2022-04-27 16:35:02
ᠡᠨᠡ ᠵᠢᠯ᠎ᠦᠨ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯᠳᠡᠭᠡᠷᠡᠬᠢ ᠬᠣᠷᠢᠨ ᠳᠥᠷᠪᠡᠨ ᠴᠠᠭ ᠤᠯᠠᠷᠢᠯ᠎ᠤᠨ ᠭᠣᠢᠳᠠ ᠰᠠᠢᠬᠠᠨ ᠵᠢᠷᠤᠭ ᠳᠦᠷᠰᠦ ᠵᠢᠴᠢ ᠴᠠᠭ ᠤᠯᠠᠷᠢᠯ᠎ᠢ ᠳᠦᠷᠰᠦᠯᠡᠭᠰᠡᠨ ᠡᠷᠲᠡᠨ᠎ᠦ ᠱᠢᠯᠦᠭ᠎ᠨᠢ ᠬᠥᠮᠦᠰ᠎ᠦᠨ ᠬᠣᠷᠢᠨ ᠳᠥᠷᠪᠡᠨ ᠴᠠᠭ ᠤᠯᠠᠷᠢᠯ᠎ᠤᠨ ᠲᠤᠬᠠᠶ ᠲᠠᠨᠢᠯᠲᠠ᠎ᠶ᠋ᠢ ᠨᠠᠩ ᠭᠦᠨᠵᠡᠭᠡᠢᠷᠡᠭᠦᠯᠵᠦ᠍᠂ ᠲᠡᠭᠦᠨ᠎ᠳᠦ ᠠᠭᠤᠯᠤᠭ᠍ᠳᠠᠵᠤ ᠪᠠᠢᠭ᠎ᠠ ᠳᠤᠮᠳᠠᠳᠤ᠎ᠶ᠋ᠢᠨ ᠤᠯᠠᠮᠵᠢᠯᠠᠯᠲᠤ ᠰᠣᠶᠣᠯ᠎ᠢ ᠨᠡᠩ ᠪᠠᠬᠠᠷᠬᠠᠵᠠᠭᠠᠭᠰᠠᠨ ᠪᠠᠢᠨ᠎ᠠ᠃
ᠬᠣᠷᠢᠨ ᠲᠦᠷᠪᠡᠨ ᠴᠠᠭ ᠤᠯᠠᠷᠢᠯ ᠪᠤᠯ ᠲᠤᠮᠳᠠᠳᠤᠴᠤᠳ᠎ᠤᠨ ᠪᠠᠢᠭᠠᠯᠢ ᠵᠢ ᠬᠢᠷᠠᠬᠠᠢ ᠠᠵᠢᠭ᠍ᠯᠠᠬᠤ ᠤᠶᠤᠨ ᠤᠬᠠᠭᠠᠨ᠎ᠢ ᠬᠠᠷᠠᠭᠤᠯᠵᠤ᠂ ᠣᠷᠣᠱᠢᠨ ᠲᠣᠭ᠍ᠲᠠᠨᠢᠬᠤ ᠤᠶᠤᠨ ᠤᠬᠠᠭᠠᠨ ᠪᠠ ᠠᠮᠢᠳᠤᠷᠠᠯ᠎ᠤᠨ ᠭᠦᠨ ᠤᠬᠠᠭᠠᠨ᠎ᠢ ᠠᠬᠤᠭᠤᠯᠵᠤ᠂ ᠤᠷᠢᠳᠤᠬᠢ ᠬᠥᠮᠦᠰ᠎ᠦᠨ ᠣᠷᠣᠱᠢᠨ ᠲᠣᠭ᠍ᠲᠠᠨᠢᠬᠤ ᠠᠮᠢᠳᠤᠷᠠᠯ᠎ᠤᠨ ᠠᠷᠭ᠎ᠠ ᠬᠡᠯᠪᠡᠷᠢ ᠮᠥᠨ᠂ ᠪᠠᠢᠭᠠᠯᠢ ᠯᠤᠭ᠎ᠠ ᠨᠢᠭᠡᠳᠬᠦ ᠤᠶᠤᠨ ᠰᠠᠨᠠᠭᠠᠨ᠎ᠤ ᠬᠥᠭᠡᠭᠡᠴᠡᠯᠳᠦᠯ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠥᠪᠡᠷᠮᠢᠴᠡ ᠣᠨᠴᠠᠯᠢᠭ ᠪᠦᠬᠦᠢ ᠱᠢᠨᠵᠢᠯᠡᠬᠦ᠌ ᠤᠬᠠᠭᠠᠨ ᠪᠠ ᠰᠣᠶᠣᠯ᠎ᠤᠨ ᠥᠪ ᠪᠤᠯᠬᠤ ᠶᠤᠮ᠃
ᠬᠠᠯᠠᠭᠤᠨ ᠬᠦᠢᠳᠡᠨ ᠤᠷᠴᠢᠵᠤ᠂ ᠳᠥᠷᠪᠡᠨ ᠤᠯᠠᠷᠢᠯ ᠰᠣᠯᠢᠭ᠍ᠳᠠᠨᠠ᠂ ᠬᠠᠪᠤᠷ ᠲᠠᠷᠢᠵᠤ᠂ ᠵᠤᠨ ᠤᠷᠭᠤᠨ᠂ ᠨᠠᠮᠤᠷ ᠬᠤᠷᠢᠶᠠᠵᠤ᠂ ᠡᠪᠦᠯ ᠬᠠᠳᠠᠭᠠᠯᠠᠨ᠎ᠠ᠂ ᠬᠥᠮᠦᠨ ᠲᠥᠷᠥᠯᠬᠢᠲᠡᠨ ᠪᠣᠯᠤᠨ ᠪᠠᠢᠭᠠᠯᠢ᠎ᠶ᠋ᠢᠨ ᠤᠷᠲᠤ ᠬᠤᠭᠤᠴᠠᠭᠠᠨ᠎ᠤ ᠡᠰᠡᠷᠭᠦᠴᠡᠯ ᠲᠡᠮᠡᠴᠡᠯ ᠳᠤᠮᠳᠠ᠂ ᠮᠠᠨ᠎ᠤ ᠡᠪᠦᠭᠡ ᠳᠡᠭᠡᠳᠦᠰ ᠬᠣᠷᠢᠨ ᠳᠥᠷᠪᠡᠨ ᠴᠠᠭ ᠤᠯᠠᠷᠢᠯ᠎ᠢᠶᠠᠷ ᠲᠠᠷᠢᠶᠠᠯᠠᠩ᠎ᠤᠨ ᠠᠵᠢᠯ᠎ᠢᠶᠠᠨ ᠲᠣᠬᠢᠷᠠᠭᠤᠯᠬᠤ᠂ ᠠᠮᠢᠳᠤᠷᠠᠯ᠎ᠢᠶᠠᠨ ᠲᠣᠬᠢᠷᠠᠭᠤᠯᠬᠤ ᠵᠢᠮ᠎ᠡ ᠶᠣᠰᠣ᠎ᠶ᠋ᠢ ᠬᠠᠢᠵᠤ ᠣᠯᠤᠭ᠍ᠰᠠᠨ ᠪᠠᠢᠨ᠎ᠠ᠂ ᠡᠭᠦᠨ᠎ᠡᠴᠡ ᠪᠣᠯᠵᠤ ᠵᠣᠬᠢᠴᠠᠭᠰᠠᠨ ᠵᠠᠩ ᠦᠢᠯᠡ ᠵᠢᠨ ᠰᠣᠶᠣᠯ ᠪᠠ ᠪᠡᠶ᠎ᠡ ᠰᠤᠪᠢᠯᠠᠬᠤ ᠤᠷ᠎ᠠ ᠮᠡᠷᠭᠡᠵᠢᠯ ᠪᠤᠢ ᠪᠣᠯᠵᠠᠶ᠃
ᠪᠣᠳᠠᠲᠤ ᠠᠮᠢᠳᠤᠷᠠᠯ᠎ᠤᠨ ᠳᠤᠮᠳᠠ᠂ ᠴᠠᠭ ᠤᠯᠠᠷᠢᠯ᠎ᠠᠴᠠ ᠪᠤᠯᠵᠤ ᠵᠤᠬᠢᠶᠠᠭᠳᠠᠭᠰᠠᠨ ᠲᠠᠷᠢᠶᠠᠯᠠᠩ᠎ᠤᠨ ᠵᠦᠢᠷ ᠦᠭᠡ ᠬᠡᠪᠰᠢᠮᠡᠯ ᠬᠡᠯᠡᠯᠭᠡ᠂ ᠪᠡᠶ᠎ᠡ ᠰᠤᠪᠢᠯᠠᠬᠤ ᠠᠷᠭ᠎ᠠ ᠵᠡᠷᠭᠡ ᠨᠢ ᠳᠥᠭᠥᠮ ᠪᠦᠭᠡᠳ ᠬᠡᠷᠡᠭ᠌ᠴᠡᠭᠡ᠎ᠲᠡᠶ ᠪᠠᠢᠳᠠᠭ᠃ ᠵᠢᠱ᠌ᠢᠶᠡᠯᠡᠪᠡᠯ᠂ ᠦᠴᠦᠭᠡᠨ ᠳᠦᠭᠦᠷᠡᠩ᠎ᠤᠨ ᠡᠮᠤᠨ᠎ᠠ ᠬᠤᠢᠨ᠎ᠠ ᠭᠤᠸ᠎ᠠ ᠪᠤᠷᠴᠠᠭ ᠲᠠᠷᠢᠨ᠎ᠠ᠂ ᠬᠠᠯᠠᠭᠤᠨ ᠡᠬᠡᠭᠦᠳᠤ ᠲᠦᠷᠦᠭᠦᠦ ᠭᠠᠷᠬᠤ ᠦᠭᠡᠢ ᠪᠤᠯ ᠬᠠᠳᠤᠭᠠᠳ ᠦᠬᠡᠷ ᠲᠡᠵᠢᠭᠡᠨ᠎ᠡ᠂ ᠬᠦᠢᠲᠡᠨ ᠱᠢᠭᠦᠳᠡᠷᠢ ᠪᠤᠯᠪᠠᠯ ᠡᠪᠡᠰᠦ ᠨᠣᠭᠣᠭ᠎ᠠ ᠬᠤᠪᠠᠬᠠᠢᠷᠠᠨ᠎ᠠ ᠁ ᠣᠳᠣ ᠪᠣᠯᠲᠠᠯ᠎ᠠ ᠬᠣᠷᠢᠨ ᠳᠥᠷᠪᠡᠨ ᠴᠠᠭ ᠤᠯᠠᠷᠢᠯ ᠵᠢᠴᠢ ᠲᠡᠭᠦᠨ᠎ᠦ ᠰᠣᠶᠣᠯ᠎ᠢ ᠬᠡᠳᠦᠨ ᠮᠢᠩᠭᠠᠨ ᠵᠢᠯ ᠬᠡᠷᠡᠭ᠌ᠯᠡᠭᠡᠳ ᠬᠥᠮᠦᠨ ᠲᠥᠷᠥᠯᠬᠢᠲᠡᠨ᠎ᠦ ᠨᠡᠢᠭᠡᠮ᠎ᠦᠨ ᠬᠥᠭ᠌ᠵᠢᠯᠲᠡ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠭᠡᠷ ᠢᠷᠡᠵᠡᠢ᠃
ᠤᠯᠠᠮᠵᠢᠯᠠᠯᠲᠤ ᠴᠠᠭ ᠤᠯᠠᠷᠢᠯ ᠮᠥᠨ ᠦᠷᠭᠦᠯᠵᠢᠯᠡᠨ ᠬᠡᠷᠡᠭ᠌ᠯᠡᠭ᠌ᠳᠡᠵᠦ᠍ ᠪᠠᠢᠨ᠎ᠠ᠂ ᠭᠡᠲᠡᠯ᠎ᠡ ᠨᠡᠢᠭᠡᠮ᠎ᠦᠨ ᠲᠠᠰᠤᠷᠠᠯᠲᠠ ᠦᠭᠡᠢ ᠬᠥᠭ᠌ᠵᠢᠬᠦ᠌᠎ᠶ᠋ᠢ ᠳᠠᠭᠠᠯᠳᠤᠨ᠂ ᠬᠥᠮᠦᠰ ᠴᠠᠭ ᠤᠯᠠᠷᠢᠯ᠎ᠳᠤ ᠠᠶᠠᠨᠳᠠᠭᠠᠨ ᠳᠠᠳᠴᠤ᠂ ᠪᠠᠶᠠᠷ ᠳᠤᠷᠠᠰᠭᠠᠯ᠎ᠤᠨ ᠡᠳᠦᠷᠯᠤᠭᠡ ᠬᠣᠯᠪᠣᠭ᠍ᠳᠠᠯ ᠪᠦᠬᠦᠢ ᠴᠠᠭ ᠤᠯᠠᠷᠢᠯ᠎ᠠᠴᠠ ᠭᠠᠳᠠᠨ᠎ᠠ᠂ ᠪᠤᠰᠤᠳ ᠴᠠᠭ ᠤᠯᠠᠷᠢᠯ᠎ᠢ ᠶᠡᠷᠦ᠍ ᠨᠢ ᠠᠮᠠᠷᠬᠠᠨ ᠣᠮᠲᠣᠭᠠᠢᠯᠠᠵᠤ ᠪᠠᠢᠨ᠎ᠠ᠃ ᠬᠡᠳᠦᠢᠪᠡᠷ ᠮᠠᠰᠢ ᠣᠯᠠᠨ ᠬᠥᠮᠦᠨ ᠪᠠᠭ᠎ᠠ ᠰᠤᠷᠭᠠᠭᠤᠯᠢ᠎ᠠᠴᠠ ᠡᠬᠢᠯᠡᠨ ᠬᠣᠷᠢᠨ ᠳᠥᠷᠪᠡᠨ ᠴᠠᠭ ᠤᠯᠠᠷᠢᠯ᠎ᠤᠨ ᠳᠠᠭᠤᠤ᠎ᠶ᠋ᠢ ᠴᠡᠭᠡᠵᠢᠯᠡᠵᠦ ᠪᠠᠢᠭᠰᠠᠨ ᠪᠣᠯᠪᠠᠴᠤ᠌ ᠴᠠᠭ ᠤᠯᠠᠷᠢᠯ᠎ᠤᠨ ᠭᠦᠨᠵᠡᠭᠡᠶ ᠠᠭᠤᠯᠤᠭᠳᠠᠬᠤᠨ᠎ᠢ ᠣᠢᠯᠠᠭᠠᠬᠤ ᠦᠭᠡᠶ᠎ᠡᠴᠡ ᠪᠣᠯᠵᠤ᠂ ᠤᠳᠠᠭᠠᠨ᠎ᠳᠠᠭᠠᠨ ᠠᠭᠠᠵᠢᠮ᠎ᠢᠶᠠᠷ ᠤᠮᠳᠤᠭᠠᠢᠯᠠᠬᠤ ᠪᠤᠶᠤ ᠴᠢᠨᠠᠭ᠍ᠰᠢᠯᠠᠭᠠᠳ ᠮᠠᠷᠲᠠᠳᠠᠭ ᠪᠠᠢᠨ᠎ᠠ᠃ ᠤᠨᠴᠠᠭᠠᠢᠯᠠᠨ ᠬᠤᠳᠠ᠎ᠶ᠋ᠢᠨ ᠵᠠᠯᠠᠭᠤᠴᠤᠳ ᠪᠠᠭᠠᠴᠤᠳ ᠬᠥᠳᠡᠭᠡ᠎ᠳᠤ ᠠᠮᠢᠳᠤᠷᠠᠭᠰᠠᠨ ᠥᠩᠭᠡᠷᠡᠯᠲᠡ ᠳᠤᠲᠠᠮᠠᠭ ᠪᠣᠯᠬᠣᠷ ᠲᠠᠷᠢᠶᠠᠯᠠᠩ᠎ᠤᠨ ᠠᠵᠢᠯ᠎ᠯᠤᠭ᠎ᠠ ᠨᠢᠭ᠍ᠲᠠ ᠬᠣᠯᠪᠣᠭ᠎ᠠ᠎ᠲᠠᠶ ᠴᠠᠭ ᠤᠯᠠᠷᠢᠯ᠎ᠢ ᠠᠮᠠᠷᠬᠠᠨ ᠴᠡᠭᠡᠵᠢᠯᠡᠵᠦ᠍ ᠳᠡᠢᠯᠬᠦ᠌ ᠦᠭᠡᠢ ᠪᠠᠢᠵᠤ ᠮᠡᠳᠡᠨ᠎ᠡ᠃
ᠬᠣᠷᠢᠨ ᠲᠦᠷᠪᠡᠨ ᠴᠠᠭ ᠤᠯᠠᠷᠢᠯ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠨᠢᠭᠡ ᠬᠡᠰᠡᠭ ᠪᠤᠯᠤᠭᠰᠠᠨ᠎ᠤ ᠬᠤᠪᠢ᠎ᠳᠤ᠂ ᠪᠢᠳᠡ ᠲᠡᠳᠡᠭᠡᠷ᠎ᠦᠨ ᠢᠷᠡᠯᠳᠡ᠂ ᠦᠢᠯᠡᠳᠦᠯ᠂ ᠴᠢᠬᠤᠯᠠ ᠠᠴᠢ ᠬᠣᠯᠪᠣᠭ᠍ᠳᠠᠯ᠎ᠢ ᠣᠢᠯᠠᠭᠠᠬᠤ᠎ᠪᠠᠷ ᠪᠠᠷᠠᠬᠤ ᠦᠭᠡᠢ ᠪᠠᠰᠠ ᠲᠡᠭᠦᠨ᠎ᠳᠦ ᠠᠭᠤᠯᠤᠭ᠍ᠳᠠᠵᠤ ᠪᠠᠢᠭ᠎ᠠ ᠡᠯᠪᠡᠭ ᠪᠠᠶᠠᠯᠢᠭ ᠤᠯᠠᠮᠵᠢᠯᠠᠯᠲᠤ ᠰᠣᠶᠣᠯ᠎ᠢ ᠣᠢᠯᠠᠭᠠᠬᠤ ᠬᠡᠷᠡᠭ᠌ᠲᠡᠢ᠂ ᠨᠡᠩ ᠴᠤ᠌ ᠡᠢᠮᠦᠷᠬᠦᠦ ᠰᠣᠶᠣᠯ᠎ᠢ ᠬᠠᠮᠠᠭᠠᠯᠠᠵᠤ᠂ ᠵᠠᠯᠭᠠᠮᠵᠢᠯᠠᠵᠤ᠂ ᠪᠠᠳᠠᠷᠠᠭᠤᠯᠬᠤ ᠬᠡᠷᠡᠭ᠌ᠲᠡᠢ᠃ ᠴᠠᠭ ᠤᠯᠠᠷᠢᠯ᠎ᠢ ᠠᠱᠢᠭ᠍ᠯᠠᠨ ᠤᠳᠤ ᠦᠶ᠎ᠡ᠎ᠶ᠋ᠢᠨ ᠳᠡᠭᠡᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠦᠢᠯᠡᠳᠪᠦᠷᠢᠯᠡᠯ᠎ᠢ ᠵᠦᠢ ᠵᠣᠬᠢᠰᠲᠠᠢ ᠲᠤᠬᠢᠷᠠᠭᠤᠯᠤᠨ᠂ ᠨᠡᠩ ᠠᠷᠪᠢᠨ ᠴᠢᠨᠠᠷ ᠰᠠᠢᠲᠠᠢ ᠥᠨᠳᠥᠷ ᠪᠦᠲᠦᠮᠵᠢᠲᠡᠢ ᠲᠠᠷᠢᠶᠠᠯᠠᠩ᠎ᠤᠨ ᠪᠦᠲᠦᠭᠡᠭ᠌ᠳᠡᠬᠦᠨ ᠦᠢᠯᠡᠳᠪᠦᠷᠢᠯᠡᠨ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠬᠡᠷᠡᠭ᠌ᠲᠡᠢ; ᠴᠠᠭ ᠤᠯᠠᠷᠢᠯ᠎ᠢ ᠣᠲᠣ ᠦᠶ᠎ᠡ᠎ᠶ᠋ᠢᠨ ᠠᠨᠠᠭᠠᠬᠤ ᠤᠬᠠᠭᠠᠨ᠎ᠤ ᠮᠡᠷᠭᠡᠵᠢᠯ᠎ᠲᠡᠶ ᠤᠶᠠᠯᠳᠤᠭᠤᠯᠤᠨ᠂ ᠬᠥᠮᠦᠰ᠎ᠦᠨ ᠬᠣᠭᠣᠯᠠ ᠤᠮᠳᠠ᠎ᠶ᠋ᠢ ᠵᠦᠶ ᠵᠣᠬᠢᠰᠲᠠᠶ ᠲᠣᠬᠢᠷᠠᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠰᠤᠪᠢᠯᠠᠵᠤ ᠂ ᠠᠷᠠᠳ ᠲᠦᠮᠡᠨ᠎ᠦ ᠪᠡᠶ᠎ᠡ ᠮᠠᠬᠠᠪᠣᠳ᠎ᠢ ᠴᠢᠭᠢᠷᠠᠭ᠍ᠵᠢᠭᠤᠯᠤᠨ᠂ ᠡᠷᠡᠭᠦᠯ ᠡᠩᠬᠡ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠬᠡᠷᠡᠭᠲᠡᠢ; ᠤᠳᠤ ᠦᠶ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠷᠭ᠎ᠠ ᠪᠠᠷᠢᠯ᠎ᠲᠠᠶ ᠤᠶᠠᠯᠳᠤᠭᠤᠯᠤᠨ᠂ ᠬᠣᠷᠢᠨ ᠲᠦᠷᠪᠡᠨ ᠴᠠᠭ ᠤᠯᠠᠷᠢᠯ᠎ᠤᠨ ᠬᠣᠯᠪᠣᠭ᠍ᠳᠠᠯ ᠪᠦᠬᠦᠢ ᠮᠡᠳᠡᠯᠭᠡ᠎ᠶ᠋ᠢ ᠤᠬᠠᠭᠤᠯᠤᠨ ᠲᠦᠭᠡᠮᠡᠯᠵᠢᠭᠦᠯᠵᠤ᠂ ᠬᠥᠮᠦᠰ᠎ᠦᠨ ᠴᠠᠭ ᠤᠯᠠᠷᠢᠯ᠎ᠤᠨ ᠲᠤᠬᠠᠢ ᠣᠢᠯᠠᠭᠠᠯᠲᠠ᠎ᠶ᠋ᠢ ᠨᠡᠮᠡᠭ᠌ᠳᠡᠭᠦᠯᠵᠦ᠍᠂ ᠰᠣᠶᠣᠯ᠎ᠤᠨ ᠬᠠᠮᠲᠤ᠎ᠶ᠋ᠢᠨ ᠲᠠᠨᠢᠯᠲᠠ᠂ ᠰᠣᠶᠣᠯ᠎ᠤᠨ ᠢᠲᠡᠭᠡᠯ᠎ᠢ ᠨᠡᠮᠡᠭ᠌ᠳᠡᠭᠦᠯᠦᠨ᠂ ᠳᠤᠮᠳᠠᠳᠤ᠎ᠶ᠋ᠢᠨ ᠰᠣᠶᠣᠯ᠎ᠢ ᠪᠠᠳᠠᠷᠠᠭᠤᠯᠬᠤ ᠬᠡᠷᠡᠭᠲᠡᠢ᠃

ᠬᠤᠷᠢᠨ ᠲᠦᠷᠪᠡᠨ ᠴᠠᠭ ᠤᠯᠠᠷᠢᠯ᠎ᠤᠨ ᠨᠢᠭᠡ ᠪᠤᠯᠬᠤ ᠬᠤᠷ᠎ᠠ ᠤᠰᠤ ᠵᠢᠨ ᠡᠮᠦᠨ᠎ᠠ ᠬᠣᠢᠨ᠎ᠠ ᠬᠥᠬᠡᠬᠣᠲᠠ ᠵᠢᠨ ᠬᠠᠪᠤᠷ᠎ᠤᠨ ᠲᠠᠷᠢᠶᠠᠯᠠᠭ᠎ᠠ ᠡᠬᠢᠯᠡᠳᠡᠭ
ᠰᠤᠷᠪᠤᠯᠵᠢᠯᠠᠭ᠍ᠴᠢ ᠮᠦᠩᠭᠡᠴᠢᠯᠠᠭᠤ ᠰᠡᠭᠦᠳᠡᠷᠯᠡᠪᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃