ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-03-31 10:26:08

ᠵᠣᠬᠢᠶᠠᠭ᠍ᠴᠢ᠄ ​ᠱᠤᠸᠠᠢ ᠵᠧᠩ ᠣᠩᠱᠢᠭ᠍ᠰᠠᠨ ᠣᠳᠠᠭ᠎ᠠ᠄ 3

3 ᠰᠠᠷ᠎ᠠ ᠵᠢᠨ 25 ᠡᠴᠡ 27 ᠤ᠋ ᠡᠳᠦᠷ ᠪᠣᠯᠲᠠᠯ᠎ᠠ᠂ ᠲᠥᠪ ᠤ᠋ᠨ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠳ᠋ᠤ ᠲᠤᠰᠢᠶᠠᠨ ᠰᠢᠢᠳᠪᠤᠷᠢᠯᠡᠬᠦᠯᠬᠦ ᠪᠡᠷ ᠣᠷᠴᠢᠨ ᠲᠣᠭᠣᠷᠢᠨ ᠤ᠋ ᠬᠦᠷᠢᠶᠡᠨ ᠳ᠋ᠤ ᠬᠣᠯᠪᠣᠭ᠍ᠳᠠᠭ᠍ᠰᠠᠨ ᠤᠯᠠᠨ ᠲᠦᠮᠡᠨ ᠤ᠋ ᠢᠯᠡᠴᠢᠯᠡᠨ ᠮᠡᠳᠡᠭᠦᠯᠦᠭ᠌ᠰᠡᠨ ᠭᠤᠷᠪᠠᠨ ᠪᠦᠯᠦᠭ ᠨᠡᠢ᠌ᠳᠡ 106 ᠬᠤᠪᠢ ᠬᠡᠷᠡᠭ(ᠤᠲᠠᠰᠤ ᠪᠡᠷ ᠢᠯᠡᠴᠢᠯᠡᠨ ᠮᠡᠳᠡᠬᠦᠯᠦᠭᠰᠡᠨ ᠨᠢ 102 ᠬᠤᠪᠢ᠂ ᠵᠠᠬᠢᠳᠠᠯ ᠵᠢᠡᠷ ᠢᠯᠡᠴᠢᠯᠡᠨ ᠮᠡᠳᠡᠬᠦᠯᠦᠭᠰᠡᠨ ᠨᠢ 4 ᠬᠤᠪᠢ) ᠢ᠋ ᠦᠭᠴᠠᠢ ᠃ ᠡᠭᠦᠨ ᠳ᠋ᠤ ᠭᠣᠣᠯᠳᠠᠯᠭ᠎ᠠ ᠲᠠᠶ ᠠᠩᠬᠠᠷᠴᠤ᠌ ᠪᠠᠢᠭ᠎ᠠ ᠬᠡᠷᠡᠭ 16 ᠬᠤᠪᠢ ᠪᠠᠢᠵᠤ᠂ ᠤᠷᠳᠤᠰ ᠬᠤᠳᠠ ᠵᠢᠨ 5 ᠬᠤᠪᠢ᠂ ᠤᠯᠠᠭᠠᠨᠬᠠᠳᠠ ᠬᠤᠳᠠ ᠵᠢᠨ 3 ᠬᠤᠪᠢ᠂ ᠪᠠᠶᠠᠨᠨᠠᠭᠤᠷ ᠬᠤᠳᠠ ᠵᠢᠨ 2 ᠬᠤᠪᠢ᠂ ᠠᠯᠠᠱᠠ ᠠᠢᠮᠠᠭ ᠤ᠋ᠨ 2 ᠬᠤᠪᠢ ᠂ ᠬᠥᠬᠡᠬᠣᠲᠠ ᠵᠢᠨ 1 ᠬᠤᠪᠢ᠂ ᠪᠤᠭᠤᠲᠤ ᠬᠤᠳᠠ ᠵᠢᠨ 1 ᠬᠤᠪᠢ᠂ ᠬᠥᠯᠥᠨ ᠪᠤᠢ᠌ᠷ ᠬᠤᠳᠠ ᠵᠢᠨ 1 ᠬᠤᠪᠢ᠂ ᠲᠦᠩᠯᠢᠶᠣᠤ ᠬᠤᠳᠠ ᠵᠢᠨ 1 ᠬᠤᠪᠢ ᠪᠠᠭᠳᠠᠵᠤ ᠪᠤᠢ᠃

ᠪᠣᠬᠢᠷᠲᠤᠯ ᠤ᠋ᠨ ᠲᠥᠷᠥᠯ ᠵᠢᠡᠷ ᠬᠤᠪᠢᠶᠠᠪᠠᠯ(ᠬᠡᠰᠡᠭ ᠬᠡᠷᠡᠭ ᠨᠢ ᠣᠯᠠᠨ ᠲᠥᠷᠥᠯ ᠤ᠋ᠨ ᠪᠣᠬᠢᠷᠲᠤᠯ ᠳ᠋ᠤ ᠬᠣᠯᠪᠣᠭ᠍ᠳᠠᠨ᠎ᠠ) ᠂ ᠠᠮᠢ ᠠᠬᠤᠶ ᠶ᠋ᠢ ᠡᠪᠳᠡᠭ᠌ᠰᠡᠨ ᠬᠡᠷᠡᠭ 46 ᠬᠤᠪᠢ (37.1% ᠵᠢ ᠡᠵᠡᠯᠡᠨ᠎ᠡ) ᠂ ᠠᠭᠠᠷ ᠮᠠᠨᠳᠠᠯ ᠤ᠋ᠨ ᠪᠣᠬᠢᠷᠲᠤᠯ ᠤ᠋ᠨ ᠬᠡᠷᠡᠭ 23 ᠬᠤᠪᠢ(18.6% ᠵᠢ ᠡᠵᠡᠯᠡᠨ᠎ᠡ)᠂ ᠤᠰᠤᠨ ᠤ᠋ ᠪᠣᠬᠢᠷᠲᠤᠯ ᠤ᠋ᠨ ᠬᠡᠷᠡᠭ 21 ᠬᠤᠪᠢ (16.9% ᠵᠢ ᠡᠵᠡᠯᠡᠨ᠎ᠡ) ᠂ ᠬᠥᠷᠥᠰᠥ᠍ ᠱᠢᠷᠣᠶ ᠵᠢᠨ ᠪᠣᠬᠢᠷᠲᠤᠯ ᠤ᠋ᠨ ᠬᠡᠷᠡᠭ 15 ᠬᠤᠪᠢ(12.1% ᠵᠢ ᠡᠵᠡᠯᠡᠨ᠎ᠡ) ᠂ ᠱᠤᠤᠬᠢᠶᠠᠨ ᠤ᠋ ᠪᠣᠬᠢᠷᠲᠤᠯ ᠤ᠋ᠨ ᠬᠡᠷᠡᠭ 4 ᠬᠤᠪᠢ (3.2% ᠢ᠋ ᠡᠵᠡᠯᠡᠨ᠎ᠡ)᠂ ᠪᠤᠰᠤᠳ ᠪᠣᠬᠢᠷᠲᠤᠯ ᠤ᠋ᠨ ᠬᠡᠷᠡᠭ 15 ᠬᠤᠪᠢ(12.1% ᠵᠢ ᠡᠵᠡᠯᠡᠨ᠎ᠡ)ᠪᠣᠶ ᠃

ᠲᠣᠭ᠎ᠠ ᠬᠡᠮᠵᠢᠶ᠎ᠡ ᠪᠡᠷ ᠨᠢ ᠵᠢᠭ᠍ᠰᠠᠭᠠᠪᠠᠯ᠂ ᠣᠷᠳᠣᠰ ᠬᠤᠳᠠ ᠵᠢᠨ 29 ᠬᠤᠪᠢ᠂ ᠤᠯᠠᠭᠠᠨᠬᠠᠳᠠ ᠬᠤᠳᠠ ᠵᠢᠨ 19 ᠬᠤᠪᠢ᠂ ᠬᠥᠬᠡᠬᠣᠲᠠ ᠵᠢᠨ 14 ᠬᠤᠪᠢ ᠂ ᠪᠤᠭᠤᠲᠤ ᠬᠤᠳᠠ ᠵᠢᠨ 13 ᠬᠤᠪᠢ ᠂ ᠲᠦᠩᠯᠢᠶᠣᠤ ᠬᠤᠳᠠ᠂ ᠬᠥᠯᠥᠨ ᠪᠣᠢᠷ ᠬᠤᠳᠠ ᠪᠠ ᠤᠯᠠᠭᠠᠨᠴᠠᠪ ᠬᠤᠳᠠ ᠵᠢᠨ ᠲᠣᠰ ᠲᠣᠰ 7 ᠬᠤᠪᠢ᠂ ᠬᠢᠩᠭᠠᠨ ᠠᠢᠮᠠᠭ ᠪᠠ ᠠᠯᠠᠱᠠ ᠠᠢᠮᠠᠭ ᠎ᠤᠨ ᠲᠣᠰ ᠲᠣᠰ 3 ᠬᠤᠪᠢ ᠂ ᠪᠠᠶᠠᠨᠨᠠᠭᠤᠷ ᠬᠤᠳᠠ ᠵᠢᠨ 2 ᠬᠤᠪᠢ᠂ ᠱᠢᠯᠢ ᠵᠢᠨ ᠭᠤᠤᠯ ᠠᠢᠮᠠᠭ ᠪᠠ ᠦᠬᠠᠶ ᠬᠣᠲᠠ ᠵᠢᠨ ᠲᠣᠰ ᠲᠣᠰ 1 ᠬᠤᠪᠢ ᠪᠤᠯᠤᠨ᠎ᠠ ᠃

ᠳᠡᠭᠡᠷᠡᠬᠢ ᠬᠡᠷᠡᠭ ᠢ᠋ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠬᠠᠮᠢᠶ᠎ᠠ ᠪᠦᠬᠦᠢ ᠰᠠᠯᠠᠭ᠎ᠠ ᠮᠥᠴᠢᠷ ᠲᠦ᠍ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面