24ᠴᠠᠭ ᠤᠯᠠᠷᠢᠯ > ᠬᠠᠪᠤᠷ᠎ᠤ᠋ᠨ ᠬᠤᠭᠤᠰ

2022-03-21 11:16:20

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠠᠪᠤᠷ᠎ᠤᠨ ᠬᠤᠭᠤᠰ ᠬᠦᠷᠴᠦ ᠢᠷᠡᠬᠦ᠎ᠳᠤ ᠬᠥᠮᠦᠰ ᠪᠡᠶ᠎ᠡ᠎ᠶ᠋ᠢᠨ᠎ᠢᠶᠡᠨ ᠠᠷᠭ᠎ᠠ ᠪᠢᠯᠢᠭ᠎ᠦᠨ ᠲᠡᠩᠴᠡᠭᠦᠷᠢ᠎ᠶᠢᠨ ᠪᠠᠢᠳᠠᠯ ᠎ᠢ ᠪᠠᠲᠤᠯᠠᠬᠤ᠎ᠶ᠋ᠢ ᠠᠩᠬᠠᠷᠪᠠᠯ ᠵᠤᠬᠢᠨ᠎ᠠ᠃ ᠡᠭᠦᠨ ᠎ᠳᠤ ᠵᠠᠩᠭᠢᠯᠠᠭ᠎ᠠ ᠨᠢ ᠣᠶᠣᠨ ᠰᠠᠨᠠᠭ᠎ᠠ᠂ ᠢᠳᠡᠭᠡᠨ ᠤᠮᠳᠠᠭᠠᠨ᠂ ᠤᠨᠲᠠᠵᠤ ᠠᠮᠠᠷᠠᠬᠤ ᠵᠡᠷᠭᠡ ᠲᠠᠯ᠎ᠠ ᠪᠠᠷ ᠪᠡᠶ᠎ᠡ ᠎ᠪᠠᠨ ᠵᠥᠪ ᠰᠤᠪᠢᠯᠠᠬᠤ᠎ᠳᠤ ᠪᠤᠢ᠃


4.jpg


· ᠤᠷᠮ᠎ᠠ ᠰᠡᠳᠬᠢᠯᠭᠡ᠎ᠪᠠᠨ ᠵᠣᠬᠢᠴᠠᠭᠤᠯᠬᠤ ᠨᠢ ᠴᠢᠬᠤᠯᠠ

ᠬᠠᠪᠤᠷ᠎ᠤᠨ ᠬᠤᠭᠤᠰ ᠎ᠤᠨ ᠦᠶ᠎ᠡ᠎ᠳᠦ ᠬᠥᠮᠦᠨ᠎ᠦ ᠪᠡᠶ᠎ᠡ᠎ᠶ᠋ᠢᠨ ᠴᠢᠰᠤ ᠪᠣᠯᠤᠨ ᠬᠣᠷᠮᠣᠨ᠎ᠤ ᠠᠵᠢᠯᠯᠠᠭ᠎ᠠ ᠬᠠᠷᠢᠴᠠᠩᠭᠤᠶ ᠣᠷᠭᠢᠯ᠎ᠤᠨ ᠬᠤᠭᠤᠴᠠᠭᠠᠨ᠎ᠳᠤ ᠪᠠᠢᠵᠤ᠂ ᠠᠭᠤᠷ ᠠᠮᠢᠰᠭᠤᠯ ᠎ᠤᠨ ᠭᠡᠨᠡᠳᠲᠡ ᠎ᠶ᠋ᠢᠨ ᠬᠤᠪᠢᠷᠠᠯᠲᠠ ᠨᠢ ᠬᠥᠮᠦᠨ᠎ᠦ ᠪᠡᠶ᠎ᠡ᠎ᠶ᠋ᠢᠨ ᠲᠡᠩᠴᠡᠭᠦᠷᠢ ᠎ᠶ᠋ᠢ ᠠᠯᠳᠠᠭᠤᠯᠵᠤ᠂ ᠴᠢᠰᠤᠨ ᠳᠠᠷᠤᠯᠲᠠ ᠥᠨᠳᠥᠷ ᠪᠤᠯᠬᠤ᠂ ᠨᠢᠳᠦ ᠡᠷᠢᠶᠡᠯᠵᠡᠬᠦ᠂ ᠨᠣᠢᠷ ᠬᠤᠯᠵᠢᠬᠤ ᠵᠡᠷᠭᠡ ᠡᠪᠡᠳᠴᠢᠨ ᠎ᠢ ᠠᠮᠠᠷᠬᠠᠨ ᠡᠭᠦᠰᠭᠡᠳᠡᠭ᠃ ᠡᠨᠡ ᠦᠶᠡᠰ ᠮᠦᠨ ᠴᠤ᠌ ᠡᠪᠡᠳᠴᠢᠨ ᠡᠮᠭᠡᠭ ᠣᠯᠠᠨ ᠡᠭᠦᠰᠭᠦ ᠬᠤᠭᠤᠴᠠᠭ᠎ᠠ ᠪᠣᠯᠤᠨ᠎ᠠ᠂ ᠡᠢᠮᠦ᠍ ᠡᠴᠡ ᠰᠡᠳᠭᠢᠯ ᠰᠠᠨᠠᠭ᠎ᠠ᠎ᠪᠠᠨ ᠲᠠᠢᠪᠤᠰᠢᠷᠠᠭᠤᠯᠵᠤ᠂ ᠤᠷᠮ᠎ᠠ ᠰᠡᠳᠬᠢᠯᠭᠡ ᠎ᠪᠠᠨ ᠵᠣᠬᠢᠴᠠᠭᠤᠯᠬᠤ ᠨᠢ ᠮᠠᠰᠢ ᠴᠢᠬᠤᠯᠠ ᠶᠤᠮ᠃


3.jpg


· ᠤᠨᠲᠠᠵᠤ ᠠᠮᠠᠷᠠᠬᠤ ᠎ᠪᠠᠨ ᠳᠤᠬᠢᠷᠠᠭᠤᠯᠬᠤ ᠬᠡᠷᠡᠭᠲᠡᠢ

ᠡᠳᠦᠷ ᠲᠤᠲᠤᠮ᠎ᠤᠨ ᠠᠮᠢᠳᠤᠷᠠᠯ ᠎ᠳᠤ ᠤᠨᠲᠠᠵᠤ ᠠᠮᠠᠷᠠᠬᠤ ᠪᠠ ᠠᠵᠢᠯᠯᠠᠬᠤ ᠴᠠᠭ ᠎ᠢᠶᠠᠨ ᠵᠤᠬᠢᠰᠲᠠᠢ ᠳᠤᠬᠢᠷᠠᠭᠤᠯᠵᠤ᠂ ᠠᠮᠢᠳᠤᠷᠠᠯ᠎ᠤᠨ ᠬᠤᠷᠳᠤᠴᠠ᠎ᠪᠠᠨ ᠴᠠᠭ ᠬᠤᠭᠤᠴᠠᠭ᠎ᠠ᠂ ᠣᠷᠣᠨ ᠵᠠᠶ ᠪᠠ ᠳᠥᠷᠪᠡᠨ ᠤᠯᠠᠷᠢᠯ᠎ᠤᠨ ᠠᠭᠤᠷ ᠠᠮᠢᠰᠭᠤᠯ᠎ᠤᠨ ᠬᠤᠪᠢᠷᠠᠯᠲᠠ ᠲᠠᠢ ᠤᠶᠠᠯᠳᠤᠭᠤᠯᠤᠨ ᠴᠠᠭ ᠲᠤᠬᠠᠢ᠎ᠳᠤᠨᠢ ᠳᠤᠬᠢᠷᠠᠭᠤᠯᠤᠯᠲᠠ ᠬᠢᠵᠦ᠂ ᠭᠡᠷ᠎ᠦᠨ ᠭᠠᠳᠠᠨᠠᠬᠢ ᠬᠥᠳᠡᠯᠭᠡᠭᠡᠨ᠎ᠳᠤ ᠢᠯᠡᠭᠦᠭᠡᠨ ᠤᠷᠤᠯᠴᠠᠬᠤ ᠎ᠶᠢᠨ ᠬᠠᠮᠲᠤ ᠪᠡᠶ᠎ᠡ ᠰᠡᠳᠭᠢᠯ ᠎ᠢᠶᠡᠨ ᠲᠠᠢᠪᠤᠱᠢᠷᠠᠭᠤᠯᠪᠡᠯ ᠵᠤᠬᠢᠨ᠎ᠠ᠃

· ᠬᠢᠲᠠᠳ ᠡᠮᠨᠡᠯᠭᠡ᠎ᠶ᠋ᠢᠨ ᠡᠷᠡᠭᠦᠯᠵᠢᠯ ᠎ᠢ ᠰᠤᠩᠭᠤᠵᠤ ᠪᠤᠯᠤᠨ᠎ᠠ

ᠬᠠᠪᠤᠷ᠎ᠤᠨ ᠤᠯᠠᠷᠢᠯ᠎ᠳᠤ ᠡᠯᠢᠭᠡᠨ ᠡᠪᠡᠳᠴᠢᠨ᠎ᠢ ᠣᠯᠠᠨ ᠡᠭᠦᠰᠭᠡᠳᠡᠭ᠃ ᠡᠢᠮᠦ᠎ᠡᠴᠡ ᠪᠡᠶ᠎ᠡ ᠰᠤᠪᠢᠯᠠᠬᠤ᠎ᠶ᠋ᠢᠨ ᠭᠣᠣᠯᠳᠠᠯᠭ᠎ᠠ ᠨᠢ ᠡᠯᠢᠭᠡ᠎ᠶ᠋ᠢ ᠰᠤᠪᠢᠯᠠᠵᠤ᠂ ᠡᠯᠢᠭᠡᠨ᠎ᠦ ᠠᠷᠭ᠎ᠠ ᠪᠢᠯᠢᠭ᠎ᠦᠨ ᠲᠡᠩᠴᠡᠭᠦᠷᠢ᠎ᠶ᠋ᠢ ᠵᠣᠬᠢᠴᠠᠭᠤᠯᠬᠤ᠎ᠳᠤ ᠪᠤᠢ᠃ ᠡᠨᠡ ᠦᠶᠡᠰ ᠵᠣᠬᠢᠬᠤ ᠬᠡᠮᠵᠢᠶᠡᠨ ᠎ᠦ ᠬᠢᠲᠠᠳ ᠡᠪᠡᠰᠦᠨ ᠡᠮᠢ ᠰᠣᠩᠭᠣᠨ ᠴᠢᠨᠠᠵᠤ ᠤᠤᠭᠤᠬᠤ᠎ᠪᠠᠷ ᠳᠠᠮᠵᠢᠨ ᠡᠪᠡᠳᠴᠢᠨ ᠡᠮᠭᠡᠭ᠎ᠢ ᠪᠦᠲᠦᠮᠵᠢᠲᠡᠶ ᠰᠡᠷᠭᠡᠢᠯᠡᠵᠦ ᠪᠤᠯᠤᠨ᠎ᠠ᠃


2.jpg


· ᠢᠳᠡᠭᠡᠨ ᠤᠮᠳᠠᠭᠠᠨ ᠎ᠤ ᠳᠤᠬᠢᠷᠠᠭᠤᠯᠭ᠎ᠠ ᠎ᠶᠢ ᠠᠩᠬᠠᠷᠤᠨ᠎ᠠ

ᠤᠯᠠᠷᠢᠯ ᠪᠦᠷᠢ᠎ᠳᠦ ᠴᠥᠮ ᠠᠭᠤᠷ ᠠᠮᠢᠰᠭᠤᠯ᠎ᠤᠨ ᠨᠥᠬᠥᠴᠡᠯ᠎ᠳᠦ ᠨᠢ ᠳᠣᠭᠢᠷᠠᠵᠤ ᠤᠷᠭᠤᠭᠰᠠᠨ ᠤᠯᠠᠷᠢᠯ᠎ᠤᠨ ᠨᠣᠭᠣᠭ᠎ᠠ ᠎ᠲᠠᠶ ᠪᠠᠢᠵᠤ᠂ ᠱᠢᠮ᠎ᠡ ᠲᠡᠵᠢᠭᠡᠯ᠎ᠦᠨ ᠦᠨ᠎ᠡ ᠥᠷᠲᠡᠭ ᠥᠨᠳᠥᠷ ᠪᠠᠢᠳᠠᠭ᠃ ᠬᠠᠪᠤᠷ᠎ᠤᠨ ᠬᠤᠭᠤᠰ ᠪᠤᠯᠬᠤ᠎ᠳᠤ ᠭᠣᠭᠣᠳ ᠢᠳᠡᠪᠡᠯ ᠬᠥᠮᠦᠨ᠎ᠦ ᠳᠡᠯᠢᠭᠦᠦ ᠬᠣᠳᠣᠭᠣᠳᠣᠨ ᠎ᠤ ᠬᠡᠢ᠎ᠶ᠋ᠢ ᠨᠡᠮᠡᠭ᠌ᠳᠡᠭᠦᠯᠬᠦ᠎ᠳᠤ ᠠᠰᠢᠭᠲᠠᠢ; ᠪᠤᠷᠴᠠᠭ᠎ᠤᠨ ᠴᠢᠴᠢᠭᠡᠰᠦ᠂ ᠪᠤᠷᠴᠠᠭ᠎ᠤᠨ ᠴᠢᠬᠢ᠂ ᠱᠢᠷ᠎ᠠ ᠢᠳᠡᠷ᠎ᠡ ᠵᠡᠷᠭᠡ ᠨᠢ ᠬᠥᠮᠦᠨ᠎ᠦ ᠪᠡᠶ᠎ᠡ ᠎ᠶ᠋ᠢᠨ ᠥᠰᠥᠯᠲᠡ ᠎ᠶ᠋ᠢᠨ ᠴᠢᠳᠠᠪᠤᠷᠢ ᠎ᠶ᠋ᠢ ᠢᠳᠡᠪᠬᠢᠵᠢᠭᠦᠯᠬᠦ᠌᠎ᠳᠦ ᠲᠤᠰᠠᠲᠠᠶ; ᠲᠤᠭᠤᠷ᠂ ᠭᠦᠵᠡᠯᠵᠡᠭᠡᠨ᠎ᠡ ᠵᠡᠷᠭᠡ ᠱᠢᠮ᠎ᠡ ᠲᠡᠵᠢᠭᠡᠯ ᠎ᠢᠶᠡᠷ ᠡᠯᠪᠡᠭ ᠵᠢᠮᠢᠰ ᠎ᠢ ᠢᠳᠡᠪᠡᠯ ᠠᠭᠤᠰᠭᠢ ᠪᠠ ᠡᠯᠢᠭᠡᠨ᠎ᠳᠤ ᠰᠠᠢᠨ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面