24ᠴᠠᠭ ᠤᠯᠠᠷᠢᠯ > ᠨᠡᠭᠡᠭᠡᠭᠰᠡᠨ ᠬᠠᠩᠰᠢ

2022-04-07 09:34:58

ᠵᠣᠬᠢᠶᠠᠭ᠍ᠴᠢ᠄ ᠬᠤᠸᠠᠩ ᠶᠤᠸᠠᠢ ᠣᠩᠱᠢᠭ᠍ᠰᠠᠨ ᠣᠳᠠᠭ᠎ᠠ᠄ 3

ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ 《 ᠬᠠᠩᠰᠢ᠎ᠶ᠋ᠢᠨ ᠡᠳᠦᠷ ᠦᠷᠡᠭ᠌ᠳᠡᠭ᠌ᠰᠡᠨ ᠪᠠᠭᠠᠲᠤᠷᠴᠤᠳ᠎ᠢ ᠳᠠᠬᠢᠬᠤ》ᠭᠤᠤᠯ ᠰᠡᠳᠦᠪᠲᠦ ᠤᠳᠠᠭᠠᠨ ᠱᠢᠭᠤᠳ ᠨᠡᠪᠲᠡᠷᠡᠭᠦᠯᠭᠡ ᠪᠡᠷ ᠲᠤᠷᠠᠰᠬᠠᠬᠤ ᠠᠵᠢᠯᠯᠠᠭ᠎ᠠ ᠥᠷᠨᠢᠭᠦᠯᠪᠡ

ᠱᠢᠨᠬᠤᠸᠠ ᠬᠣᠷᠢᠶᠠᠨ᠎ᠤ ᠪᠡᠭᠡᠵᠢᠩ᠎ᠦᠨ 4 ᠰᠠᠷ᠎ᠠ᠎ᠶ᠋ᠢᠨ 5᠎ᠤ᠋ ᠴᠠᠬᠢᠯᠭᠠᠨ ᠮᠡᠳᠡᠭᠡ ᠰᠤᠷᠪᠤᠯᠵᠢᠯᠠᠭ᠍ᠴᠢ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ᠎ᠡᠴᠡ ᠣᠢᠯᠠᠭᠠᠭ᠍ᠰᠠᠨ᠎ᠢᠶᠠᠷ᠂ ᠨᠡᠢᠭᠡᠮ᠎ᠦᠨ ᠡᠯ᠎ᠡ ᠡᠲᠡᠭᠡᠳ᠎ᠢ ᠬᠥᠲᠥᠯᠥᠨ ᠵᠢᠯᠣᠭᠣᠳᠴᠤ᠌ ᠬᠤᠪᠢᠰᠭᠠᠯᠲᠤ ᠤᠳᠤᠮᠱᠢᠯ᠎ᠢ ᠤᠯᠠᠮᠵᠢᠯᠠᠨ ᠵᠠᠯᠭᠠᠮᠵᠢᠯᠠᠭᠤᠯᠵᠤ᠂ ᠦᠷᠡᠭ᠌ᠳᠡᠭ᠌ᠰᠡᠨ ᠪᠠᠭᠠᠲᠤᠷᠴᠤᠳ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠶ᠋ᠢᠨ ᠲᠥᠯᠥᠭᠡ᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶᠠᠨ᠎ᠤ ᠤᠬᠠᠭᠤᠯᠬᠤ ᠬᠡᠯᠲᠡᠰ᠂ ᠴᠡᠷᠢᠭ᠎ᠦᠨ ᠠᠯᠪᠠ᠎ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠶᠠᠮᠤᠨ᠎ᠤ ᠤᠬᠠᠭᠤᠯᠬᠤ ᠲᠥᠪ ᠪᠥᠬᠥ᠌ ᠤᠯᠤᠰ᠎ᠤᠨ ᠣᠯᠠᠨ ᠭᠠᠵᠠᠷ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠳᠤᠷᠠᠰᠭᠠᠯ᠎ᠤᠨ ᠭᠠᠵᠠᠷ᠎ᠤᠳ ᠎ᠲᠡᠶ ᠬᠠᠮᠲᠤᠷᠠᠨ 5 ᠎ᠤ᠋ ᠡᠳᠦᠷ 2022 ᠣᠨ᠎ᠤ 《ᠬᠠᠩᠰᠢ᠎ᠶ᠋ᠢᠨ ᠡᠳᠦᠷ ᠦᠷᠡᠭ᠌ᠳᠡᠭ᠌ᠰᠡᠨ ᠪᠠᠭᠠᠲᠤᠷᠴᠤᠳ᠎ᠢ ᠳᠠᠬᠢᠬᠤ》ᠭᠤᠤᠯ ᠰᠡᠳᠦᠪᠲᠦ ᠤᠳᠠᠭᠠᠨ ᠱᠢᠭᠤᠳ ᠨᠡᠪᠲᠡᠷᠡᠭᠦᠯᠭᠡ ᠪᠡᠷ ᠲᠤᠷᠠᠰᠬᠠᠬᠤ ᠠᠵᠢᠯᠯᠠᠭ᠎ᠠ ᠥᠷᠨᠢᠭᠦᠯᠪᠡ᠃

ᠠᠵᠢᠯᠯᠠᠭ᠎ᠠ᠎ᠨᠢ ᠰᠦᠯᠵᠢᠶᠡᠨ ᠳᠡᠭᠡᠷᠡᠬᠢ ᠲᠠᠬᠢᠯᠭ᠎ᠠ᠎ᠶ᠋ᠢᠨ ᠠᠷᠭ᠎ᠠ ᠬᠡᠯᠪᠡᠷᠢ᠎ᠪᠡᠷ ᠶᠠᠪᠤᠭ᠍ᠳᠠᠵᠤ᠂ 《ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠲᠥᠪ ᠬᠣᠷᠢᠶ᠎ᠠ》᠂ 《ᠳᠤᠮᠳᠠᠳᠤ ᠤᠯᠤᠰ᠎ᠤᠨ ᠴᠡᠷᠢᠭ᠎ᠤᠨ ᠠᠯᠪᠠ᠎ᠡᠴᠡ ᠬᠠᠯᠠᠭ᠍ᠳᠠᠭ᠍ᠰᠠᠳ》ᠵᠡᠷᠭᠡ ᠵᠠᠭᠤ ᠭᠠᠷᠤᠶ ᠵᠠᠭᠤᠴᠢᠯᠠᠭᠤᠷ᠎ᠤᠨ ᠲᠠᠪᠴᠠᠩ᠎ᠳᠤ 12 ᠴᠠᠭ ᠲᠠᠰᠤᠯᠳᠠᠯ ᠥᠬᠡᠶ ᠱᠢᠭᠤᠳ ᠨᠡᠪᠲᠡᠷᠡᠭᠦᠯᠭᠡ ᠬᠢᠵᠦ᠍᠂ ᠰᠦᠯᠵᠢᠶᠡᠨ᠎ᠦ ᠠᠨᠳᠠ᠎ᠨᠠᠷ ᠦᠭᠡ ᠦᠯᠡᠳᠡᠭᠡᠬᠦ᠌᠂ ᠰᠦᠯᠵᠢᠶᠡᠨ ᠳᠡᠭᠡᠷ᠎ᠡ ᠴᠡᠴᠡᠭ ᠬᠦᠷᠭᠡᠬᠦ᠌ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ ᠦᠷᠡᠭ᠌ᠳᠡᠭ᠌ᠰᠡᠨ ᠪᠠᠭᠠᠲᠤᠷᠴᠤᠳ᠎ᠢᠶᠠᠨ ᠭᠠᠱᠢᠭᠤᠳᠠᠵᠤ ᠪᠠᠢᠬᠤ᠎ᠪᠠᠨ ᠢᠯᠡᠳᠭᠡᠵᠦ᠍᠂ ᠦᠷᠡᠭ᠌ᠳᠡᠭ᠌ᠰᠡᠨ ᠪᠠᠭᠠᠲᠤᠷᠴᠤᠳ᠎ᠢᠶᠠᠨ ᠬᠦᠨᠳᠦᠳᠭᠡᠨ ᠪᠢᠱᠢᠷᠡᠬᠦ᠌ ᠰᠡᠳᠭᠢᠯᠭᠡ᠂ ᠳᠤᠷᠠᠰᠤᠨ ᠰᠠᠨᠠᠭᠠᠯᠵᠠᠬᠤ ᠰᠡᠳᠭᠢᠯᠭᠡ᠂ ᠤᠯᠠᠮᠵᠢᠯᠠᠨ ᠵᠠᠯᠭᠠᠮᠵᠢᠯᠠᠬᠤ ᠵᠣᠷᠢᠭ᠎ᠢᠶᠠᠨ ᠢᠯᠡᠳᠭᠡᠪᠡ᠃ ᠠᠵᠢᠯᠯᠠᠭ᠎ᠠ᠎ᠳᠤ ᠣᠷᠣᠯᠴᠠᠭ᠍ᠰᠠᠨ ᠪᠠᠭᠠᠲᠤᠷᠴᠤᠳ᠎ᠤᠨ ᠳᠤᠷᠠᠰᠭᠠᠯ᠎ᠤᠨ ᠲᠥᠬᠥᠭᠡᠷᠦᠮᠵᠢ ᠵᠢᠶᠠᠩᠰᠦ᠂ ᠵᠧᠵᠢᠶᠠᠩ᠂ ᠹᠦᠵᠢᠶᠠᠨ ᠵᠡᠷᠭᠡ 15 ᠮᠤᠵᠢ (ᠣᠷᠣᠨ᠂ ᠬᠤᠳᠠ) ᠳ᠋ᠤ ᠲᠠᠷᠬᠠᠵᠤ ᠪᠤᠢ᠃

5 ᠎ᠤ᠋ ᠡᠳᠦᠷ᠎ᠦᠨ 14 ᠴᠠᠭ ᠪᠣᠯᠲᠠᠯ᠎ᠠ᠂ ᠱᠢᠭᠤᠳ ᠨᠡᠪᠲᠡᠷᠡᠭᠦᠯᠭᠡ ᠵᠢ 2781 ᠲᠦᠮᠡᠨ ᠬᠥᠮᠦᠨ ᠤᠳᠠᠭ᠎ᠠ᠎ᠶ᠋ᠢ ᠳᠠᠪᠠᠭ᠍ᠰᠠᠨ ᠰᠦᠯᠵᠢᠶᠡᠨ ᠠᠨᠳᠠ ᠦᠵᠡᠵᠦ᠍᠂ 《 ᠦᠷᠡᠭ᠌ᠳᠡᠭ᠌ᠰᠡᠨ ᠪᠠᠭᠠᠲᠤᠷᠴᠤᠳ᠎ᠲᠤ ᠴᠡᠴᠡᠭ ᠬᠦᠷᠭᠡᠭ᠌ᠰᠡᠨ》 ᠨᠢ 7222 ᠲᠦᠮᠡᠨ ᠤᠳᠠᠭ᠎ᠠ᠎ᠶ᠋ᠢ ᠳᠠᠪᠠᠵᠠᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面