2022-04-08 10:16:40
3 ᠰᠠᠷ᠎ᠠ ᠶ᠋ᠢᠨ 26 ᠡᠴᠡ 4 ᠰᠠᠷ᠎ᠠ ᠶ᠋ᠢᠨ 4 ᠤ᠋ ᠡᠳᠦᠷ ᠪᠤᠯᠲᠠᠯ᠎ᠠ᠂ ᠲᠥᠪ᠎ᠦᠨ ᠠᠮᠢ ᠠᠬᠤᠢ᠎ᠣᠷᠴᠢᠨ ᠲᠣᠭᠣᠷᠢᠨ᠎ᠤ ᠬᠠᠮᠠᠭᠠᠯᠠᠯᠲᠠ ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ (ᠳᠣᠷᠣᠭ᠍ᠰᠢ 《ᠲᠥᠪ ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》 ᠭᠡᠵᠦ᠍ ᠳᠥᠭᠥᠮᠴᠢᠯᠡᠨ᠎ᠡ)᠎ᠡᠴᠡ ᠮᠠᠨ ᠤ᠋ ᠣᠷᠣᠨ᠎ᠳᠤ ᠠᠷᠪᠠᠨ ᠨᠢᠭᠡᠨ ᠪᠦᠯᠦᠭ 772 ᠬᠤᠪᠢ ᠢᠯᠡᠴᠢᠯᠡᠨ ᠮᠡᠳᠡᠭᠦᠯᠦᠭ᠌ᠰᠡᠨ ᠬᠡᠷᠡᠭ (ᠤᠲᠠᠰᠤ ᠪᠡᠷ ᠢᠯᠡᠴᠢᠯᠡᠨ ᠮᠡᠳᠡᠭᠦᠯᠦᠭᠰᠡᠨ ᠨᠢ 537 ᠬᠤᠪᠢ᠂ ᠵᠠᠬᠢᠳᠠᠯ ᠵᠢᠡᠷ ᠢᠯᠡᠴᠢᠯᠡᠨ ᠮᠡᠳᠡᠭᠦᠯᠦᠭᠰᠡᠨ ᠨᠢ 235 ᠬᠤᠪᠢ)᠎ᠢ᠋ ᠰᠢᠢᠳᠪᠦᠷᠢᠯᠡᠬᠦᠯᠬᠦ ᠪᠡᠷ ᠲᠤᠰᠢᠶᠠᠵᠠᠢ᠃ ᠲᠥᠪ ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠣᠳᠣᠬᠠᠨ ᠪᠥᠬᠥ᠌ ᠣᠷᠣᠨ ᠵᠢᠡᠷ ᠵᠢᠡᠨ ᠭᠤᠷᠪᠠᠳᠤᠭᠠᠷ ᠪᠦᠯᠦᠭ ᠦᠨ 49 ᠬᠤᠪᠢ ᠵᠠᠬᠢᠳᠠᠯ ᠰᠤᠷᠪᠤᠯᠵᠢᠯᠠᠯ᠎ᠤᠨ ᠬᠡᠷᠡᠭ᠎ᠲᠦ ᠪᠠᠢᠴᠠᠭᠠᠨ ᠱᠢᠶ᠋ᠳᠪᠦᠷᠢᠯᠡᠯᠳᠡ ᠬᠢᠵᠦ ᠪᠤᠢ᠂ ᠡᠭᠦᠨ᠎ᠳᠦ 21 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 18 ᠬᠤᠪᠢ᠎ᠶ᠋ᠢ ᠨᠢ ᠱᠠᠲᠤᠴᠢ ᠴᠢᠨᠠᠷᠲᠠᠶ ᠪᠠᠷ ᠱᠢᠶ᠋ᠳᠪᠦᠷᠢᠯᠡᠨ ᠳᠠᠭᠤᠰᠭᠠᠨ᠎ᠠ᠂ 10 ᠬᠤᠪᠢ ᠶ᠋ᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ ᠪᠠᠢᠵᠤ᠂ 5 ᠵᠢ ᠨᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 4 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍᠂ 31.6457 ᠲᠦᠮᠡᠨ ᠲᠥᠭᠥᠷᠢᠭ᠎ᠦᠨ ᠵᠣᠭᠣᠰ᠎ᠢᠶᠠᠷ ᠲᠣᠷᠭᠠᠵᠤ᠂ 4 ᠬᠥᠮᠦᠨ᠎ᠲᠡᠶ ᠪᠣᠯᠵᠣᠨ ᠶᠠᠷᠢᠯᠴᠠᠪᠠ᠃ ᠬᠠᠮᠢᠶ᠎ᠠ ᠪᠦᠬᠦᠢ ᠬᠡᠷᠡᠭ᠎ᠢ᠋ ᠱᠠᠯᠠᠪᠳᠠᠭᠤᠯᠤᠨ ᠪᠠᠢᠴᠠᠭᠠᠬᠤ᠎ᠶ᠋ᠢᠨ ᠳᠠᠭᠠᠤ ᠬᠠᠯᠠᠨ ᠰᠠᠢᠵᠢᠷᠠᠭᠤᠯᠬᠤ ᠲᠥᠪ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠠᠵᠢᠯ᠎ᠤᠨ ᠱᠠᠭᠠᠷᠳᠠᠯᠭ᠎ᠠ ᠶᠣᠰᠣᠭᠠᠷ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠵᠦ ᠰᠠᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃