2022-04-09 20:32:26
3 ᠰᠠᠷ᠎ᠠ ᠶ᠋ᠢᠨ 26 ᠡᠴᠡ 4 ᠰᠠᠷ᠎ᠠ ᠶ᠋ᠢᠨ 6 ᠤ᠋ ᠡᠳᠦᠷ ᠪᠤᠯᠲᠠᠯ᠎ᠠ ᠂ ᠲᠥᠪ ᠤ᠋ᠨ ᠠᠮᠢ ᠠᠬᠤᠢᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ(ᠳᠣᠷᠣᠭ᠍ᠰᠢ 《 ᠲᠥᠪ ᠤ᠋ᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ》 ᠭᠡᠵᠦ᠍ ᠳᠥᠭᠥᠮᠴᠢᠯᠡᠪᠡ) ᠡᠴᠡ ᠮᠠᠨ ᠤ᠋ ᠣᠷᠣᠨ ᠳ᠋ᠤ 12 ᠪᠦᠯᠦᠭ ᠨᠡᠢᠳᠡ 848 ᠬᠤᠪᠢ ᠢᠯᠡᠴᠢᠯᠡᠨ ᠮᠡᠳᠡᠭᠦᠯᠦᠭ᠌ᠰᠡᠨ ᠬᠡᠷᠡᠭ ᠢ᠋ ᠰᠢᠢᠳᠪᠦᠷᠢᠯᠡᠬᠦᠯᠬᠦ ᠪᠡᠷ ᠲᠤᠰᠢᠶᠠᠵᠠᠢ ᠃ ᠲᠥᠪ ᠤ᠋ᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠠᠵᠢᠯ ᠤ᠋ᠨ ᠱᠠᠭᠠᠷᠳᠠᠯᠭ᠎ᠠ ᠶᠣᠰᠣᠭᠠᠷ ᠂ ᠣᠳᠣᠬᠠᠨ ᠳ᠋ᠤ ᠪᠥᠬᠥ᠌ ᠣᠷᠣᠨ ᠵᠢᠡᠷ ᠵᠢᠡᠨ ᠳᠦᠷᠪᠡᠳᠦᠭᠡᠷ ᠪᠦᠯᠦᠭ ᠤ᠋ᠨ 63 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭ ᠲᠦ᠍ ᠪᠠᠢᠴᠠᠭᠠᠨ ᠱᠢᠶ᠋ᠳᠪᠦᠷᠢᠯᠡᠯᠳᠡ ᠬᠢᠵᠦ ᠪᠤᠢ ᠃ ᠡᠭᠦᠨ ᠳ᠋ᠤ ᠂ 34 ᠬᠤᠪᠢ ᠵᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ ᠂ 20 ᠬᠤᠪᠢ ᠵᠢ ᠨᠢ ᠱᠠᠲᠤᠴᠢ ᠴᠢᠨᠠᠷᠲᠠᠶ ᠪᠠᠷ ᠱᠢᠶ᠋ᠳᠪᠦᠷᠢᠯᠡᠨ ᠳᠠᠭᠤᠰᠬᠠᠵᠤ ᠂ 9 ᠬᠤᠪᠢ ᠵᠢ ᠨᠢ ᠬᠠᠷᠠᠬᠠᠨ ᠱᠢᠶ᠋ᠳᠪᠦᠷᠢᠯᠡᠵᠤ ᠪᠠᠷᠠᠭᠠᠳᠤᠢ ; 5 ᠵᠢ ᠨᠢ ᠵᠠᠷᠯᠢᠭ᠍ᠳᠠᠵᠦ ᠴᠡᠭ᠌ᠴᠡᠯᠡᠨ ᠰᠠᠢᠵᠢᠷᠠᠭᠤᠯᠵᠤ ᠂ 1 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍ ᠂ 1 ᠲᠦᠮᠡᠨ ᠲᠥᠭᠥᠷᠢᠭ ᠤ᠋ᠨ ᠵᠣᠭᠣᠰ ᠢ᠋ᠶ᠋ᠡᠷ ᠲᠣᠷᠭᠠᠨ ᠂ 4 ᠬᠡᠷᠡᠭ ᠢ᠋ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠢᠴᠠᠭᠠᠵᠤ ᠂ 8 ᠬᠥᠮᠦᠨ ᠡᠴᠡ ᠬᠠᠷᠢᠭᠤᠴᠠᠯᠭ᠎ᠠ ᠨᠡᠬᠡᠮᠵᠢᠯᠡᠪᠡ ᠃
4 ᠰᠠᠷ᠎ᠠ ᠶ᠋ᠢᠨ 6 ᠤ᠋ ᠡᠳᠦᠷ ᠪᠤᠯᠲᠠᠯ᠎ᠠ ᠂ ᠪᠦᠬᠦ ᠤᠷᠤᠨ ᠢ᠋ᠶ᠋ᠡᠷ ᠢ᠋ᠶ᠋ᠡᠨ ᠨᠢᠭᠡᠳᠤᠬᠡᠷ ᠪᠦᠯᠦᠭ ᠡᠴᠡ ᠳᠦᠷᠪᠡᠳᠦᠭᠡᠷ ᠪᠦᠯᠦᠭ ᠤ᠋ᠨ 169 ᠬᠤᠪᠢ ᠵᠠᠬᠢᠳᠠᠯ ᠰᠤᠷᠪᠤᠯᠵᠢᠯᠠᠯ ᠤ᠋ᠨ ᠬᠡᠷᠡᠭ ᠲᠦ᠍ ᠨᠢᠬᠡᠨᠳᠡ ᠪᠠᠢᠴᠠᠭᠠᠨ ᠱᠢᠶ᠋ᠳᠪᠦᠷᠢᠯᠡᠯᠳᠡ ᠬᠢᠵᠦ ᠪᠤᠢ ᠃ ᠡᠭᠦᠨ ᠳ᠋ᠤ ᠂ 78 ᠬᠤᠪᠢ ᠵᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ ᠂ 56 ᠬᠤᠪᠢ ᠵᠢ ᠨᠢ ᠱᠠᠲᠤᠴᠢ ᠴᠢᠨᠠᠷᠲᠠᠶ ᠪᠠᠷ ᠱᠢᠶ᠋ᠳᠪᠦᠷᠢᠯᠡᠨ ᠳᠠᠭᠤᠰᠭᠠᠵᠤ ᠂ 35 ᠬᠤᠪᠢ ᠵᠢ ᠨᠢ ᠬᠠᠷᠠᠬᠠᠨ ᠱᠢᠶ᠋ᠳᠪᠦᠷᠢᠯᠡᠵᠦ ᠪᠠᠷᠠᠭᠠᠳᠤᠢ ; 20 ᠵᠢ ᠨᠢ ᠵᠠᠷᠯᠢᠭ᠍ᠳᠠᠨ ᠴᠡᠭ᠌ᠴᠡᠯᠡᠨ ᠰᠠᠢᠵᠢᠷᠠᠭᠤᠯᠵᠤ᠂ 10 ᠵᠢ ᠨᠢ ᠬᠡᠷᠡᠭ ᠪᠣᠯᠭᠠᠨ ᠳᠡᠩᠰᠡᠯᠡᠨ ᠱᠢᠢᠳᠭᠡᠵᠦ᠍ ᠂ 119.1772 ᠲᠦᠮᠡᠨ ᠲᠥᠭᠥᠷᠢᠭ ᠤ᠋ᠨ ᠵᠣᠭᠣᠰ ᠢ᠋ᠶ᠋ᠡᠷ ᠲᠣᠷᠭᠠᠨ ᠂ 6 ᠬᠡᠷᠡᠭ ᠢ᠋ ᠬᠡᠷᠡᠭ ᠪᠣᠯᠭᠠᠨ ᠳᠡᠩᠰᠡᠯᠡᠵᠦ ᠲᠠᠩᠨᠠᠨ ᠪᠠᠢᠴᠠᠭᠠᠵᠤ ᠂ 9 ᠬᠥᠮᠦᠨ ᠲᠡᠶ ᠪᠣᠯᠵᠣᠨ ᠶᠠᠷᠢᠯᠴᠠᠵᠤ ᠂ 16 ᠬᠥᠮᠦᠨ ᠡᠴᠡ ᠬᠠᠷᠢᠭᠤᠴᠠᠯᠭ᠎ᠠ ᠨᠡᠬᠡᠮᠵᠢᠯᠡᠪᠡ ᠃
ᠲᠥᠪ ᠤ᠋ᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠱᠠᠯᠠᠪᠳᠠᠭᠤᠯᠤᠨ ᠪᠠᠢᠴᠠᠭᠠᠬᠤ ᠶ᠋ᠢᠨ ᠳᠠᠭᠠᠤ ᠬᠠᠯᠠᠨ ᠰᠠᠢᠵᠢᠷᠠᠭᠤᠯᠬᠤ ᠠᠵᠢᠯ ᠤ᠋ᠨ ᠱᠠᠭᠠᠷᠳᠠᠯᠭ᠎ᠠ ᠶᠣᠰᠣᠭᠠᠷ᠂ ᠬᠠᠮᠢᠶ᠎ᠠ ᠪᠦᠬᠦᠢ ᠬᠡᠷᠡᠭ ᠢ᠋ ᠪᠠᠢᠴᠠᠭᠠᠨ ᠱᠢᠢᠳᠪᠦᠷᠢᠯᠡᠵᠦ᠍ ᠴᠡᠭ᠌ᠴᠡᠯᠡᠵᠦ ᠰᠠᠢᠵᠢᠷᠠᠭᠤᠯᠬᠤ ᠠᠵᠢᠯ ᠢ᠋ ᠦᠷᠭᠦᠯᠵᠢᠯᠡᠨ ᠠᠬᠢᠭᠤᠯᠵᠤ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃