ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-05 19:52:14

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

3 ᠰᠠᠷ᠎ᠠ᠎ᠶ᠋ᠢᠨ 26 ᠡᠴᠡ 4 ᠰᠠᠷ᠎ᠠ᠎ᠶ᠋ᠢᠨ 2 ᠤ᠋ᠨ ᠡᠳᠦᠷ ᠪᠣᠯᠲᠠᠯ᠎ᠠ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ(ᠳᠣᠷᠣᠭ᠍ᠰᠢ 《ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》 ᠭᠡᠵᠦ᠍ ᠳᠥᠭᠥᠮᠴᠢᠯᠡᠨ᠎ᠡ) ᠤ᠋ᠨ ᠬᠢᠨ ᠮᠠᠨ᠎ᠤ ᠣᠷᠣᠨ᠎ᠳᠤ 9 ᠪᠦᠯᠦᠭ ᠨᠡᠢ᠌ᠳᠡ 588 ᠬᠤᠪᠢ ᠭᠡᠷᠡᠭ(ᠤᠳᠠᠰᠤ ᠪᠡᠷ ᠢᠯᠡᠴᠢᠯᠡᠨ ᠮᠡᠳᠡᠬᠦᠯᠦᠭᠰᠡᠨ ᠨᠢ 432 ᠬᠤᠪᠢ᠂ ᠵᠠᠬᠢᠳᠠᠯ ᠵᠢᠡᠷ ᠢᠯᠡᠴᠢᠯᠡᠨ ᠮᠡᠳᠡᠬᠦᠯᠦᠭᠰᠡᠨ ᠨᠢ 156 ᠬᠤᠪᠢ)ᠢ᠋ ᠰᠢᠢᠳᠪᠤᠷᠢᠯᠡᠬᠦᠯᠬᠦ ᠪᠡᠷ ᠲᠤᠱᠢᠶᠠᠪᠠ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ᠎ᠳᠤ᠂ ᠪᠥᠬᠥ᠌ ᠣᠷᠣᠨ᠎ᠳᠤ ᠨᠢᠭᠡᠨᠲᠡ ᠨᠢᠭᠡᠳᠦᠭᠡᠷ ᠪᠦᠯᠦᠭ᠎ᠦᠨ 15 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠪᠠᠢᠴᠠᠭᠠᠨ ᠱᠢᠶ᠋ᠳᠪᠦᠷᠢᠯᠡᠪᠡ᠂ ᠡᠭᠦᠨ᠎ᠳᠦ᠂ ᠨᠢᠭᠡᠨᠲᠡ 7 ᠬᠤᠪᠢ᠎ᠶ᠋ᠢ ᠨᠢ ᠱᠢᠶ᠋ᠳᠪᠦᠷᠢᠯᠡᠨ ᠳᠠᠭᠤᠰᠭᠠᠵᠤ᠂ 5 ᠬᠤᠪᠢ ᠶ᠋ᠢ ᠨᠢ ᠱᠠᠲᠤ ᠦᠶᠡᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 3 ᠬᠤᠪᠢ᠎ᠶ᠋ᠢ ᠨᠢ ᠱᠢᠶ᠋ᠳᠪᠦᠷᠢᠯᠡᠵᠤ ᠲᠠᠭᠤᠰᠬᠠᠭᠠᠳᠤᠢ᠃ ᠬᠣᠯᠪᠣᠭ᠍ᠳᠠᠯ ᠪᠦᠬᠦᠢ ᠬᠡᠷᠡᠭ᠎ᠢ ᠦᠷᠭᠦᠯᠵᠢᠯᠡᠨ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠱᠠᠭᠠᠷᠳᠠᠯᠭ᠎ᠠ ᠶᠣᠰᠣᠭᠠᠷ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠨ ᠰᠠᠢᠵᠢᠷᠠᠭᠤᠯᠵᠤ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面