ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-07 10:00:39

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 4᠎ᠤ᠋ ᠡᠳᠦᠷ᠂ ᠲᠥᠪ᠎ᠦᠨ ᠠᠮᠢ ᠠᠬᠤᠢ᠎ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ(ᠳᠣᠷᠣᠭ᠍ᠰᠢ《ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》ᠭᠡᠵᠦ᠍ ᠳᠥᠭᠥᠮᠴᠢᠯᠡᠨ᠎ᠡ)ᠡᠴᠡ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠳᠤ ᠠᠷᠪᠠᠨ ᠨᠢᠭᠡᠳᠦᠭᠡᠷ ᠪᠦᠯᠦᠭ᠎ᠤ᠋ᠨ ᠣᠷᠴᠢᠨ ᠲᠣᠭᠣᠷᠢᠨ᠎ᠤ ᠬᠦᠷᠢᠶᠡᠨ ᠎ᠳᠦ ᠬᠣᠯᠪᠣᠭ᠍ᠳᠠᠭ᠍ᠰᠠᠨ 87 ᠬᠤᠪᠢ ᠤᠯᠠᠨ ᠲᠦᠮᠡᠨ ᠎ᠤ ᠢᠯᠡᠴᠢᠯᠡᠨ ᠮᠡᠳᠡᠭᠦᠯᠦᠭ᠌ᠰᠡᠨ ᠬᠡᠷᠡᠭ (ᠤᠲᠠᠰᠤ ᠪᠡᠷ᠎ᠢᠯᠡᠴᠢᠯᠡᠨ ᠮᠡᠳᠡᠭᠦᠯᠦᠭᠰᠡᠨ ᠨᠢ 55 ᠬᠤᠪᠢ᠂ ᠵᠠᠬᠢᠳᠠᠯ ᠵᠢᠡᠷ ᠢᠯᠡᠴᠢᠯᠡᠨ ᠮᠡᠳᠡᠭᠦᠯᠦᠭᠰᠡᠨ᠎ᠨᠢ 32ᠬᠤᠪᠢ) ᠢ᠋ ᠰᠢᠢᠳᠪᠦᠷᠢᠯᠡᠬᠦᠯᠬᠦ ᠪᠡᠷ ᠲᠤᠰᠢᠶᠠᠵᠠᠢ᠃ ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ᠂ ᠬᠥᠬᠡᠬᠣᠲᠠ ᠳ᠋ᠤ 18 ᠬᠤᠪᠢ᠂ ᠬᠥᠯᠥᠨ ᠪᠣᠢᠷ ᠲᠸ᠋ 11 ᠬᠤᠪᠢ᠂ ᠪᠤᠭᠤᠲᠤ ᠳ᠋ᠤ 10 ᠬᠤᠪᠢ᠂ ᠤᠯᠠᠭᠠᠨᠬᠠᠳᠠ᠂ ᠣᠷᠳᠣᠰ ᠲᠸ᠋ ᠲᠣᠰᠪᠦᠷᠢ 9 ᠬᠤᠪᠢ᠂ ᠲᠦᠩᠯᠢᠶᠣᠤ ᠳ᠋ᠤ 8 ᠬᠤᠪᠢ᠂ ᠬᠢᠩᠭᠠᠨ ᠠᠢᠮᠠᠭ᠂ ᠱᠢᠯᠢ ᠶ᠋ᠢᠨ ᠭᠣᠸ᠋ᠯ ᠠᠢᠮᠠᠭ ᠲᠸ᠋ ᠲᠣᠰᠪᠦᠷᠢ 6 ᠬᠤᠪᠢ᠂ ᠤᠯᠠᠭᠠᠨᠴᠠᠪ ᠲᠸ᠋ 5 ᠬᠤᠪᠢ᠂ ᠪᠠᠶᠠᠨᠨᠠᠭᠤᠷ ᠲᠸ᠋ 3 ᠬᠤᠪᠢ᠂ ᠦᠬᠠᠶ᠂ ᠠᠯᠠᠱᠠ ᠳ᠋ᠤ ᠲᠣᠰᠪᠦᠷᠢ 1 ᠬᠤᠪᠢ ᠪᠤᠢ᠃ ᠪᠣᠬᠢᠷᠲᠤᠯ᠎ᠤᠨ ᠲᠥᠷᠥᠯ ᠵᠦᠶ᠋ᠯ᠎ᠢᠶᠡᠷ ᠨᠢ ᠬᠤᠪᠢᠶᠠᠪᠠᠯ (ᠬᠡᠰᠡᠭ ᠬᠡᠷᠡᠭ ᠨᠢ ᠣᠯᠠᠨ ᠲᠥᠷᠥᠯ ᠎ᠦᠨ ᠪᠣᠬᠢᠷᠲᠤᠯ᠎ᠳᠤ ᠬᠣᠯᠪᠣᠭ᠍ᠳᠠᠨ᠎ᠠ)᠂ ᠠᠮᠢ ᠠᠬᠤᠶ ᠎ᠶ᠋ᠢ ᠡᠪᠳᠡᠭ᠌ᠰᠡᠨ ᠬᠡᠷᠡᠭ 49 ᠵᠦᠶ᠋ᠯ᠂ ᠠᠭᠠᠷ ᠮᠠᠨᠳᠠᠯ᠎ᠤᠨ ᠪᠣᠬᠢᠷᠲᠤᠯ᠎ᠤᠨ ᠬᠡᠷᠡᠭ 16 ᠵᠦᠶ᠋ᠯ᠂ ᠤᠰᠤᠨ᠎ᠤ ᠪᠣᠬᠢᠷᠲᠤᠯ᠎ᠤᠨ ᠬᠡᠷᠡᠭ 14 ᠵᠦᠶ᠋ᠯ᠂ ᠬᠥᠷᠥᠰᠥ᠍ ᠱᠢᠷᠣᠶ᠎ᠶ᠋ᠢᠨ ᠪᠣᠬᠢᠷᠲᠤᠯ ᠎ᠤᠨ ᠬᠡᠷᠡᠭ 11 ᠵᠦᠶ᠋ᠯ᠂ ᠱᠤᠸ᠋ᠭᠢᠶᠠᠨ᠎ᠤ ᠪᠣᠬᠢᠷᠲᠤᠯ᠎ᠤᠨ ᠬᠡᠷᠡᠭ 5 ᠵᠦᠶ᠋ᠯ᠂ ᠪᠤᠰᠤᠳ ᠪᠣᠬᠢᠷᠲᠤᠯ᠎ᠤᠨ ᠬᠡᠷᠡᠭ 5 ᠵᠦᠶ᠋ᠯ ᠪᠣᠶ᠃ ᠳᠡᠭᠡᠷᠡᠬᠢ ᠬᠡᠷᠡᠭ᠎ᠢ᠋ ᠴᠥᠮ ᠬᠠᠮᠢᠶ᠎ᠠ ᠪᠥᠬᠥᠢ ᠠᠢᠮᠠᠭ ᠬᠤᠳᠠ ᠪᠣᠯᠤᠨ ᠥᠪᠡᠷᠲᠡᠭᠡᠨ ᠵᠠᠰᠠᠬᠤ ᠣᠷᠣᠨ᠎ᠤ᠋ ᠬᠠᠮᠢᠶ᠎ᠠ ᠪᠥᠬᠥᠢ ᠰᠠᠯᠠᠭ᠎ᠠ ᠮᠥᠴᠢᠷ᠎ᠲᠦ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ᠃

4 ᠰᠠᠷ᠎ᠠ᠎ᠶ᠋ᠢᠨ 4᠎ᠤ᠋ ᠡᠳᠦᠷ ᠪᠣᠯᠲᠠᠯ᠎ᠠ᠂ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠡᠴᠡ ᠮᠠᠨ ᠎ᠤ ᠣᠷᠣᠨ ᠳ᠋ᠦ ᠨᠡᠢᠲᠡ ᠠᠷᠪᠠᠨ ᠨᠢᠭᠡᠨ ᠪᠦᠯᠦᠭ 772 ᠬᠤᠪᠢ ᠢᠯᠡᠴᠢᠯᠡᠨ ᠮᠡᠳᠡᠭᠦᠯᠦᠭ᠌ᠰᠡᠨ ᠬᠡᠷᠡᠭ (ᠤᠳᠠᠰᠤ ᠪᠡᠷ ᠢᠯᠡᠴᠢᠯᠡᠨ ᠮᠡᠳᠡᠭᠦᠯᠦᠭᠰᠡᠨ ᠨᠢ 537 ᠬᠤᠪᠢ᠂ ᠵᠠᠬᠢᠳᠠᠯ ᠵᠢᠡᠷ ᠢᠯᠡᠴᠢᠯᠡᠨ ᠮᠡᠳᠡᠭᠦᠯᠦᠭᠰᠡᠨ ᠨᠢ 235 ᠬᠤᠪᠢ)᠎ᠢ᠋ ᠰᠢᠢᠳᠪᠦᠷᠢᠯᠡᠬᠦᠯᠬᠦ ᠪᠡᠷ ᠲᠤᠰᠢᠶᠠᠵᠠᠢ᠃ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ᠂ ᠣᠳᠣᠬᠠᠨ ᠪᠥᠬᠥ᠌ ᠣᠷᠣᠨ ᠵᠢᠡᠷ ᠵᠢᠡᠨ ᠬᠤᠶᠠᠳᠤᠭᠠᠷ ᠪᠦᠯᠦᠭ ᠎ᠦᠨ 42 ᠬᠤᠪᠢ ᠵᠠᠬᠢᠳᠠᠯ ᠰᠤᠷᠪᠤᠯᠵᠢᠯᠠᠯ ᠎ᠤᠨ ᠬᠡᠷᠡᠭ᠎ᠲᠦ ᠪᠠᠢᠴᠠᠭᠠᠨ ᠱᠢᠶ᠋ᠳᠪᠦᠷᠢᠯᠡᠯᠳᠡ ᠬᠢᠵᠦ ᠪᠤᠢ᠂ ᠡᠭᠦᠨ ᠎ᠳᠦ 16 ᠬᠤᠪᠢ ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 13 ᠬᠤᠪᠢ ᠎ᠶ᠋ᠢ ᠨᠢ ᠱᠠᠲᠤᠴᠢ ᠴᠢᠨᠠᠷᠲᠠᠶ ᠪᠠᠷ ᠱᠢᠶ᠋ᠳᠪᠦᠷᠢᠯᠡᠨ ᠳᠠᠭᠤᠰᠭᠠᠨ᠎ᠠ᠂ 13 ᠬᠤᠪᠢ᠎ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ ᠪᠠᠢᠵᠤ᠂ 10 ᠵᠢ ᠨᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 5 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍᠂ 86.5315 ᠲᠦᠮᠡᠨ ᠲᠥᠭᠥᠷᠢᠭ᠎ᠦᠨ ᠵᠣᠭᠣᠰ᠎ᠢᠶᠠᠷ ᠲᠣᠷᠭᠠᠵᠤ᠂ 2 ᠬᠡᠷᠡᠭ᠎ᠢ ᠬᠡᠷᠡᠭ ᠪᠣᠯᠭᠠᠨ ᠳᠡᠩᠰᠡᠯᠡᠵᠦ᠍ ᠲᠠᠩᠨᠠᠨ ᠪᠠᠢᠴᠠᠭᠠᠵᠤ᠂ 5 ᠬᠥᠮᠦᠨ᠎ᠲᠡᠶ ᠪᠣᠯᠵᠣᠨ ᠶᠠᠷᠢᠯᠴᠠᠵᠤ᠂ 8 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠪᠡ᠃ ᠬᠠᠮᠢᠶ᠎ᠠ ᠪᠦᠬᠦᠢ ᠬᠡᠷᠡᠭ ᠎ᠢ᠋ ᠱᠠᠯᠠᠪᠳᠠᠭᠤᠯᠤᠨ ᠪᠠᠢᠴᠠᠭᠠᠬᠤ ᠎ᠶ᠋ᠢᠨ ᠳᠠᠭᠠᠤ ᠬᠠᠯᠠᠨ ᠰᠠᠢᠵᠢᠷᠠᠭᠤᠯᠬᠤ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠎ᠤᠨ ᠠᠵᠢᠯ ᠎ᠤᠨ ᠱᠠᠭᠠᠷᠳᠠᠯᠭ᠎ᠠ ᠶᠣᠰᠣᠭᠠᠷ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠵᠦ ᠰᠠᠢᠵᠢᠷᠠᠭᠤᠯᠬᠤ ᠠᠵᠢᠯ ᠎ᠢ ᠦᠷᠭᠦᠯᠵᠢᠯᠡᠨ ᠠᠬᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面