2022-02-10 16:35:03
ᠬᠠᠪᠤᠷ᠎ᠤᠨ ᠠᠭᠤᠷ ᠪᠣᠯ ᠬᠣᠷᠢᠨ ᠳᠥᠷᠪᠡᠨ ᠴᠠᠭ ᠤᠯᠠᠷᠢᠯ᠎ᠳᠠᠬᠢ ᠨᠢᠭᠡᠳᠦᠭᠡᠷ ᠴᠠᠭ ᠤᠯᠠᠷᠢᠯ ᠪᠤᠯᠤᠨ᠎ᠠ᠃ ᠬᠠᠪᠤᠷ᠎ᠤᠨ ᠠᠭᠤᠷ ᠣᠷᠣᠭ᠍ᠰᠠᠨ᠎ᠤ ᠳᠠᠷᠠᠭ᠎ᠠ᠂ ᠠᠭᠤᠷ ᠠᠮᠢᠰᠭᠤᠯ ᠠᠭᠠᠵᠢᠮ᠎ᠢᠶᠠᠷ ᠳᠤᠯᠠᠭᠠᠷᠠᠵᠤ᠂ ᠲᠦᠮᠡᠨ ᠪᠣᠳᠠᠰ ᠲᠦᠯᠵᠢᠨ ᠰᠡᠷᠭᠦᠵᠦ᠍᠂ ᠬᠥᠮᠦᠨ᠎ᠦ ᠪᠡᠶ᠎ᠡ᠎ᠶᠢᠨ ᠠᠷᠭ᠎ᠠ ᠬᠡᠢ ᠴᠤ᠌ ᠳᠠᠭᠠᠯᠳᠤᠨ ᠳᠡᠭᠡᠭ᠌ᠰᠢᠯᠡᠳᠡᠭ᠃ ᠡᠨᠡ ᠦᠶ᠎ᠡ᠎ᠳᠦ ᠪᠡᠶ᠎ᠡ᠎ᠪᠠᠨ ᠰᠤᠪᠢᠯᠠᠬᠤ᠎ᠳᠦ ᠶᠠᠭᠤ᠎ᠶ᠋ᠢ ᠠᠩᠬᠠᠷᠪᠠᠯ ᠵᠣᠬᠢᠬᠤ ᠪᠤᠶ?
ᠯᠢᠶᠣᠤᠨᠢᠩ᠎ᠤᠨ ᠬᠢᠲᠠᠳ ᠡᠮ ᠡᠮᠨᠡᠯᠭᠡ᠎ᠶ᠋ᠢᠨ ᠶᠡᠬᠡ ᠰᠤᠷᠭᠠᠭᠤᠯᠢ᠎ᠶ᠋ᠢᠨ ᠬᠠᠷᠢᠶᠠᠲᠤ ᠡᠮᠨᠡᠯᠭᠡ᠎ᠶ᠋ᠢᠨ ᠬᠣᠷᠢᠶᠠᠨ᠎ᠤ ᠢᠯᠡᠷᠡᠭᠡᠳᠦᠢ ᠡᠪᠡᠳᠴᠢᠨ᠎ᠢ ᠵᠠᠰᠠᠬᠤ ᠲᠥᠪ᠎ᠦᠨ ᠰᠠᠯᠠᠭᠠᠨ᠎ᠤ ᠡᠷᠬᠢᠯᠡᠭ᠌ᠴᠢ ᠯᠢᠦ ᠸᠸᠨ ᠬᠤᠸᠠ᠂ ᠬᠠᠪᠤᠷ᠎ᠤᠨ ᠠᠭᠤᠷ ᠣᠷᠣᠬᠤ ᠦᠶ᠎ᠡ᠎ᠪᠡᠷ ᠪᠡᠶ᠎ᠡ ᠰᠤᠪᠢᠯᠠᠬᠤ᠎ᠳᠠᠭᠠᠨ ᠪᠡᠶ᠎ᠡ᠎ᠶᠢᠨ ᠠᠷᠭ᠎ᠠ ᠬᠡᠶ᠎ᠶ᠋ᠢ ᠬᠠᠮᠠᠭᠠᠯᠠᠬᠤ᠎ᠶ᠋ᠢ ᠠᠩᠬᠠᠷᠬᠤ ᠬᠡᠷᠡᠭ᠌ᠲᠡᠶ᠃ ᠢᠳᠡᠭᠡᠨ ᠤᠮᠳᠠᠭᠠᠨ᠎ᠤ ᠲᠠᠯ᠎ᠠ᠎ᠪᠠᠷ᠂ ᠴᠢᠪᠠᠭ᠎ᠠ᠂ ᠢᠰᠭᠡᠭᠦᠯᠭᠡ ᠪᠤᠷᠴᠠᠭ᠂ ᠰᠣᠩᠭᠢᠨ᠎ᠠ᠂ ᠦᠨᠦᠷᠲᠦ ᠨᠣᠭᠣᠭ᠎ᠠ᠂ ᠯᠣᠬᠠᠱᠧᠩ ᠵᠡᠷᠭᠡ᠎ᠶ᠋ᠢ ᠢᠯᠡᠭᠦᠬᠡᠨ ᠢᠳᠡᠵᠦ᠍ ᠪᠣᠯᠤᠨ᠎ᠠ ᠭᠡᠵᠦ ᠢᠯᠡᠷᠬᠡᠢᠯᠡᠪᠡ᠃
ᠯᠢᠦ ᠸᠧᠨ ᠬᠤᠸᠠ ᠡᠮᠴᠢ᠎ᠶ᠋ᠢᠨ ᠰᠠᠨᠠᠭᠤᠯᠤᠭ᠍ᠰᠠᠨ᠎ᠢᠶᠠᠷ᠂ ᠬᠠᠪᠤᠷ᠎ᠤᠨ ᠠᠭᠤᠷ ᠤᠷᠤᠬᠤ ᠦᠶ᠎ᠡ᠎ᠳᠦ ᠴᠠᠭ ᠠᠭᠤᠷ ᠬᠦᠢᠲᠡᠨ᠎ᠡᠴᠡ᠎ᠪᠠᠨ ᠳᠤᠯᠠᠭᠠᠷᠠᠵᠤ᠂ ᠡᠯ᠎ᠡ ᠵᠦᠢᠯ᠎ᠦᠨ ᠡᠪᠡᠳᠴᠢᠯᠡᠭᠦᠯᠬᠦ᠌ ᠪᠠᠺᠲ᠋ᠧᠷᠢ᠂ ᠸᠢᠷᠦ᠋ᠰ ᠳᠠᠭᠠᠯᠳᠤᠨ ᠦᠷᠡᠵᠢᠳᠡᠭ ᠤᠴᠢᠷ᠎ᠡᠴᠡ ᠡᠳᠦᠷ ᠲᠤᠲᠤᠮ᠎ᠤᠨ ᠶᠠᠪᠤᠵᠤ ᠰᠠᠭᠤᠬᠤ᠎ᠳᠠᠭᠠᠨ ᠡᠪᠡᠳᠴᠢᠨ᠎ᠢ ᠰᠡᠷᠭᠡᠢᠯᠡᠨ ᠡᠷᠡᠭᠦᠯ ᠮᠡᠨᠳᠦ᠍᠎ᠶ᠋ᠢ ᠬᠠᠮᠠᠭᠠᠯᠠᠬᠤ᠎ᠶ᠋ᠢ ᠠᠩᠬᠠᠷᠬᠤ ᠬᠡᠷᠡᠭ᠌ᠲᠡᠶ᠃ ᠬᠠᠪᠤᠷ᠎ᠤᠨ ᠠᠭᠤᠷ ᠣᠷᠣᠬᠤ ᠦᠶᠡᠰᠶ᠋ᠢᠠᠷ ᠬᠦᠢᠲᠡᠨ ᠠᠭᠤᠷ ᠠᠮᠢᠰᠭᠤᠯ ᠪᠠᠰᠠ ᠪᠦᠷᠢᠮᠦᠰᠦᠨ ᠰᠠᠷᠨᠢᠭᠠᠳᠤᠶ᠂ ᠢᠯᠠᠩᠭᠤᠶ᠎ᠠ ᠤᠮᠠᠷᠠᠲᠤ ᠣᠷᠣᠨ᠎ᠤ ᠬᠥᠮᠥᠰ ᠬᠤᠪᠴᠠᠰᠤ ᠬᠤᠨᠠᠷ᠎ᠢᠶᠠᠨ ᠨᠢᠮᠭᠡᠯᠡᠬᠦ ᠵᠢ ᠶᠠᠭᠠᠷᠠᠵᠤ ᠪᠣᠯᠬᠤ ᠦᠭᠡᠶ᠂ ᠬᠠᠷᠢᠨ ᠬᠦᠢᠲᠡᠨ᠎ᠢ ᠰᠡᠷᠭᠡᠢᠯᠡᠬᠦ᠌᠎ᠶ᠋ᠢ ᠠᠩᠬᠠᠷᠬᠤ ᠬᠡᠷᠡᠭ᠌ᠲᠡᠶ᠃ ᠬᠦᠢᠲᠡᠨ᠎ᠢ ᠰᠡᠷᠭᠡᠢᠯᠡᠬᠦ᠌᠎ᠶ᠋ᠢᠨ ᠬᠠᠮᠲᠤ ᠪᠠᠰᠠ ᠡᠭᠦᠳᠡ ᠴᠣᠩᠬᠣ᠎ᠪᠠᠨ ᠦᠷᠭᠦᠯᠵᠢ ᠨᠡᠭᠡᠭᠡᠵᠦ᠍᠂ ᠠᠭᠠᠷ ᠨᠡᠪᠲᠡᠷᠡᠭᠦᠯᠦᠨ ᠠᠭᠠᠷ᠎ᠢ ᠴᠡᠪᠡᠷᠰᠢᠭᠦᠯᠵᠦ᠂ ᠴᠢᠩᠭ᠎ᠠ ᠳᠤᠯᠠᠭᠠᠨ᠎ᠤ ᠵᠥᠷᠢᠶ᠎ᠡ᠎ᠡᠴᠡ ᠪᠤᠯᠵᠤ ᠪᠡᠶ᠎ᠡ ᠮᠠᠭᠤᠳᠠᠬᠤ᠎ᠶᠢ ᠰᠡᠷᠭᠡᠢᠯᠡᠬᠦ ᠬᠡᠷᠡᠭ᠌ᠲᠡᠶ᠃ ᠬᠠᠪᠤᠷ᠎ᠤᠨ ᠤᠯᠠᠷᠢᠯ᠎ᠳᠤ ᠡᠯᠢᠭᠡᠨ ᠲᠠᠮᠢᠷ ᠬᠥᠭ᠌ᠵᠢᠩᠭᠦᠶ ᠪᠠᠢᠵᠤ᠂ ᠠᠮᠠᠷᠬᠠᠨ ᠤᠷᠮ᠎ᠠ ᠰᠡᠳᠭᠢᠯᠭᠡ᠎ᠶ᠋ᠢᠨ ᠠᠰᠠᠭᠤᠳᠠᠯ ᠭᠠᠷᠳᠠᠭ᠂ ᠡᠢᠮᠦ᠎ᠡᠴᠡ ᠠᠵᠢᠯᠯᠠᠵᠤ ᠠᠮᠠᠷᠠᠬᠤ ᠴᠠᠭᠶ᠋ᠢᠠᠨ ᠵᠤᠬᠢᠰᠲᠠᠢ ᠳᠤᠬᠢᠷᠠᠭᠤᠯᠵᠤ᠂ ᠡᠷᠲᠡ ᠤᠨᠲᠠᠵᠤ ᠡᠷᠲᠡ ᠪᠣᠰᠭᠤ᠎ᠶᠢ ᠪᠠᠷᠢᠮᠲᠠᠯᠠᠪᠠᠯ ᠰᠠᠢᠨ᠃ ᠠᠭᠤᠷᠯᠠᠬᠤ᠎ᠶᠢ ᠲᠡᠪᠴᠢᠵᠦ᠍᠂ ᠰᠡᠳᠭᠢᠯ ᠰᠠᠨᠠᠭ᠎ᠠ ᠪᠤᠬᠢᠨᠢᠳᠤᠨ ᠵᠣᠪᠠᠬᠤ᠎ᠶᠢ ᠴᠡᠭᠡᠷᠯᠡᠵᠦ᠂ ᠪᠡᠶ᠎ᠡ ᠮᠠᠬᠠᠪᠤᠳᠶ᠋ᠢᠠᠨ ᠲᠠᠭᠠᠯᠠᠮᠵᠢᠲᠠᠢ ᠪᠠᠢᠯᠭᠠᠪᠠᠯ ᠵᠤᠬᠢᠨ᠎ᠠ᠃
ᠡᠭᠦᠨ᠎ᠡᠴᠡ ᠭᠠᠳᠠᠨ᠎ᠠ᠂ ᠬᠠᠪᠤᠷ᠎ᠤᠨ ᠤᠯᠠᠷᠢᠯ ᠪᠣᠯ ᠲᠠᠮᠢᠷ᠎ᠤᠨ ᠪᠣᠯᠪᠠᠰᠤᠷᠠᠯ ᠬᠢᠬᠦ᠌ ᠰᠠᠢᠨ ᠴᠠᠭ ᠦᠶ᠎ᠡ ᠮᠦᠨ᠃ ᠡᠨᠡ ᠦᠶ᠎ᠡ᠎ᠳᠦ ᠬᠦᠢᠳᠠᠨ ᠳᠤᠯᠠᠭᠠᠨ᠎ᠤ ᠬᠤᠪᠢᠷᠠᠯᠲᠠ ᠨᠡᠯᠢᠶᠡᠳ ᠶᠡᠬᠡ ᠪᠠᠢᠵᠤ᠂ ᠥᠷᠯᠥᠭᠡ ᠪᠡᠶ᠎ᠡ ᠪᠣᠯᠪᠠᠰᠤᠷᠠᠭᠤᠯᠬᠤ᠎ᠳᠠᠭᠠᠨ ᠳᠤᠯᠠᠭᠠᠯᠠᠬᠤ᠎ᠶ᠋ᠢ ᠠᠩᠬᠠᠷᠴᠤ᠌᠂ ᠬᠥᠳᠡᠯᠭᠡᠭᠡᠨ᠎ᠦ ᠬᠡᠮᠵᠢᠶ᠎ᠡ᠎ᠪᠡᠨ ᠠᠯᠬᠤᠮ ᠠᠯᠬᠤᠮᠶ᠋ᠢᠠᠷ ᠨᠡᠮᠡᠭ᠌ᠳᠡᠭᠦᠯᠦᠨ᠂ ᠪᠠᠭ᠎ᠠ ᠬᠥᠯᠥᠰᠥ᠍ ᠭᠠᠷᠪᠠᠯ ᠰᠠᠢᠨ᠃ ᠥᠷᠯᠦᠭᠡᠠᠯᠬᠤᠬᠤ᠂ ᠤᠳᠠᠭᠠᠨ ᠭᠦᠶᠦᠬᠦ᠌᠂ ᠲᠠᠮᠢᠷ ᠬᠢᠬᠦ᠌ ᠵᠡᠷᠭᠡ ᠬᠥᠳᠡᠯᠭᠡᠭᠡᠨ᠎ᠢ ᠰᠣᠩᠭᠣᠵᠤ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃