2022-03-21 11:12:05
ᠬᠠᠪᠤᠷ᠎ᠤᠨ ᠬᠤᠭᠤᠰ ᠥᠩᠭᠡᠷᠡᠮᠡᠭᠴᠡ᠂ ᠡᠪᠦᠯᠵᠢᠬᠦ᠌ ᠲᠠᠷᠢᠮᠠᠯ ᠤᠷᠭᠤᠯᠲᠠ ᠶ᠋ᠢᠨ ᠱᠠᠲᠤᠨ ᠳᠠᠭᠠᠨ ᠣᠷᠣᠵᠤ᠂ ᠡᠨᠡ ᠦᠶᠡᠰ᠎ᠡᠴᠡ ᠲᠠᠷᠢᠶᠠᠨ ᠭᠠᠵᠠᠷ᠎ᠤᠨ ᠬᠠᠮᠢᠶᠠᠷᠤᠯᠲᠠ᠎ᠪᠠᠨ ᠴᠢᠩᠭᠠᠳᠭᠠᠬᠤ ᠨᠢ ᠴᠢᠬᠤᠯᠠ᠃ ᠠᠭᠠᠷ ᠤᠨ ᠳᠤᠯᠠᠭᠠᠨ ᠳᠡᠭᠡᠭ᠌ᠰᠢᠯᠡᠬᠦ᠌ ᠨᠢ ᠲᠦᠷᠭᠡᠨ᠂ ᠤᠰᠤ ᠬᠡᠷᠡᠭ᠌ᠰᠡᠬᠦ᠌ ᠬᠡᠮᠵᠢᠶ᠎ᠡ ᠨᠢ ᠬᠠᠷᠢᠴᠠᠩᠭᠤᠶ ᠪᠠᠷ ᠨᠡᠯᠢᠶᠡᠳ ᠶᠡᠬᠡ ᠤᠴᠢᠷ ᠠᠴᠠ ᠲᠠᠷᠢᠶᠠᠴᠢᠳ ᠤᠰᠤ ᠬᠠᠳᠠᠭᠠᠯᠠᠵᠤ ᠴᠢᠬᠢᠭ ᠢ ᠬᠠᠮᠠᠭᠠᠯᠠᠬᠤ ᠠᠵᠢᠯ᠎ᠢᠶᠠᠨ ᠰᠠᠢᠲᠤᠷ ᠬᠢᠬᠦ ᠴᠢᠬᠤᠯᠠᠲᠠᠢ᠃

ᠤᠮᠠᠷᠠᠲᠤ ᠣᠷᠣᠨ᠎ᠤ ᠬᠠᠪᠤᠷ᠎ᠤᠨ ᠤᠯᠠᠷᠢᠯ᠎ᠳᠤ ᠬᠤᠷ᠎ᠠ ᠪᠣᠷᠣᠭᠠᠨ ᠪᠠᠭ᠎ᠠ ᠭᠠᠵᠠᠷ ᠣᠷᠣᠨ᠎ᠳᠤ ᠬᠠᠪᠤᠷ᠎ᠤᠨ ᠤᠰᠤᠯᠠᠯᠲᠠ᠎ᠶ᠋ᠢ ᠴᠢᠩᠭ᠎ᠠ ᠠᠳᠭᠤᠬᠤ᠎ᠶᠢᠨ ᠬᠠᠮᠲᠤ ᠤᠷᠤᠢ᠎ᠶ᠋ᠢᠨ ᠬᠢᠷᠠᠭᠤ᠎ᠳᠤ ᠬᠥᠯᠳᠡᠬᠦ᠌᠎ᠡᠴᠡ ᠰᠡᠷᠭᠡᠢᠯᠡᠬᠦ᠌ ᠶ᠋ᠢ ᠠᠩᠬᠠᠷᠬᠤ ᠬᠡᠷᠡᠭ᠌ᠲᠡᠢ; ᠡᠮᠦᠨᠡᠲᠦ ᠣᠷᠣᠨ᠎ᠳᠤ ᠤᠰᠤᠲᠤᠯ ᠢ ᠰᠡᠷᠭᠡᠢᠯᠡᠬᠦ᠌ ᠠᠵᠢᠯ᠎ᠢ ᠦᠷᠭᠦᠯᠵᠢᠯᠡᠨ ᠰᠠᠢᠲᠤᠷ ᠬᠢᠬᠦ᠌ ᠴᠢᠬᠤᠯᠠᠲᠠᠶ᠃ ᠵᠢᠶᠠᠩᠨᠠᠨ ᠤᠷᠤᠨ᠎ᠤ ᠡᠷᠲᠡ᠎ᠶ᠋ᠢᠨ ᠲᠤᠲᠤᠷᠭ᠎ᠠ᠎ᠶ᠋ᠢᠨ ᠴᠢᠬᠢ ᠪᠣᠢᠵᠢᠭᠤᠯᠬᠤ ᠪᠠ ᠬᠥᠬᠡᠮᠥ᠋ᠷᠡᠨ ᠬᠤᠸᠠᠢᠾᠧ ᠭᠣᠣᠯ᠎ᠤᠨ ᠣᠷᠣᠨ᠎ᠤ ᠡᠷᠲᠡ᠎ᠶ᠋ᠢᠨ ᠲᠤᠲᠤᠷᠭ᠎ᠠ᠎ᠶ᠋ᠢᠨ ᠨᠢᠮᠭᠡᠨ ᠪᠦᠷᠬᠦᠭᠦᠯ᠎ᠢᠶᠡᠷ ᠴᠢᠬᠢ ᠪᠣᠢᠵᠢᠭᠤᠯᠬᠤ ᠠᠵᠢᠯ ᠨᠢᠭᠡᠨᠲᠡ ᠡᠬᠢᠯᠡᠵᠦ᠍᠂ ᠬᠠᠪᠤᠷ᠎ᠤᠨ ᠡᠬᠢᠨ᠎ᠳᠤ ᠬᠦᠢᠳᠡᠨ ᠳᠤᠯᠠᠭᠠᠨ᠎ᠤ ᠬᠤᠪᠢᠷᠠᠯᠲᠠ ᠶᠡᠬᠡ ᠪᠣᠯᠬᠣᠷ ᠬᠦᠢᠳᠡᠨ ᠠᠭᠠᠷ ᠢᠷᠡᠬᠦ᠌᠎ᠳᠦ ᠲᠦᠷᠭᠡᠭᠡᠨ ᠦᠷ᠎ᠡ ᠳᠡᠪᠲᠦᠭᠡᠵᠦ᠍ ᠰᠣᠶᠣᠭᠠᠯᠠᠭᠤᠯᠬᠤ᠎ᠶ᠋ᠢ ᠠᠩᠬᠠᠷᠴᠤ᠌᠂ ᠬᠦᠢᠳᠡᠨ ᠠᠭᠠᠷ ᠳᠠᠭᠤᠰᠭᠤ ᠦᠶ᠎ᠡ᠎ᠳᠦ ᠲᠤᠩᠭᠠᠯᠠᠭ ᠡᠳᠦᠷ ᠢ ᠵᠠᠪᠳᠤᠨ ᠲᠠᠷᠢᠬᠤ ᠠᠵᠢᠯᠯᠠᠭ᠎ᠠ ᠪᠠᠨ ᠬᠢᠪᠡᠯ ᠵᠤᠬᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄ ᠵᠤᠯᠠ




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃