2022-08-31 09:32:26
ᠬᠠᠯᠠᠭᠤᠨ ᠡᠭᠡᠬᠦ ᠪᠤᠯᠵᠤ ᠠᠭᠠᠬᠢᠮ᠎ᠠ ᠬᠠᠯᠠᠭᠤᠨ ᠴᠠᠭ ᠠᠭᠤᠷ ᠠᠭᠠᠵᠢᠮ᠎ᠢᠶᠠᠷ ᠬᠤᠯᠠᠳᠠᠤ ᠰᠡᠷᠢᠭᠦᠨ ᠪᠤᠯᠵᠤ ᠡᠬᠢᠯᠡᠨ᠂ ᠨᠠᠮᠤᠷ᠎ᠲᠤ ᠦᠩᠭᠡ ᠦᠵᠡᠮᠵᠢ ᠨᠡᠮᠡᠷᠢᠯᠡᠵᠡᠶ᠃
ᠨᠠᠮᠤᠷ ᠲᠠᠷᠢᠶ᠎ᠠ ᠢᠳᠡᠷᠡᠭᠦᠨ ᠤᠷᠭᠤᠵᠤ᠂ ᠨᠦᠷᠢ ᠬᠦᠳᠡᠯᠮᠦᠷᠢ ᠭᠠᠷᠭᠠᠭᠰᠠᠨ ᠲᠠᠷᠢᠶᠠᠴᠢᠳ ᠡᠯᠪᠡᠭ ᠬᠤᠷᠢᠶᠠᠯᠲᠠ᠎ᠶ᠋ᠢ ᠬᠦᠰᠡᠵᠦ᠍ ᠬᠦᠯᠢᠶᠡᠨ᠎ᠡ᠂ ᠭᠡᠪᠡᠴᠦ᠍ ᠪᠠᠰᠠ ᠭᠠᠩ ᠬᠠᠭ᠍ᠰᠠᠷᠠᠭᠠᠨ᠎ᠲᠠᠶ ᠲᠡᠮᠡᠴᠡᠬᠦ᠌᠂ ᠤᠰᠤᠲᠤᠯ᠎ᠢ ᠰᠡᠷᠭᠡᠢᠯᠡᠬᠦ᠌᠂ ᠰᠠᠯᠬᠢ᠎ᠶ᠋ᠢ ᠰᠡᠷᠭᠡᠢᠯᠡᠬᠦ᠌ ᠵᠡᠷᠭᠡ ᠡᠯ᠎ᠡ ᠵᠦᠢᠯ᠎ᠦᠨ ᠪᠠᠢᠭᠠᠯᠢ᠎ᠶ᠋ᠢᠨ ᠭᠠᠮᠱᠢᠭ᠎ᠢ ᠠᠷᠭᠠᠴᠠᠭᠠᠬᠤ ᠪᠡᠯᠡᠳᠭᠡᠯ᠎ᠢ ᠰᠠᠢᠲᠤᠷ ᠬᠢᠬᠦ᠌ ᠬᠡᠷᠡᠭ᠌ᠲᠡᠢ᠃
ᠬᠠᠯᠠᠭᠤᠨ᠎ᠠᠴᠠ ᠰᠡᠷᠢᠭᠦᠨ ᠪᠤᠯᠵᠤ ᠂ ᠥᠷᠯᠥᠭᠡ ᠦᠳᠡ ᠣᠷᠣᠢ᠎ᠶ᠋ᠢᠨ ᠳᠤᠯᠠᠭᠠᠨ᠎ᠤ ᠵᠥᠷᠢᠶ᠎ᠡ ᠨᠡᠯᠢᠶᠡᠳ ᠶᠡᠬᠡᠰᠴᠤ ᠂ ᠣᠯᠠᠨ᠎ᠢᠶᠠᠷ᠎ᠢᠶᠠᠨ ᠬᠤᠪᠴᠠᠰᠤ ᠬᠤᠨᠠᠷ ᠵᠢᠡᠨ ᠵᠣᠬᠢᠰᠲᠠᠶ ᠵᠤᠵᠠᠭᠠᠯᠠᠵᠤ ᠨᠢᠮᠬᠡᠯᠡᠨ᠂ ᠳᠠᠭᠠᠷᠠᠬᠤ᠎ᠠᠴᠠ ᠰᠡᠷᠭᠡᠢᠯᠡᠬᠦ᠌ ᠴᠢᠬᠤᠯᠠ ᠲᠠᠢ᠃ ᠡᠭᠦᠨ᠎ᠦ ᠬᠠᠮᠲᠤ ᠴᠠᠭ ᠠᠭᠤᠷ᠎ᠤᠨ ᠮᠡᠳᠡᠭᠡ᠎ᠶ᠋ᠢ ᠠᠩᠬᠠᠷᠴᠤ᠌ ᠂ ᠠᠶᠤᠩᠭᠠᠲᠤ ᠪᠤᠷᠤᠭᠠᠨ ᠰᠢᠷᠦᠭᠦᠨ ᠪᠣᠷᠣᠭᠠᠨ ᠵᠡᠷᠭᠡ ᠬᠦᠴᠦᠲᠡᠶ ᠰᠣᠯᠢᠭ ᠤᠷᠤᠰᠭᠠᠯ᠎ᠤᠨ ᠴᠠᠭ ᠠᠭᠤᠷ ᠵᠢᠴᠢ ᠠᠭᠤᠯᠠᠨ ᠦᠶᠡᠷ᠂ ᠱᠢᠪᠠᠷ ᠴᠢᠯᠠᠭᠤᠨ᠎ᠤ ᠤᠷᠤᠰᠭᠠᠯ ᠵᠡᠷᠭᠡ ᠪᠠᠢᠭᠠᠯᠢ᠎ᠶ᠋ᠢᠨ ᠭᠠᠢ ᠭᠠᠮᠱᠢᠭ᠎ᠢ ᠠᠷᠭᠠᠴᠠᠭᠠᠬᠤ ᠪᠡᠯᠡᠳᠭᠡᠯ᠎ᠢ ᠰᠠᠢᠲᠤᠷ ᠬᠢᠬᠦ᠌ ᠬᠡᠷᠡᠭ᠌ᠲᠡᠶ᠃ ᠲᠩᠷᠢ᠎ᠶ᠋ᠢᠨ ᠴᠠᠭ᠎ᠢ ᠳᠠᠭᠠᠵᠤ᠂ ᠢᠳᠡᠵᠦ᠍ ᠤᠤᠭᠤᠬᠤ ᠪᠠᠨ ᠵᠦᠢ ᠵᠤᠬᠢᠰᠲᠠᠢ ᠳᠤᠬᠢᠷᠠᠭᠤᠯᠤᠨ᠂ ᠰᠠᠢᠨ ᠤᠨᠲᠠᠵᠤ᠂ ᠰᠡᠳᠭᠢᠯ ᠰᠠᠨᠠᠭ᠎ᠠ᠎ᠪᠠᠨ ᠲᠣᠬᠢᠷᠠᠭᠤᠯᠤᠨ᠂ ᠡᠳᠦᠷ᠎ᠤᠨ ᠠᠵᠢᠯ᠎ᠢᠶᠠᠨ ᠲᠦᠯᠦᠪᠯᠡᠬᠡ ᠲᠠᠢ ᠰᠠᠢᠲᠤᠷ ᠬᠢᠬᠦ᠌ ᠬᠡᠷᠡᠭ᠌ᠲᠡᠶ᠃
ᠨᠠᠮᠤᠷ᠎ᠤᠨ ᠰᠡᠷᠢᠭᠦᠨ᠎ᠳᠤ ᠭᠡᠭᠡᠷ᠎ᠡ ᠵᠤᠭᠠᠯᠠᠨ ᠦᠵᠡᠮᠵᠢ ᠰᠤᠨᠢᠷᠬᠠᠵᠤ ᠰᠡᠳᠬᠢᠯ ᠰᠠᠨᠠᠭ᠎ᠠ ᠪᠠᠨ ᠰᠡᠷᠭᠦᠭᠡᠬᠦ᠎ᠳᠤ ᠲᠣᠬᠢᠷᠠᠨ᠎ᠠ᠃ ᠰᠢᠷᠭᠠᠯᠲᠤᠨ ᠬᠠᠯᠢᠭᠤᠷᠠᠬᠤ ᠲᠠᠷᠢᠶ᠎ᠠ᠂ ᠦᠷᠬᠦᠯᠵᠢᠯᠡᠨ ᠬᠦᠬᠡᠷᠡᠬᠦ ᠠᠭᠤᠯᠠ᠂ ᠠᠷᠯᠠᠨ ᠳᠤᠯᠬᠢᠶᠠᠯᠠᠬᠤ ᠤᠰᠤ᠎ᠶ᠋ᠢ ᠰᠣᠨᠢᠷᠬᠠᠨ᠎ᠠ᠂ ᠠᠮᠲᠠᠲᠤ ᠢᠳᠡᠭᠡᠨ ᠠᠮᠰᠠᠨ᠎ᠠ᠂ ᠨᠠᠮᠤᠷ᠎ᠤᠨ ᠰᠠᠢᠬᠠᠨ ᠤᠯᠠᠷᠢᠯ ᠵᠦᠢᠯ ᠪᠦᠷᠢ ᠵᠢᠨ ᠦᠵᠡᠮᠵᠢ ᠦᠩᠭᠡ ᠪᠡᠷ ᠵᠢᠭᠤᠯᠴᠢᠯᠠᠭᠰᠠᠳ᠎ᠤᠨ ᠰᠤᠨᠢᠷᠬᠠᠯ᠎ᠢ ᠶᠠᠭᠠᠬᠢᠬᠤ ᠵᠢᠨ ᠠᠷᠭ᠎ᠠ ᠦᠬᠡᠢ ᠲᠠᠲᠠᠨ᠎ᠠ᠃
ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ ᠮᠥᠨ ᠬᠦ᠌ ᠬᠡᠴᠡᠭᠦᠦ ᠪᠤᠳᠤᠯᠢᠶᠠᠨᠲᠠᠶ ᠪᠠᠢᠨ᠎ᠠ᠂ ᠬᠡᠷ ᠡᠴᠡ ᠪᠠᠨ ᠤᠢᠷ᠎ᠠ ᠦᠵᠡᠮᠵᠢ ᠰᠣᠨᠢᠷᠬᠠᠬᠰᠠᠨ ᠴᠦ᠍ ᠲᠡᠷᠡ᠂ ᠭᠠᠳᠠᠨ᠎ᠠ ᠮᠤᠵᠢ ᠬᠣᠲᠠ᠎ᠳᠤ ᠣᠴᠢᠭᠠᠳ ᠤᠨᠳᠤᠤ ᠭᠠᠵᠠᠷ᠎ᠤᠨ ᠵᠠᠩ ᠦᠶ᠋ᠯᠡ᠎ᠶ᠋ᠢ ᠣᠢᠯᠠᠭᠠᠬᠰᠠᠨ ᠴᠦ᠍ ᠲᠡᠷᠡ᠂ ᠡᠩ ᠲᠡᠷᠢᠭᠦᠨ᠎ᠳᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠵᠦ᠍᠂ ᠬᠤᠪᠢ ᠪᠡᠶ᠎ᠡ᠎ᠶ᠋ᠢᠨ ᠠᠮᠤᠷ ᠲᠦᠪᠱᠢᠨ ᠵᠢᠡᠨ ᠪᠠᠲᠤᠯᠠᠬᠤ ᠬᠡᠷᠡᠭ᠌ᠲᠡᠶ᠃ ᠨᠠᠮᠤᠷ᠎ᠤᠨ ᠦᠵᠡᠮᠵᠢ ᠭᠠᠵᠠᠷ ᠪᠤᠯᠭᠠᠨ ᠳ᠋ᠤ ᠬᠠᠷᠠᠭᠳᠠᠵᠤ ᠪᠠᠢᠪᠠᠴᠤ ᠤᠯᠠᠨ ᠵᠢᠡᠷ ᠵᠢᠡᠨ ᠰᠡᠳᠭᠢᠯ ᠲᠠᠯᠪᠢᠨ ᠢᠯᠡᠷᠡᠬᠦᠯᠬᠦ ᠨᠢ ᠴᠢᠬᠤᠯᠠ᠃
8 ᠰᠠᠷ᠎ᠠ ᠤᠳᠠᠯ ᠦᠭᠡᠢ ᠳᠠᠭᠤᠰᠴᠤ᠂ 9 ᠰᠠᠷ᠎ᠠ ᠠᠢᠰᠤᠢ᠃ ᠲᠠᠷᠢᠶᠠᠴᠢᠳ ᠲᠠᠷᠢᠶᠠᠨ ᠠᠵᠢᠯ᠎ᠳᠠᠭᠠᠨ ᠶᠠᠭᠠᠷᠠᠵᠠᠭᠠᠵᠤ ᠂ ᠪᠠᠭ᠍ᠰᠢ ᠰᠤᠷᠤᠭ᠍ᠴᠢᠳ ᠰᠤᠷᠭᠠᠭᠤᠯᠢ ᠡᠬᠢᠯᠡᠬᠦ᠌ ᠪᠡᠯᠡᠳᠭᠡᠯ᠎ᠳᠡᠭᠡᠨ ᠮᠤᠩᠭᠠᠨᠢᠵᠠᠭᠠᠨᠠ᠂ ᠪᠠᠷᠢᠯᠭ᠎ᠠ᠎ᠶ᠋ᠢᠨ ᠠᠵᠢᠯᠴᠢᠳ ᠠᠵᠢᠯ᠎ᠤᠨ ᠰᠢᠵᠢᠷ ᠠᠯᠳᠠᠨ ᠴᠠᠭ ᠮᠦᠴᠡ ᠲᠠᠢ ᠤᠷᠤᠯᠳᠤᠨ ᠴᠢᠷᠮᠠᠢᠵᠤ ᠂ ᠦᠢᠯᠡᠳᠪᠦᠷᠢ᠎ᠶ᠋ᠢᠨ ᠲᠠᠰᠤᠬᠲᠠᠬᠢ ᠠᠵᠢᠯᠴᠢᠳ ᠴᠠᠭ ᠨᠡᠮᠡᠨ ᠠᠵᠢᠯᠯᠠᠵᠠᠭᠠᠨ᠎ᠠ ᠁ ᠡᠶ᠎ᠡ ᠵᠤᠬᠢᠴᠠᠯ᠎ᠤᠨ ᠡᠭᠡᠰᠢᠭ ᠤᠶᠠᠩᠭᠠᠷᠠᠬᠤ ᠠᠯᠲᠠᠨ ᠨᠠᠮᠤᠷ᠎ᠢ ᠤᠬᠳᠤᠨ ᠤᠯᠠᠨ ᠵᠢᠡᠷ ᠵᠢᠡᠨ ᠵᠤᠷᠢᠬ ᠵᠢᠡᠨ ᠬᠦᠪᠴᠢᠯᠡᠨ᠂ ᠰᠠᠢᠨ ᠰᠠᠢᠬᠠᠨ ᠢᠷᠡᠬᠦ ᠮᠠᠷᠭᠠᠰᠢ ᠵᠦᠭ ᠡᠷᠡᠯᠬᠡᠭ᠌ᠯᠡᠨ ᠤᠷᠤᠭ᠍ᠰᠢᠯᠠᠵᠠᠭᠠᠨᠠ᠃
ᠠᠮᠢ ᠨᠠᠰᠤ᠎ᠪᠠᠨ ᠬᠠᠢᠷᠠᠯᠠᠵᠤ᠂ ᠠᠮᠢᠳᠤᠷᠠᠯ᠎ᠢ ᠬᠠᠢᠷᠠᠯᠠᠵᠤ᠂ ᠪᠠᠢᠭᠠᠯᠢ᠎ᠶ᠋ᠢ ᠬᠠᠢᠷᠠᠯᠠᠵᠤ᠂ ᠣᠷᠭᠢᠯᠤᠮ᠎ᠠ ᠬᠠᠯᠠᠭᠤᠨ ᠤᠷᠮ᠎ᠠ ᠰᠡᠳᠭᠢᠯᠭᠡ᠎ᠪᠡᠷ ᠵᠢᠷᠭᠠᠯᠲᠤ ᠠᠮᠢᠳᠤᠷᠠᠯ᠎ᠵᠢᠡᠨ ᠴᠤᠭᠴᠠᠯᠠᠨ᠂ ᠰᠢᠨᠲᠠᠷᠠᠰᠢ ᠦᠭᠡᠢ ᠴᠢᠷᠮᠠᠢᠨ ᠲᠡᠮᠡᠴᠡᠵᠦ ᠠᠭᠤᠤ ᠶᠡᠬᠡ ᠴᠠᠭ ᠦᠶ᠎ᠡ᠎ᠶ᠋ᠢ ᠪᠢᠴᠢᠭ᠌ᠯᠡᠨ᠎ᠡ᠃
ᠢᠷᠠᠭᠤ ᠨᠠᠢᠷᠠᠭ᠎ᠤᠨ ᠰᠠᠨᠠᠭ᠎ᠠ ᠠᠬᠤᠢ ᠲᠦᠷᠦᠭᠦᠯᠬᠦ ᠠᠯᠲᠠᠨ ᠱᠢᠷᠭᠠᠯ ᠤᠯᠠᠷᠢᠯ᠎ᠳᠤ ᠪᠢᠳᠡ ᠥᠷᠯᠥᠭᠡ ᠦᠳᠡᠰᠢ᠎ᠶ᠋ᠢ ᠲᠡᠮᠡᠴᠡᠨ᠂ ᠵᠠᠯᠠᠭᠤ ᠨᠠᠰᠤ᠎ᠪᠠᠨ ᠬᠥᠰᠡᠷᠳᠡᠭᠦᠯᠬᠦ ᠦᠭᠡᠢ ᠮᠡᠷᠡᠢᠨ ᠠᠵᠢᠯᠯᠠᠵᠠᠭᠠᠶ᠎ᠠ᠂ ᠬᠦᠰᠡᠯ ᠪᠢᠯᠬᠠᠭᠰᠠᠨ ᠢᠷᠡᠭᠡᠳᠦᠢ ᠵᠦᠭ ᠲᠡᠮᠡᠦᠯᠬᠦ᠎ᠳᠡᠭᠡᠨ ᠡᠬᠡ ᠪᠠᠢᠭᠠᠯᠢ᠎ᠲᠠᠢ ᠵᠤᠬᠢᠴᠠᠨ᠂ ᠭᠠᠨᠵᠤᠭ᠎ᠠ ᠳᠦᠭᠦᠷᠡᠩ ᠶᠠᠪᠤᠵᠠᠭᠠᠶ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃