24ᠴᠠᠭ ᠤᠯᠠᠷᠢᠯ > ᠬᠤᠷ᠎ᠠ ᠤᠰᠤ

2022-02-19 21:19:11

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠤᠷ᠎ᠠ ᠤᠰᠤ ᠭᠡᠳᠡᠭ ᠨᠢ ᠬᠤᠷ᠎ᠠ ᠪᠤᠷᠤᠭᠠᠨ ᠡᠬᠢᠯᠡᠵᠦ᠍᠂ ᠪᠣᠷᠣᠭᠠᠨ᠎ᠤ ᠬᠡᠮᠵᠢᠶ᠎ᠡ ᠠᠭᠠᠵᠢᠮ᠎ᠢᠶᠠᠷ ᠨᠡᠮᠡᠭ᠌ᠳᠡᠬᠦ᠌᠎ᠶ᠋ᠢ ᠢᠯᠡᠳᠭᠡᠵᠦ ᠪᠤᠢ᠃

ᠬᠤᠷ᠎ᠠ ᠤᠰᠤ ᠥᠩᠭᠡᠷᠡᠭ᠌ᠰᠡᠨ᠎ᠦ ᠳᠠᠷᠠᠭ᠎ᠠ᠂ ᠮᠠᠨ᠎ᠤ ᠤᠯᠤᠰ᠎ᠤᠨ ᠶᠡᠬᠡᠩᠬᠢ ᠬᠡᠰᠡᠭ ᠭᠠᠵᠠᠷ ᠣᠷᠣᠨ᠎ᠤ ᠠᠭᠠᠷ᠎ᠤᠨ ᠳᠤᠯᠠᠭᠠᠨ ᠳᠡᠭᠡᠭᠰᠢᠯᠡᠨ 0°C᠎ᠠᠴᠠ ᠳᠡᠭᠡᠭ᠌ᠰᠢ ᠪᠣᠯᠳᠠᠭ᠂ ᠬᠠᠲᠤᠨ ᠭᠤᠤᠯ ᠬᠤᠸᠠᠢᠾᠧ ᠭᠤᠤᠯ᠎ᠤᠨ ᠰᠠᠪᠠ ᠭᠠᠵᠠᠷ᠎ᠤᠨ ᠡᠳᠦᠷ᠎ᠦᠨ ᠳᠤᠮᠳᠠᠴᠢ ᠠᠭᠠᠷ᠎ᠤᠨ ᠳᠤᠯᠠᠭᠠᠨ 3℃ᠣᠷᠴᠢᠮ ᠬᠦᠷᠴᠦ᠍᠂ ᠵᠢᠶᠠᠩᠨᠠᠨ᠎ᠤ ᠳᠤᠮᠳᠠᠴᠢ ᠠᠭᠠᠷ᠎ᠤᠨ ᠳᠤᠯᠠᠭᠠᠨ 5℃ᠡᠴᠡ ᠳᠡᠭᠡᠭ᠌ᠰᠢ ᠪᠤᠯᠵᠤ᠂ ᠡᠮᠦᠨᠡᠲᠦ ᠣᠷᠣᠨ᠎ᠤ ᠠᠭᠠᠷ᠎ᠤᠨ ᠳᠤᠯᠠᠭᠠᠨ 10℃᠎ᠠᠴᠠ ᠳᠡᠭᠡᠭ᠌ᠰᠢ ᠪᠤᠯᠵᠤ᠂ ᠤᠮᠠᠷᠠᠲᠤ ᠣᠷᠣᠨ᠎ᠤ ᠳᠤᠮᠳᠠᠴᠢ ᠠᠭᠠᠷ᠎ᠤᠨ ᠳᠤᠯᠠᠭᠠᠨ ᠨᠢ ᠮᠥᠨ ᠯᠡ 0℃᠎ᠠᠴᠠ ᠳᠣᠷᠣᠭ᠍ᠰᠢ ᠪᠠᠢᠳᠠᠭ᠃


QQ截图20220219211951.png



ᠬᠤᠷ᠎ᠠ ᠤᠰᠤ᠎ᠶᠢᠨ ᠦᠶ᠎ᠡ ᠪᠡᠷ᠂ ᠱᠢᠯᠢᠮᠳᠡᠭ᠂ ᠡᠪᠦᠯ᠎ᠦᠨ ᠪᠣᠭᠣᠳᠠᠶ ᠨᠡᠢᠳᠡᠮ᠎ᠳᠡᠭᠡᠨ ᠨᠣᠭᠣᠭᠠᠷᠠᠨ ᠤᠷᠭᠤᠵᠤ᠂ ᠤᠰᠤᠨ᠎ᠤ ᠱᠠᠭᠠᠷᠳᠠᠯᠭ᠎ᠠ ᠨᠡᠯᠢᠶᠡᠳ ᠥᠨᠳᠥᠷ᠂ ᠵᠤᠬᠢᠬᠤ ᠬᠡᠮᠵᠢᠶᠡᠨ᠎ᠤ ᠲᠤᠨᠳᠠᠰᠤ ᠪᠠᠭᠤᠬᠤ ᠨᠢ ᠲᠠᠷᠢᠮᠠᠯ᠎ᠤᠨ ᠥᠰᠥᠯᠲᠡ᠎ᠳᠦ ᠲᠤᠢᠯ᠎ᠤᠨ ᠴᠢᠬᠤᠯᠠ ᠶᠤᠮ᠃ ᠤᠮᠠᠷᠠᠲᠤ ᠣᠷᠣᠨ᠂ ᠪᠠᠷᠠᠭᠤᠨ ᠬᠣᠢᠲᠤ ᠣᠷᠣᠨ ᠵᠢᠴᠢ ᠬᠠᠲᠤᠨ ᠭᠤᠤᠯ ᠬᠤᠸᠠᠢᠾᠧ ᠭᠤᠤᠯ ᠳᠠᠭᠠᠤ ᠣᠷᠣᠨ᠎ᠳᠤ ᠡᠨᠡ᠎ᠦᠶ᠎ᠡ᠎ᠪᠡᠷ᠎ᠬᠤᠷ᠎ᠠ ᠲᠤᠨᠳᠠᠰᠤᠨ᠎ᠤ ᠬᠡᠮᠵᠢᠶ᠎ᠡ ᠶᠡᠷᠦᠩᠬᠡᠶ᠎ᠳᠡᠭᠡᠨ ᠨᠡᠯᠢᠶᠡᠳ ᠪᠠᠭ᠎ᠠ ᠪᠠᠢᠵᠤ᠂ ᠲᠠᠷᠢᠶᠠᠯᠠᠩ᠎ᠤᠨ ᠦᠶ᠋ᠯᠡᠳᠪᠦᠷᠢᠯᠡᠯ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ ᠳᠡᠢᠯᠬᠦ᠌ ᠥᠬᠡᠶ ᠪᠠᠢᠳᠠᠭ᠃ ᠬᠡᠷᠪᠡ ᠬᠠᠪᠤᠷ᠎ᠤᠨ ᠡᠬᠢ᠎ᠪᠡᠷ ᠬᠤᠷ᠎ᠠ ᠳᠤᠨᠳᠠᠰᠤ ᠴᠥᠭᠡᠨ ᠪᠠᠢᠪᠠᠯ ᠬᠤᠷ᠎ᠠ ᠤᠰᠤ᠎ᠡᠴᠡ ᠡᠮᠦᠨ᠎ᠡ ᠬᠣᠢᠨ᠎ᠠ ᠴᠠᠭ ᠲᠤᠬᠠᠶ᠎ᠳᠤᠨᠢ ᠬᠠᠪᠤᠷ᠎ᠤᠨ ᠤᠰᠤᠯᠠᠯᠲᠠ ᠬᠢᠪᠡᠯ ᠬᠠᠮᠤᠭ᠎ᠤᠨ ᠰᠠᠢᠨ ᠠᠵᠤ ᠠᠬᠤᠶ᠎ᠶ᠋ᠢᠨ ᠦᠷ᠎ᠡ ᠠᠱᠢᠭ᠎ᠢ ᠣᠯᠵᠤ ᠪᠣᠯᠤᠨ᠎ᠠ᠃ ᠬᠤᠸᠠᠢᠾᠧ ᠭᠣᠣᠯ᠎ᠠᠴᠠ ᠡᠮᠦᠨᠡᠰᠢᠬᠢ ᠣᠷᠣᠨ᠎ᠳᠤ ᠲᠠᠷᠢᠶᠠᠨ ᠭᠠᠵᠠᠷ᠎ᠤᠨ ᠭᠤᠤ ᠰᠤᠪᠠᠭ᠎ᠢ ᠴᠡᠪᠡᠷᠯᠡᠬᠦ ᠠᠵᠢᠯ᠎ᠢ ᠰᠠᠢᠲᠤᠷ ᠬᠢᠵᠦ᠍᠂ ᠬᠠᠪᠤᠷ᠎ᠤᠨ ᠪᠣᠷᠣᠭᠠᠨ ᠬᠡᠲᠦᠷᠬᠡᠶ ᠠᠷᠪᠢᠨ ᠣᠷᠣᠭᠰᠠᠨ᠎ᠡᠴᠡ ᠦᠨᠳᠦᠰᠦ ᠨᠢ ᠢᠯᠵᠢᠷᠡᠬᠦ᠌᠎ᠡᠴᠡ ᠰᠡᠷᠭᠡᠢᠯᠡᠬᠦ ᠬᠡᠷᠡᠭᠲᠡᠢ᠃ ᠡᠮᠦᠨᠡᠲᠦ ᠣᠷᠣᠨ᠎ᠳᠤ ᠬᠣᠶᠠᠷ ᠤᠯᠠᠷᠢᠯ᠎ᠤᠨ ᠡᠷᠲᠡ᠎ᠶ᠋ᠢᠨ ᠲᠤᠲᠤᠷᠭ᠎ᠠ᠎ᠶ᠋ᠢᠨ ᠴᠢᠬᠢ ᠪᠣᠢᠵᠢᠭᠤᠯᠬᠤ᠎ᠳᠤ ᠲᠤᠩᠭᠠᠯᠠᠭ ᠡᠳᠦᠷ᠎ᠢ ᠵᠠᠪᠳᠤᠨ ᠲᠠᠷᠢᠵᠦ᠍᠂ ᠨᠢᠭᠡ ᠯᠡ ᠳᠡᠭᠡᠷ᠎ᠡ ᠪᠦᠷᠢᠨ ᠴᠢᠬᠢ ᠪᠤᠢᠵᠢᠭᠤᠯᠬᠤ᠎ᠪᠠᠷ ᠴᠢᠷᠮᠠᠢᠬᠤ ᠬᠡᠷᠡᠭ᠌ᠲᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面