2022-04-02 09:58:15
ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠢᠯᠵᠢᠭᠦᠯᠦᠨ ᠲᠤᠱᠢᠶᠠᠭ᠍ᠰᠠᠨ ᠤᠯᠠᠨ ᠲᠦᠮᠡᠨ᠎ᠦ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠱᠢᠢᠳᠪᠦᠷᠢᠯᠡᠬᠦ᠌ ᠠᠵᠢᠯ᠎ᠢ ᠰᠠᠢᠲᠤᠷ ᠬᠢᠬᠦ᠌᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠡᠴᠡ ᠮᠤᠵᠢ᠎ᠶ᠋ᠢᠨ ᠱᠠᠲᠤᠨ᠎ᠤ ᠤᠳᠤᠷᠢᠳᠭᠤ ᠨᠥᠬᠥᠳ᠎ᠦᠨ ᠳᠠᠭᠠᠭᠠᠴᠢᠯᠠᠨ ᠬᠠᠷᠢᠯᠴᠠᠵᠤ ᠱᠠᠯᠠᠪᠳᠠᠭᠤᠯᠤᠨ ᠱᠢᠢᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠬᠤ᠎ᠪᠠᠷ ᠲᠣᠭ᠍ᠲᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ ᠲᠤᠰᠭᠠᠢᠯᠠᠨ ᠮᠡᠳᠡᠭ᠌ᠳᠡᠯ ᠪᠠᠭᠤᠯᠭᠠᠵᠤ ᠪᠠᠢᠷᠢᠯᠠᠭᠤᠯᠤᠯᠲᠠ ᠬᠢᠵᠡᠢ᠃
《ᠮᠡᠳᠡᠭ᠌ᠳᠡᠯ》 ᠳ᠋ᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠤᠳᠤᠷᠢᠳᠭᠤ ᠪᠠᠭ᠎ᠤᠨ ᠪᠦᠷᠢᠯᠳᠦᠬᠦᠨ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤᠨ ᠱᠢᠯᠵᠢᠭᠦᠯᠦᠨ ᠲᠤᠱᠢᠶᠠᠭ᠍ᠰᠠᠨ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠢᠶᠠᠷ ᠢᠯᠡᠴᠢᠯᠡᠨ ᠮᠡᠳᠡᠭᠦᠯᠦᠭ᠌ᠰᠡᠨ ᠬᠣᠯᠪᠣᠭ᠍ᠳᠠᠯ ᠪᠥᠬᠥᠶ ᠬᠡᠷᠡᠭ᠎ᠢ ᠳᠠᠭᠠᠭᠠᠴᠢᠯᠠᠨ ᠬᠠᠷᠢᠯᠴᠠᠵᠤ ᠱᠠᠯᠠᠪᠳᠠᠭᠤᠯᠤᠨ ᠱᠢᠶ᠋ᠳᠪᠦᠷᠢᠯᠡᠭᠦᠯᠵᠦ᠍᠂ ᠬᠠᠮᠢᠶ᠎ᠠ ᠪᠥᠬᠥᠶ ᠠᠢᠮᠠᠭ ᠬᠣᠲᠠ᠎ᠶ᠋ᠢᠨ ᠬᠡᠷᠡᠭ᠎ᠢ ᠱᠢᠶ᠋ᠳᠪᠦᠷᠢᠯᠡᠬᠦ᠌ ᠠᠵᠢᠯ᠎ᠢᠶᠠᠨ ᠰᠠᠢᠲᠤᠷ ᠬᠢᠬᠦ᠌᠎ᠶ᠋ᠢ ᠱᠠᠯᠠᠪᠳᠠᠭᠤᠯᠤᠨ ᠵᠢᠯᠣᠭᠣᠳᠴᠤ᠌᠂ ᠳᠠᠭᠠᠭᠠᠴᠢᠯᠠᠨ ᠬᠠᠷᠢᠯᠴᠠᠬᠰᠠᠨ ᠬᠡᠷᠡᠭ᠎ᠢ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠤᠨ ᠬᠠᠷᠢᠭᠤ ᠮᠡᠳᠡᠭᠦᠯᠦᠯᠲᠡ᠎ᠶ᠋ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠰᠣᠨᠣᠰᠴᠤ᠌᠂ ᠲᠤᠬᠠᠶ᠎ᠶ᠋ᠢᠨ ᠭᠠᠵᠠᠷ᠎ᠲᠤᠨᠢ ᠭᠦᠨᠵᠡᠭᠡᠢᠷᠡᠨ ᠪᠠᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠣᠳᠴᠤ᠌᠂ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠤᠨ᠎ᠠ ᠬᠡᠵᠥ ᠳᠤᠳᠤᠷᠬᠠᠢᠯᠠᠪᠠ᠃
《ᠮᠡᠳᠡᠭ᠌ᠳᠡᠯ》 ᠳ᠋ᠤ᠂ ᠡᠯ᠎ᠡ ᠠᠢᠮᠠᠭ ᠬᠤᠳᠠ᠎ᠶ᠋ᠢᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠤᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠱᠢᠢᠳᠪᠦᠷᠢᠯᠡᠬᠦ᠌ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠭᠡᠵᠦ᠍᠂ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠢᠯᠵᠢᠭᠦᠯᠦᠨ ᠲᠤᠱᠢᠶᠠᠭ᠍ᠰᠠᠨ ᠤᠯᠠᠨ ᠲᠦᠮᠡᠨ᠎ᠦ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠴᠢᠩᠭ᠎ᠠ ᠴᠡᠭ᠌ᠴᠡᠯᠡᠨ ᠰᠠᠢᠵᠢᠷᠠᠭᠤᠯᠵᠤ᠂ ᠳᠠᠷᠤᠢᠬᠠᠨ ᠱᠢᠢᠳᠪᠦᠷᠢᠯᠡᠵᠦ᠍ ᠳᠡᠢᠯᠬᠦ᠌ ᠠᠰᠠᠭᠤᠳᠠᠯ᠎ᠢ ᠳᠠᠷᠤᠢᠬᠠᠨ ᠴᠡᠭᠴᠡᠯᠡᠨ ᠰᠠᠢᠵᠢᠷᠠᠭᠤᠯᠬᠤ ᠬᠡᠷᠡᠭ᠌ᠲᠡᠢ;ᠳᠠᠷᠤᠢᠬᠠᠨ ᠱᠢᠶ᠋ᠳᠪᠦᠷᠢᠯᠡᠵᠦ᠍ ᠳᠡᠢᠯᠬᠦ᠌ ᠦᠭᠡᠶ ᠠᠰᠠᠭᠤᠳᠠᠯ᠎ᠢ ᠪᠣᠯ ᠬᠠᠷᠢᠭᠤᠴᠠᠯᠭ᠎ᠠ᠎ᠲᠠᠶ ᠨᠢᠭᠡᠴᠢ ᠪᠣᠯᠤᠨ ᠪᠡᠶᠡᠯᠡᠭᠦᠯᠬᠦ᠌ ᠴᠠᠭ ᠬᠤᠭᠤᠴᠠᠭ᠎ᠠ᠎ᠶ᠋ᠢ ᠵᠦᠢᠯ ᠳᠠᠷᠠᠭᠠᠯᠠᠨ ᠲᠣᠳᠣᠷᠬᠠᠢᠯᠠᠵᠤ᠂ ᠲᠣᠭ᠍ᠲᠠᠭ᠍ᠰᠠᠨ ᠴᠠᠭ ᠬᠤᠭᠤᠴᠠᠭᠠᠨ᠎ᠤ ᠳᠡᠰ ᠳᠠᠷᠠᠭᠠᠯᠠᠯ᠎ᠢ ᠴᠢᠩᠭ᠎ᠠ ᠵᠢᠷᠤᠮᠯᠠᠨ ᠱᠢᠶ᠋ᠳᠪᠦᠷᠢᠯᠡᠬᠦ᠌᠎ᠶ᠋ᠢ ᠠᠬᠢᠭᠤᠯᠬᠤ᠎ᠶ᠋ᠢᠨ ᠬᠠᠮᠲᠤ ᠳᠠᠭᠠᠭᠠᠴᠢᠯᠠᠨ ᠬᠠᠷᠢᠯᠴᠠᠭ᠍ᠰᠠᠨ ᠮᠤᠵᠢ᠎ᠶ᠋ᠢᠨ ᠱᠠᠲᠤᠨ᠎ᠤ ᠤᠳᠤᠷᠢᠳᠭᠤ ᠨᠥᠬᠥᠳ᠎ᠲᠦ ᠠᠵᠢᠯ᠎ᠤᠨ ᠠᠬᠢᠴᠠ᠎ᠶ᠋ᠢᠨ ᠪᠠᠢᠳᠠᠯ᠎ᠢᠶᠠᠨ ᠴᠠᠭ ᠲᠤᠬᠠᠶ᠎ᠳᠤᠨᠢ ᠬᠠᠷᠢᠭᠤ ᠮᠡᠳᠡᠭᠦᠯᠬᠦ᠌ ᠬᠡᠷᠡᠭ᠌ᠲᠡᠶ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠨᠢᠭᠡᠴᠢ᠎ᠶ᠋ᠢᠨ ᠬᠢᠨ ᠡᠭᠦᠷᠭᠡ ᠴᠢᠳᠠᠪᠬᠢ ᠲᠤᠱᠢᠶᠠᠯ ᠬᠠᠷᠢᠭᠤᠴᠠᠯᠭ᠎ᠠ᠎ᠪᠠᠨ ᠦᠨᠳᠦᠰᠦᠯᠡᠨ᠂ ᠲᠤᠰ ᠬᠦᠷᠢᠶᠡᠨ ᠳᠡᠬᠢ ᠤᠯᠠᠨ ᠲᠦᠮᠡᠨ᠎ᠦ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠱᠢᠢᠳᠪᠦᠷᠢᠯᠡᠬᠦ᠌ ᠠᠵᠢᠯ᠎ᠢ ᠱᠠᠯᠠᠪᠳᠠᠭᠤᠯᠤᠨ ᠵᠢᠯᠣᠭᠣᠳᠭᠤ᠎ᠪᠠᠨ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠳᠠᠭᠠᠭᠠᠴᠢᠯᠠᠨ ᠬᠠᠷᠢᠯᠴᠠᠬᠰᠠᠨ ᠮᠤᠵᠢ᠎ᠶ᠋ᠢᠨ ᠲᠡᠰ᠎ᠤᠨ ᠤᠳᠤᠷᠢᠳᠭᠤ ᠨᠥᠬᠥᠳ᠎ᠢ ᠬᠠᠮᠵᠢᠨ ᠤᠯᠠᠨ ᠲᠦᠮᠡᠨ᠎ᠦ ᠲᠤᠰᠭᠠᠬ᠍ᠰᠡᠨ ᠲᠤᠪᠤᠢ᠌ᠮ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠵᠤ᠂ ᠠᠰᠠᠭᠤᠳᠠᠯ᠎ᠢ ᠪᠤᠳᠠᠳᠠᠢ ᠪᠡᠷ ᠴᠡᠭ᠌ᠴᠡᠯᠡᠨ ᠰᠠᠢᠵᠢᠷᠠᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠬᠡᠵᠥ ᠱᠠᠭᠠᠷᠳᠠᠪᠠ᠃
《ᠮᠡᠳᠡᠭ᠌ᠳᠡᠯ》 ᠳ᠋ᠤ᠂ ᠡᠯ᠎ᠡ ᠭᠠᠵᠠᠷ ᠣᠷᠣᠨ ᠡᠯ᠎ᠡ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠨᠢᠭᠡᠴᠢ᠎ᠶ᠋ᠢᠨ ᠬᠢᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠳᠤᠰᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠵᠣᠬᠢᠴᠠᠭᠤᠯᠤᠨ ᠵᠣᠯᠭᠠᠭᠤᠯᠬᠤ᠎ᠶ᠋ᠢ ᠴᠢᠩᠭᠠᠳᠭᠠᠵᠤ᠂ ᠦᠨᠡᠨ ᠬᠦ᠌ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠌᠂ ᠤᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠱᠢᠢᠳᠪᠦᠷᠢᠯᠡᠬᠦ᠌ ᠠᠵᠢᠯ᠎ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃ ᠡᠯ᠎ᠡ ᠠᠢᠮᠠᠭ ᠬᠣᠲᠠ᠎ᠶ᠋ᠢᠨ᠎ᠬᠢᠨ ᠥᠪᠡᠷᠲᠡᠭᠡᠨ ᠵᠠᠰᠠᠬᠤ ᠣᠷᠣᠨ᠎ᠤ ᠠᠷᠭ᠎ᠠ ᠬᠢᠳᠡᠯ᠎ᠢᠶᠡᠷ ᠯᠠᠪᠯᠠᠯᠲᠠ ᠪᠣᠯᠭᠠᠵᠤ᠂ ᠲᠣᠰ ᠭᠠᠵᠠᠷ ᠣᠷᠣᠨ᠎ᠤ ᠤᠳᠤᠷᠢᠳᠭᠤ ᠨᠥᠬᠥᠳ᠎ᠦᠨ ᠳᠠᠭᠠᠭᠠᠴᠢᠯᠠᠨ ᠬᠠᠷᠢᠯᠴᠠᠵᠥ ᠱᠠᠯᠠᠪᠳᠠᠭᠤᠯᠤᠨ ᠰᠢᠢᠳᠪᠦᠷᠢᠯᠡᠬᠦ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ ᠴᠡᠭ᠌ᠴᠡᠯᠡᠨ ᠰᠠᠢᠵᠢᠷᠠᠭᠤᠯᠤᠭ᠍ᠰᠠᠨ ᠪᠣᠳᠠᠲᠤ ᠦᠷ᠎ᠡ ᠪᠦᠲᠦᠮᠵᠢ᠎ᠪᠡᠷ ᠠᠷᠠᠳ᠎ᠤᠨ ᠢᠲᠡᠭᠡᠯ᠎ᠢ ᠣᠯᠵᠤ᠂ ᠠᠷᠠᠳ ᠣᠯᠠᠨ᠎ᠤ ᠠᠮᠢ ᠠᠬᠤᠶ ᠣᠷᠴᠢᠨ ᠲᠣᠭᠣᠷᠢᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ ᠪᠠ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠬᠦ᠌ ᠬᠡᠷᠡᠭ᠌ᠲᠡᠶ ᠬᠡᠵᠥ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃