠨ ᠲᠡᠭᠦᠯᠳᠡᠷᠵᠢᠭᠦᠯᠵᠦ᠍᠂ ᠨᠢᠭᠡᠳᠦᠮᠡᠯ ᠹᠷᠣᠨᠲ᠎ᠤᠨ ᠠᠵᠢᠯ ᠤᠨ ᠬᠠᠷᠢᠭᠤᠴᠠᠯᠭ᠎ᠠ᠎ᠶ᠋ᠢᠨ ᠲᠦᠷᠢᠮ᠎ᠢ ᠨᠠᠢᠳᠠᠪᠤᠷᠢᠵᠢᠭᠤᠯᠬᠤ ᠶ᠋ᠢ ᠠᠬᠢᠭᠤᠯᠤᠨ᠎ᠠ; ᠡᠯ᠎ᠡ ᠠᠷᠠᠳᠴᠢᠯᠠᠭ᠍ᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ᠋ ᠬᠣᠯᠪᠣᠭ᠎ᠠ ᠪᠣᠯᠤᠨ ᠨᠠᠮ ᠪᠦᠯᠦᠭ᠎ᠦᠨ ᠪᠤᠰᠤ ᠬᠥᠮᠦᠰ ᠦᠨ《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠢᠳᠡᠪᠬᠢᠲᠡᠢ ᠣᠷᠣᠯᠴᠠᠬᠤ᠎ᠶ᠋ᠢ ᠳᠡᠮᠵᠢᠵᠦ᠍᠂ 《ᠬᠣᠶᠠᠷ ᠡᠷᠡᠭᠦᠯ ᠡᠨᠭᠭᠡ》 ᠵᠢ ᠬᠦᠴᠦᠲᠡᠢ ᠠᠬᠢᠭᠤᠯᠤᠨ᠎ᠠ; ᠱᠠᠱᠢᠨ ᠰᠤᠷᠲᠠᠬᠤᠨ᠎ᠤ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠬᠠᠤᠯᠢ ᠪᠡᠷ ᠵᠠᠰᠠᠬᠤ᠎ᠶ᠋ᠢ ᠴᠢᠩᠭᠠᠳᠭᠠᠵᠤ᠂ ᠠᠶᠤᠯ ᠲᠦᠭ᠌ᠰᠢᠭᠦᠷᠢ ᠬᠡᠮ ᠰᠣᠭᠣᠭ᠎ᠢ ᠰᠡᠷᠭᠡᠢᠯᠡᠨ ᠠᠷᠢᠯᠭᠠᠵᠤ᠂ ᠬᠠᠮᠤᠭ᠎ᠤᠨ ᠥᠷᠭᠡᠨ ᠳᠡᠯᠭᠡᠷ ᠤᠯᠤᠰ᠎ᠢᠶᠠᠨ ᠬᠠᠢᠷᠠᠯᠠᠬᠤ ᠨᠢᠭᠡᠳᠦᠮᠡᠯ ᠹᠷᠣᠨᠲ᠎ᠢ ᠲᠠᠰᠤᠷᠠᠯᠲᠠ ᠥᠬᠡᠶ ᠪᠡᠬᠢᠵᠢᠭᠦᠯᠦᠨ ᠬᠥᠭ᠌ᠵᠢᠭᠦᠯᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠰᠠᠢᠲᠤᠷ ᠪᠢᠴᠢᠭ᠌ᠯᠡᠬᠦ᠌᠎ᠳᠦ ᠨᠢᠭᠡᠳᠦᠮᠡᠯ ᠹᠷᠣᠨᠲ᠎ᠤᠨ ᠬᠦᠴᠦᠨ ᠴᠢᠳᠠᠯ᠎ᠢᠶᠠᠨ ᠡᠷᠭᠦᠨ᠎ᠠ ᠭᠡᠵᠦ᠍ ᠢᠯᠡᠳᠭᠡᠪᠡ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ ᠤᠨ ᠬᠣᠷᠢᠶ᠎ᠠ ᠵᠢᠨ ᠪᠠᠢᠩᠭᠤ᠎ᠶ᠋ᠢᠨ ᠳᠡᠳ᠋ ᠱᠦᠵᠢ ᠰᠦᠨ ᠠᠶ ᠹᠠᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠵᠢᠯᠣᠭᠣᠳᠤᠮᠵᠢ ᠪᠠ ᠪᠠᠲᠤ ᠴᠢᠩᠭ᠎ᠠ ᠪᠠᠲᠤᠯᠠᠭ᠎ᠠ᠎ᠶ᠋ᠢᠨ ᠦᠶ᠋ᠯᠡᠳᠦᠯ᠎ᠢ ᠢᠳᠡᠪᠬᠢᠲᠡᠶ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠡᠯ᠎ᠡ ᠱᠠᠲᠤᠨ ᠤ ᠨᠠᠮ᠎ᠤᠨ ᠵᠣᠬᠢᠶᠠᠨ ᠪᠠᠢᠭᠤᠯᠤᠯᠲᠠ ᠪᠠ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠱᠢᠯᠠᠭᠤᠯᠬᠤ᠎ᠶ᠋ᠢ ᠬᠦᠴᠦᠯᠡᠨ ᠠᠬᠢᠭᠤᠯᠵᠤ᠂ ᠰᠤᠷᠤᠯᠴᠠᠨ ᠲᠤᠭᠤᠱᠢᠯᠠᠭᠤᠯᠬᠤ ᠬᠠᠯᠠᠭᠤᠨ ᠥᠷᠨᠢᠯᠲᠡ᠎ᠶ᠋ᠢ ᠦᠳᠲᠡᠷ ᠲᠦᠷᠭᠡᠨ ᠭᠠᠷᠭᠠᠨ᠎ᠠ᠃ 《ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠠᠨᠠᠭᠤᠯᠭ᠎ᠠ》᠎ᠶ᠋ᠢᠨ ᠪᠣᠳᠠᠲᠠᠶ ᠠᠵᠢᠯ᠎ᠤᠨ ᠲᠣᠬᠢᠷᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ ᠲᠥᠷᠥ᠎ᠶ᠋ᠢᠨ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠬᠦᠴᠦᠯᠡᠨ ᠴᠢᠩᠭᠠᠳᠭᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ ᠶ᠋ᠢ ᠬᠦᠴᠦᠯᠡᠨ ᠰᠠᠢᠲᠤᠷ ᠠᠳᠭᠤᠵᠤ᠂ ᠣᠯᠠᠨ ᠲᠦᠮᠡᠨ᠎ᠲᠡᠶ ᠬᠠᠷᠢᠯᠴᠠᠬᠤ ᠪᠠ ᠣᠯᠠᠨ ᠲᠦᠮᠡᠨ᠎ᠳᠦ ᠦᠶ᠋ᠯᠡᠴᠢᠯᠡᠬᠦ᠌ ᠠᠵᠢᠯ᠎ᠤᠨ ᠲᠣᠭ᠍ᠲᠠᠴᠠ᠎ᠶ᠋ᠢ ᠬᠦᠴᠦᠯᠡᠨ ᠲᠡᠭᠦᠯᠳᠡᠷᠵᠢᠭᠦᠯᠵᠦ᠍᠂ ᠰᠤᠷᠲᠠᠯ ᠤᠨ ᠪᠠᠢᠭᠤᠯᠤᠯᠲᠠ᠎ᠶ᠋ᠢ ᠪᠠᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠠᠢᠯᠭᠠᠬᠤ ᠶ᠋ᠢ ᠬᠦᠴᠦᠯᠡᠨ ᠠᠬᠢᠭᠤᠯᠵᠤ᠂ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠭᠤᠤᠯ ᠴᠣᠭ᠍ᠴᠠ ᠶ᠋ᠢᠨ ᠬᠠᠷᠢᠭᠤᠴᠠᠯᠭ᠎ᠠ᠎ᠶ᠋ᠢ ᠬᠦᠴᠦᠯᠡᠨ ᠴᠢᠩᠭᠠᠳᠭᠠᠨ ᠪᠣᠳᠠᠲᠠᠢᠵᠢᠭᠤᠯᠵᠤ᠂ ᠪᠠᠢᠭᠤᠯᠭ᠎ᠠ᠎ᠶ᠋ᠢᠨ ᠨᠠᠮ ᠤᠨ ᠪᠠᠢᠭᠤᠯᠤᠯᠲᠠ᠎ᠶ᠋ᠢᠨ ᠡᠯ᠎ᠡ ᠵᠦᠶ᠋ᠯ᠎ᠦᠨ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠪᠦᠳᠦᠮᠵᠢ ᠵᠢ ᠨᠡᠮᠡᠭ᠌ᠳᠡᠭᠦᠯᠬᠦ᠌᠎ᠶ᠋ᠢ ᠬᠦᠴᠦᠯᠡᠨ ᠠᠬᠢᠭᠤᠯᠵᠤ᠂ ᠴᠢᠨᠠᠷ ᠰᠠᠢᠲᠠᠶ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠪᠠᠷ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ ᠭᠡᠵᠤ ᠢᠯᠡᠳᠭᠡᠪᠡ᠃
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠭᠤᠤ ᠱ᠌ᠢ ᠴᠢᠨ᠂ ᠪᠥᠬᠥ᠌ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠧᠮ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠤᠳᠠᠭ᠎ᠠ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠪᠦᠯᠬᠦᠮᠳᠡᠨ ᠲᠡᠮᠡᠴᠡᠬᠦ᠌᠂ ᠠᠵᠢᠯᠯᠠᠬᠤ᠎ᠶ᠋ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠨ᠂ ᠲᠡᠮᠦᠷ ᠵᠠᠮ᠎ᠤᠨ《ᠨᠢᠭᠡ ᠲᠣᠭᠣᠷᠢᠭ᠂ ᠨᠢᠭᠡ ᠬᠣᠩᠭᠢᠯ᠂ ᠨᠢᠭᠡ ᠨᠡᠪᠲᠡᠷᠡᠬᠦ᠌ ᠵᠠᠮ》 ᠤ᠋ᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ 《1 ᠴᠠᠭ》 ᠤ᠋ᠨ ᠵᠠᠮ ᠬᠠᠷᠢᠯᠴᠠᠭᠠᠨ᠎ᠤ ᠲᠣᠭᠣᠷᠢᠭ᠎ᠢ ᠪᠠᠢᠭᠤᠯᠵᠤ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠨ᠂ ᠤᠯᠤᠰ᠎ᠤᠨ ᠬᠢᠯᠢ ᠳᠠᠭᠠᠤ ᠲᠦᠷᠭᠡᠨ᠎ᠤ ᠲᠡᠮᠦᠷ ᠵᠠᠮ ᠪᠠ ᠪᠠᠷᠠᠭᠠᠨ᠎ᠤ ᠭᠦᠶ᠋ᠯᠭᠡᠭᠡᠨ᠎ᠦ ᠨᠡᠪᠲᠡᠷᠡᠬᠦ᠌ ᠵᠠᠮ᠎ᠢ ᠨᠡᠪᠳᠡᠷᠡᠭᠦᠯᠦᠨ᠎ᠡ; ᠵᠠᠰᠠᠮᠠᠯ ᠵᠠᠮ᠎ᠤᠨ 《ᠨᠢᠭᠡ᠎ᠵᠢ ᠨᠡᠪᠲᠡᠷᠡᠭᠦᠯᠬᠦ᠂ ᠭᠤᠷᠪᠠ᠎ᠶ᠋ᠢ ᠳᠡᠭᠡᠭ᠌ᠰᠢᠯᠡᠭᠦᠯᠬᠦ᠌》 ᠢᠨᠵᠧᠨᠧᠷᠢᠩ᠎ᠢ ᠬᠡᠷᠡᠭ᠌ᠵᠢᠭᠦᠯᠵᠦ᠍᠂ ᠵᠠᠰᠠᠮᠠᠯ ᠵᠠᠮ᠎ᠤᠨ ᠭᠤᠤᠯ ᠱᠤᠭᠤᠮ᠎ᠢ ᠨᠡᠪᠲᠡᠷᠡᠭᠦᠯᠬᠦ᠌᠂ ᠴᠢᠬᠤᠯᠠ ᠵᠠᠰᠠᠮᠠᠯ ᠵᠠᠮ᠎ᠤᠨ ᠨᠡᠪᠲᠡᠷᠡᠬᠦ᠌ ᠵᠠᠮ᠎ᠢ ᠳᠡᠭᠡᠭ᠌ᠰᠢᠯᠡᠭᠦᠯᠬᠦ᠌᠂ ᠱᠢᠨ᠎ᠡ ᠨᠢᠭᠡ ᠡᠭᠡᠯᠵᠢ᠎ᠶ᠋ᠢᠨ ᠬᠥᠳᠡᠭᠡ ᠲᠣᠰᠭᠣᠨ᠎ᠤ ᠵᠠᠰᠠᠮᠠᠯ ᠵᠠᠮ᠎ᠢ ᠳᠡᠭᠡᠭ᠌ᠰᠢᠯᠡᠭᠦᠯᠬᠦ᠌᠂ ᠲᠡᠭᠡᠭᠡᠪᠦᠷᠢ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ ᠦᠷ᠎ᠡ ᠠᠱᠢᠭ ᠪᠠ ᠬᠡᠯᠪᠡᠷᠢ᠎ᠪᠡᠨ ᠬᠤᠪᠢᠷᠠᠭᠤᠯᠤᠨ ᠠᠭᠤᠰᠤᠯᠴᠠᠨ ᠬᠥᠭ᠌ᠵᠢᠬᠦ᠌᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠲᠦᠷᠭᠡᠳᠭᠡᠨ᠎ᠡ; ᠠᠷᠠᠳ᠎ᠤᠨ ᠠᠭᠠᠷ᠎ᠤᠨ ᠲᠡᠭᠡᠭᠡᠪᠦᠷᠢ᠎ᠶ᠋ᠢᠨ 《ᠭᠤᠤᠯ ᠵᠠᠮ ᠪᠠ ᠰᠠᠯᠪᠤᠷᠢ ᠵᠠᠮ᠎ᠤᠨ ᠪᠥᠬᠥ᠌ ᠣᠷᠣᠨ ᠪᠦᠰᠡ᠎ᠶ᠋ᠢ ᠬᠣᠯᠪᠣᠵᠤ᠂ ᠤᠢᠷ᠎ᠠ ᠤᠭᠲᠠᠷᠭᠤᠢ ᠵᠢ ᠨᠢᠭᠡ ᠲᠤᠤᠷᠪᠤᠯᠭᠠᠬᠤ》ᠪᠠᠢᠷᠢᠱᠢᠯ᠎ᠢ ᠪᠠᠢᠭᠤᠯᠵᠤ᠂《ᠰᠠᠭᠠᠳ ᠥᠬᠡᠶ ᠭᠠᠳᠠᠭ᠍ᠰᠢ ᠬᠣᠯᠪᠣᠭᠠᠯᠠᠬᠤ᠂ ᠬᠦᠶ᠋ᠰᠦ᠎ᠶ᠋ᠢ ᠬᠦᠴᠦᠷᠬᠡᠭ᠌ᠵᠢᠭᠦᠯᠬᠦ᠌᠂ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌》 ᠶ᠋ᠢ ᠠᠬᠢᠭᠤᠯᠤᠨ᠎ᠠ; ᠵᠠᠮ ᠬᠠᠷᠢᠯᠴᠠᠭ᠎ᠠ ᠲᠡᠭᠡᠭᠡᠪᠦᠷᠢ᠎ᠶ᠋ᠢ ᠨᠢᠭᠡ ᠴᠣᠭ᠍ᠴᠠᠵᠢᠭᠤᠯᠤᠨ ᠠᠭᠤᠰᠤᠯᠴᠠᠭᠤᠯᠬᠤ᠂ ᠠᠮᠤᠷ ᠲᠦᠪᠱᠢᠨ ᠪᠣᠯᠭᠠᠨ ᠳᠡᠭᠡᠭ᠌ᠰᠢᠯᠡᠭᠦᠯᠬᠦ᠌᠂ ᠣᠶᠤᠨᠴᠢᠯᠠᠨ ᠲᠠᠰ ᠳᠡᠪᠱᠢᠭᠦᠯᠬᠦ᠌᠂ ᠪᠣᠬᠢᠷᠲᠤᠯ ᠥᠬᠡᠢᠵᠢᠭᠦᠯᠦᠨ ᠬᠡᠯᠪᠡᠷᠢ᠎ᠪᠡᠨ ᠬᠤᠪᠢᠷᠠᠭᠤᠯᠬᠤ᠂ ᠣᠳᠣᠬᠢᠴᠢᠯᠠᠭ᠍ᠰᠠᠨ ᠵᠠᠰᠠᠯᠲᠠ᠎ᠶ᠋ᠢ ᠲᠦᠷᠭᠡᠳᠭᠡᠨ ᠠᠬᠢᠭᠤᠯᠵᠤ᠂ ᠣᠳᠣᠬᠢᠴᠢᠯᠠᠭ᠍ᠰᠠᠨ ᠶᠡᠷᠦᠩᠬᠡᠢᠯᠡᠭ᠌ᠰᠡᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠱᠢᠰᠲ᠋ᠸᠮ᠎ᠢ ᠲᠡᠭᠦᠯᠳᠡᠷᠵᠢᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠬᠦᠴᠦᠷᠬᠡᠭ ᠣᠷᠣᠨ᠎ᠢ ᠦᠨᠳᠦᠰᠦᠨ᠎ᠳᠡᠭᠡᠨ ᠪᠠᠢᠭᠤᠯᠤᠨ ᠪᠦᠲᠦᠭᠡᠬᠦ᠌᠎ᠳᠦ ᠱᠢᠶ᠋ᠳᠪᠦᠷᠢᠲᠦ ᠴᠢᠨᠠᠷᠲᠠᠶ ᠠᠬᠢᠴᠠ᠎ᠲᠠᠶ ᠪᠣᠯᠭᠠᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠰᠠᠢᠲᠤᠷ ᠪᠥᠲᠥᠭᠡᠨ ᠪᠠᠢᠭᠤᠯᠬᠤ᠎ᠳᠤ ᠪᠠᠲᠤ ᠴᠢᠩᠭ᠎ᠠ ᠬᠦᠴᠦᠨ ᠪᠥᠬᠥᠶ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠪᠠᠲᠤᠯᠠᠭ᠎ᠠ ᠬᠠᠩᠭᠠᠨ᠎ᠠ ᠭᠡᠵᠦ ᠢᠯᠡᠳᠭᠡᠪᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠡᠸ᠋ ᠵᠧᠨ ᠴᠢᠩ᠂ ᠪᠥᠬᠥᠳᠡ ᠬᠤᠷᠠᠯ᠎ᠡᠴᠡ ᠥᠪᠥᠷ ᠮᠣᠩᠭᠣᠯ᠎ᠤᠨ ᠣᠨᠴᠠᠯᠢᠭᠳᠦ ᠳᠠᠪᠠᠭᠤᠯᠢᠭ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢ ᠪᠡᠷ ᠵᠠᠰᠠᠬᠤ᠂ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠣᠶ ᠪᠣᠯᠭᠠᠨ᠎ᠠ ᠭᠡᠵᠦ ᠳᠤᠷᠠᠳᠤᠨ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠲᠣᠪᠣᠢᠮ᠎ᠠ ᠵᠥᠷᠢᠴᠡᠯ ᠪᠠ ᠳᠤᠲᠠᠭᠤᠳᠠᠯ ᠪᠠᠭᠤᠷᠠᠶ ᠲᠠᠯ᠎ᠠ᠎ᠶ᠋ᠢ ᠠᠳᠭᠤᠪᠠ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠡᠭᠦᠷᠭᠡ ᠴᠢᠳᠠᠪᠬᠢ᠎ᠶ᠋ᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠨᠡᠩ ᠤᠯᠠᠨ《ᠨᠢᠭᠡ ᠶᠠᠪᠤᠳᠠᠯ᠎ᠢ ᠥᠨᠳᠥᠷ ᠪᠦᠲᠦᠮᠵᠢᠲᠡᠢ ᠪᠦᠲᠦᠭᠡᠬᠦ᠌》 ᠵᠢ ᠪᠣᠳᠠᠲᠠᠢ᠎ᠳᠤ ᠨᠠᠢᠳᠠᠪᠤᠷᠢᠵᠢᠭᠤᠯᠤᠨ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢ ᠲᠦᠷᠭᠡᠨ ᠪᠣᠢᠵᠢᠭᠤᠯᠤᠨ ᠪᠤᠵᠠᠭᠠᠢᠷᠠᠭᠤᠯᠵᠤ᠂ ᠮᠠᠨ᠎ᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢᠨ ᠬᠤᠮᠠᠬᠢ ᠰᠠᠭᠤᠷᠢ᠎ᠶ᠋ᠢ ᠤᠯᠠᠮ ᠨᠢᠭᠡ ᠠᠯᠬᠤᠮ ᠪᠡᠬᠢᠵᠢᠭᠦᠯᠦᠨ᠎ᠡ᠃ ᠶᠠᠰᠤ ᠴᠢᠨᠠᠷ ᠮᠡᠷᠭᠡᠵᠢᠯ᠎ᠦᠨ ᠰᠠᠭᠤᠷᠢ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠨᠢᠭᠡ ᠪᠦᠯᠦᠭ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠸᠮ᠎ᠢ ᠪᠦᠲᠦᠮᠵᠢᠲᠡᠶ ᠲᠤᠯᠭᠠᠭᠤᠷᠢᠯᠠᠬᠤ ᠤᠯᠤᠰ᠎ᠤᠨ ᠶᠠᠰᠤ ᠴᠢᠨᠠᠷ ᠢ᠋ ᠱᠢᠯᠭᠠᠨ ᠪᠠᠢᠴᠠᠭᠠᠬᠤ ᠲᠥᠪ᠂ ᠠᠵᠤ ᠦᠢᠯᠡᠰ᠎ᠦᠨ ᠬᠡᠮᠵᠢᠯᠲᠡ᠎ᠶ᠋ᠢᠨ ᠬᠡᠮᠵᠢᠨ ᠲᠤᠷᠱᠢᠬᠤ ᠲᠥᠪ ᠪᠠ ᠭᠡᠷᠡᠴᠢᠯᠡᠵᠦ᠍ ᠵᠥᠪᠱᠢᠶᠡᠷᠡᠬᠦ᠌᠂ ᠪᠠᠢᠴᠠᠭᠠᠨ ᠱᠢᠯᠭᠠᠵᠤ ᠪᠠᠢᠴᠠᠭᠠᠨ ᠱᠢᠨᠵᠢᠬᠦ᠌ ᠪᠠᠢᠭᠤᠯᠤᠮᠵᠢ᠎ᠶ᠋ᠢ ᠪᠠᠢᠭᠤᠯᠵᠦ᠂ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠶ᠋ᠢᠨ ᠡᠭᠦᠳᠦᠨ ᠪᠦᠲᠦᠭᠡᠬᠦ᠌᠂ ᠬᠠᠮᠠᠭᠠᠯᠠᠬᠤ ᠪᠠ ᠬᠡᠷᠡᠭ᠌ᠯᠡᠬᠦ᠌᠎ᠶ᠋ᠢ ᠴᠢᠩᠭᠠᠷᠠᠭᠤᠯᠤᠨ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠴᠢᠳᠠᠯ ᠬᠤᠷᠠᠮᠳᠤᠭᠤᠯᠵᠤ ᠬᠦᠴᠦᠨ ᠣᠯᠭᠣᠨ᠎ᠠ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢ ᠴᠢᠩᠭᠠᠳᠭᠠᠵᠤ᠂ ᠪᠡᠶ᠎ᠡ᠎ᠶ᠋ᠢᠨ ᠪᠠᠢᠴᠠᠭᠠᠯᠲᠠ᠎ᠶ᠋ᠢᠨ ᠬᠡᠯᠪᠡᠷᠢ᠎ᠶ᠋ᠢᠨ ᠬᠢᠨᠠᠯᠲᠠ ᠬᠠᠮᠢᠶᠠᠷᠤᠯᠲᠠ ᠦᠢᠯᠡᠴᠢᠯᠡᠭᠡᠨ᠎ᠦ ᠬᠡᠯᠪᠡᠷᠢ᠎ᠶ᠋ᠢᠨ ᠬᠠᠤᠯᠢ ᠬᠡᠷᠡᠭ᠌ᠵᠢᠭᠦᠯᠦᠯᠲᠡ᠎ᠶ᠋ᠢ ᠭᠦᠨᠵᠡᠭᠡᠢ ᠠᠬᠢᠭᠤᠯᠵᠤ᠂ ᠵᠣᠭᠣᠰ᠎ᠢᠶᠠᠷ ᠲᠣᠷᠭᠠᠬᠤ᠎ᠪᠠᠷ ᠵᠣᠷᠢᠯᠭ᠎ᠠ ᠪᠣᠯᠭᠠᠬᠤ ᠦᠭᠡᠢ᠂ ᠲᠣᠷᠭᠠᠭᠤᠯᠢ᠎ᠪᠠᠷ ᠵᠣᠷᠢᠯᠳᠠ ᠪᠣᠯᠭᠠᠬᠤ ᠦᠭᠡᠢ᠂ ᠦᠢᠯᠡᠴᠢᠯᠡᠭᠡ᠎ᠶ᠋ᠢ ᠬᠢᠨᠠᠯᠲᠠ ᠬᠠᠮᠢᠶᠠᠷᠤᠯᠲᠠ᠎ᠶᠢᠨ ᠡᠮᠦᠨ᠎ᠡ ᠲᠠᠯᠪᠢᠵᠤ᠂ ᠬᠢᠨᠠᠯᠲᠠ ᠬᠠᠮᠢᠶᠠᠷᠤᠯᠲᠠ᠎ᠶ᠋ᠢ ᠠᠶᠤᠯ ᠲᠦᠭ᠌ᠰᠢᠭᠦᠷᠢ᠎ᠶᠢᠨ ᠡᠮᠦᠨ᠎ᠡ ᠶᠠᠪᠤᠭᠤᠯᠵᠤ᠂ ᠡᠷᠬᠡ ᠲᠡᠭ᠌ᠰᠢ᠎ᠪᠡᠷ ᠦᠷᠢᠰᠦᠯᠳᠦᠬᠦ᠌ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠦᠨᠡᠨ ᠬᠦ᠌ ᠬᠠᠮᠠᠭᠠᠯᠠᠵᠤ᠂ ᠠᠷᠠᠳ ᠤᠯᠠᠨ᠎ᠤ 《ᠢᠳᠡᠭᠡᠨ ᠤᠮᠳᠠᠭᠠᠨ᠎ᠤ ᠠᠮᠤᠷ ᠲᠦᠪᠱᠢᠨ》 ᠢ᠋ ᠰᠠᠢᠲᠤᠷ ᠰᠠᠬᠢᠨ ᠬᠠᠮᠠᠭᠠᠯᠠᠨ᠎ᠠ ᠭᠡᠵᠦ ᠢᠯᠡᠳᠬᠡᠪᠡ᠃
《ᠲᠤᠬᠠᠢ᠎ᠶ᠋ᠢᠨ ᠲᠠᠯᠠᠪᠠᠢ᠎ᠳᠤ ᠠᠵᠢᠯ᠎ᠤᠨ ᠮᠡᠳᠡᠭᠦᠯᠦᠯᠲᠡ᠎ᠶ᠋ᠢ ᠰᠣᠨᠣᠰᠤᠭᠠᠳ ᠦᠭᠡ ᠦᠰᠦᠭ᠎ᠢᠶᠡᠷ ᠳᠠᠮᠵᠢᠭᠳᠠᠬᠤ ᠪᠣᠳᠠᠲᠠᠢ ᠠᠵᠢᠯᠯᠠᠬᠤ ᠣᠷᠭᠢᠯᠤᠮ᠎ᠠ ᠰᠡᠳᠭᠢᠯᠭᠡ ᠪᠣᠯᠤᠨ ᠠᠷᠠᠳ᠎ᠤᠨ ᠠᠮᠢᠳᠤᠷᠠᠯ᠎ᠤᠨ ᠬᠠᠯᠠᠭᠤᠨ ᠰᠡᠳᠭᠢᠯᠭᠡ ᠨᠢ ᠮᠢᠨᠦ᠍ ᠡᠷᠴᠢ ᠵᠣᠷᠢᠭ᠎ᠢ ᠬᠥᠪᠴᠢᠯᠡᠵᠦ᠍᠂ ᠰᠢᠷᠬᠢᠰᠢ ᠦᠭᠡᠢ ᠬᠦᠴᠦᠨ ᠴᠢᠳᠠᠯ ᠤᠯᠭᠤᠪᠠ》᠃ ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠲᠤᠩᠳ᠋ᠤᠤ ᠵᠡᠭᠡᠯᠢ ᠭᠤᠳᠤᠮᠵᠢ᠎ᠶ᠋ᠢᠨ ᠰᠠᠨ ᠱᠦᠨ ᠳ᠋ᠢᠶᠠᠨ ᠨᠡᠢᠭᠡᠮ ᠲᠣᠭᠣᠷᠢᠭ᠎ᠤᠨ ᠨᠠᠮ᠎ᠤᠨ ᠬᠤᠷᠢᠶ᠎ᠠ᠎ᠶᠢᠨ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭ᠌ᠴᠢ ᠯᠢ ᠢ ᡁᠢ᠄ 《〈ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠰᠠᠨᠠᠭᠤᠯᠭ᠎ᠠ〉᠎ᠳ᠋ᠤ᠌᠂ ᠠᠷᠠᠳ᠎ᠤᠨ ᠠᠮᠢᠳᠤᠷᠠᠯ᠎ᠤᠨ ᠬᠦᠷᠢᠶᠡᠨ᠎ᠦ ᠲᠣᠭᠣᠷᠢᠨ᠎ᠳᠤ ᠱᠠᠳᠤᠴᠢ ᠴᠢᠨᠠᠷᠲᠠᠢ ᠬᠠᠷᠠᠯᠲᠠ ᠪᠣᠯᠤᠨ ᠠᠯᠢ ᠤᠯᠠᠨ ᠠᠷᠭ᠎ᠠ ᠬᠡᠮᠵᠢᠶ᠎ᠡ ᠳᠤᠷᠠᠳᠴᠠᠢ᠂ ᠤᠯᠠᠨ ᠲᠦᠮᠡᠨ᠎ᠳᠦ ᠱᠢᠭᠤᠳ ᠦᠢᠯᠡᠴᠢᠯᠡᠬᠦ᠌ ᠦᠨᠳᠦᠰᠦᠨ ᠱᠠᠲᠤᠨ᠎ᠤ ᠠᠵᠢᠯᠳᠠᠨ ᠪᠣᠯᠤᠭ᠍ᠰᠠᠨ᠎ᠤ ᠬᠤᠪᠢ᠎ᠳᠤ᠂ ᠪᠢᠳᠠ ᠢᠮᠠᠭ᠍ᠲᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠠᠵᠢᠯ᠎ᠤᠨ ᠪᠦᠬᠦ᠌ ᠶᠠᠪᠤᠴᠠ᠎ᠳᠤ ᠲᠤᠭᠤᠱᠢᠯᠠᠭᠤᠯᠵᠤ᠂ 〈ᠦᠨᠳᠦᠰᠦᠲᠡᠨ ᠨᠤᠭᠦᠳ ᠪᠦᠯᠬᠦᠮᠳᠡᠵᠦ ᠨᠢᠭᠡ ᠭᠡᠷ᠎ᠦᠨ ᠬᠥᠮᠦᠨ ᠮᠡᠲᠦ ᠳᠤᠳᠤᠨᠤ〉 ᠪᠠᠢᠬᠤ ᠭᠣᠣᠯ ᠰᠡᠳᠦᠪᠲᠦ ᠠᠵᠢᠯᠯᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠢ ᠰᠣᠶᠣᠯ᠎ᠤᠨ ᠠᠭᠤᠰᠤᠯᠴᠠᠯ᠎ᠤᠨ ᠳᠤᠮᠳᠠ ᠬᠠᠮᠲᠤ᠎ᠶ᠋ᠢᠨ ᠲᠠᠨᠢᠯᠲᠠ ᠪᠠᠨ ᠨᠡᠮᠡᠭ᠌ᠳᠡᠭᠦᠯᠬᠦ ᠪᠤᠯᠭᠠᠨ᠎ᠠ》 ᠭᠡᠪᠡ᠃
《〈ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠰᠠᠨᠠᠭᠤᠯᠭ᠎ᠠ〉 ᠳ᠋ᠤ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠠᠵᠤ ᠠᠬᠤᠢᠯᠠᠯ ᠳᠡᠢᠰᠢ ᠲᠥᠪᠯᠡᠷᠡᠭᠦᠯᠬᠦ᠌᠎ᠶ᠋ᠢ ᠠᠬᠢᠭᠤᠯᠵᠤ᠂ ᠠᠵᠤ ᠠᠬᠤᠢᠯᠠᠯ ᠲᠦᠷᠦᠭᠦᠯᠡᠨ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠵᠣᠬᠢᠶᠠᠨ ᠪᠠᠢᠭᠤᠯᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ ᠡᠭᠦᠷᠭᠡ᠎ᠶ᠋ᠢ ᠨᠠᠩ ᠣᠯᠠᠨ ᠡᠭᠦᠷᠭᠡᠯᠡᠬᠦ ᠶ᠋ᠢ ᠳᠡᠮᠵᠢᠨ᠎ᠡ ᠭᠡᠵᠦ᠍ ᠳᠤᠷᠠᠳᠴᠠᠶ᠃ ᠡᠨᠡ ᠨᠢ ᠮᠢᠨᠦ᠍ ᠡᠷᠴᠢ ᠵᠣᠷᠢᠭ᠎ᠢ ᠬᠥᠪᠴᠢᠯᠡᠪᠡ᠂ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠱᠢᠨ᠎ᠡ ᠠᠵᠠ ᠲᠣᠬᠢᠶᠠᠯ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ᠎ᠤ ᠳᠠᠪᠠᠭᠤᠯᠢᠭ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠱᠢᠨ᠎ᠡ ᠬᠥᠳᠡᠯᠭᠡᠬᠦ᠌ ᠡᠨᠧᠷᠭᠢ ᠪᠣᠯᠤᠨ᠎ᠠ》᠃ ᠥᠪᠥᠷ ᠮᠣᠩᠭᠣᠯ᠎ᠤᠨ ᠡᠸᠤ ᠵᠢᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠠᠨ ᠱᠢᠤᠢ ᠲᠤᠤ ᠄ 《ᠥᠪᠡᠷᠲᠡᠭᠡᠨ ᠵᠠᠰᠠᠬᠤ ᠣᠷᠣᠨ᠎ᠤ ᠰᠲ᠋ᠤᠺ᠎ᠤᠨ ᠵᠠᠬ᠎ᠠ ᠳᠡᠯᠭᠡᠭᠦᠷ᠎ᠲᠦ ᠭᠠᠷᠤᠭ᠍ᠰᠠᠨ ᠱᠢᠨ᠎ᠡ ᠡᠨᠧᠷᠭᠢ᠎ᠶ᠋ᠢᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠤ᠂ ᠡᠸᠤ ᠵᠢᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠳᠤ ᠺᠤᠮᠫᠠᠨᠢ ᠪᠡᠯᠡ ᠣᠷᠣᠭᠤᠯᠤᠯᠲᠠ᠎ᠶ᠋ᠢᠨ ᠡᠷᠴᠢᠮ᠎ᠢᠶᠡᠨ ᠲᠠᠰᠤᠷᠠᠯᠳᠠ ᠦᠭᠡᠢ ᠴᠢᠩᠭᠠᠷᠠᠭᠤᠯᠵᠤ᠂ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠤᠶᠤᠨᠴᠢᠯᠠᠬ᠍ᠰᠠᠨ᠂ ᠪᠣᠬᠢᠷᠲᠤᠯ ᠦᠭᠡᠢ ᠬᠥᠭ᠌ᠵᠢᠯᠲᠡ᠎ᠶ᠋ᠢᠨ ᠴᠢᠭ᠌ᠯᠡᠯ᠎ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠬᠦ ᠪᠣᠯᠤᠨ ᠠᠵᠤ ᠦᠢᠯᠡᠰ᠎ᠦᠨ ᠱᠢᠨ᠎ᠡ ᠡᠭᠦᠳᠬᠦ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠠᠵᠤ ᠦᠢᠯᠡᠰ᠎ᠦᠨ ᠶᠠᠰᠤ ᠴᠢᠨᠠᠷ ᠢ ᠳᠡᠭᠡᠭ᠌ᠰᠢᠯᠡᠭᠦᠯᠦᠨ ᠲᠡᠰ ᠳᠡᠪᠱᠢᠭᠦᠯᠬᠦ᠌᠎ᠶ᠋ᠢ ᠴᠢᠷᠮᠠᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠦ ᠠᠵᠤ ᠠᠬᠤᠢᠯᠠᠯ᠎ᠤᠨ ᠬᠤᠪᠢ ᠨᠡᠮᠡᠷᠢ ᠪᠠᠨ ᠦᠵᠡᠭᠦᠯᠦᠨ᠎ᠡ》 ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃