2022-04-01 09:51:22
3 ᠰᠠᠷ᠎ᠠ ᠶ᠋ᠢᠨ 29 ᠤ᠋ ᠡᠳᠦᠷ ᠂ ᠲᠥᠪ ᠤ᠋ᠨ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠬᠢᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠳ᠋ᠤ ᠲᠠᠪᠤᠳᠤᠭᠠᠷ ᠪᠦᠯᠦᠭ ᠤ᠋ᠨ ᠣᠷᠴᠢᠨ ᠲᠣᠭᠣᠷᠢᠨ ᠤ᠋ ᠬᠦᠷᠢᠶᠡᠨ ᠳ᠋ᠤ ᠬᠣᠯᠪᠣᠭ᠍ᠳᠠᠭ᠍ᠰᠠᠨ 72 ᠬᠤᠪᠢ ᠤᠯᠠᠨ ᠲᠦᠮᠡᠨ ᠤ᠋ ᠢᠯᠡᠴᠢᠯᠡᠨ ᠮᠡᠳᠡᠭᠦᠯᠦᠭ᠌ᠰᠡᠨ ᠬᠡᠷᠡᠭ(ᠤᠲᠠᠰᠤ ᠪᠡᠷ ᠢᠯᠡᠴᠢᠯᠡᠨ ᠮᠡᠳᠡᠬᠦᠯᠦᠭᠰᠡᠨ ᠨᠢ 57 ᠬᠤᠪᠢ ᠂ ᠵᠠᠬᠢᠳᠠᠯ ᠵᠢᠡᠷ ᠢᠯᠡᠴᠢᠯᠡᠨ ᠮᠡᠳᠡᠬᠦᠯᠦᠭᠰᠡᠨ ᠨᠢ 15 ᠬᠤᠪᠢ)ᠢ᠋ ᠰᠢᠢᠳᠪᠤᠷᠢᠯᠡᠬᠦᠯᠬᠦ ᠪᠡᠷ ᠲᠤᠰᠢᠶᠠᠵᠠᠢ ᠃
ᠲᠣᠭ᠎ᠠ ᠬᠡᠮᠵᠢᠶ᠎ᠡ ᠪᠡᠷ ᠨᠢ ᠵᠢᠭ᠍ᠰᠠᠭᠠᠪᠠᠯ᠂ ᠤᠯᠠᠭᠠᠨᠬᠠᠳᠠ ᠬᠤᠲᠠ ᠵᠢᠨ 16 ᠬᠤᠪᠢ᠂ ᠬᠦᠬᠡᠬᠤᠲᠠ ᠵᠢᠨ 12 ᠬᠤᠪᠢ᠂ ᠤᠷᠳᠤᠰ ᠬᠤᠲᠠ ᠵᠢᠨ 9 ᠬᠤᠪᠢ᠂ ᠬᠢᠨᠭᠭᠠᠨ ᠠᠢᠮᠠᠭ ᠤ᠋ᠨ 7 ᠬᠤᠪᠢ᠂ ᠤᠯᠠᠭᠠᠨᠴᠠᠪ ᠬᠤᠲᠠ ᠵᠢᠨ 6 ᠬᠤᠪᠢ᠂ ᠪᠤᠭᠤᠲᠤ ᠬᠤᠳᠠ ᠪᠠ ᠬᠥᠯᠥᠨ ᠪᠤᠢᠷ ᠬᠤᠲᠠ ᠶ᠋ᠢᠨ ᠲᠣᠰᠪᠣᠷᠢ 5 ᠬᠤᠪᠢ ᠂ ᠪᠠᠶᠠᠨᠨᠠᠭᠤᠷ ᠬᠤᠲᠠ ᠵᠢᠨ 4 ᠬᠤᠪᠢ ᠂ ᠲᠦᠨᠭᠯᠢᠶᠤᠤ ᠬᠤᠲᠠ ᠪᠠ ᠰᠢᠯᠢ ᠵᠢᠨ ᠭᠤᠤᠯ ᠠᠢᠮᠠᠭ ᠤ᠋ᠨ ᠲᠤᠰᠪᠤᠷᠢ 3 ᠬᠤᠪᠢ᠂ ᠦᠬᠠᠢ ᠬᠤᠲᠠ ᠪᠠ ᠠᠯᠠᠱᠠ ᠠᠢᠮᠠᠭ ᠤ᠋ᠨ ᠲᠤᠰᠪᠤᠷᠢ 1 ᠬᠤᠪᠢ ᠪᠤᠯᠤᠨ᠎ᠠ᠃ ᠪᠣᠬᠢᠷᠲᠤᠯ ᠤ᠋ᠨ ᠲᠥᠷᠥᠯ ᠵᠢᠡᠷ ᠨᠢ ᠬᠤᠪᠢᠶᠠᠪᠠᠯ(ᠬᠡᠰᠡᠭ ᠬᠡᠷᠡᠭ ᠨᠢ ᠣᠯᠠᠨ ᠲᠥᠷᠥᠯ ᠤ᠋ᠨ ᠪᠣᠬᠢᠷᠲᠤᠯ ᠳ᠋ᠤ ᠬᠣᠯᠪᠣᠭ᠍ᠳᠠᠨᠠ) ᠂ ᠠᠮᠢ ᠠᠬᠤᠶ ᠶ᠋ᠢ ᠡᠪᠳᠡᠭ᠌ᠰᠡᠨ ᠬᠡᠷᠡᠭ 36 ᠬᠤᠪᠢ᠂ ᠤᠰᠤᠨ ᠤ᠋ ᠪᠣᠬᠢᠷᠲᠤᠯ ᠤ᠋ᠨ ᠬᠡᠷᠡᠭ 14 ᠬᠤᠪᠢ ᠂ ᠠᠭᠠᠷ ᠮᠠᠨᠳᠠᠯ ᠤ᠋ᠨ ᠪᠣᠬᠢᠷᠲᠤᠯ ᠤ᠋ᠨ ᠬᠡᠷᠡᠭ 12 ᠬᠤᠪᠢ ᠂ ᠬᠥᠷᠥᠰᠥ᠍ ᠱᠢᠷᠣᠶ ᠶ᠋ᠢᠨ ᠪᠣᠬᠢᠷᠲᠤᠯ ᠤ᠋ᠨ ᠬᠡᠷᠡᠭ 6 ᠬᠤᠪᠢ᠂ ᠱᠤᠤᠬᠢᠶᠠᠨ ᠤ᠋ ᠪᠣᠬᠢᠷᠲᠤᠯ ᠤ᠋ᠨ ᠬᠡᠷᠡᠭ 3 ᠬᠤᠪᠢ ᠂ ᠪᠤᠰᠤᠳ ᠪᠣᠬᠢᠷᠲᠤᠯ ᠤ᠋ᠨ ᠬᠡᠷᠡᠭ 5 ᠬᠤᠪᠢ ᠪᠤᠢ ᠃
ᠳᠡᠭᠡᠷᠡᠬᠢ ᠬᠡᠷᠡᠭ ᠢ᠋ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠬᠠᠮᠢᠶ᠎ᠠ ᠪᠦᠬᠦᠢ ᠰᠠᠯᠠᠭ᠎ᠠ ᠮᠥᠴᠢᠷ ᠲᠦ᠍ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃