2022-04-04 19:19:09
4 ᠰᠠᠷ᠎ᠠ᠎ᠶ᠋ᠢᠨ 1 ᠤ᠋ ᠡᠳᠦᠷ᠂ ᠲᠥᠪ᠎ᠦᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠨᠠᠶ᠋ᠮᠠᠳᠤᠭᠠᠷ ᠪᠦᠯᠦᠭ᠎ᠦᠨ ᠣᠷᠴᠢᠨ ᠲᠣᠭᠣᠷᠢᠨ᠎ᠤ ᠬᠦᠷᠢᠶᠡᠨ᠎ᠳᠦ ᠬᠣᠯᠪᠣᠭ᠍ᠳᠠᠭ᠍ᠰᠠᠨ 104 ᠬᠤᠪᠢ ᠣᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ(ᠤᠳᠠᠰᠤ ᠪᠡᠷ ᠢᠯᠡᠴᠢᠯᠡᠨ ᠮᠡᠳᠡᠬᠦᠯᠦᠭᠰᠡᠨ ᠨᠢ 56 ᠬᠤᠪᠢ᠂ ᠵᠠᠬᠢᠳᠠᠯ ᠵᠢᠡᠷ ᠢᠯᠡᠴᠢᠯᠡᠨ ᠮᠡᠳᠡᠬᠦᠯᠦᠭᠰᠡᠨ ᠨᠢ 48 ᠬᠤᠪᠢ) ᠢ᠋ ᠱᠢᠶ᠋ᠳᠪᠦᠷᠢᠯᠡᠭᠦᠯᠬᠦ ᠪᠡᠷ ᠳᠤᠰᠢᠶᠠᠵᠠᠢ᠃ ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ᠂ ᠪᠤᠭᠤᠲᠤ ᠬᠤᠳᠠ 20 ᠬᠤᠪᠢ᠂ ᠤᠯᠠᠭᠠᠨᠬᠠᠳᠠ ᠬᠤᠳᠠ 17 ᠬᠤᠪᠢ᠂ ᠣᠷᠳᠣᠰ ᠬᠤᠳᠠ13 ᠬᠤᠪᠢ᠂ ᠬᠥᠬᠡᠬᠣᠲᠠ ᠪᠠ ᠬᠥᠯᠥᠨ ᠪᠣᠢᠷ ᠬᠤᠳᠠ ᠲᠣᠰᠪᠤᠷᠢ 11 ᠬᠤᠪᠢ᠂ ᠬᠢᠩᠭᠠᠨ ᠠᠢᠮᠠᠭ ᠪᠠ ᠲᠦᠩᠯᠢᠶᠣᠤ ᠲᠣᠰᠪᠤᠷᠢ 7 ᠬᠤᠪᠢ᠂ ᠱᠢᠯᠢ᠎ᠶ᠋ᠢᠨ ᠭᠤᠤᠯ ᠠᠢᠮᠠᠬ 6 ᠬᠤᠪᠢ᠂ ᠤᠯᠠᠭᠠᠨᠴᠠᠪ ᠪᠠ ᠪᠠᠶᠠᠨᠨᠠᠭᠤᠷ ᠬᠤᠳᠠ ᠲᠣᠰᠪᠤᠷᠢ 5 ᠬᠤᠪᠢ᠂ ᠦᠬᠠᠶ ᠬᠤᠳᠠ ᠪᠠ ᠠᠯᠠᠱᠠ ᠠᠢᠮᠠᠭ ᠲᠣᠰᠪᠤᠷᠢ 1 ᠬᠤᠪᠢ ᠪᠣᠶ᠃
ᠪᠣᠬᠢᠷᠲᠤᠯ᠎ᠤᠨ ᠲᠥᠷᠥᠯ᠎ᠢᠶᠡᠷ ᠨᠢ ᠬᠤᠪᠢᠶᠠᠪᠠᠯ (ᠬᠡᠰᠡᠭ ᠬᠡᠷᠡᠭ᠎ᠨᠢ ᠣᠯᠠᠨ ᠲᠥᠷᠥᠯ᠎ᠦᠨ ᠪᠣᠬᠢᠷᠲᠤᠯ᠎ᠳᠤ ᠬᠣᠯᠪᠣᠭ᠍ᠳᠠᠨ᠎ᠠ)᠂ ᠠᠮᠢ ᠠᠬᠤᠶ᠎ᠶ᠋ᠢ ᠡᠪᠳᠡᠭ᠌ᠰᠡᠨ ᠬᠡᠷᠡᠭ 50 ᠬᠤᠪᠢ᠂ ᠠᠭᠠᠷ ᠮᠠᠨᠳᠠᠯ᠎ᠤᠨ ᠪᠣᠬᠢᠷᠲᠤᠯ᠎ᠤᠨ ᠬᠡᠷᠡᠭ19 ᠬᠤᠪᠢ᠂ ᠬᠥᠷᠥᠰᠥ᠍ ᠱᠢᠷᠣᠶ᠎ᠶ᠋ᠢᠨ ᠪᠣᠬᠢᠷᠲᠤᠯ᠎ᠤᠨ ᠬᠡᠷᠡᠭ 15 ᠬᠤᠪᠢ᠂ ᠤᠰᠤᠨ᠎ᠤ ᠪᠣᠬᠢᠷᠲᠤᠯ᠎ᠤᠨ ᠬᠡᠷᠡᠭ 18 ᠬᠤᠪᠢ᠂ ᠱᠤᠤᠬᠢᠶᠠᠨ᠎ᠤ ᠪᠣᠬᠢᠷᠲᠤᠯ᠎ᠤᠨ ᠬᠡᠷᠡᠭ 13 ᠬᠤᠪᠢ᠂ ᠪᠤᠰᠤᠳ ᠪᠣᠬᠢᠷᠲᠤᠯ᠎ᠤᠨ ᠬᠡᠷᠡᠭ 10 ᠬᠤᠪᠢ ᠪᠤᠢ᠃
ᠳᠡᠭᠡᠷᠡᠬᠢ ᠬᠡᠷᠡᠭ᠎ᠢ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠱᠢᠯᠵᠢᠭᠦᠯᠦᠨ ᠱᠢᠶ᠋ᠳᠪᠦᠷᠢᠯᠡᠭᠦᠯᠵᠥ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃