2022-04-01 09:52:41
3 ᠰᠠᠷ᠎ᠠ᠎ᠶ᠋ᠢᠨ 30᠎ᠤ᠋ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠡᠴᠡ ᠤᠢ᠍ᠢᠯᠠᠭᠠᠭ᠍ᠰᠠᠨ ᠵᠢᠡᠷ᠂ ᠲᠦᠷᠦᠭᠦᠬᠡᠨ ᠮᠠᠨ᠎ᠤ ᠣᠷᠣᠨ《ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨᠦ ᠬᠤᠬᠢᠷᠠᠯ᠎ᠤᠨ ᠲᠦᠯᠦᠪᠤᠷᠢ ᠵᠢᠨ ᠠᠵᠢᠯ᠎ᠤᠨ ᠲᠣᠭ᠍ᠲᠠᠭᠠᠯ(ᠲᠤᠷᠱᠢᠨ ᠬᠡᠷᠡᠭ᠌ᠵᠢᠭᠦᠯᠬᠦ᠌)》(ᠳᠣᠷᠣᠭ᠍ᠰᠢ《ᠠᠵᠢᠯ᠎ᠤᠨ ᠲᠣᠭ᠍ᠲᠠᠭᠠᠯ》 ᠭᠡᠵᠦ᠍ ᠳᠥᠭᠥᠮᠴᠢᠯᠡᠨ᠎ᠡ ) ᠢ᠋ ᠨᠡᠢᠲᠡᠯᠡᠵᠦ᠍ ᠂ ᠠᠮᠢ ᠠᠬᠤᠢ ᠣᠷᠴᠢᠨ ᠲᠣᠭᠣᠷᠢᠨᠦ ᠬᠤᠬᠢᠷᠠᠯ᠎ᠤᠨ ᠲᠥᠯᠥᠪᠦᠷᠢ ᠵᠢᠨ ᠠᠵᠢᠯ᠎ᠢ ᠵᠢᠷᠤᠮᠵᠢᠭᠤᠯᠵᠤ ᠂ ᠵᠠᠰᠠᠭ᠎ᠤᠨ ᠣᠷᠳᠣᠨ ᠵᠢᠴᠢ ᠵᠢᠭᠠᠨ ᠲᠣᠭ᠍ᠲᠠᠭᠠᠭ᠍ᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠶ᠋ᠢᠨ ᠬᠠᠤᠯᠢ ᠲᠣᠭ᠍ᠲᠠᠭᠠᠯ ᠶᠣᠰᠣᠭᠠᠷ ᠠᠮᠢ ᠠᠬᠤᠢ ᠣᠷᠴᠢᠨ ᠲᠣᠭᠣᠷᠢᠨ᠎ᠤ ᠬᠤᠬᠢᠷᠠᠯ᠎ᠤᠨ ᠲᠥᠯᠥᠪᠦᠷᠢ ᠵᠢᠨ ᠬᠡᠷᠡᠭ᠎ᠢ ᠱᠢᠢᠳᠪᠦᠷᠢᠯᠡᠬᠦ᠌᠎ᠶ᠋ᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ᠂ ᠰᠠᠢᠵᠢᠷᠠᠭᠤᠯᠬᠤ ᠪᠠ ᠰᠡᠷᠭᠦᠭᠡᠬᠦ᠌᠎ᠶ᠋ᠢ ᠦᠨᠡᠨ ᠬᠦ᠌ ᠠᠬᠢᠭᠤᠯᠵᠤ ᠪᠤᠢ ᠃
ᠣᠢᠯᠠᠭᠠᠭ᠍ᠰᠠᠨ᠎ᠢᠶᠠᠷ᠂ 《ᠠᠵᠢᠯ᠎ᠤᠨ ᠲᠣᠭ᠍ᠲᠠᠭᠠᠯ》᠎ᠨᠢ ᠭᠤᠤᠯᠳᠠᠭᠤ ᠠᠵᠢᠯ᠎ᠤᠨ ᠵᠠᠷᠴᠢᠮ ᠂ ᠬᠠᠮᠢᠶᠠᠷᠬᠤ ᠬᠦᠷᠢᠶ᠎ᠡ ᠬᠡᠪᠴᠢᠶ᠎ᠡ ᠂ ᠲᠥᠯᠥᠪᠦᠷᠢ ᠵᠢᠨ ᠡᠷᠬᠡᠲᠦ ᠬᠥᠮᠦᠨ᠂ ᠲᠥᠯᠥᠪᠦᠷᠢ ᠵᠢᠨ ᠡᠭᠦᠷᠭᠡᠲᠦ ᠬᠥᠮᠦᠨ᠂ ᠠᠮᠢ ᠠᠬᠤᠶ ᠣᠷᠴᠢᠨ ᠲᠣᠭᠣᠷᠢᠨᠦ ᠬᠤᠬᠢᠷᠠᠯ᠎ᠤᠨ ᠲᠥᠯᠥᠪᠦᠷᠢ ᠵᠢᠨ ᠵᠥᠪᠳᠡᠯᠴᠡᠭᠡ ᠬᠢᠬᠦ ᠡᠯ᠎ᠡ ᠵᠦᠶ᠋ᠯ᠎ᠦᠨ ᠱᠠᠭᠠᠷᠳᠠᠯᠭ᠎ᠠ ᠂ ᠠᠮᠢ ᠠᠬᠤᠶ ᠣᠷᠴᠢᠨ ᠲᠣᠭᠣᠷᠢᠨᠦ ᠬᠤᠬᠢᠷᠠᠯ᠎ᠤᠨ ᠲᠥᠯᠥᠪᠦᠷᠢ ᠵᠢᠨ ᠬᠠᠤᠯᠢ ᠴᠠᠭᠠᠵᠠ᠎ᠶ᠋ᠢᠨ ᠨᠤᠲᠠᠯᠠᠯᠲᠠ᠎ᠶ᠋ᠢ ᠲᠣᠭ᠍ᠲᠠᠭᠠᠬᠤ ᠵᠡᠷᠭᠡ 11 ᠲᠠᠯ᠎ᠠ᠎ᠪᠠᠷ ᠠᠮᠢ ᠠᠬᠤᠶ ᠣᠷᠴᠢᠨ ᠲᠣᠭᠣᠷᠢᠨᠦ ᠬᠤᠬᠢᠷᠠᠯ᠎ᠤᠨ ᠲᠥᠯᠥᠪᠦᠷᠢ ᠵᠢᠨ ᠠᠵᠢᠯ᠎ᠢ ᠵᠢᠷᠤᠮᠵᠢᠭᠤᠯᠪᠠ᠃ ᠠᠮᠢ ᠠᠬᠤᠶ ᠣᠷᠴᠢᠨ ᠲᠣᠭᠣᠷᠢᠨ᠎ᠤ ᠬᠤᠬᠢᠷᠠᠯ᠎ᠢ ᠦᠨᠡᠯᠡᠨ ᠵᠢᠱ᠌ᠢᠵᠦ᠍ ᠬᠢᠨᠠᠨ ᠲᠣᠭ᠍ᠲᠠᠭᠠᠬᠤ᠎ᠳᠤ ᠬᠡᠷᠡᠭᠰᠡᠬᠦ ᠴᠠᠭ ᠣᠷᠳᠣ ᠂ ᠵᠠᠷᠤᠳᠠᠯ ᠶᠡᠭᠡ ᠪᠤᠯᠬᠤᠷ 《ᠠᠵᠢᠯ᠎ᠤᠨ ᠲᠣᠭ᠍ᠲᠠᠭᠠᠯ》 ᠳ᠋ᠤ ᠠᠮᠢ ᠠᠬᠤᠶ ᠣᠷᠴᠢᠨ ᠲᠣᠭᠣᠷᠢᠨ᠎ᠤ ᠬᠤᠬᠢᠷᠠᠯ᠎ᠢ ᠪᠠᠢᠴᠠᠭᠠᠬᠤ᠎ᠪᠠᠷ ᠳᠡᠮᠵᠢᠨ᠂ ᠬᠤᠬᠢᠷᠠᠯ᠎ᠤᠨ ᠪᠣᠳᠠᠲᠤ ᠬᠡᠷᠡᠭ᠎ᠨᠢ ᠲᠣᠳᠣᠷᠬᠠᠶ᠂ ᠬᠠᠷᠢᠭᠤᠴᠠᠯᠭ᠎ᠠ᠎ᠶ᠋ᠢ ᠮᠠᠭᠠᠳᠯᠠᠨ ᠲᠣᠭ᠍ᠲᠠᠭᠠᠬᠤ᠎ᠳᠤ ᠮᠠᠷᠭᠤᠭᠠᠨ ᠥᠬᠡᠶ᠂ ᠬᠣᠬᠢᠷᠠᠯ᠎ᠤᠨ ᠵᠣᠭᠣᠰ᠎ᠤᠨ ᠲᠣᠭ᠎ᠠ᠎ᠨᠢ 50 ᠲᠦᠮᠡᠨ ᠲᠥᠭᠥᠷᠢᠭ᠎ᠡᠴᠡ ᠳᠣᠷᠣᠭ᠍ᠰᠢ ᠪᠠᠢᠬᠤ ᠬᠡᠷᠡᠭ᠎ᠢ ᠲᠤᠰᠭᠠᠶ ᠮᠡᠷᠭᠡᠵᠢᠯᠲᠡᠨ᠎ᠳᠦ ᠨᠠᠢᠳᠠᠵᠤ ᠦᠨᠡᠯᠡᠨ ᠵᠢᠱ᠌ᠢᠵᠦ᠍ ᠮᠠᠭᠠᠳᠯᠠᠨ ᠲᠣᠭ᠍ᠲᠠᠭᠠᠬᠤ ᠳᠥᠭᠥᠮ ᠠᠷᠭ᠎ᠠ ᠬᠡᠯᠪᠡᠷᠢ᠎ᠶ᠋ᠢ ᠬᠡᠷᠡᠭ᠌ᠯᠡᠵᠦ᠍ ᠪᠣᠯᠤᠨ᠎ᠠ᠂ ᠲᠤᠰᠭᠠᠶ ᠮᠡᠷᠭᠡᠵᠢᠯᠲᠡᠨ᠎ᠡᠴᠡ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠬᠤᠬᠢᠷᠠᠯ᠎ᠢ ᠬᠢᠨᠠᠨ ᠲᠣᠭ᠍ᠲᠠᠭᠠᠵᠤ ᠦᠨᠡᠯᠡᠨ ᠵᠢᠱ᠌ᠢᠬᠦ᠌ ᠮᠡᠷᠭᠡᠵᠢᠯ᠎ᠦᠨ ᠪᠠᠷᠢᠮᠵᠢᠶ᠎ᠠ᠎ᠶ᠋ᠢᠨ ᠱᠢᠰᠲ᠋ᠧᠮ᠎ᠦᠨ ᠱᠠᠭᠠᠷᠳᠠᠯᠭ᠎ᠠ ᠶᠣᠰᠣᠭᠠᠷ ᠰᠠᠨᠠᠯ ᠭᠠᠷᠭᠠᠵᠤ ᠥᠭ᠌ᠭᠦᠨ᠎ᠡ ᠂ ᠪᠠᠰᠠ ᠬᠡᠷᠡᠭ᠎ᠲᠦ ᠬᠣᠯᠪᠣᠭ᠍ᠳᠠᠬᠤ ᠬᠠᠤᠯᠢ ᠴᠠᠭᠠᠵᠠ᠎ᠶ᠋ᠢᠨ ᠪᠢᠴᠢᠭ ᠂ ᠬᠢᠨᠠᠨ ᠬᠡᠮᠵᠢᠭ᠌ᠰᠡᠨ ᠮᠡᠳᠡᠭᠦᠯᠦᠯᠲᠡ ᠵᠡᠷᠭᠡ ᠮᠠᠲ᠋ᠧᠷᠢᠶᠠᠯ᠎ᠢ ᠦᠨᠳᠦᠰᠦᠯᠡᠨ ᠠᠮᠢ ᠠᠬᠤᠶ᠎ᠶ᠋ᠢᠨ ᠬᠤᠬᠢᠷᠠᠯ᠎ᠢ ᠶᠡᠷᠦᠩᠬᠡᠢᠯᠡᠨ ᠮᠠᠭᠠᠳᠯᠠᠨ ᠲᠣᠭ᠍ᠲᠠᠭᠠᠵᠤ ᠪᠣᠯᠤᠨ᠎ᠠ ᠭᠡᠵᠦ᠍ ᠲᠣᠳᠣᠷᠬᠠᠢᠯᠠᠪᠠ᠃
《ᠠᠵᠢᠯ᠎ᠤᠨ ᠲᠣᠭ᠍ᠲᠠᠭᠠᠯ》 ᠳ᠋ᠤ ᠪᠠᠰᠠ ᠂ ᠠᠮᠢ ᠠᠬᠤᠶ ᠣᠷᠴᠢᠨ ᠲᠣᠭᠣᠷᠢᠨᠦ ᠬᠤᠬᠢᠷᠠᠯ᠎ᠤᠨ ᠲᠥᠯᠥᠪᠦᠷᠢ ᠵᠢᠨ ᠵᠥᠪᠳᠡᠯᠴᠡᠭᠡ ᠬᠢᠭᠡᠳ ᠦᠯᠦ ᠪᠦᠲᠦᠭ᠌ᠰᠡᠨ ᠪᠠᠢᠪᠠᠯ ᠂ ᠲᠥᠯᠥᠪᠦᠷᠢ ᠵᠢᠨ ᠡᠷᠬᠡᠲᠦ ᠬᠥᠮᠦᠨ᠎ᠤ ᠵᠢᠭᠠᠨ ᠲᠣᠭ᠍ᠲᠠᠭᠠᠭ᠍ᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠡᠷᠬᠡᠪᠰᠢ ᠬᠠᠷᠢᠶᠠᠯᠠᠬᠤ ᠡᠷᠬᠡ ᠪᠥᠬᠥᠶ ᠠᠷᠠᠳ᠎ᠤᠨ ᠱᠢᠭᠦᠬᠦ᠌ ᠬᠣᠷᠢᠶ᠎ᠠ᠎ᠳᠤ ᠠᠮᠢ ᠠᠬᠤᠶ ᠣᠷᠴᠢᠨ ᠲᠣᠭᠣᠷᠢᠨᠦ ᠬᠤᠬᠢᠷᠠᠯ᠎ᠤᠨ ᠲᠥᠯᠥᠪᠦᠷᠢ ᠵᠢᠨ ᠵᠠᠷᠭᠤ ᠬᠢᠬᠦ᠌᠎ᠶ᠋ᠢᠨ ᠬᠠᠮᠲᠤ ᠠᠳᠠᠯᠢ ᠱᠠᠲᠤᠨ᠎ᠤ ᠪᠠᠢᠴᠠᠭᠠᠬᠤ ᠪᠠᠢᠭᠤᠯᠭ᠎ᠠ᠎ᠳᠤ ᠪᠢᠴᠢᠭ᠎ᠢᠶᠡᠷ ᠮᠡᠳᠡᠭ᠌ᠳᠡᠬᠦ᠌ ᠬᠡᠷᠡᠭ᠌ᠲᠡᠶ᠃ ᠪᠠᠢᠴᠠᠭᠠᠬᠤ ᠪᠠᠢᠭᠤᠯᠭ᠎ᠠ᠂ ᠠᠮᠢ ᠠᠬᠤᠢ᠎ᠣᠷᠴᠢᠨ ᠲᠤᠭᠤᠷᠢᠨ᠂ ᠪᠠᠢᠭᠠᠯᠢ᠎ᠶ᠋ᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ ᠂ ᠤᠰᠤᠨ ᠠᠱᠢᠭ᠍ᠯᠠᠯᠲᠠ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠂ ᠤᠢ ᠱᠢᠭᠤᠢ ᠪᠠ ᠨᠤᠲᠤᠭ ᠪᠡᠯᠴᠢᠭᠡᠷ ᠵᠡᠷᠭᠡ ᠵᠠᠰᠠᠭ ᠵᠠᠬᠢᠷᠭᠠᠨ᠎ᠤ ᠪᠠᠢᠭᠤᠯᠭ᠎ᠠ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ ᠪᠠ ᠠᠮᠢ ᠠᠬᠤᠢ᠎ᠣᠷᠴᠢᠨ ᠲᠤᠭᠤᠷᠢᠨ ᠤ ᠬᠤᠬᠢᠷᠠᠯ᠎ᠤᠨ ᠲᠥᠯᠥᠪᠦᠷᠢ᠎ᠶ᠋ᠢᠨ ᠵᠠᠷᠭᠤ᠎ᠳᠤ ᠲᠤᠰ ᠲᠤᠰ᠎ᠤᠨ ᠡᠭᠦᠷᠭᠡ ᠴᠢᠳᠠᠪᠤᠷᠢ ᠲᠤᠱᠢᠶᠠᠯ ᠬᠠᠷᠢᠭᠤᠴᠠᠯᠭ᠎ᠠ᠎ᠶ᠋ᠢᠨ᠎ᠢᠶᠠᠨ ᠶᠣᠰᠣᠭᠠᠷ ᠬᠠᠷᠢᠯᠴᠠᠨ ᠬᠣᠯᠪᠣᠭ᠍ᠳᠠᠯ ᠪᠦᠬᠦᠢ ᠳᠡᠮᠵᠢᠯᠭᠡ ᠬᠠᠩᠭᠠᠵᠤ ᠪᠣᠯᠤᠨ᠎ᠠ ᠭᠡᠵᠤ ᠲᠤᠳᠤᠷᠬᠠᠢᠯᠠᠪᠠ᠃
ᠡᠭᠦᠨ᠎ᠦ ᠬᠠᠮᠲᠤ᠂ 《ᠠᠵᠢᠯ᠎ᠤᠨ ᠲᠣᠭ᠍ᠲᠠᠭᠠᠯ 》 ᠨᠢ ᠲᠥᠯᠥᠪᠦᠷᠢ ᠵᠢᠨ ᠡᠭᠦᠷᠭᠡᠲᠦ ᠬᠥᠮᠦᠨ᠎ᠦ ᠰᠠᠨᠠᠭᠠᠴᠢᠯᠠᠭ᠎ᠠ᠎ᠠᠴᠠ᠎ᠪᠠᠨ ᠵᠠᠰᠠᠨ ᠰᠡᠷᠭᠦᠭᠡᠬᠦ᠌ ᠬᠠᠷᠢᠭᠤᠴᠠᠯᠭ᠎ᠠ ᠡᠭᠦᠷᠭᠡᠯᠡᠬᠦ᠌᠎ᠶ᠋ᠢ ᠵᠣᠷᠢᠭ᠍ᠵᠢᠭᠤᠯᠬᠤ᠎ᠶ᠋ᠢᠨ ᠬᠠᠮᠲᠤ ᠲᠥᠯᠥᠪᠦᠷᠢ ᠵᠢᠨ ᠡᠷᠬᠡᠲᠦ ᠬᠥᠮᠦᠨ᠎ᠦ ᠵᠢᠭᠠᠨ ᠲᠣᠭ᠍ᠲᠠᠭᠠᠭ᠍ᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠠᠴᠠ ᠠᠮᠢ ᠠᠬᠤᠢ ᠣᠷᠴᠢᠨ ᠲᠣᠭᠣᠷᠢᠨ᠎ᠢ ᠵᠠᠰᠠᠨ ᠰᠡᠷᠭᠦᠭᠡᠬᠦ᠌᠎ᠳᠦ ᠬᠢᠨᠠᠯᠲᠠ ᠲᠠᠯᠪᠢᠵᠤ ᠬᠠᠮᠢᠶᠠᠷᠬᠤ᠎ᠶ᠋ᠢ ᠬᠠᠷᠢᠭᠤᠴᠠᠨ᠎ᠠ ᠭᠡᠵᠦ᠍ ᠲᠣᠳᠣᠷᠬᠠᠢ ᠲᠣᠭ᠍ᠲᠠᠭᠠᠪᠠ᠃ ᠵᠠᠰᠠᠨ ᠰᠡᠷᠭᠦᠭᠡᠬᠦ᠌ ᠲᠥᠷᠥᠯ ᠵᠦᠶ᠋ᠯ᠎ᠦᠨ ᠭᠤᠤᠯ ᠴᠣᠭ᠍ᠴᠠ᠎ᠨᠢ ᠵᠠᠰᠠᠨ ᠰᠡᠷᠭᠦᠭᠡᠬᠦ᠌ ᠲᠥᠰᠦᠯ᠎ᠦᠨ ᠶᠣᠰᠣᠭᠠᠷ ᠪᠠᠷᠢᠯᠭ᠎ᠠ ᠪᠠᠷᠢᠵᠤ ᠂ ᠪᠠᠷᠢᠯᠭ᠎ᠠ ᠪᠠᠷᠢᠬᠤ ᠪᠥᠬᠥ᠌ ᠶᠠᠪᠤᠴᠠ᠎ᠶ᠋ᠢᠨ ᠡᠬᠡ ᠲᠠᠩᠰᠠ ᠵᠢ ᠪᠠᠢᠭᠤᠯᠤᠨ ᠂ ᠰᠡᠷᠭᠦᠭᠡᠬᠦ᠌ ᠶᠠᠪᠤᠴᠠ ᠂ ᠰᠡᠷᠭᠦᠭᠡᠬᠦ᠌ ᠪᠠᠯᠠ ᠮᠥᠩᠭᠥ᠎ᠶ᠋ᠢ ᠬᠡᠷᠡᠭ᠌ᠯᠡᠭ᠌ᠰᠡᠨ ᠪᠠᠢᠳᠠᠯ ᠂ ᠰᠡᠷᠭᠦᠭᠡᠬᠦ᠌ ᠶᠠᠪᠤᠴᠠ᠎ᠳᠠᠬᠢ ᠠᠮᠢ ᠠᠬᠤᠶ ᠣᠷᠴᠢᠨ ᠲᠣᠭᠣᠷᠢᠨ ᠢ ᠬᠠᠮᠠᠭᠠᠯᠠᠬᠤ ᠠᠷᠭ᠎ᠠ ᠬᠡᠮᠵᠢᠶ᠎ᠡ ᠵᠡᠷᠭᠡ ᠮᠡᠳᠡᠭᠡ ᠵᠠᠩᠭᠢ᠎ᠶ᠋ᠢ ᠦᠨᠡᠨ ᠪᠣᠳᠠᠲᠠᠶ᠎ᠪᠠᠷ ᠲᠡᠮᠳᠡᠭ᠌ᠯᠡᠬᠦ᠌᠎ᠶ᠋ᠢᠨ ᠬᠠᠮᠲᠤ ᠂ ᠲᠥᠯᠥᠪᠦᠷᠢ ᠵᠢᠨ ᠡᠷᠬᠡᠲᠦ ᠬᠥᠮᠦᠨ᠎ᠦ ᠵᠢᠭᠠᠨ ᠲᠣᠭ᠍ᠲᠠᠭᠠᠭ᠍ᠰᠠᠨ ᠰᠠᠯᠠᠭ᠎ᠠ ᠮᠥᠴᠢᠷ ᠪᠤᠶᠤ ᠪᠠᠢᠭᠤᠯᠤᠮᠵᠢ᠎ᠳᠤ ᠴᠠᠭ ᠲᠤᠬᠠᠶ᠎ᠳᠤᠨᠢ ᠮᠡᠳᠡᠭᠦᠯᠦᠨ ᠬᠦᠷᠭᠡᠬᠦ᠌ ᠬᠡᠷᠡᠭ᠌ᠲᠡᠶ ᠭᠡᠵᠤ ᠱᠠᠭᠠᠷᠳᠠᠪᠠ᠃
ᠠᠮᠢ ᠠᠬᠤᠶ ᠣᠷᠴᠢᠨ ᠲᠣᠭᠣᠷᠢᠨᠦ ᠬᠤᠬᠢᠷᠠᠯ᠎ᠤᠨ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠯᠲᠠ ᠬᠢᠬᠦ᠌ ᠪᠠᠢᠭᠤᠯᠤᠮᠵᠢ᠎ᠶ᠋ᠢᠨ ᠪᠠᠢᠭᠤᠯᠤᠯᠲᠠ᠎ᠶ᠋ᠢ ᠤᠯᠠᠮ ᠨᠢᠭᠡ ᠠᠯᠬᠤᠮ ᠲᠦᠷᠭᠡᠳᠭᠡᠨ ᠠᠬᠢᠭᠤᠯᠬᠤ᠎ᠶ᠋ᠢᠨ ᠲᠦᠯᠦᠭᠡ ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠲᠡᠶ ᠬᠠᠮᠲᠤᠷᠠᠨ ᠣᠷᠴᠢᠨ ᠲᠣᠭᠣᠷᠢᠨᠦ ᠬᠤᠬᠢᠷᠠᠯ᠎ᠤᠨ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠯᠲᠠ ᠬᠢᠬᠦ᠌ ᠠᠵᠢᠯ ᠲᠥᠷᠥᠯ ᠢ ᠵᠥᠪᠱᠢᠶᠡᠷᠡᠨ ᠣᠷᠣᠭᠤᠯᠬᠤ᠎ᠶ᠋ᠢ ᠴᠢᠩᠳᠠᠯᠠᠵᠤ᠂ ᠠᠮᠢ ᠠᠬᠤᠶ ᠣᠷᠴᠢᠨ ᠲᠣᠭᠣᠷᠢᠨᠦ ᠬᠤᠬᠢᠷᠠᠯ᠎ᠤᠨ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠯᠲᠠ ᠵᠢᠨ ᠶᠠᠰᠤ ᠴᠢᠨᠠᠷ ᠪᠠ ᠨᠡᠢᠲᠡ᠎ᠵᠢᠨ ᠢᠲᠡᠭᠡᠭᠦᠯᠬᠦ᠌ ᠬᠦᠴᠦᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ 2021 ᠣᠨ᠎ᠤ ᠡᠴᠦᠰ ᠪᠣᠯᠲᠠᠯ᠎ᠠ᠂ ᠪᠥᠬᠥ᠌ ᠣᠷᠣᠨ᠎ᠳᠤ ᠣᠷᠴᠢᠨ ᠲᠣᠭᠣᠷᠢᠨ ᠤ ᠬᠤᠬᠢᠷᠠᠯ᠎ᠤᠨ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠯᠲᠠᠬᠢᠬᠦ ᠪᠠᠢᠭᠤᠯᠤᠮᠵᠢ ᠨᠡᠢᠲᠡ 8᠂ ᠣᠷᠴᠢᠨ ᠲᠣᠭᠣᠷᠢᠨ᠎ᠤ ᠬᠤᠬᠢᠷᠠᠯ᠎ᠤᠨ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠭ᠍ᠴᠢ ᠨᠡᠢᠲᠡ 135 ᠪᠠᠢᠵᠤ᠂ ᠣᠷᠴᠢᠨ ᠲᠣᠭᠣᠷᠢᠨ᠎ᠤ ᠬᠤᠬᠢᠷᠠᠯ᠎ᠤᠨ ᠲᠥᠷᠥᠯ᠎ᠦᠨ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠯᠲᠠ᠎ᠶ᠋ᠢᠨ ᠬᠡᠷᠡᠭ ᠢ 1000 ᠭᠠᠷᠤᠶ ᠱᠢᠶ᠋ᠳᠪᠦᠷᠢᠯᠡᠪᠡ᠃ 2021 ᠣᠨ ᠤ ᠪᠥᠬᠥ᠌ ᠣᠷᠣᠨ᠎ᠤ ᠱᠢᠶ᠋ᠳᠪᠦᠷᠢᠯᠡᠵᠦ᠍ ᠪᠠᠢᠭ᠎ᠠ ᠪᠤᠶᠤ ᠱᠢᠶ᠋ᠳᠪᠦᠷᠢᠯᠡᠵᠦ᠍ ᠳᠠᠭᠤᠰᠭᠠᠭ᠍ᠰᠠᠨ ᠠᠮᠢ ᠠᠬᠤᠶ ᠣᠷᠴᠢᠨ ᠲᠣᠭᠣᠷᠢᠨᠦ ᠬᠤᠬᠢᠷᠠᠯ᠎ᠤᠨ ᠲᠥᠯᠥᠪᠦᠷᠢ᠎ᠶ᠋ᠢᠨ ᠬᠡᠷᠡᠭ ᠨᠡᠢᠲᠡ 12 ᠪᠠᠢᠵᠤ᠂ ᠬᠡᠷᠡᠭ᠎ᠨᠢ ᠠᠮᠢ ᠠᠬᠤᠶ᠎ᠶ᠋ᠢ ᠡᠪᠳᠡᠭ᠌ᠰᠡᠨ᠂ ᠬᠥᠷᠥᠰᠥ᠍ ᠱᠢᠷᠣᠶ᠎ᠶ᠋ᠢ ᠪᠣᠬᠢᠷᠲᠤᠭᠤᠯᠤᠭ᠍ᠰᠠᠨ᠂ ᠠᠭᠠᠷ ᠮᠠᠨᠳᠠᠯ᠎ᠢ ᠪᠣᠬᠢᠷᠲᠤᠭᠤᠯᠤᠭ᠍ᠰᠠᠨ᠂ ᠬᠠᠶᠠᠭ᠍ᠳᠠᠮᠠᠯ ᠤᠰᠤ᠎ᠶ᠋ᠢ ᠪᠠᠷᠢᠮᠵᠢᠶ᠎ᠠ᠎ᠠᠴᠠ ᠬᠡᠲᠦᠷᠡᠭᠦᠯᠦᠨ ᠭᠠᠳᠠᠭ᠍ᠰᠢᠯᠠᠭᠤᠯᠤᠭ᠍ᠰᠠᠨ᠂ ᠠᠶᠤᠯᠲᠠᠶ ᠬᠠᠶᠠᠭ᠍ᠳᠠᠮᠠᠯ ᠪᠣᠳᠠᠰ ᠴᠢᠳᠭᠤᠭ᠍ᠰᠠᠨ ᠂ ᠪᠠᠴᠢᠮ ᠪᠠᠢᠳᠠᠯ᠎ᠢ ᠠᠷᠭᠠᠴᠠᠭᠠᠵᠤ ᠱᠢᠶ᠋ᠳᠪᠦᠷᠢᠯᠡᠭ᠌ᠰᠡᠨ ᠪᠠ ᠨᠤᠲᠤᠭ ᠪᠡᠯᠴᠢᠭᠡᠷ᠎ᠢ ᠬᠠᠤᠯᠢ ᠪᠤᠰᠤ᠎ᠪᠠᠷ ᠡᠵᠡᠯᠡᠨ ᠬᠡᠷᠡᠭ᠌ᠯᠡᠭ᠌ᠰᠡᠨ ᠵᠡᠷᠭᠡ ᠳ᠋ᠤ ᠬᠣᠯᠪᠣᠭ᠍ᠳᠠᠵᠤ᠂ ᠬᠡᠷᠡᠭ᠎ᠲᠦ ᠬᠣᠯᠪᠣᠭ᠍ᠳᠠᠭ᠍ᠰᠠᠨ ᠲᠥᠯᠥᠪᠦᠷᠢ᠎ᠶ᠋ᠢᠨ ᠵᠣᠭᠣᠰ᠎ᠤᠨ ᠲᠣᠭ᠎ᠠ ᠪᠠᠷᠤᠭ 1.57 ᠳ᠋ᠦᠩᠱᠢᠭᠤᠷ ᠲᠥᠭᠥᠷᠢᠭ᠎ᠲᠦ ᠬᠦᠷᠴᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃