2022-04-01 09:41:18
3 ᠰᠠᠷ᠎ᠠ᠎ᠶ᠋ᠢᠨ 31᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠡᠷᠬᠢᠯᠡᠭ᠌ᠴᠢ ᠱ᠌ᠢ᠎ᠲᠡᠶ ᠹᠸᠩ ᠬᠥᠬᠡᠬᠣᠲᠠ᠎ᠶ᠋ᠢᠨ ᠲᠦᠮᠡᠳ ᠵᠡᠭᠦᠨ ᠬᠣᠱᠢᠭᠤ᠂ ᠰᠠᠢᠬᠠᠨ ᠲᠣᠭᠣᠷᠢᠭ᠎ᠲᠤ ᠭᠦᠨᠵᠡᠭᠡᠢᠷᠡᠵᠦ᠍᠂ ᠢᠯᠡ᠎ᠪᠡᠷ ᠪᠠᠢᠴᠠᠭᠠᠬᠤ ᠪᠠ ᠳᠠᠯᠳᠠᠭᠤᠷ ᠰᠤᠷᠪᠤᠯᠵᠢᠯᠠᠬᠤ᠎ᠶ᠋ᠢ ᠤᠶᠠᠯᠳᠤᠭᠤᠯᠬᠤ ᠠᠷᠭ᠎ᠠ᠎ᠪᠠᠷ ᠳᠠᠮᠵᠢᠭᠤᠯᠤᠨ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠠᠵᠢᠯ᠎ᠢ ᠲᠤᠰᠭᠠᠢ ᠰᠡᠳᠦᠪ᠎ᠢᠶᠡᠷ ᠪᠠᠢᠴᠠᠭᠠᠵᠤ ᠱᠠᠯᠠᠪᠳᠠᠭᠤᠯᠤᠨ ᠵᠢᠯᠣᠭᠣᠳᠪᠠ᠃
ᠱ᠌ᠢ᠎ᠲᠡᠶ ᠹᠸᠩ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠲᠤᠱᠢᠶᠠᠨ ᠬᠦᠢᠴᠡᠳᠭᠡᠯᠭᠡᠭᠰᠡᠨ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠭ᠌ᠰᠡᠨ ᠠᠰᠠᠭᠤᠳᠠᠯ᠎ᠢ ᠱᠢᠢᠳᠪᠦᠷᠢᠯᠡᠭ᠌ᠰᠡᠨ ᠪᠠᠢᠳᠠᠯ᠎ᠢ ᠮᠠᠰᠢ ᠴᠢᠬᠤᠯᠠᠴᠢᠯᠠᠵᠤ ᠦᠵᠡᠪᠡ᠃ ᠲᠡᠷᠡ ᠶᠠᠭᠤᠨ᠎ᠤ ᠡᠮᠦᠨ᠎ᠡ ᠲᠦᠮᠡᠳ ᠵᠡᠭᠦᠨ ᠬᠣᠱᠢᠭᠤᠨ᠎ᠤ ᠪᠢᠴᠢᠭᠡᠴᠢ ᠪᠠᠯᠭᠠᠰᠤᠨ᠎ᠤ ᠱᠢᠶᠤᠤ ᠯᠢ ᠪᠦᠦ ᠲᠣᠰᠭᠣᠨ᠎ᠳᠤ ᠬᠦᠷᠴᠦ᠍᠂ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠢᠶᠡᠷ ᠢᠯᠡᠴᠢᠯᠡᠨ ᠮᠡᠳᠡᠭᠦᠯᠦᠭ᠌ᠰᠡᠨ ᠲᠠᠷᠢᠶᠠᠨ ᠭᠠᠵᠠᠷ᠎ᠢ ᠡᠵᠡᠯᠡᠨ ᠬᠠᠢᠷ ᠮᠠᠯᠲᠠᠭᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠢ ᠪᠠᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠣᠳᠴᠤ᠌᠂ ᠠᠰᠠᠭᠤᠳᠠᠯ᠎ᠤᠨ ᠡᠬᠦᠰᠦᠭᠰᠡᠨ ᠱᠢᠯᠲᠠᠭᠠᠨ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭ᠍ᠰᠠᠨ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠪᠦᠲᠦᠮᠵᠢ᠎ᠶ᠋ᠢ ᠪᠣᠳᠠᠲᠠᠶ ᠭᠠᠵᠠᠷ᠎ᠲᠤᠨᠢ ᠪᠠᠢᠴᠠᠭᠠᠵᠤ᠂ ᠴᠡᠭ᠌ᠴᠡᠯᠡᠨ ᠰᠠᠢᠵᠢᠷᠠᠭᠤᠯᠬᠤ ᠠᠵᠢᠯ᠎ᠢ ᠰᠠᠢᠲᠤᠷ ᠠᠳᠭᠤᠬᠤ ᠲᠠᠯ᠎ᠠ ᠪᠡᠷ ᠲᠤᠬᠠᠶ᠎ᠶ᠋ᠢᠨ ᠲᠠᠯᠠᠪᠠᠶ᠎ᠳᠤ ᠱᠠᠯᠠᠪᠳᠠᠭᠤᠯᠤᠨ ᠱᠢᠶ᠋ᠳᠪᠦᠷᠢᠯᠡᠪᠡ᠃ ᠲᠡᠬᠦᠨ᠎ᠤ ᠨᠢᠳᠤᠨ ᠡᠮᠦᠨ᠎ᠠ ᠨᠢ ᠨᠢᠭᠡᠨ ᠲᠤᠮᠤᠬᠠᠨ ᠬᠠᠢᠷ ᠮᠠᠯᠲᠠᠬᠰᠠᠨ ᠨᠦᠭᠡᠪᠠᠢᠭᠰᠠᠨᠢ ᠬᠠᠷᠠᠭᠠᠳ ᠱ᠌ᠢ᠎ᠲᠡᠶ ᠹᠧᠩ᠎ᠤᠨ ᠴᠢᠷᠠᠢ ᠳ᠋ᠤ ᠬᠦᠨᠳᠤ ᠪᠤᠳᠤᠯᠭᠠᠰᠢᠷᠠᠬᠰᠠᠨ ᠪᠠᠢᠳᠠᠯ ᠢᠯᠡᠷᠡᠪᠡ᠃ ᠲᠡᠷᠡ ᠲᠥᠪ ᠴᠢᠩᠭ᠎ᠠ᠎ᠪᠠᠷ᠂ ᠱᠢᠶᠤᠤ ᠯᠢ ᠪᠦᠦ ᠲᠣᠰᠭᠣᠨ᠎ᠤ ᠠᠷᠠᠳ᠎ᠤᠨ ᠵᠥᠪᠯᠡᠯ᠎ᠤᠨ ᠲᠠᠷᠢᠶᠠᠨ ᠭᠠᠵᠠᠷ᠎ᠢ ᠡᠵᠡᠯᠡᠨ ᠬᠠᠢᠷ ᠮᠠᠯᠲᠠᠭ᠍ᠰᠠᠨ ᠠᠰᠠᠭᠤᠳᠠᠯ᠎ᠤᠨ ᠡᠭᠦᠰᠦᠭ᠌ᠰᠡᠨ ᠴᠠᠭ ᠨᠢ ᠡᠷᠲᠡ᠂ ᠦᠷᠭᠦᠯᠵᠢᠯᠡᠭ᠌ᠰᠡᠨ ᠴᠠᠭ ᠨᠢ ᠣᠷᠳᠣ᠂ ᠲᠠᠷᠢᠶᠠᠨ ᠭᠠᠵᠠᠷ᠎ᠢ ᠡᠵᠡᠯᠡᠨ ᠬᠡᠷᠡᠭ᠌ᠯᠡᠭ᠌ᠰᠡᠨ᠎ᠢᠶᠡᠷ ᠪᠠᠷᠠᠬᠤ ᠥᠬᠡᠶ ᠪᠠᠰᠠ ᠣᠷᠴᠢᠨ ᠲᠣᠭᠣᠷᠢᠨ᠎ᠢ ᠡᠪᠳᠡᠭ᠌ᠰᠡᠨ ᠪᠠᠢᠨ᠎ᠠ᠂ ᠡᠨᠡ ᠪᠣᠯ ᠬᠡᠷ ᠣᠷᠣᠨ᠎ᠢᠶᠠᠨ ᠥᠪᠡᠰᠦᠪᠡᠨ ᠰᠦᠶ᠋ᠳᠭᠡᠵᠦ᠍ ᠪᠠᠢᠭ᠎ᠠ ᠶᠠᠪᠤᠳᠠᠯ ᠪᠣᠯᠬᠤ ᠪᠥᠭᠡᠳ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠠᠬᠢᠴᠠ ᠨᠢ ᠤᠳᠠᠭᠠᠨ ᠪᠠᠢᠨ᠎ᠠ᠂ ᠥᠪᠡᠷᠲᠡᠭᠡᠨ ᠵᠠᠰᠠᠬᠤ ᠣᠷᠣᠨ᠎ᠠᠴᠠ ᠳᠠᠬᠢᠨ ᠳᠠᠪᠲᠠᠨ ᠴᠢᠬᠤᠯᠠᠴᠢᠯᠠᠵᠤ᠂ ᠣᠯᠠᠨ ᠲᠦᠮᠡᠨ ᠣᠯᠠᠨ ᠤᠳᠠᠭ᠎ᠠ ᠢᠯᠡᠴᠢᠯᠡᠨ ᠮᠡᠳᠡᠭᠦᠯᠦᠭ᠌ᠰᠡᠨ ᠪᠣᠯᠪᠠᠴᠤ᠌᠂ ᠴᠡᠭ᠌ᠴᠡᠯᠡᠨ ᠰᠠᠢᠵᠢᠷᠠᠭᠤᠯᠤᠭ᠍ᠰᠠᠨ᠎ᠢᠶᠠᠷ ᠬᠦᠷᠦᠯᠴᠡᠬᠦ᠌ ᠥᠬᠡᠶ ᠪᠠᠢᠵᠤ᠂ ᠱᠢᠨᠵᠢ ᠴᠢᠨᠠᠷ ᠪᠠ ᠨᠥᠯᠥᠭᠡ ᠲᠤᠰᠬᠠᠯ ᠨᠢ ᠲᠤᠢᠯ᠎ᠤᠨ ᠮᠠᠭᠤ ᠪᠤᠯᠪᠠ᠃ ᠪᠠᠯᠭᠠᠰᠤᠨ᠎ᠠᠴᠠ ᠲᠣᠰᠭᠣᠨ᠎ᠳᠤ ᠬᠦᠷᠲᠡᠯ᠎ᠡ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠶᠠᠭᠤ ᠬᠢᠬᠦ᠌᠎ᠪᠡᠷ ᠶᠠᠪᠤᠭ᠍ᠰᠠᠨ ᠪᠤᠢ᠂ ᠶᠠᠭᠠᠬᠢᠭᠠᠳ ᠠᠵᠢᠭ ᠴᠤ᠌ ᠦᠭᠡᠢ ᠪᠠᠢᠬᠤ ᠪᠤᠢ᠂ ᠡᠨᠡ ᠠᠰᠠᠭᠤᠳᠠᠯ᠎ᠢ ᠡᠷᠬᠡᠪᠰᠢ ᠤᠯᠤᠰ ᠲᠦᠷᠦ᠍᠎ᠶ᠋ᠢᠨ ᠲᠠᠯ᠎ᠠ᠎ᠠᠴᠠ ᠭᠦᠨᠵᠡᠭᠡᠢ ᠲᠤᠩᠭᠠᠨ ᠪᠣᠳᠣᠯᠬᠢᠯᠠᠵᠤ᠂ ᠴᠢᠩᠭ᠎ᠠ ᠱᠢᠢᠳᠪᠦᠷᠢᠯᠡᠵᠦ᠍᠂ ᠲᠤᠢᠯᠪᠤᠷᠢᠲᠠᠢ ᠱᠢᠢᠳᠪᠦᠷᠢᠯᠡᠬᠦ᠌ ᠬᠡᠷᠡᠭ᠌ᠲᠡᠢ᠃ ᠬᠣᠲᠠ ᠬᠣᠱᠢᠭᠤ ᠬᠣᠶᠠᠷ ᠱᠠᠲᠤᠨ᠎ᠤ ᠬᠢᠨ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠭᠦᠨᠵᠡᠭᠡᠶ ᠰᠤᠷᠭᠠᠮᠵᠢ ᠠᠪᠴᠤ᠌᠂ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠲᠤᠰᠭᠠᠶ ᠠᠵᠢᠯᠯᠠᠭ᠎ᠠ᠎ᠶ᠋ᠢ ᠴᠢᠩᠭ᠎ᠠ ᠪᠣᠳᠠᠲᠠᠶ ᠵᠣᠬᠢᠶᠠᠨ ᠪᠠᠢᠭᠤᠯᠤᠨ ᠥᠷᠨᠢᠭᠦᠯᠵᠦ᠍᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠡᠷᠴᠢᠮ᠎ᠢᠶᠡᠨ ᠴᠢᠩᠭᠠᠷᠠᠭᠤᠯᠵᠤ᠂ ᠠᠰᠠᠭᠤᠳᠠᠯ᠎ᠢ ᠲᠤᠭᠤᠱᠢᠲᠠᠶ ᠴᠡᠭ᠌ᠴᠡᠯᠡᠨ ᠰᠠᠢᠵᠢᠷᠠᠭᠤᠯᠵᠤ᠂ ᠲᠤᠭᠤᠱᠢᠲᠠᠶ ᠵᠠᠰᠠᠬᠤ᠎ᠶ᠋ᠢ ᠡᠷᠡᠰ ᠪᠠᠷᠢᠮᠲᠠᠯᠠᠬᠤ ᠬᠡᠷᠡᠭ᠌ᠲᠡᠶ᠃ ᠨᠢᠭᠡ᠎ᠡᠴᠡ ᠨᠥᠭᠥᠭᠡ᠎ᠶ᠋ᠢ ᠵᠦᠶ᠋ᠴᠢᠯᠡᠨ ᠮᠡᠳᠡᠵᠦ᠍ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠴᠢᠩᠭᠠᠳᠭᠠᠵᠤ᠂ ᠠᠰᠠᠭᠤᠳᠠᠯ᠎ᠢ ᠣᠯᠠᠨᠲᠠ ᠴᠠᠭᠠᠵᠠᠯᠠᠭ᠍ᠰᠠᠨ ᠴᠤ᠌ ᠠᠬᠢᠨ ᠲᠡᠬᠢᠨ ᠡᠬᠦᠰᠬᠦ᠂ ᠰᠠᠢᠵᠢᠷᠠᠭᠤᠯᠤᠭᠰᠠᠨ ᠪᠤᠯᠪᠠᠴᠤ ᠳᠠᠬᠢᠨ ᠳᠠᠪᠲᠠᠨ ᠡᠬᠦᠰᠬᠦ ᠶ᠋ᠢ ᠡᠷᠡᠰ ᠰᠡᠷᠭᠡᠢᠯᠡᠵᠦ᠍᠂ ᠵᠠᠰᠠᠭ᠍ᠰᠠᠨ᠎ᠤ ᠳᠠᠷᠠᠭ᠎ᠠ ᠬᠡᠰᠡᠭ ᠬᠤᠭᠤᠴᠠᠭ᠎ᠠ ᠰᠠᠢᠵᠢᠷᠠᠵᠤ᠂ ᠵᠠᠰᠠᠬᠤ ᠪᠠᠨ ᠪᠤᠯᠢᠪᠠᠯ ᠳᠠᠬᠢᠨᠳᠠ ᠡᠭᠦᠰᠬᠦ ᠡᠴᠡ ᠰᠡᠷᠭᠡᠢᠯᠡᠬᠦ᠌ ᠬᠡᠷᠡᠭ᠌ᠲᠡᠶ᠃《ᠬᠤᠷᠴᠡ ᠱᠢᠳᠦ》 ᠵᠢᠨ ᠬᠠᠲᠠᠭᠤ ᠠᠷᠭ᠎ᠠ ᠬᠡᠮᠵᠢᠶ᠎ᠡ ᠵᠢ ᠠᠪᠴᠤ᠌᠂ ᠲᠠᠷᠢᠶᠠᠨ ᠭᠠᠵᠠᠷ᠎ᠢ ᠬᠠᠮᠠᠭᠠᠯᠠᠬᠤ ᠬᠠᠮᠤᠭ᠎ᠤᠨ ᠴᠢᠩᠭ᠎ᠠ ᠲᠦᠷᠢᠮ᠎ᠢ ᠨᠠᠢᠳᠠᠪᠤᠷᠢᠵᠢᠭᠤᠯᠵᠤ᠂ ᠲᠠᠷᠢᠶᠠᠨ ᠭᠠᠵᠠᠷ᠎ᠢ《ᠲᠠᠷᠢᠶᠠᠯᠠᠩ᠎ᠤᠨ ᠪᠤᠰᠤ ᠪᠣᠯᠭᠠᠬᠤ》᠂ ᠦᠨᠳᠦᠰᠦᠨ ᠲᠠᠷᠢᠶᠠᠨ ᠭᠠᠵᠠᠷ᠎ᠢ《ᠠᠮᠤ ᠪᠤᠳᠠᠭᠠᠨ᠎ᠤ ᠪᠤᠰᠤ ᠪᠣᠯᠭᠠᠬᠤ》 ᠶ᠋ᠢ ᠡᠷᠡᠰ ᠬᠣᠷᠢᠭ᠍ᠯᠠᠵᠤ᠂ ᠲᠠᠷᠢᠶᠠᠨ ᠭᠠᠵᠠᠷ᠎ᠢ ᠬᠠᠮᠠᠭᠠᠯᠠᠬᠤ ᠲᠠᠯ᠎ᠠ᠎ᠪᠠᠷ ᠶᠠᠮᠠᠷᠪᠠ ᠲᠦᠪ ᠪᠤᠰᠤ ᠪᠤᠳᠤᠯ᠂ ᠶᠠᠮᠠᠷᠪᠠ ᠠᠷᠭ᠎ᠠ ᠮᠡᠬᠡ ᠬᠢᠬᠦ᠎ᠶ᠋ᠢ ᠶᠠᠭᠠᠬᠢᠭ᠍ᠰᠠᠨ ᠴᠤ᠌ ᠵᠥᠪᠱᠢᠶᠡᠷᠡᠬᠦ᠌ ᠥᠬᠡᠶ ᠭᠡᠵᠦ ᠵᠢᠭᠠᠵᠤ ᠭᠠᠷᠭᠠᠪᠠ᠃
ᠲᠠᠷᠠᠭ᠎ᠠ ᠨᠢ᠂ ᠱ᠌ᠢ᠎ᠲᠡᠶ ᠹᠸᠩ ᠰᠠᠢᠬᠠᠨ ᠲᠣᠭᠣᠷᠢᠭ᠎ᠤᠨ ᠵᠡᠭᠦᠨ ᠪᠠᠶᠠᠨ ᠪᠡᠯᠴᠢᠭᠡᠷ ᠲᠣᠰᠭᠣᠨ᠎ᠤ ᠬᠣᠢᠲᠤ ᠲᠠᠯ᠎ᠠ᠎ᠳᠤ ᠬᠦᠷᠴᠦ᠍᠂ ᠤᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠵᠢᠡᠷ ᠢᠯᠡᠴᠢᠯᠡᠨ ᠮᠡᠳᠡᠭᠦᠯᠦᠭ᠌ᠰᠡᠨ ᠬᠤᠯᠠᠭᠠᠢᠯᠠᠨ ᠬᠠᠢᠷ ᠮᠠᠯᠲᠠᠵᠤ᠂ ᠠᠮᠢ ᠠᠬᠤᠢ ᠣᠷᠴᠢᠨ ᠲᠣᠭᠣᠷᠢᠨ᠎ᠢ ᠡᠪᠳᠡᠭ᠌ᠰᠡᠨ ᠠᠰᠠᠭᠤᠳᠠᠯ᠎ᠢ ᠨᠢᠭᠤᠴᠠ᠎ᠪᠠᠷ ᠰᠤᠷᠪᠤᠯᠵᠢᠯᠠᠨ ᠪᠠᠢᠴᠠᠭᠠᠪᠠ᠃ ᠲᠣᠰ ᠭᠠᠵᠠᠷ᠎ᠲᠦ ᠬᠤᠯᠠᠭᠠᠢᠯᠠᠨ ᠬᠠᠢᠷ ᠮᠠᠯᠲᠠᠬᠤ ᠬᠠᠤᠯᠢ᠎ᠠᠴᠠ ᠵᠥᠷᠢᠴᠡᠭ᠌ᠰᠡᠨ ᠠᠵᠢᠯᠯᠠᠭ᠎ᠠ ᠣᠷᠳᠣ ᠬᠤᠭᠤᠴᠠᠭ᠎ᠠ᠎ᠪᠠᠷ ᠣᠷᠣᠱᠢᠵᠤ ᠪᠠᠢᠬᠤ ᠮᠦᠷᠲᠡᠭᠡᠨ ᠬᠤᠷᠢᠭᠯᠠᠭᠠᠳ ᠳᠡᠢᠯᠬᠦ ᠦᠭᠡᠢ ᠪᠠᠢᠬᠤ᠎ᠶ᠋ᠢ ᠮᠡᠳᠡᠭᠡᠳ ᠱ᠌ᠢ᠎ᠲᠡᠶ ᠹᠸᠩ ᠮᠠᠰᠢ ᠠᠭᠤᠷᠯᠠᠨ ᠬᠢᠯᠢᠩᠨᠡᠪᠡ᠃ ᠲᠡᠷᠡ᠂ ᠨᠢᠳᠦᠨ ᠡᠮᠦᠨᠡᠬᠢ ᠠᠰᠠᠭᠤᠳᠠᠯ᠎ᠢᠶᠠᠨ ᠬᠠᠷᠠᠵᠤ ᠪᠠᠢᠭᠠᠳ ᠬᠠᠢᠬᠤᠷᠬᠤ ᠦᠭᠡᠶ᠂ ᠱᠢᠶ᠋ᠳᠪᠦᠷᠢᠯᠡᠬᠦ᠌ ᠦᠭᠡᠶ ᠪᠠᠢᠬᠤ ᠨᠢ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠲᠤᠷᠤᠢ ᠪᠠᠭᠤᠷᠠᠢ ᠰᠤᠯᠠ ᠵᠠᠳᠠᠭᠠᠶ ᠪᠠᠢᠬᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠬᠦᠨᠳᠦ ᠨᠣᠴᠢᠲᠠᠶ ᠬᠠᠷᠢᠭᠤᠴᠠᠯᠭ᠎ᠠ᠎ᠪᠠᠨ ᠠᠯᠳᠠᠵᠤ ᠪᠠᠢᠬᠤ᠎ᠶ᠋ᠢ ᠬᠠᠷᠠᠭᠤᠯᠵᠤ ᠪᠠᠢᠨ᠎ᠠ᠂ ᠡᠨᠡ ᠪᠣᠯ ᠬᠦᠨᠳᠦ ᠨᠣᠴᠢᠲᠠᠶ ᠨᠣᠶᠠᠨᠴᠢ ᠰᠤᠷᠲᠠᠯ ᠮᠥᠨ᠃ ᠡᠢᠮᠦᠷᠬᠦᠦ ᠠᠰᠠᠭᠤᠳᠠᠯ ᠯᠠᠪᠲᠠᠢ ᠡᠨᠳᠡ ᠯᠡ ᠤᠷᠤᠰᠢᠵᠤ ᠪᠠᠢᠭ᠎ᠠ ᠪᠢᠰᠢ᠂ ᠡᠭᠦᠨ᠎ᠳᠦ ᠠᠱᠢᠭ ᠲᠤᠰᠠ᠎ᠶ᠋ᠢᠨ ᠬᠤᠯᠪᠤᠭᠠᠨ᠎ᠤ ᠠᠰᠠᠭᠤᠳᠠᠯ ᠪᠠᠢᠨ᠎ᠠ ᠦᠦ ᠥᠬᠡᠶ ᠦᠦ᠂ ᠬᠠᠷ᠎ᠠ ᠪᠦᠯᠦᠭ᠌ᠲᠡᠨ ᠬᠠᠷᠭᠢᠰ ᠬᠦᠴᠦᠨ ᠣᠷᠣᠯᠴᠠᠭ᠍ᠰᠠᠨ ᠦᠦ ᠥᠬᠡᠶ ᠦᠦ᠂ ᠡᠷᠬᠡᠪᠰᠢ ᠲᠤᠢᠯᠪᠤᠷᠢᠲᠠᠶ ᠪᠠᠢᠴᠠᠭᠠᠨ ᠳᠣᠲᠣᠯᠠᠵᠤ᠂ ᠡᠷᠡᠰ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠶ᠂ ᠥᠩᠭᠡᠨ ᠲᠠᠯ᠎ᠠ ᠡᠴᠡ ᠨᠢ ᠴᠡᠭ᠌ᠴᠡᠯᠡᠨ ᠰᠠᠢᠵᠢᠷᠠᠭᠤᠯᠬᠤ᠂ ᠬᠠᠰᠢ ᠶᠠᠰᠢ ᠴᠡᠭ᠌ᠴᠡᠯᠡᠨ ᠰᠠᠢᠵᠢᠷᠠᠭᠤᠯᠬᠤ ᠪᠠ ᠬᠠᠷᠢᠭᠤᠴᠠᠯᠭ᠎ᠠ ᠡᠭᠦᠷᠭᠡᠯᠡᠬᠦ᠌ ᠥᠬᠡᠶ ᠠᠵᠢᠯ ᠬᠢᠬᠦ᠌ ᠥᠬᠡᠶ ᠪᠠᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ᠌ ᠬᠡᠷᠡᠭ᠌ᠲᠡᠶ᠃ ᠡᠢᠮᠦᠷᠬᠦᠦ ᠠᠰᠠᠭᠤᠳᠠᠯ᠎ᠢ ᠱᠢᠢᠳᠪᠦᠷᠢᠯᠡᠬᠦ᠌᠎ᠳᠦ᠂ ᠲᠤᠰ ᠤᠴᠢᠷ ᠶᠠᠪᠤᠳᠠᠯ᠎ᠢ ᠯᠠ ᠶᠠᠷᠢᠵᠤ᠂ ᠳᠥᠭᠥᠮ ᠲᠦᠳᠡ ᠪᠡᠷ ᠱᠢᠢᠳᠪᠦᠷᠢᠯᠡᠵᠦ᠍ ᠪᠣᠯᠬᠤ ᠦᠭᠡᠢ᠂ ᠵᠠᠪᠠᠯ ᠪᠦᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠲᠤᠰᠭᠠᠢ ᠴᠡᠭ᠌ᠴᠡᠯᠡᠨ ᠵᠠᠰᠠᠵᠤ᠂ ᠱᠢᠰᠲ᠋ᠧᠮ᠎ᠲᠡᠶ ᠱᠢᠢᠳᠪᠦᠷᠢᠯᠡᠬᠦ᠌ ᠬᠡᠷᠡᠭ᠌ᠲᠡᠢ᠃ ᠬᠤᠯᠠᠭᠠᠢᠯᠠᠨ ᠮᠠᠯᠲᠠᠬᠤ ᠦᠢᠯᠡ ᠠᠵᠢᠯᠯᠠᠭ᠎ᠠ᠎ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭ᠌ᠴᠦ᠂ ᠠᠰᠠᠭᠤᠳᠠᠯ᠎ᠤᠨ ᠠᠷᠤ᠎ᠳᠠᠬᠢ ᠠᠱᠢᠭ ᠲᠤᠰᠠ᠎ᠶ᠋ᠢᠨ ᠬᠡᠯᠬᠢᠶ᠎ᠡ᠎ᠶ᠋ᠢ ᠭᠦᠨᠵᠡᠭᠡᠢ ᠠᠭᠤᠳᠠᠯᠤᠨ ᠲᠤᠢᠯᠪᠤᠷᠢᠲᠠᠢ ᠪᠠᠢᠴᠠᠭᠠᠵᠤ᠂ ᠬᠠᠷᠢᠭᠤᠴᠠᠯᠭ᠎ᠠ ᠠᠯᠳᠠᠵᠤ ᠲᠤᠱᠢᠶᠠᠯ᠎ᠢᠶᠠᠨ ᠭᠤᠲᠤᠭᠠᠭ᠍ᠰᠠᠨ ᠺᠠᠳ᠋ᠷ ᠪᠠᠢᠪᠠᠯ ᠡᠷᠬᠡᠪᠰᠢ ᠴᠢᠩᠭ᠎ᠠ ᠪᠠᠢᠴᠠᠭᠠᠨ ᠱᠢᠢᠳᠪᠦᠷᠢᠯᠡᠬᠦ᠌ ᠬᠡᠷᠡᠭ᠌ᠲᠡᠢ᠃ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ᠂ ᠵᠠᠮ ᠬᠠᠷᠢᠯᠴᠠᠭᠠᠨ᠎ᠤ ᠪᠦᠳᠦᠭᠡᠨ ᠪᠠᠢᠭᠤᠯᠤᠯᠲᠠ᠎ᠳᠤ ᠬᠠᠢᠷ ᠮᠠᠯᠲᠠᠵᠤ ᠬᠡᠷᠡᠭᠯᠡᠬᠦ ᠴᠢᠬᠤᠯᠠᠲᠠᠢ ᠪᠣᠯᠪᠠᠴᠤ᠌ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠌ ᠬᠡᠷᠡᠭ᠌ᠲᠡᠢ᠂ ᠭᠠᠵᠠᠷ ᠪᠣᠯᠭᠠᠨ᠎ᠳᠤ ᠮᠠᠯᠳᠠᠵᠤ ᠶᠠᠭᠠᠬᠢᠭ᠍ᠰᠠᠨ ᠴᠤ᠌ ᠪᠣᠯᠬᠤ ᠦᠭᠡᠢ᠂ ᠠᠮᠢ ᠠᠬᠤᠢ᠎ᠶ᠋ᠢᠨ ᠣᠷᠴᠢᠨ ᠨᠥᠬᠥᠴᠡᠯ᠎ᠢ ᠡᠪᠳᠡᠵᠦ᠍ ᠶᠠᠭᠠᠬᠢᠭ᠍ᠰᠠᠨ ᠴᠤ᠌ ᠪᠣᠯᠬᠤ ᠦᠭᠡᠢ ᠭᠡᠪᠡ᠃
ᠪᠠᠢᠴᠠᠭᠠᠵᠤ ᠱᠠᠯᠠᠪᠳᠠᠭᠤᠯᠤᠨ ᠵᠢᠯᠣᠭᠣᠳᠭᠤ ᠬᠤᠭᠤᠴᠠᠭᠠᠨ᠎ᠳᠤ᠂ ᠱ᠌ᠢ᠎ᠲᠡᠶ ᠹᠸᠩ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ᠎ᠬᠢᠨ ᠵᠠᠪᠠᠯ ᠤᠯᠤᠰ ᠲᠥᠷᠥ᠍ ᠪᠠ ᠪᠥᠬᠥ᠌ ᠲᠠᠯ᠎ᠠ᠎ᠶ᠋ᠢᠨ ᠦᠨᠳᠦᠷᠴᠡ᠎ᠠᠴᠠ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠬᠤ ᠡᠨᠡ ᠬᠦ᠌ ᠴᠢᠬᠤᠯᠠ ᠶᠡᠬᠡ ᠠᠰᠠᠭᠤᠳᠠᠯ᠎ᠢ ᠲᠠᠨᠢᠨ ᠡᠵᠡᠮᠳᠡᠵᠦ᠍᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭ᠌ᠰᠢᠯᠡᠭᠦᠯᠬᠦ᠌᠎ᠶ᠋ᠢ ᠴᠢᠩᠭ᠎ᠠ ᠠᠳᠭᠤᠨ᠂ ᠲᠣᠪᠣᠢᠮ᠎ᠠ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠎ᠶ᠋ᠢ ᠴᠢᠩᠭ᠎ᠠ ᠠᠳᠭᠤᠵᠤ᠂ ᠭᠤᠤᠯᠳᠠᠯᠭ᠎ᠠ᠎ᠲᠠᠶ ᠠᠵᠢᠯ᠎ᠤᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠨ᠂ ᠤᠬᠠᠮᠰᠠᠷ᠎ᠠᠴᠠ᠎ᠪᠠᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠲᠡᠷᠢᠭᠦᠨ᠎ᠳᠦ ᠲᠠᠯᠪᠢᠵᠤ᠂ ᠠᠮᠢ ᠠᠬᠤᠶ ᠣᠷᠴᠢᠨ ᠲᠣᠭᠣᠷᠢᠨ᠎ᠢ ᠦᠷᠡᠭ᠌ᠳᠡᠭᠦᠯᠬᠦ᠌᠎ᠪᠡᠷ ᠦᠨ᠎ᠡ ᠲᠥᠯᠥᠪᠦᠷᠢ ᠪᠣᠯᠭᠠᠨ ᠨᠢᠭᠡᠨ ᠴᠠᠭ᠎ᠤᠨ ᠨᠢᠭᠡ ᠭᠠᠵᠠᠷ᠎ᠤᠨ ᠠᠵᠤ ᠠᠬᠤᠶ᠎ᠶ᠋ᠢᠨ ᠨᠡᠮᠡᠭ᠌ᠳᠡᠯ᠎ᠢ ᠰᠣᠯᠢᠵᠤ ᠠᠪᠴᠢᠷᠠᠬᠤ ᠬᠠᠭᠤᠴᠢᠨ ᠵᠠᠮ᠎ᠢᠶᠠᠷ ᠶᠠᠭᠠᠬᠢᠭ᠍ᠰᠠᠨ ᠴᠤ᠌ ᠶᠠᠪᠤᠵᠤ ᠪᠣᠯᠬᠤ ᠥᠬᠡᠶ᠂ ᠡᠪᠦᠭᠡ ᠳᠡᠭᠡᠳᠦᠰ᠎ᠦᠨ᠎ᠢᠶᠡᠨ ᠪᠤᠶᠠᠨ᠎ᠢ ᠪᠦᠷᠢᠯᠭᠡᠵᠦ᠂ ᠦᠷ᠎ᠡ ᠬᠣᠢᠴᠢᠰᠤᠨᠢᠶᠠᠨ ᠵᠠᠮ᠎ᠢ ᠲᠠᠰᠤᠯᠬᠤ ᠠᠮᠢ ᠠᠬᠤᠶ᠎ᠶ᠋ᠢ ᠴᠦᠯᠪᠡᠨ ᠡᠪᠳᠡᠬᠦ᠌ ᠶᠠᠪᠤᠳᠠᠯ᠎ᠢ ᠶᠠᠭᠠᠬᠢᠭ᠍ᠰᠠᠨ ᠴᠤ᠌ ᠬᠢᠵᠦ᠍ ᠪᠣᠯᠬᠤ ᠥᠬᠡᠶ᠃ ᠠᠮᠢ ᠠᠬᠤᠶ ᠣᠷᠴᠢᠨ ᠲᠣᠭᠣᠷᠢᠨ᠎ᠤ ᠬᠠᠤᠯᠢ ᠬᠡᠷᠡᠭ᠌ᠵᠢᠭᠦᠯᠬᠦ ᠪᠠᠢᠴᠠᠭᠠᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂ ᠥᠴᠦᠬᠡᠨ ᠴᠦ᠍ ᠠᠭᠤᠴᠢᠯᠠᠬᠤ ᠥᠬᠡᠶ ᠣᠪᠣᠷ᠎ᠢᠶᠠᠷ ᠡᠯ᠎ᠡ ᠵᠦᠶ᠋ᠯ᠎ᠦᠨ ᠲᠦᠷᠢᠮ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠴᠢᠩᠭ᠎ᠠ ᠱᠢᠶ᠋ᠳᠭᠡᠵᠦ᠍ ᠬᠦᠨᠳᠦ᠍᠎ᠪᠡᠷ ᠱᠢᠶ᠋ᠳᠭᠡᠬᠦ᠌ ᠬᠡᠷᠡᠭ᠌ᠲᠡᠶ᠂ ᠬᠡᠲᠦᠷᠬᠡᠶ ᠰᠤᠯᠠ ᠲᠠᠯᠪᠢᠵᠤ᠂ ᠬᠡᠲᠦ ᠵᠥᠭᠡᠯᠡᠷᠡᠵᠦ᠍ ᠶᠠᠭᠠᠬᠢᠭ᠍ᠰᠠᠨ ᠴᠤ᠌ ᠪᠣᠯᠬᠤ ᠥᠬᠡᠶ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠪᠦᠦ ᠭᠠᠩ᠂ ᠢᠦᠶ ᠯᠢ ᠱᠢᠨ᠂ ᠵᠠᠩ ᠱᠤᠤ ᠴᠦᠨ ᠵᠢᠴᠢ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠠᠵᠢᠯᠯᠠᠭ᠎ᠠ᠎ᠳᠤ ᠣᠷᠣᠯᠴᠠᠵᠠᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃