ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-10 19:52:15

ᠵᠣᠬᠢᠶᠠᠭ᠍ᠴᠢ᠄ ​ᠱᠤᠸᠠᠢ ᠵᠧᠩ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 8 ᠎ᠤ᠋ ᠡᠳᠦᠷ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠠᠷᠪᠠᠨ ᠳᠥᠷᠪᠡᠳᠦᠭᠡᠷ ᠪᠦᠯᠦᠭ᠎ᠦᠨ ᠣᠷᠴᠢᠨ ᠲᠣᠭᠣᠷᠢᠨ᠎ᠤ ᠬᠦᠷᠢᠶᠡᠨ᠎ᠳᠦ ᠬᠣᠯᠪᠣᠭ᠍ᠳᠠᠭ᠍ᠰᠠᠨ 100 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠬᠦᠯᠬᠦ ᠪᠡᠷ ᠲᠤᠰᠢᠶᠠᠵᠠᠢ᠃ ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ᠂ ᠤᠷᠳᠤᠰ ᠬᠤᠲᠠ᠎ᠵᠢᠨ 23 ᠬᠤᠪᠢ᠂ ᠪᠤᠭᠤᠲᠤ ᠬᠤᠲᠠ᠎ᠵᠢᠨ 18 ᠬᠤᠪᠢ᠂ ᠬᠥᠬᠡᠬᠣᠲᠠ᠎ᠵᠢᠨ 14 ᠬᠤᠪᠢ᠂ ᠤᠯᠠᠭᠠᠨᠬᠠᠳᠠ ᠬᠤᠲᠠ᠎ᠵᠢᠨ 13 ᠬᠤᠪᠢ᠂ ᠲᠦᠩᠯᠢᠶᠣᠤ ᠬᠤᠲᠠ᠎ᠵᠢᠨ 10 ᠬᠤᠪᠢ᠂ ᠬᠥᠯᠥᠨ ᠪᠤᠢ᠌ᠷ ᠬᠤᠲᠠ᠂ ᠤᠯᠠᠭᠠᠨᠴᠠᠪ ᠬᠤᠲᠠ᠎ᠵᠢᠨ ᠲᠣᠰᠪᠦᠷᠢ 6 ᠬᠤᠪᠢ ᠪᠠᠢᠵᠤ᠂ ᠬᠢᠩᠭᠠᠨ ᠠᠢᠮᠠᠭ᠂ ᠪᠠᠶᠠᠨᠨᠠᠭᠤᠷ ᠬᠤᠲᠠ᠎ᠵᠢᠨ ᠲᠣᠰᠪᠦᠷᠢ 4 ᠬᠤᠪᠢ᠂ ᠱᠢᠯᠢ᠎ᠶ᠋ᠢᠨ ᠭᠣᠣᠯ ᠠᠢᠮᠠᠭ᠂ ᠠᠯᠠᠱᠠ ᠠᠢᠮᠠᠭ᠎ᠤᠨ ᠲᠣᠰᠪᠦᠷᠢ 1 ᠬᠤᠪᠢ ᠪᠤᠢ᠃

ᠪᠣᠬᠢᠷᠲᠤᠯ᠎ᠤᠨ ᠲᠥᠷᠥᠯ᠎ᠢᠶᠡᠷ ᠨᠢ ᠬᠤᠪᠢᠶᠠᠪᠠᠯ (ᠵᠠᠷᠢᠮ ᠬᠡᠷᠡᠭ᠎ᠨᠢ ᠣᠯᠠᠨ ᠲᠥᠷᠥᠯ᠎ᠦᠨ ᠪᠣᠬᠢᠷᠲᠤᠯ᠎ᠳᠤ ᠬᠣᠯᠪᠣᠭ᠍ᠳᠠᠨ᠎ᠠ)᠂ ᠠᠮᠢ ᠠᠬᠤᠶ᠎ᠶ᠋ᠢ ᠡᠪᠳᠡᠭ᠌ᠰᠡᠨ ᠬᠡᠷᠡᠭ 52 ᠬᠤᠪᠢ᠂ ᠬᠥᠷᠥᠰᠥ᠍ ᠱᠢᠷᠣᠶ᠎ᠶ᠋ᠢᠨ ᠪᠣᠬᠢᠷᠲᠤᠯ᠎ᠤᠨ ᠬᠡᠷᠡᠭ 15 ᠬᠤᠪᠢ᠂ ᠠᠭᠠᠷ ᠮᠠᠨᠳᠠᠯ᠎ᠤᠨ ᠪᠣᠬᠢᠷᠲᠤᠯ᠎ᠤᠨ ᠬᠡᠷᠡᠭ 11 ᠬᠤᠪᠢ᠂ ᠤᠰᠤᠨ᠎ᠤ ᠪᠣᠬᠢᠷᠲᠤᠯ᠎ᠤᠨ ᠬᠡᠷᠡᠭ 10 ᠬᠤᠪᠢ᠂ ᠱᠤᠤᠬᠢᠶᠠᠨ᠎ᠤ ᠪᠣᠬᠢᠷᠲᠤᠯ᠎ᠤᠨ ᠬᠡᠷᠡᠭ 7 ᠬᠤᠪᠢ ᠪᠠᠢᠵᠤ᠂ ᠪᠤᠰᠤᠳ ᠪᠣᠬᠢᠷᠲᠤᠯ᠎ᠤᠨ ᠬᠡᠷᠡᠭ 17 ᠬᠤᠪᠢ ᠪᠣᠶ᠃

ᠳᠡᠭᠡᠷᠡᠬᠢ ᠬᠡᠷᠡᠭ᠎ᠢ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠰᠢᠯᠵᠢᠬᠦᠯᠦᠨ ᠰᠢᠢᠳᠪᠦᠷᠢᠯᠡᠬᠦᠯᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面