2022-04-09 20:28:14
4 ᠰᠠᠷ᠎ᠠ ᠶ᠋ᠢᠨ 7 ᠤ᠋ ᠡᠳᠦᠷ ᠂ ᠲᠥᠪ ᠤ᠋ᠨ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠬᠢᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠳ᠋ᠤ ᠠᠷᠪᠠᠨ ᠭᠤᠷᠪᠠᠳᠤᠭᠠᠷ ᠪᠦᠯᠦᠭ ᠤ᠋ᠨ ᠣᠷᠴᠢᠨ ᠲᠣᠭᠣᠷᠢᠨ ᠤ᠋ ᠬᠦᠷᠢᠶᠡᠨ ᠳ᠋ᠤ ᠬᠣᠯᠪᠣᠭ᠍ᠳᠠᠭ᠍ᠰᠠᠨ 86 ᠬᠤᠪᠢ ᠤᠯᠠᠨ ᠲᠦᠮᠡᠨ ᠤ᠋ ᠢᠯᠡᠴᠢᠯᠡᠨ ᠮᠡᠳᠡᠭᠦᠯᠦᠭ᠌ᠰᠡᠨ ᠬᠡᠷᠡᠭ ᠢ᠋ ᠰᠢᠢᠳᠪᠤᠷᠢᠯᠡᠬᠦᠯᠬᠦ ᠪᠡᠷ ᠲᠤᠰᠢᠶᠠᠵᠠᠢ ᠃
ᠲᠣᠭ᠎ᠠ ᠬᠡᠮᠵᠢᠶ᠎ᠡ ᠪᠡᠷ ᠨᠢ ᠵᠢᠭ᠍ᠰᠠᠭᠠᠪᠠᠯ ᠂ ᠬᠦᠬᠡᠬᠤᠲᠠ ᠶ᠋ᠢᠨ 21 ᠬᠤᠪᠢ ᠂ ᠪᠤᠭᠤᠳᠤ ᠬᠤᠲᠠ ᠶ᠋ᠢᠨ 15 ᠬᠤᠪᠢ ᠂ ᠤᠷᠳᠤᠰ ᠬᠤᠲᠠ ᠶ᠋ᠢᠨ 12 ᠬᠤᠪᠢ ᠂ ᠲᠦᠨᠭᠯᠢᠶᠤᠤ ᠬᠤᠲᠠ ᠪᠠ ᠤᠯᠠᠭᠠᠨᠬᠠᠳᠠ ᠬᠤᠲᠠ ᠶ᠋ᠢᠨ ᠲᠤᠰ ᠪᠦᠷᠢ 8 ᠬᠤᠪᠢ ᠂ ᠬᠢᠨᠭᠭᠠᠨ ᠠᠢᠮᠠᠭ ᠤ᠋ᠨ 7 ᠬᠤᠪᠢ ᠂ ᠬᠦᠯᠦᠨ ᠪᠤᠢᠷ ᠬᠤᠲᠠ ᠶ᠋ᠢᠨ 6 ᠬᠤᠪᠢ ᠂ ᠪᠠᠶᠠᠨᠨᠠᠭᠤᠷ ᠬᠤᠲᠠ ᠶ᠋ᠢᠨ 5 ᠬᠤᠪᠢ ᠂ ᠤᠯᠠᠭᠠᠨᠴᠠᠪ ᠬᠤᠲᠠ ᠶ᠋ᠢᠨ 4 ᠬᠤᠪᠢ ᠪᠤᠢ᠃
ᠪᠣᠬᠢᠷᠲᠤᠯ ᠤ᠋ᠨ ᠲᠥᠷᠥᠯ ᠢ᠋ᠶ᠋ᠡᠷ ᠨᠢ ᠬᠤᠪᠢᠶᠠᠪᠠᠯ(ᠬᠡᠰᠡᠭ ᠬᠡᠷᠡᠭ ᠨᠢ ᠣᠯᠠᠨ ᠲᠥᠷᠥᠯ ᠤ᠋ᠨ ᠪᠣᠬᠢᠷᠲᠤᠯ ᠳ᠋ᠤ ᠬᠣᠯᠪᠣᠭ᠍ᠳᠠᠨᠠ)᠂ ᠠᠮᠢ ᠠᠬᠤᠶ ᠵᠢ ᠡᠪᠳᠡᠭ᠌ᠰᠡᠨ ᠬᠡᠷᠡᠭ 32 ᠬᠤᠪᠢ᠂ ᠠᠭᠠᠷ ᠮᠠᠨᠳᠠᠯᠢ ᠪᠣᠬᠢᠷᠲᠤᠭᠤᠯᠤᠬᠰᠠᠨ ᠬᠡᠷᠡᠭ 22 ᠬᠤᠪᠢ ᠂ ᠤᠰᠤᠨ ᠤ᠋ ᠪᠣᠬᠢᠷᠲᠤᠯ ᠤ᠋ᠨ ᠬᠡᠷᠡᠭ 19 ᠬᠤᠪᠢ ᠂ ᠬᠥᠷᠥᠰᠥ᠍ ᠱᠢᠷᠣᠶ ᠶ᠋ᠢᠨ ᠪᠣᠬᠢᠷᠲᠤᠯ ᠤ᠋ᠨ ᠬᠡᠷᠡᠭ 14 ᠬᠤᠪᠢ ᠂ ᠱᠤᠤᠬᠢᠶᠠᠨ ᠤ᠋ ᠪᠣᠬᠢᠷᠲᠤᠯ ᠤ᠋ᠨ ᠬᠡᠷᠡᠭ 8 ᠬᠤᠪᠢ ᠂ ᠰᠠᠴᠤᠷᠠᠭ ᠤ᠋ᠨ ᠪᠤᠬᠢᠷᠲᠤᠯ ᠤ᠋ᠨ ᠬᠡᠷᠡᠭ 2 ᠬᠤᠪᠢ ᠂ ᠪᠤᠰᠤᠳ ᠪᠣᠬᠢᠷᠲᠤᠯ ᠤ᠋ᠨ ᠬᠡᠷᠡᠭ 5 ᠬᠤᠪᠢ ᠪᠤᠢ ᠃
ᠳᠡᠭᠡᠷᠡᠬᠢ ᠬᠡᠷᠡᠭ ᠢ᠋ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠬᠠᠮᠢᠶ᠎ᠠ ᠪᠦᠬᠦᠢ ᠰᠠᠯᠠᠭ᠎ᠠ ᠮᠥᠴᠢᠷ ᠲᠦ᠍ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃