2022-09-26 16:32:34
ᠦᠨᠦᠳᠦᠷ ᠨᠠᠮᠤᠷ᠎ᠤᠨ ᠬᠤᠭᠤᠰᠤᠨ ᠴᠠᠭ ᠤᠯᠠᠷᠢᠯ ᠢ ᠤᠭ᠍ᠲᠤᠨ ᠠᠪᠤᠯ᠎ᠠ᠂ ᠡᠨᠡ ᠦᠶ᠎ᠡ᠎ᠡᠴᠡ ᠡᠬᠢᠯᠨᠨ ᠡᠳᠦᠷ ᠣᠬᠣᠷ ᠰᠥᠨᠢ ᠣᠷᠳᠣ ᠪᠤᠯᠵᠦ᠂ ᠰᠡᠷᠢᠭᠦᠨ ᠠᠭᠤᠷ ᠠᠮᠢᠰᠭᠤᠯ ᠤᠯᠠᠮ᠎ᠢᠶᠠᠷ ᠥᠳᠭᠡᠷᠡᠨᠠ᠃
ᠳᠤᠮᠳᠠᠳᠤ ᠤᠯᠤᠰ᠎ᠤᠨ ᠴᠠᠭ ᠠᠭᠤᠷ᠎ᠤᠨ ᠰᠦᠯᠵᠢᠶ᠎ᠠ ᠶ᠋ᠢᠨ ᠲᠤᠭ᠎ᠠ ᠪᠦᠷᠢᠳᠭᠡᠯ᠎ᠢ ᠦᠨᠳᠦᠰᠦᠯᠡᠪᠡᠯ᠂ ᠡᠨᠡ ᠵᠢᠯ ᠤᠨ ᠨᠠᠮᠤᠷ ᠤᠨ ᠬᠤᠭᠤᠰ ᠤᠨ ᠬᠤᠭᠤᠴᠠᠭᠠᠨ᠎ᠳᠤ ᠤᠮᠠᠷᠠᠲᠤ ᠣᠷᠣᠨ᠎ᠤ ᠬᠠᠮᠤᠭ᠎ᠤᠨ ᠳᠤᠤᠷ᠎ᠠ ᠠᠭᠠᠷ᠎ᠤᠨ ᠳᠤᠯᠠᠭᠠᠨ ᠲᠦᠷᠭᠡᠨ ᠪᠠᠭᠤᠷᠠᠵᠤ᠂ ᠣᠯᠠᠨ ᠭᠠᠵᠠᠷ᠎ᠤᠨ ᠡᠳᠦᠷ ᠰᠥᠨᠢ᠎ᠶ᠋ᠢᠨ ᠳᠤᠯᠠᠭᠠᠨ᠎ᠤ ᠵᠥᠷᠢᠶ᠎ᠡ᠎ᠨᠢ 10°C ᠢ ᠳᠠᠪᠠᠵᠤ᠂ ᠠᠩᠬᠠᠨ᠎ᠤ ᠬᠢᠷᠠᠭᠤ ᠤᠨᠠᠵᠤ ᠬᠥᠯᠳᠡᠬᠦ᠌ ᠬᠡᠪᠴᠢᠶ᠎ᠡ ᠦᠳᠲᠡᠷ ᠲᠦᠷᠭᠡᠨ ᠥᠷᠭᠡᠵᠢᠬᠦ ᠪᠤᠯᠤᠨ᠎ᠠ᠃
ᠵᠢᠯ ᠪᠦᠷᠢ᠎ᠶ᠋ᠢᠨ ᠨᠠᠮᠤᠷ᠎ᠤᠨ ᠬᠤᠭᠤᠰᠤᠨ ᠬᠤᠭᠤᠴᠠᠭᠠᠨ᠎ᠳᠤ᠂ ᠮᠠᠨ᠎ᠤ ᠤᠯᠤᠰ᠎ᠤᠨ ᠶᠡᠬᠡᠩᠬᠢ ᠬᠡᠰᠡᠭ ᠨᠢ ᠨᠠᠮᠤᠷ᠎ᠲᠠᠭᠠᠨ ᠣᠷᠣᠳᠠᠭ᠃ ᠤᠮᠠᠷᠠᠲᠤ ᠣᠷᠣᠨ᠎ᠠᠴᠠ ᠬᠥᠬᠡᠮᠥ᠋ᠷᠡᠨ᠎ᠦ ᠳᠤᠮᠳᠠᠳᠤ ᠳᠤᠤᠷᠠᠳᠤ ᠤᠷᠤᠰᠭᠠᠯ ᠳᠠᠭᠠᠤ ᠣᠷᠣᠨ ᠬᠦᠷᠲᠡᠯ᠎ᠡ ᠨᠠᠮᠤᠷ᠎ᠤᠨ ᠠᠭᠤᠷ ᠠᠮᠢᠰᠭᠤᠯ ᠰᠡᠷᠢᠭᠦᠨ ᠲᠠᠭᠠᠯᠠᠮᠵᠢᠲᠠᠶ ᠪᠠᠢᠵᠤ᠂ ᠵᠡᠭᠦᠨ ᠬᠣᠢᠲᠤ ᠣᠷᠣᠨ ᠵᠡᠷᠭᠡ ᠭᠠᠵᠠᠷ᠎ᠲᠤ ᠠᠩᠬ᠎ᠠ ᠤᠳᠠᠭ᠎ᠠ ᠬᠢᠷᠠᠭᠤ ᠤᠨᠠᠬᠤ ᠪᠠ ᠬᠦᠶ᠋ᠲᠡᠨ ᠱᠢᠭᠦᠳᠡᠷᠢ ᠪᠠᠭᠤᠵᠦ ᠬᠦᠢᠳᠡᠨ ᠰᠠᠯᠬᠢ ᠰᠠᠯᠬᠢᠯᠠᠳᠠᠭ ᠪᠤᠯ᠂ ᠪᠠᠷᠠᠭᠤᠨ ᠡᠮᠦᠨᠡᠲᠦ ᠣᠷᠣᠨ ᠵᠡᠷᠭᠡ ᠭᠠᠵᠠᠷ᠎ᠲᠤ ᠨᠠᠮᠤᠷ᠎ᠤᠨ ᠪᠣᠷᠣᠭᠠᠨ ᠣᠷᠣᠵᠤ᠂ ᠬᠥᠬᠡᠮᠦ᠋ᠷᠡᠨ ᠤ ᠰᠠᠪᠠ ᠭᠠᠵᠠᠷ ᠨᠢ ᠦᠨᠳᠦᠰᠦᠨ᠎ᠳᠡᠭᠡᠨ ᠪᠦᠷ ᠨᠠᠮᠤᠷ᠎ᠤᠨ ᠬᠤᠭᠤᠰᠤᠨ ᠴᠠᠬ ᠤᠯᠠᠷᠢᠯ᠎ᠳᠤ ᠵᠣᠨ ᠨᠠᠮᠤᠷ᠎ᠤᠨ ᠰᠣᠯᠢᠭ᠍ᠳᠠᠯ᠎ᠢ ᠪᠡᠶᠡᠯᠡᠭᠦᠯᠳᠡᠭ᠃
ᠡᠩ᠎ᠦᠨ ᠵᠢᠯ᠎ᠲᠡᠶ ᠬᠠᠷᠢᠴᠠᠭᠤᠯᠪᠠᠯ᠂ ᠡᠨᠡ ᠵᠢᠯ ᠮᠠᠨ᠎ᠤ ᠤᠯᠤᠰ᠎ᠤᠨ ᠶᠡᠬᠡᠩᠬᠢ ᠭᠠᠵᠠᠷ ᠣᠷᠣᠨ᠎ᠤ ᠠᠭᠤᠷ ᠠᠮᠢᠰᠬᠤᠯ ᠡᠩ᠎ᠦᠨ ᠵᠢᠯ᠎ᠲᠡᠶ ᠶᠡᠬᠡ ᠲᠥᠯᠥᠪ ᠠᠳᠠᠯᠢᠪᠳᠦᠷ᠂ ᠭᠡᠪᠡᠴᠦ᠍ ᠵᠡᠭᠦᠨ ᠬᠣᠢᠲᠤ ᠣᠷᠣᠨ ᠪᠠᠢᠨ ᠳᠠᠬᠢᠨ ᠬᠦᠶ᠋ᠲᠡᠨ ᠠᠭᠤᠷ ᠠᠮᠢᠰᠭᠤᠯ᠎ᠤᠨ ᠨᠥᠯᠥᠭᠡ᠎ᠶ᠋ᠢ ᠭᠥᠷᠳᠡᠵᠦ᠍᠂ ᠡᠩ᠎ᠦᠨ ᠵᠢᠯ᠎ᠦᠨ ᠬᠢ᠎ᠡᠴᠡ 10 ᠡᠳᠦᠷ ᠣᠷᠴᠢᠮ ᠡᠷᠲᠡ ᠨᠠᠮᠤᠷ ᠤᠷᠤᠬᠤ ᠪᠤᠯᠤᠨ᠎ᠠ᠃
ᠨᠠᠮᠤᠷ᠎ᠤᠨ ᠤᠯᠠᠷᠢᠯ ᠳ᠋ᠤ ᠤᠷᠤᠭ᠍ᠰᠠᠨ᠎ᠤ ᠲᠠᠷᠠᠭ᠎ᠠ᠂ ᠴᠠᠭ ᠠᠭᠤᠷ᠎ᠤᠨ ᠬᠤᠪᠢᠷᠠᠯᠲᠠ᠎ᠶ᠋ᠢ ᠦᠨᠳᠦᠰᠦᠯᠡᠨ᠂ ᠬᠤᠪᠴᠠᠰᠤ ᠬᠤᠨᠠᠷ᠎ᠢᠶᠠᠨ ᠠᠭᠠᠵᠢᠮ ᠢᠶᠠᠷ ᠵᠤᠵᠠᠭᠠᠯᠠᠵᠦ ᠪᠣᠯᠤᠨ᠎ᠠ᠂ ᠬᠠᠷᠢᠨ ᠬᠡᠲᠦᠷᠬᠡᠶ ᠵᠤᠵᠠᠭᠠᠨ ᠬᠤᠪᠴᠠᠰᠤ ᠰᠣᠯᠢᠬᠤ᠎ᠶ᠋ᠢ ᠶᠠᠭᠠᠷᠠᠬᠤ ᠬᠡᠷᠡᠭ ᠦᠬᠡᠢ᠃ ᠡᠭᠦᠨ ᠦ ᠬᠠᠮᠲᠤ ᠪᠡᠶ᠎ᠡ᠎ᠶ᠋ᠢᠨ ᠪᠣᠯᠪᠠᠰᠤᠷᠠᠯ᠎ᠢᠶᠠᠨ ᠴᠢᠨᠭᠭᠠᠳᠬᠠᠨ᠂ ᠡᠭᠡᠯᠢᠯᠡᠭᠡ ᠶ᠋ᠢᠨ ᠴᠢᠳᠠᠪᠤᠷᠢ ᠪᠠᠨ ᠳᠡᠭᠡᠭ᠌ᠰᠢᠯᠡᠭᠦᠯᠬᠦ᠌ ᠵᠢ ᠠᠨᠭᠬᠠᠷᠤᠭᠠᠷᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃