2022-04-08 10:20:02
ᠲᠥᠪ ᠤ᠋ᠨ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠮᠠᠨ ᠤ᠋ ᠤᠷᠤᠨ ᠳ᠋ᠤ ᠢᠷᠡᠭᠰᠡᠨ ᠡᠴᠡ ᠨᠠᠭᠠᠰᠢ᠂ ᠡᠯ᠎ᠡ ᠠᠢᠮᠠᠭ ᠬᠤᠳᠠ ᠵᠢᠨ ᠬᠢᠨ ᠲᠥᠪ ᠤ᠋ᠨ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠱᠠᠯᠠᠪᠳᠠᠭᠤᠯᠤᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠤᠯᠤᠰ ᠲᠦᠷᠦ᠍ ᠵᠢᠨ ᠬᠠᠷᠢᠭᠤᠴᠠᠯᠭ᠎ᠠ ᠶ᠋ᠢ ᠡᠷᠡᠰ ᠡᠭᠦᠷᠭᠡᠯᠡᠵᠦ᠍᠂ ᠤᠯᠠᠨ ᠲᠦᠮᠡᠨ ᠤ᠋ ᠣᠷᠴᠢᠨ ᠲᠣᠭᠣᠷᠢᠨ ᠤ᠋ ᠵᠠᠬᠢᠳᠠᠯ ᠰᠤᠷᠪᠤᠯᠵᠢᠯᠠᠯᠤᠨ ᠬᠡᠷᠡᠭ ᠢ᠋ ᠱᠠᠯᠠᠪᠳᠠᠭᠤᠯᠬᠤ ᠵᠢᠨ ᠳᠠᠭᠠᠤ ᠴᠡᠭ᠌ᠴᠡᠯᠡᠨ ᠰᠠᠢᠵᠢᠷᠠᠭᠤᠯᠬᠤ ᠠᠵᠢᠯ ᠢ᠋ ᠰᠠᠢᠲᠤᠷ ᠬᠢᠬᠦ᠌ ᠶ᠋ᠢ ᠲᠦᠢᠯ ᠵᠢᠡᠷ ᠴᠢᠬᠤᠯᠠᠴᠢᠯᠠᠨ ᠦᠵᠡᠵᠤ᠂ ᠬᠠᠮᠤᠭ ᠤ᠋ᠨ ᠡᠷᠡᠰ ᠪᠠᠲᠤ ᠣᠪᠣᠷ᠂ ᠬᠠᠮᠤᠭ ᠤ᠋ᠨ ᠴᠢᠩᠭ᠎ᠠ ᠪᠠᠷᠢᠮᠵᠢᠶ᠎ᠠ᠂ ᠬᠠᠮᠤᠭ ᠤ᠋ᠨ ᠬᠦᠴᠦᠲᠡᠢ ᠠᠷᠭ᠎ᠠ ᠬᠡᠮᠵᠢᠢᠡᠪᠡᠷ ᠪᠠᠷᠢᠨ ᠬᠡᠷᠡᠭ᠌ᠵᠢᠭᠦᠯᠵᠦ᠍ ᠪᠠᠷᠢᠨ ᠰᠠᠢᠵᠢᠷᠠᠭᠤᠯᠤᠨ᠂ ᠪᠠᠷᠢᠨ ᠮᠡᠳᠡᠵᠤ ᠪᠠᠷᠢᠨ ᠰᠠᠢᠵᠢᠷᠠᠭᠤᠯᠤᠨ᠂ ᠦᠨᠡᠨ ᠬᠦ᠌ ᠰᠠᠢᠵᠢᠷᠠᠭᠤᠯᠵᠤ ᠪᠣᠳᠠᠲᠠᠢ ᠰᠠᠢᠵᠢᠷᠠᠭᠤᠯᠤᠨ᠂ ᠡᠯ᠎ᠡ ᠲᠦᠷᠦᠯ ᠤ᠋ᠨ ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠶ᠋ᠢ ᠯᠠᠪᠳᠠᠭᠤᠨ ᠪᠠᠲᠤᠲᠠᠢ ᠠᠬᠢᠭᠤᠯᠪᠠ᠃
4 ᠰᠠᠷ᠎ᠠ ᠵᠢᠨ 1 ᠤ᠋ ᠡᠳᠦᠷ᠂ ᠬᠢᠩᠭᠠᠨ ᠠᠢᠮᠠᠭ ᠤ᠋ᠨ ᠨᠠᠮ ᠤ᠋ᠨ ᠬᠣᠷᠢᠶᠠᠨ ᠤ᠋ ᠱᠦᠵᠢ ᠵᠠᠩ ᠱᠢᠶᠤᠤ ᠪᠢᠩ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠳ᠋ᠤ ᠭᠦᠨᠵᠡᠭᠡᠢᠷᠡᠵᠦ᠍᠂ ᠲᠥᠪ ᠤ᠋ᠨ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠱᠢᠢᠳᠪᠦᠷᠢᠯᠡᠭᠦᠯᠬᠦ᠌ᠪᠡᠷ ᠲᠤᠱᠢᠶᠠᠭ᠍ᠰᠠᠨ ᠵᠠᠬᠢᠳᠠᠯ ᠰᠤᠷᠪᠤᠯᠵᠢᠯᠠᠯᠤᠨ ᠬᠡᠷᠡᠭ ᠢ᠋ ᠱᠢᠢᠳᠪᠦᠷᠢᠯᠡᠭ᠌ᠰᠡᠨ ᠪᠠᠢᠳᠠᠯ ᠢ᠋ ᠲᠤᠬᠠᠢ ᠵᠢᠨ ᠭᠠᠵᠠᠷᠲᠤᠨᠢ ᠱᠠᠯᠠᠪᠳᠠᠭᠤᠯᠤᠨ ᠵᠢᠯᠣᠭᠣᠳᠴᠤ᠌ ᠪᠠᠢᠴᠠᠭᠠᠪᠠ ᠃
4 ᠰᠠᠷ᠎ᠠ ᠵᠢᠨ 5 ᠤ᠋ ᠡᠳᠦᠷ᠂ ᠲᠦᠩᠯᠢᠶᠣᠤ ᠬᠣᠲᠠ ᠵᠢᠨ ᠨᠠᠮ ᠤ᠋ᠨ ᠬᠣᠷᠢᠶᠠᠨ ᠤ᠋ ᠳᠡᠳ᠋ ᠱᠦᠵᠢ᠂ ᠬᠣᠲᠠ ᠵᠢᠨ ᠳᠠᠷᠤᠭ᠎ᠠ ᠭᠦᠸᠧ ᠢᠦᠶ ᠹᠸᠩ ᠬᠣᠷᠴᠢᠨ ᠲᠣᠭᠣᠷᠢᠭᠲᠤ ᠭᠦᠨᠵᠡᠭᠡᠢᠷᠡᠨ ᠲᠥᠪ ᠤ᠋ᠨ ᠠᠮᠢ ᠠᠬᠤᠶ ᠣᠷᠴᠢᠨ ᠲᠤᠭᠤᠷᠢᠨᠤ ᠬᠠᠮᠠᠭᠠᠯᠠᠯᠳᠠ ᠵᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠲᠤᠱᠢᠶᠠᠨ ᠱᠢᠶ᠋ᠳᠪᠦᠷᠢᠯᠡᠭᠦᠯᠦᠭ᠌ᠰᠡᠨ ᠵᠠᠬᠢᠳᠠᠯ ᠰᠤᠷᠪᠤᠯᠵᠢᠯᠠᠯᠤᠨ ᠬᠡᠷᠡᠭ ᠢ᠋ ᠱᠢᠶ᠋ᠳᠪᠦᠷᠢᠯᠡᠭ᠌ᠰᠡᠨ ᠪᠠᠢᠳᠠᠯ ᠢ᠋ ᠲᠠᠯᠳᠠᠭᠤᠷ ᠰᠤᠷᠪᠤᠯᠵᠢᠯᠠᠨ ᠱᠠᠯᠠᠪᠳᠠᠭᠤᠯᠤᠨ ᠱᠢᠶ᠋ᠳᠪᠦᠷᠢᠯᠡᠭᠦᠯᠪᠡ᠃
ᠪᠤᠭᠤᠲᠤ ᠬᠣᠲᠠ ᠠᠵᠢᠯ ᠤ᠋ᠨ ᠲᠤᠰᠭᠠᠶ ᠠᠩᠭᠢ ᠪᠠᠢᠭᠤᠯᠵᠤ᠂ ᠬᠣᠲᠠ ᠵᠢᠨ ᠳᠡᠳ᠋ ᠳᠠᠷᠤᠭ᠎ᠠ ᠳᠤᠭᠤᠢᠯᠠᠩ ᠤ᠋ᠨ ᠳᠠᠷᠤᠭ᠎ᠠ ᠵᠢᠨ ᠲᠤᠱᠢᠶᠠᠯ ᠢ᠋ ᠡᠭᠦᠷᠭᠡᠯᠡᠨ᠂ ᠬᠣᠲᠠ ᠵᠢᠨ ᠨᠠᠮ ᠵᠠᠰᠠᠭ ᠤ᠋ᠨ ᠠᠯᠪᠠᠨ ᠬᠡᠷ᠂ ᠬᠣᠲᠠ ᠵᠢᠨ ᠠᠮᠢ ᠠᠬᠤᠶ ᠣᠷᠴᠢᠨ ᠲᠣᠭᠣᠷᠢᠨ ᠤ᠋ ᠲᠣᠪᠴᠢᠶ᠎ᠠ᠂ ᠬᠣᠲᠠ ᠵᠢᠨ ᠵᠠᠬᠢᠳᠠᠯ ᠰᠤᠷᠪᠤᠯᠵᠢᠯᠠᠯᠤᠨ ᠲᠣᠪᠴᠢᠶ᠎ᠠ ᠵᠡᠷᠭᠡ 11ᠰᠠᠯᠠᠭ᠎ᠠ ᠮᠥᠴᠢᠷ ᠤ᠋ᠨ 30 ᠭᠠᠷᠤᠶ ᠲᠤᠬᠠᠢᠯᠠᠭ᠍ᠰᠠᠨ ᠠᠵᠢᠯ ᠤ᠋ᠨ ᠭᠤᠤᠯᠯᠠᠭ᠍ᠴᠢ ᠬᠦᠴᠦᠨ ᠢ᠋ ᠲᠤᠮᠢᠯᠠᠨ᠂ ᠲᠤᠱᠢᠶᠠᠨ ᠱᠢᠶ᠋ᠳᠪᠦᠷᠢᠯᠡᠭᠦᠯᠦᠭ᠌ᠰᠡᠨ ᠬᠡᠷᠡᠭ ᠢ᠋ ᠪᠠᠢᠴᠠᠭᠠᠨ ᠬᠠᠷᠭᠤᠭᠤᠯᠬᠤ᠂ ᠱᠢᠯᠵᠢᠭᠦᠯᠦᠨ ᠥᠭ᠌ᠴᠦ ᠱᠢᠶ᠋ᠳᠪᠦᠷᠢᠯᠡᠭᠦᠯᠬᠦ᠌ ᠪᠠ ᠨᠠᠢᠳᠠᠪᠤᠷᠢᠵᠢᠭᠤᠯᠤᠨ ᠬᠠᠷᠢᠭᠤ ᠲᠤᠰᠭᠠᠬᠤ ᠵᠡᠷᠭᠡ ᠠᠵᠢᠯ ᠢ᠋ ᠲᠤᠰᠭᠠᠶ ᠬᠠᠷᠢᠭᠤᠴᠠᠪᠠ᠃
ᠲᠥᠪ ᠤ᠋ᠨ ᠠᠮᠢ ᠠᠬᠤᠶ ᠣᠷᠴᠢᠨ ᠲᠤᠭᠤᠷᠢᠨᠤ ᠬᠠᠮᠠᠭᠠᠯᠠᠯᠳᠠ ᠵᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩᠤᠨ ᠬᠠᠷᠢᠭᠤ ᠲᠤᠰᠭᠠᠭ᠍ᠰᠠᠨ ᠵᠠᠬᠢᠳᠠᠯ ᠰᠤᠷᠪᠤᠯᠵᠢᠯᠠᠯᠤᠨᠠᠰᠠᠭᠤᠳᠠᠯ ᠳ᠋ᠤ᠂ ᠤᠯᠤᠰ ᠲᠦᠷᠦ᠍ ᠶ᠋ᠢ ᠡᠷᠬᠢᠮᠯᠡᠬᠦ᠌ ᠦᠨᠳᠦᠷᠴᠡ ᠡᠴᠡ ᠬᠠᠤᠯᠢ ᠲᠣᠭ᠍ᠲᠠᠭᠠᠯ ᠶᠣᠰᠣᠭᠠᠷ ᠱᠢᠢᠳᠪᠦᠷᠢᠯᠡᠨ᠂ ᠬᠡᠷᠡᠭ ᠢ᠋ ᠴᠢᠩᠭ᠎ᠠ ᠲᠦᠷᠭᠡᠨ ᠪᠣᠳᠠᠲᠠᠢ ᠰᠢᠢᠳᠪᠤᠷᠢᠯᠡᠬᠦ ᠶ᠋ᠢ ᠠᠳᠭᠤᠵᠤ᠂ ᠬᠡᠷᠡᠭ ᠪᠦᠬᠦᠨ ᠢ᠋ ᠨᠠᠢᠳᠠᠪᠤᠷᠢᠵᠢᠭᠤᠯᠵᠤ᠂ ᠬᠡᠷᠡᠭ ᠪᠣᠯᠭᠠᠨ ᠳ᠋ᠤ ᠬᠠᠷᠢᠭᠤᠯᠲᠠ ᠥᠭ᠌ᠴᠦ᠂ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠪᠣᠯᠤᠨ ᠵᠠᠬᠢᠳᠠᠯ ᠰᠤᠷᠪᠤᠯᠵᠢᠯᠠᠯᠬᠢᠵᠤ ᠪᠤᠢ ᠤᠯᠠᠨ ᠲᠦᠮᠡᠨᠳᠦ ᠬᠠᠨᠤᠮᠵᠢᠲᠠᠢ ᠬᠠᠷᠢᠭᠤᠯᠲᠠ ᠦᠭᠬᠦ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ᠋ ᠡᠯ᠎ᠡ ᠱᠠᠲᠤᠨ ᠤ᠋ ᠤᠳᠤᠷᠢᠳᠭᠤ ᠺᠠᠳ᠋ᠷ ᠤ᠋ᠨ ᠬᠠᠮᠲᠤ ᠵᠢᠨ ᠲᠠᠨᠢᠯᠲᠠ ᠪᠣᠯᠵᠠᠢ᠃
3 ᠰᠠᠷ᠎ᠠ ᠵᠢᠨ 28 ᠤ᠋ ᠡᠳᠦᠷ᠂ 《ᠳ᠋ᠦᠩ ᠾᠧ ᠲᠣᠭᠣᠷᠢᠭ ᠤ᠋ᠨ ᠵᠢᠶᠠ ᠴᠧᠩ ᠰᠠᠭᠤᠭᠠᠯᠢ ᠠᠷᠠᠳ ᠤ᠋ᠨ ᠲᠣᠭᠣᠷᠢᠭ ᠤ᠋ᠨ ᠬᠦᠷᠢᠶᠡᠨ ᠳ᠋ᠡᠬᠢ ᠨᠢᠭᠡᠨ ᠲᠤᠷᠭᠤᠨ ᠵᠤᠭᠰᠤᠭᠰᠠᠨ ᠠᠰᠠᠷ ᠪᠠᠷᠢᠯᠭᠠᠨᠢ ᠰᠠᠯᠬᠢᠨ ᠭᠠᠷᠪᠠᠯ ᠲᠣᠭᠣᠰᠣ ᠰᠢᠷᠤᠢ ᠳᠡᠭ᠌ᠳᠡᠨᠠ᠃ ᠰᠠᠭᠤᠭᠠᠯᠢ ᠠᠷᠠᠳ ᠤ᠋ᠨ ᠲᠣᠭᠣᠷᠢᠭ ᠤ᠋ᠨ ᠡᠮᠦᠨ᠎ᠡ ᠲᠠᠯ᠎ᠠ ᠳ᠋ᠤ ᠪᠠᠢᠷᠢᠯᠠᠵᠤ ᠪᠤᠢ ᠳ᠋ᠦᠩ ᠹᠠᠩ ᠲᠢᠶᠠᠨ ᠴᠧᠩ ᠪᠠᠷᠢᠯᠭ᠎ᠠ ᠵᠢᠨ ᠭᠠᠵᠠᠷ ᠪᠠ ᠪᠠᠷᠠᠭᠤᠨ ᠲᠠᠯ᠎ᠠ ᠵᠢᠨ ᠱᠢᠷᠣᠶ ᠵᠢᠨ ᠵᠠᠮ ᠳ᠋ᠤ ᠶᠠᠮᠠᠷ ᠴᠤ᠌ ᠬᠠᠰᠢᠯᠭ᠎ᠠ ᠪᠠ ᠪᠦᠲᠡᠭᠡᠬᠦ᠌ ᠠᠷᠭ᠎ᠠ ᠬᠡᠮᠵᠢᠶ᠎ᠡ ᠠᠪᠤᠭ᠍ᠰᠠᠨ ᠦᠭᠡᠶ᠂ ᠲᠣᠭᠣᠰᠣ ᠰᠢᠷᠤᠢ ᠳᠡᠭ᠌ᠳᠡᠬᠦ᠌ ᠠᠰᠠᠭᠤᠳᠠᠯ ᠮᠠᠰᠢ ᠬᠦᠨᠳᠦ ᠨᠣᠴᠢᠲᠠᠶ ᠪᠠᠢᠵᠤ᠂ ᠰᠠᠭᠤᠭᠠᠯᠢ ᠠᠷᠠᠳ ᠤ᠋ᠨ ᠬᠡᠪ ᠤ᠋ᠨ ᠠᠮᠢᠳᠤᠷᠠᠯ ᠢ᠋ ᠨᠥᠯᠥᠭᠡᠯᠡᠪᠡ》ᠭᠡᠵᠦ ᠣᠯᠠᠨ ᠲᠦᠮᠡᠨ ᠲᠤᠰᠭᠠᠭ᠍ᠰᠠᠨ ᠪᠠᠢᠨ᠎ᠠ᠃ ᠲᠤᠬᠠᠶ ᠵᠢᠨ ᠡᠳᠦᠷ᠂ ᠪᠤᠭᠤᠲᠤ ᠬᠣᠲᠠ ᠵᠢᠨ ᠳ᠋ᠦᠩ ᠾᠧ ᠲᠣᠭᠣᠷᠢᠭ ᠤ᠋ᠨ ᠶᠡᠷᠦᠩᠬᠡᠢᠯᠡᠭ᠌ᠰᠡᠨ ᠬᠠᠤᠯᠢ ᠬᠡᠷᠡᠭ᠌ᠵᠢᠭᠦᠯᠬᠦ᠌ ᠲᠣᠪᠴᠢᠶ᠎ᠠ᠂ ᠲᠣᠭᠣᠷᠢᠭ ᠤ᠋ᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠢᠭᠤᠯᠤᠯᠲᠠ ᠵᠢᠨ ᠲᠣᠪᠴᠢᠶ᠎ᠠ ᠾᠧ ᠳ᠋ᠦᠩ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ᠌ ᠭᠠᠵᠠᠷᠲᠠᠶ ᠬᠠᠮᠲᠤᠷᠠᠨ᠂ ᠵᠢᠶᠠ ᠴᠧᠩ ᠰᠠᠭᠤᠭᠠᠯᠢ ᠠᠷᠠᠳ ᠤ᠋ᠨ ᠲᠣᠭᠣᠷᠢᠭ ᠤ᠋ᠨ ᠬᠦᠷᠢᠶᠡᠨ ᠳ᠋ᠡᠬᠢ ᠲᠤᠷᠭᠤᠨ ᠵᠤᠭᠰᠤᠭᠰᠠᠨ ᠠᠰᠠᠷ ᠪᠠᠷᠢᠯᠭ᠎ᠠ ᠪᠠ ᠳ᠋ᠦᠩ ᠹᠠᠩ ᠲᠢᠶᠠᠨ ᠴᠧᠩ ᠲᠥᠷᠥᠯ ᠵᠦᠶ᠋ᠯ ᠤ᠋ᠨ ᠡᠷᠬᠢᠨ ᠲᠣᠭᠣᠷᠢᠨ ᠳ᠋ᠤ ᠲᠣᠭᠣᠰᠣ ᠰᠢᠷᠤᠢ ᠬᠡᠢᠰᠴᠤ ᠰᠡᠷᠭᠡᠢᠯᠡᠬᠦ᠌ ᠲᠤᠤᠷ ᠪᠦᠲᠡᠭᠡᠵᠤ ᠳᠡᠪᠢᠰᠤᠨ᠂ ᠲᠣᠭᠣᠰᠣ ᠰᠢᠷᠤᠢ ᠳᠡᠭ᠌ᠳᠡᠵᠦ᠍ ᠣᠷᠴᠢᠨ ᠲᠣᠭᠣᠷᠢᠨ ᠢ᠋ ᠪᠣᠬᠢᠷᠲᠤᠭᠤᠯᠬᠤ ᠶ᠋ᠢ ᠪᠦᠲᠦᠮᠵᠢᠲᠡᠶ ᠰᠡᠷᠭᠡᠢᠯᠡᠪᠡ᠃ ᠰᠠᠭᠤᠭᠠᠯᠢ ᠠᠷᠠᠳ ᠤ᠋ᠨ ᠲᠣᠭᠣᠷᠢᠭ ᠤ᠋ᠨ ᠰᠠᠭᠤᠭᠠᠯᠢ ᠠᠷᠠᠳ ᠢᠩᠭᠢᠵᠤ ᠱᠢᠶ᠋ᠳᠪᠦᠷᠢᠯᠡᠭ᠌ᠰᠡᠨ ᠦᠷ᠎ᠡ ᠳ᠋ᠦᠩᠳᠦ ᠰᠡᠳᠭᠢᠯ ᠬᠠᠨᠤᠮᠵᠢᠲᠠᠶ ᠪᠠᠢᠬᠤᠪᠠᠨ ᠢᠯᠡᠳᠭᠡᠵᠦ᠍᠂ ᠡᠨᠡ ᠬᠦ᠌ ᠪᠠᠷᠢᠨ ᠬᠡᠷᠡᠭ᠌ᠵᠢᠭᠦᠯᠵᠦ᠍ ᠪᠠᠷᠢᠨ ᠥᠭᠡᠷᠡᠴᠢᠯᠡᠬᠦ᠌ ᠠᠷᠭ᠎ᠠ ᠬᠡᠮᠵᠢᠶ᠎ᠡ ᠶ᠋ᠢ ᠮᠠᠭ᠍ᠲᠠᠨ ᠰᠠᠢᠱᠢᠶᠠᠵᠤ ᠪᠠᠢᠬᠤᠪᠠᠨ ᠢᠯᠡᠳᠭᠡᠪᠡ᠃
ᠣᠢᠷ᠎ᠠ ᠳ᠋ᠤ᠂ ᠲᠥᠪ ᠤ᠋ᠨ ᠠᠮᠢ ᠠᠬᠤᠶ ᠣᠷᠴᠢᠨ ᠲᠤᠭᠤᠷᠢᠨᠤ ᠬᠠᠮᠠᠭᠠᠯᠠᠯᠳᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠦᠬᠠᠶ ᠬᠣᠲᠠ ᠳ᠋ᠤ ᠲᠤᠱᠢᠶᠠᠭ᠍ᠰᠠᠨ ᠨᠢᠭᠡᠨ ᠬᠡᠷᠡᠭ ᠲᠤ᠌᠄ ᠦᠬᠠᠶ ᠬᠣᠲᠠ ᠵᠢᠨ ᠾᠧᠩ ᠯᠢ ᠠᠷᠠᠯᠵᠢᠶᠠᠨ ᠤ᠋ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠨ ᠭᠤᠷᠪᠠᠨ ᠵᠠᠭᠤᠨ ᠲᠦᠮᠡᠨ ᠲᠣᠨ ᠨᠡᠭᠦᠷᠡᠰᠦ ᠰᠣᠩᠭᠣᠬᠤ ᠲᠠᠯᠠᠪᠠᠶ ᠳ᠋ᠤ ᠠᠵᠤ ᠠᠬᠤᠢᠯᠠᠯ ᠤ᠋ᠨ ᠣᠷᠴᠢᠨ ᠲᠤᠭᠤᠷᠢᠨ ᠤ᠋ ᠬᠠᠮᠠᠭᠠᠯᠠᠯᠲᠠ ᠵᠢᠨ ᠭᠠᠷ ᠭᠦᠶ᠋ᠴᠡᠳᠭᠡᠯ ᠨᠢ ᠲᠣᠭ᠍ᠲᠠᠭᠠᠯ ᠳ᠋ᠤ ᠨᠡᠢᠴᠡᠬᠦ᠌ ᠥᠬᠡᠶ᠂ ᠪᠥᠲᠥᠭᠡᠨ ᠪᠠᠢᠭᠤᠯᠤᠯᠲᠠ ᠵᠢᠨ ᠵᠦᠶ᠋ᠯᠡᠰ ᠨᠢ ᠣᠷᠴᠢᠨ ᠲᠤᠭᠤᠷᠢᠨ ᠤ᠋ ᠦᠨᠡᠯᠡᠯᠲᠡ ᠵᠢᠨ ᠭᠠᠷ ᠭᠦᠶ᠋ᠴᠡᠳᠭᠡᠯ ᠵᠢᠴᠢ 《ᠭᠤᠷᠪᠠ ᠶ᠋ᠢ ᠵᠡᠷᠭᠡᠪᠡᠷ ᠬᠢᠬᠦ᠌ ᠲᠦᠷᠢᠮ》 ᠢ᠋ ᠬᠠᠤᠯᠢ ᠶᠣᠰᠣᠭᠠᠷ ᠭᠦᠶ᠋ᠴᠡᠳᠭᠡᠭ᠌ᠰᠡᠨ ᠥᠬᠡᠶ; ᠠᠵᠤ ᠠᠬᠤᠢᠯᠠᠯ ᠤ᠋ᠨ ᠲᠤᠬᠠᠶ ᠵᠢᠨ ᠲᠠᠯᠠᠪᠠᠶ ᠵᠢᠨ ᠪᠠᠢᠳᠠᠯ ᠪᠠ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠦᠨᠡᠯᠡᠯᠲᠡ ᠵᠢᠨ ᠪᠢᠴᠢᠭ ᠮᠠᠲ᠋ᠧᠷᠢᠶᠠᠯ ᠨᠢᠭᠡᠳᠦᠯ ᠥᠬᠡᠶ᠂ ᠦᠶ᠋ᠯᠡᠳᠪᠦᠷᠢᠯᠡᠯ ᠤ᠋ᠨ ᠬᠡᠪᠴᠢᠶ᠎ᠡ ᠨᠢ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠦᠨᠡᠯᠡᠯᠲᠡ ᠵᠢᠨ ᠪᠢᠴᠢᠭ ᠮᠠᠲ᠋ᠧᠷᠢᠶᠠᠯ ᠲᠠᠢ ᠨᠢᠭᠡᠳᠦᠯ ᠥᠬᠡᠶ ᠵᠡᠷᠭᠡ ᠠᠰᠠᠭᠤᠳᠠᠯ ᠤᠷᠤᠰᠢᠵᠤ ᠪᠤᠢ ᠭᠡᠵᠦ ᠲᠤᠰᠬᠠᠪᠠ᠃ ᠲᠤᠬᠠᠶ ᠵᠢᠨ ᠲᠠᠯᠠᠪᠠᠢ ᠵᠢᠨ ᠬᠢᠨᠠᠨ ᠪᠠᠢᠴᠠᠭᠠᠯᠲᠠᠪᠠᠷ ᠳᠠᠮᠵᠢᠨ᠂ ᠬᠠᠢ᠌ᠷᠤᠪ ᠤ᠋ᠨ ᠲᠣᠬᠣᠢ ᠲᠣᠭᠣᠷᠢᠭ ᠦᠬᠠᠶ ᠬᠣᠲᠠ ᠵᠢᠨ ᠾᠧᠩ ᠯᠢ ᠠᠷᠠᠯᠵᠢᠶᠠᠨ ᠤ᠋ ᠬᠢᠵᠠᠭᠠᠷᠲᠤ ᠺᠣᠮᠫᠠᠨᠢ ᠵᠢᠨ ᠭᠤᠷᠪᠠᠨ ᠵᠠᠭᠤᠨ ᠲᠦᠮᠡᠨ ᠲᠣᠨ ᠤ᠋ ᠨᠡᠭᠦᠷᠡᠰᠦ ᠰᠣᠩᠭᠣᠬᠤ ᠲᠠᠯᠠᠪᠠᠢ ᠵᠢᠨ ᠪᠠᠷᠢᠮᠵᠢᠶᠠᠵᠢᠭᠤᠯᠤᠭ᠍ᠰᠠᠨ ᠬᠤᠪᠢ ᠲᠣᠭ᠍ᠲᠠᠭᠠᠭ᠍ᠰᠠᠨ ᠦᠷ᠎ᠡ ᠳ᠋ᠦᠩ ᠵᠢᠴᠢ ᠡᠳ᠋ ᠬᠥᠷᠥᠩᠭᠡ ᠵᠢᠨ ᠪᠠᠢᠳᠠᠯ᠂ ᠥᠷᠢᠲᠦᠯ ᠤ᠋ᠨ ᠪᠠᠢᠳᠠᠯ᠂ ᠪᠠᠷᠢᠴᠠᠭᠠᠯᠠᠭ᠍ᠰᠠᠨ ᠪᠠᠢᠳᠠᠯ ᠵᠡᠷᠭᠡ ᠡᠯ᠎ᠡ ᠵᠦᠢᠯ ᠤ᠋ᠨ ᠭᠦᠢᠴᠡᠳᠭᠡᠬᠦ᠌ ᠲᠣᠭ᠎ᠠ ᠶ᠋ᠢ ᠲᠣᠳᠣᠷᠬᠠᠢᠯᠠᠭ᠍ᠰᠠᠨ ᠤ᠋ ᠳᠠᠷᠠᠭ᠎ᠠ᠂ ᠵᠠᠬᠢᠳᠠᠯ ᠰᠤᠷᠪᠤᠯᠵᠢᠯᠠᠯ ᠳ᠋ᠤ ᠲᠤᠰᠬᠠᠭᠰᠠᠨ ᠬᠠᠤᠯᠢ ᠲᠣᠭ᠍ᠲᠠᠭᠠᠯᠠᠴᠠ ᠵᠥᠷᠢᠴᠡᠭ᠌ᠰᠡᠨ ᠠᠰᠠᠭᠤᠳᠠᠯ ᠵᠡᠷᠭᠡ ᠨᠢ ᠦᠨᠳᠦᠰᠦᠨᠳᠡᠭᠡᠨ ᠦᠨᠡᠨ ᠪᠣᠳᠠᠲᠠᠶ ᠲᠠᠢ ᠨᠡᠢᠴᠡᠬᠦ ᠪᠠᠢᠳᠠᠯ ᠲᠠᠢ ᠤᠶᠠᠯᠳᠤᠭᠤᠯᠤᠨ᠂ ᠨᠡᠭᠦᠷᠡᠰᠦ ᠤᠬᠢᠶᠠᠬᠤ ᠦᠶ᠋ᠯᠡᠳᠪᠦᠷᠢ ᠵᠢᠨ ᠱᠢᠭ᠌ᠰᠢᠭ᠌ᠳᠡᠭᠦᠯᠦᠨ ᠲᠠᠰ ᠳᠡᠪᠱᠢᠭᠦᠯᠬᠦ᠌ᠪᠡᠷ ᠳᠡᠮᠵᠢᠨ ᠣᠷᠣᠨ ᠪᠦᠰᠡ ᠵᠢᠨ ᠲᠣᠭᠣᠰᠣ ᠰᠢᠷᠤᠢ ᠳᠡᠭ᠌ᠳᠡᠬᠦ᠌ ᠪᠣᠬᠢᠷᠲᠤᠯ ᠢ᠋ ᠦᠨᠳᠦᠰᠦᠨᠡᠴᠡ ᠨᠢ ᠵᠠᠰᠠᠬᠤ ᠠᠵᠢᠯ ᠤ᠋ᠨ ᠶᠡᠷᠦᠩᠬᠡᠶ ᠪᠠᠢᠷᠢᠯᠠᠭᠤᠯᠤᠯᠲᠠ ᠶᠣᠰᠣᠭᠠᠷ᠂ ᠾᠧᠩ ᠯᠢ ᠠᠷᠠᠯᠵᠢᠶᠠᠨ ᠤ᠋ ᠬᠢᠵᠠᠭᠠᠷᠲᠤ ᠺᠣᠮᠫᠠᠨᠢ ᠵᠢᠨ ᠭᠤᠷᠪᠠᠨ ᠵᠠᠭᠤᠨ ᠲᠦᠮᠡᠨ ᠲᠣᠨ ᠤ᠋ ᠨᠡᠭᠦᠷᠡᠰᠦ ᠰᠣᠩᠭᠣᠬᠤ ᠲᠠᠯᠠᠪᠠᠢ ᠵᠢᠨ ᠱᠢᠭ᠌ᠰᠢᠭ᠌ᠳᠡᠨ ᠲᠠᠶᠠᠭᠳᠠᠬᠤ ᠵᠢ ᠲᠦᠷᠭᠡᠳᠭᠡᠬᠦ ᠪᠡᠷ ᠪᠤᠯᠵᠦ᠂ ᠣᠷᠴᠢᠨ ᠲᠣᠭᠣᠷᠢᠨ ᠤ᠋ ᠪᠣᠬᠢᠷᠲᠤᠯ ᠢ᠋ ᠵᠠᠰᠠᠬᠤ ᠪᠠ ᠠᠵᠤ ᠠᠬᠤᠢᠯᠠᠯ ᠤ᠋ᠨ ᠬᠠᠤᠯᠢ ᠲᠣᠭ᠍ᠲᠠᠭᠠᠯᠠᠴᠠ ᠵᠥᠷᠢᠴᠡᠭ᠌ᠰᠡᠨ ᠦᠢᠯᠡ ᠠᠵᠢᠯᠯᠠᠭ᠎ᠠ ᠶ᠋ᠢ ᠪᠦᠲᠦᠮᠵᠢᠲᠠᠢ ᠵᠠᠰᠠᠨ ᠴᠡᠭᠴᠡᠯᠡᠬᠦ ᠪᠡᠷ ᠪᠤᠢ᠃
ᠣᠯᠠᠨ ᠲᠦᠮᠡᠨ ᠡᠴᠡ《ᠵᠢᠩ ᠶᠧ ᠪᠦᠯᠦᠭ᠌ᠯᠡᠯ ᠤ᠋ᠨ ᠤᠯᠠᠭᠠᠨᠬᠣᠲᠠ ᠵᠢᠨ ᠪᠣᠯᠣᠳ ᠲᠡᠮᠦᠷ ᠤ᠋ᠨ ᠦᠶ᠋ᠯᠡᠳᠪᠦᠷᠢ ᠦᠷᠭᠦᠯᠵᠢ ᠰᠥᠨᠢᠪᠡᠷ ᠦᠶ᠋ᠯᠡᠳᠪᠦᠷᠢᠯᠡᠯ ᠤ᠋ᠨ ᠡᠷᠴᠢᠮ ᠵᠢᠡᠨ ᠨᠡᠮᠡᠭ᠌ᠳᠡᠭᠦᠯᠵᠦ᠍᠂ ᠱᠤᠤᠬᠢᠶᠠᠨ᠂ ᠲᠣᠭᠣᠰᠣᠨ ᠤ᠋ ᠪᠣᠬᠢᠷᠲᠤᠯ ᠬᠦᠨᠳᠦ ᠨᠣᠴᠢᠲᠠᠶ᠂ ᠲᠤᠬᠠᠶ ᠵᠢᠨ ᠭᠠᠵᠠᠷ ᠤ᠋ᠨ ᠰᠠᠭᠤᠭᠠᠯᠢ ᠠᠷᠠᠳ ᠤ᠋ᠨ ᠠᠮᠢᠳᠤᠷᠠᠯ ᠢ᠋ ᠨᠥᠯᠥᠭᠡᠯᠡᠵᠦ᠍ ᠪᠠᠢᠨ᠎ᠠ》 ᠭᠡᠵᠦ᠍ ᠢᠯᠡᠴᠢᠯᠡᠨ ᠮᠡᠳᠡᠭᠦᠯᠪᠡ᠃ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤ᠋ᠨ ᠵᠠᠬᠢᠳᠠᠯ ᠰᠤᠷᠪᠤᠯᠵᠢᠯᠠᠯᠢ ᠳᠤᠰᠢᠶᠠᠨ ᠰᠢᠢᠳᠪᠤᠷᠢᠯᠡᠬᠦᠯᠬᠦ ᠪᠢᠴᠢᠭᠢ ᠣᠯᠤᠭ᠍ᠰᠠᠨ ᠤ᠋ ᠳᠠᠷᠠᠭ᠎ᠠ᠂ ᠬᠢᠩᠭᠠᠨ ᠠᠢᠮᠠᠭ ᠲᠥᠪ ᠴᠢᠩᠭ᠎ᠠ ᠤᠪᠤᠷ ᠵᠢᠡᠷ ᠬᠠᠨᠳᠤᠵᠤ᠂ ᠪᠠᠷᠢᠨ ᠬᠡᠷᠡᠭ᠌ᠵᠢᠭᠦᠯᠵᠦ᠍ ᠪᠠᠷᠢᠨ ᠥᠭᠡᠷᠡᠴᠢᠯᠡᠪᠡ᠃ ᠪᠠᠢᠴᠠᠭᠠᠨ ᠬᠠᠷᠭᠤᠭᠤᠯᠬᠤ ᠪᠠᠷ ᠳᠡᠮᠵᠢᠨ᠂ ᠤᠯᠠᠭᠠᠨᠬᠣᠲᠠ ᠵᠢᠨ ᠪᠣᠯᠣᠳ ᠲᠡᠮᠦᠷ ᠤ᠋ᠨ ᠦᠶ᠋ᠯᠡᠳᠪᠦᠷᠢ ᠵᠢᠨ ᠦᠶ᠋ᠯᠡᠳᠪᠦᠷᠢᠯᠡᠯ ᠤ᠋ᠨ ᠴᠢᠳᠠᠪᠤᠷᠢ ᠨᠢ ᠠᠵᠤ ᠦᠶ᠋ᠯᠡᠰ ᠤ᠋ᠨ ᠲᠥᠷᠥ ᠵᠢᠨ ᠪᠣᠳᠣᠯᠭ᠎ᠠ ᠵᠢᠨ ᠱᠠᠭᠠᠷᠳᠠᠯᠭ᠎ᠠ ᠳ᠋ᠤ ᠨᠡᠢᠴᠡᠵᠦ᠍᠂ ᠭᠠᠷᠤᠯᠲᠠ ᠨᠢ ᠳᠠᠭᠠᠭᠠᠴᠠᠠᠴᠠᠪᠠᠨ ᠬᠡᠲᠦᠷᠡᠲᠡᠯ᠎ᠡ ᠦᠶ᠋ᠯᠡᠳᠪᠦᠷᠢᠯᠡᠬᠦ᠌ ᠦᠵᠡᠭ᠌ᠳᠡᠯ ᠣᠷᠣᠱᠢᠬᠤ ᠥᠬᠡᠶ᠂ 《ᠱᠤᠤᠬᠢᠶᠠᠨ ᠤ᠋ ᠪᠣᠬᠢᠷᠲᠤᠯ》 ᠨᠢ 《ᠲᠤᠬᠠᠶ ᠵᠢᠨ ᠭᠠᠵᠠᠷ ᠤ᠋ᠨ ᠰᠠᠭᠤᠭᠠᠯᠢ ᠠᠷᠠᠳ ᠤ᠋ᠨ ᠠᠮᠢᠳᠤᠷᠠᠯ ᠢ᠋ ᠨᠥᠯᠥᠭᠡᠯᠡᠭ᠌ᠰᠡᠨ》ᠪᠠᠢᠳᠠᠯ ᠣᠷᠣᠱᠢᠵᠤ ᠪᠤᠢ᠃《ᠪᠢᠳᠡ ᠨᠢᠭᠡᠨᠲᠡ ᠮᠡᠷᠭᠡᠵᠢᠯ ᠤ᠋ᠨ ᠥᠭᠡᠷᠡᠴᠢᠯᠡᠯᠲᠡ ᠵᠢᠨ ᠲᠥᠯᠥᠪᠯᠡᠭᠡ ᠲᠣᠭ᠍ᠲᠠᠭᠠᠵᠤ᠂ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠲᠥᠬᠥᠭᠡᠷᠦᠮᠵᠢ ᠶ᠋ᠢ ᠲᠡᠭᠦᠯᠳᠡᠷᠵᠢᠭᠦᠯᠬᠦ᠌ ᠂ ᠦᠢᠯᠡᠳᠪᠦᠷᠢᠯᠡᠯ ᠤ᠋ᠨ ᠤᠷ᠎ᠠ ᠮᠡᠷᠭᠡᠵᠢᠯ ᠤ᠋ᠨ ᠥᠭᠡᠷᠡᠴᠢᠯᠡᠯᠲᠡ ᠵᠡᠷᠭᠡ ᠮᠡᠷᠭᠡᠵᠢᠯ ᠤ᠋ᠨ ᠥᠭᠡᠷᠡᠴᠢᠯᠡᠯᠲᠡ ᠵᠢᠨ ᠲᠥᠰᠦᠯ ᠲᠣᠭ᠍ᠲᠠᠭᠠᠨ᠂ 25 ᠳ᠋ᠦᠩᠱᠢᠭᠤᠷ ᠲᠥᠭᠥᠷᠢᠭ ᠤ᠋ᠨ ᠪᠡᠯᠡ ᠣᠷᠣᠭᠤᠯᠵᠤ ᠪᠠᠢᠭᠠᠳ ᠮᠡᠷᠭᠡᠵᠢᠯ ᠤ᠋ᠨ ᠥᠭᠡᠷᠡᠴᠢᠯᠡᠯᠲᠡ ᠬᠢᠬᠦ᠌ᠪᠡᠷ ᠲᠥᠯᠥᠪᠯᠡᠵᠦ᠍ ᠪᠠᠢᠨ᠎ᠠ᠃ ᠺᠣᠮᠫᠠᠨᠢ ᠦᠢᠯᠡᠳᠪᠦᠷᠢᠯᠡᠯ ᠤ᠋ᠨ ᠲᠥᠯᠥᠪᠯᠡᠭᠡᠪᠡᠨ ᠱᠢᠨᠵᠢᠯᠡᠬᠦ᠌ ᠤᠬᠠᠭᠠᠨᠴᠢᠪᠠᠷ ᠱᠢᠯᠢᠳᠡᠭ᠌ᠵᠢᠭᠦᠯᠵᠦ᠍᠂ ᠰᠥᠨᠢ ᠡᠳᠦᠷ ᠤ᠋ᠨ ᠭᠠᠷᠤᠯᠲᠠ ᠶ᠋ᠢ ᠵᠦᠢ ᠵᠣᠬᠢᠰᠲᠠᠢ ᠲᠤᠬᠢᠷᠠᠭᠤᠯᠤᠨ᠂ ᠤᠯᠠᠨ ᠲᠦᠮᠡᠨ ᠤ᠋ ᠬᠠᠨᠤᠮᠵᠢ ᠵᠢᠨ ᠬᠡᠮᠵᠢᠶ᠎ᠡ ᠶ᠋ᠢ ᠴᠢᠨᠠᠭ᠍ᠰᠢᠳᠠ ᠳᠡᠭᠡᠭ᠌ᠰᠢᠯᠡᠭᠦᠯᠦᠨᠡ ᠭᠡᠵᠦ᠍ ᠤᠯᠠᠭᠠᠨᠬᠣᠲᠠ ᠵᠢᠨ ᠪᠤᠯᠤᠳ ᠲᠡᠮᠦᠷ ᠤ᠋ᠨ ᠬᠢᠵᠠᠭᠠᠷᠲᠤ ᠺᠣᠮᠫᠠᠨᠢ ᠵᠢᠨ ᠶᠡᠷᠦᠩᠬᠡᠢ ᠳᠠᠭᠠᠭᠠᠮᠠᠯ ᠱ᠌ᠢ ᠡᠯ ᠮᠢᠩ ᠢᠯᠡᠳᠭᠡᠪᠡ; ᠡᠭᠦᠨ ᠤ᠋ ᠬᠠᠮᠲᠤ᠂ ᠱᠢᠨᠡᠪᠡᠷ ᠪᠠᠢᠭᠤᠯᠤᠭ᠍ᠰᠠᠨ ᠪᠣᠯᠣᠳ ᠤ᠋ᠨ ᠱᠢᠭᠠᠷᠤ ᠵᠢᠨ ᠪᠢᠲᠡᠭᠦᠦ ᠬᠥᠮᠥᠷᠭᠡ ᠵᠢᠨ ᠲᠥᠷᠥᠯ ᠵᠦᠶ᠋ᠯᠳᠦ᠂ ᠲᠣᠭᠣᠰᠣ ᠳᠡᠭ᠌ᠳᠡᠬᠦ᠌ ᠶ᠋ᠢ ᠬᠠᠮᠢᠶᠠᠷᠤᠨ ᠡᠵᠡᠮᠳᠡᠬᠦ᠌ ᠲᠦᠷᠢᠮ ᠢ᠋ ᠳᠠᠷᠤᠶ ᠲᠦᠷᠭᠡᠨ ᠲᠣᠭ᠍ᠲᠠᠭᠠᠨ ᠬᠡᠷᠡᠭ᠌ᠵᠢᠭᠦᠯᠵᠦ᠍᠂ ᠲᠡᠷᠭᠡ ᠬᠥᠰᠭᠡ ᠵᠢᠨ ᠲᠡᠭᠡᠭᠡᠪᠦᠷᠢ ᠵᠢᠨ ᠵᠠᠮ ᠱᠤᠭᠤᠮ ᠪᠠ ᠬᠤᠷᠳᠤᠴᠠ ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠤᠨ᠂ ᠢᠯᠠᠩᠭᠤᠶ᠎ᠠ ᠲᠣᠭᠣᠰᠣ ᠰᠢᠷᠤᠢ ᠳᠡᠭ᠌ᠳᠡᠬᠦ᠌ ᠣᠨᠴᠠᠭᠠᠶ ᠴᠠᠭ ᠠᠭᠤᠷ ᠠᠮᠠᠷᠬᠠᠨ ᠡᠭᠦᠰᠭᠦ ᠦᠶᠡᠳᠦ᠂ ᠤᠰᠤ ᠰᠦᠷᠴᠢᠬᠦ᠌ ᠳᠠᠪᠲᠠᠮᠵᠢ ᠪᠡᠨ ᠳᠡᠭᠡᠭᠰᠢᠯᠡᠬᠦᠯᠬᠦ ᠵᠡᠷᠭᠡ ᠠᠷᠭ᠎ᠠ ᠠᠪᠴᠠᠯ ᠠᠪᠴᠤ᠌᠂ ᠲᠣᠭᠣᠰᠣ ᠳᠡᠭ᠌ᠳᠡᠬᠦ᠌ ᠶ᠋ᠢ ᠪᠦᠲᠦᠮᠵᠢᠲᠡᠶ ᠪᠠᠭᠠᠰᠭᠠᠨᠠ᠃
ᠣᠯᠠᠨ ᠲᠦᠮᠡᠨ ᠤ᠋ ᠢᠯᠡᠴᠢᠯᠡᠨ ᠮᠡᠳᠡᠭᠦᠯᠦᠭ᠌ᠰᠡᠨ ᠠᠰᠠᠭᠤᠳᠠᠯ ᠢ᠋ ᠬᠢᠨᠠᠨ ᠬᠠᠷᠭᠤᠭᠤᠯᠬᠤ᠂ ᠪᠠᠢᠴᠠᠭᠠᠨ ᠱᠢᠶ᠋ᠳᠪᠦᠷᠢᠯᠡᠬᠦ᠌᠂ ᠴᠡᠭ᠌ᠴᠡᠯᠡᠨ ᠰᠠᠢᠵᠢᠷᠠᠭᠤᠯᠬᠤ ᠶ᠋ᠢ ᠪᠣᠳᠠᠲᠠᠢᠵᠢᠭᠤᠯᠵᠤ᠂ ᠬᠡᠷᠡᠭ ᠢ᠋ ᠱᠢᠶ᠋ᠳᠪᠦᠷᠢᠯᠡᠵᠦ᠍ ᠳᠠᠭᠤᠰᠭᠠᠬᠤ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠬᠦ᠌ ᠵᠢᠨ ᠲᠥᠯᠥᠭᠡ᠂ ᠲᠦᠩᠯᠢᠶᠣᠤ ᠬᠣᠲᠠ ᠣᠯᠠᠨ ᠲᠦᠮᠡᠨ ᠤ᠋ ᠣᠷᠴᠢᠨ ᠲᠣᠭᠣᠷᠢᠨ ᠤ᠋ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ ᠢ᠋ ᠱᠢᠶ᠋ᠳᠪᠦᠷᠢᠯᠡᠬᠦ᠌ ᠶᠠᠪᠤᠴᠠ ᠪᠠ ᠬᠣᠱᠢᠭᠤ ᠱᠢᠶᠠᠨ ᠬᠣᠲᠠ ᠲᠣᠭᠣᠷᠢᠭ ᠤ᠋ᠨ ᠬᠡᠷᠡᠭ ᠢ᠋ ᠱᠢᠯᠵᠢᠭᠦᠯᠦᠨ ᠱᠢᠶ᠋ᠳᠪᠦᠷᠢᠯᠡᠬᠦ᠌ ᠵᠢᠴᠢ ᠱᠢᠶ᠋ᠳᠪᠦᠷᠢᠯᠡᠵᠦ᠍ ᠳᠠᠭᠤᠰᠭᠠᠭᠠᠳ ᠳᠡᠭᠡᠭ᠌ᠰᠢ ᠮᠡᠳᠡᠭᠦᠯᠬᠦ᠌ ᠶᠠᠪᠤᠴᠠ ᠶ᠋ᠢ ᠤᠯᠠᠮ ᠨᠢᠭᠡ ᠠᠯᠬᠤᠮ ᠵᠢᠷᠤᠮᠵᠢᠭᠤᠯᠤᠨ ᠨᠠᠷᠢᠯᠢᠬ᠍ᠵᠢᠭᠤᠯᠪᠠ᠃ ᠪᠢᠴᠢᠭ ᠮᠠᠲ᠋ᠧᠷᠢᠶᠠᠯ ᠢ᠋ ᠲᠦᠷᠭᠡᠨ ᠭᠥᠯᠢᠶᠡᠨ ᠠᠪᠬᠤ ᠪᠠ ᠮᠡᠳᠡᠭᠦᠯᠦᠨ ᠬᠦᠷᠭᠡᠬᠦ᠌ ᠲᠣᠭ᠍ᠲᠠᠴᠠ ᠶ᠋ᠢ ᠪᠠᠢᠭᠤᠯᠵᠤ᠂ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠤᠨ᠂ ᠲᠣᠰ ᠲᠣᠰ ᠲᠤᠰᠭᠠᠶ ᠬᠥᠮᠦᠨ ᠵᠢᠭᠠᠨ ᠲᠣᠭ᠍ᠲᠠᠭᠠᠵᠤ ᠥᠪᠡᠷᠲᠡᠭᠡᠨ ᠵᠠᠰᠠᠬᠤ ᠣᠷᠣᠨ᠂ ᠬᠣᠲᠠ ᠵᠢᠨ ᠨᠠᠮ ᠤ᠋ᠨ ᠬᠣᠷᠢᠶ᠎ᠠ ᠵᠢᠨ ᠱᠢᠯᠵᠢᠭᠦᠯᠦᠨ ᠥᠭ᠌ᠴᠦ ᠱᠢᠶ᠋ᠳᠪᠦᠷᠢᠯᠡᠭᠦᠯᠬᠦ᠌ ᠵᠦᠶ᠋ᠯ ᠪᠠ ᠢᠨᠲ᠋ᠧᠷ ᠰᠦᠯᠵᠢᠶᠡᠨ ᠤ᠋ ᠮᠡᠳᠡᠭᠡ ᠵᠠᠩᠭᠢ ᠵᠢᠨ ᠠᠯᠪᠠᠨ ᠬᠡᠷ ᠤ᠋ᠨ ᠱᠢᠯᠵᠢᠭᠦᠯᠦᠨ ᠥᠭ᠌ᠴᠦ ᠱᠢᠶ᠋ᠳᠪᠦᠷᠢᠯᠡᠭᠦᠯᠬᠦ᠌ ᠶᠠᠷᠢᠶ᠎ᠠ ᠬᠡᠯᠡᠯᠴᠡᠭᠡᠨ ᠤ᠋ ᠪᠠᠢᠳᠠᠯ ᠢ᠋ ᠬᠠᠷᠢᠭᠤᠴᠠᠭᠤᠯᠪᠠ; ᠲᠤᠰ ᠲᠤᠰ ᠲᠤᠰᠭᠠᠶ ᠬᠥᠮᠦᠨ ᠵᠢᠭᠠᠨ ᠲᠣᠭ᠍ᠲᠠᠭᠠᠵᠤ ᠹᠠᠺᠰ᠂ ᠨᠢᠭᠤᠴᠠ ᠴᠢᠬᠤᠯᠠ ᠵᠦᠢᠯ᠂ ᠲᠡᠮᠦᠷ ᠵᠠᠮ᠂ ᠠᠭᠠᠷ ᠤ᠋ᠨ ᠠᠶᠠᠯᠠᠯ ᠵᠡᠷᠭᠡ ᠠᠷᠭ᠎ᠠ ᠮᠠᠶᠢᠭ ᠵᠢᠡᠷ ᠳᠠᠮᠵᠢᠭᠤᠯᠤᠨ᠂ ᠮᠠᠲ᠋ᠧᠷᠢᠶᠠᠯ ᠪᠣᠯᠤᠨ ᠣᠯᠠᠨ ᠲᠦᠮᠡᠨ ᠤ᠋ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ ᠢ᠋ ᠪᠠᠢᠴᠠᠭᠠᠨ ᠱᠢᠶ᠋ᠳᠪᠦᠷᠢᠯᠡᠭ᠌ᠰᠡᠨ ᠪᠠᠢᠳᠠᠯ ᠤ᠋ᠨ ᠮᠡᠳᠡᠭᠦᠯᠦᠯᠲᠡ ᠶ᠋ᠢ ᠴᠠᠭ ᠲᠤᠬᠠᠶ ᠳ᠋ᠤᠨᠢ ᠳᠠᠮᠵᠢᠭᠤᠯᠤᠨ ᠬᠦᠷᠭᠡᠬᠦ᠌ ᠵᠢ ᠪᠡᠶᠡᠯᠡᠭᠦᠯᠪᠡ᠃
ᠪᠤᠭᠤᠲᠤ ᠬᠣᠲᠠ ᠡᠳᠦᠷ ᠪᠦᠷᠢ ᠪᠥᠬᠥ᠌ ᠬᠣᠲᠠ ᠵᠢᠨ ᠱᠢᠯᠵᠢᠭᠦᠯᠦᠨ ᠭᠦᠶ᠋ᠴᠡᠳᠭᠡᠬᠦ᠌ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ ᠢ᠋ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ ᠤ᠋ᠨ ᠸᠢᠳᠢᠤ᠋ ᠲᠣᠬᠢᠷᠠᠭᠤᠯᠤᠯᠲᠠ ᠵᠢᠨ ᠬᠤᠷᠠᠯ ᠬᠢᠵᠦ᠍᠂ ᠬᠣᠯᠪᠣᠭ᠍ᠳᠠᠯ ᠪᠥᠬᠥᠶ ᠬᠣᠱᠢᠭᠤ ᠱᠢᠶᠠᠨ ᠲᠣᠭᠣᠷᠢᠭ ᠤ᠋ᠨ ᠬᠡᠷᠡᠭ ᠢ᠋ ᠱᠢᠶ᠋ᠳᠪᠦᠷᠢᠯᠡᠭ᠌ᠰᠡᠨ ᠪᠠᠢᠳᠠᠯ ᠢ᠋ ᠰᠣᠨᠣᠰᠴᠤ᠌᠂ ᠬᠡᠷᠡᠭ ᠢ᠋ ᠱᠢᠶ᠋ᠳᠪᠦᠷᠢᠯᠡᠬᠦ᠌ ᠶ᠋ᠢ ᠴᠢᠩᠭ᠎ᠠ ᠲᠦᠷᠭᠡᠨ ᠪᠣᠳᠠᠲᠠᠶ ᠰᠠᠢᠲᠤᠷ ᠠᠳᠭᠤᠬᠤ ᠬᠡᠷᠡᠭ᠌ᠲᠡᠶ ᠭᠡᠵᠦ᠍ ᠱᠠᠭᠠᠷᠳᠠᠪᠠ᠃ ᠬᠣᠲᠠ ᠵᠢᠨ ᠱᠢᠭᠤᠳ ᠬᠠᠷᠢᠶ᠎ᠠ ᠬᠣᠯᠪᠣᠭ᠍ᠳᠠᠯ ᠪᠦᠬᠦᠢ ᠰᠠᠯᠠᠭ᠎ᠠ ᠮᠥᠴᠢᠷ ᠪᠠ ᠬᠡᠷᠡᠭᠲᠦ ᠬᠣᠯᠪᠣᠭ᠍ᠳᠠᠬᠤ ᠬᠣᠱᠢᠭᠤ ᠱᠢᠶᠠᠨ ᠲᠣᠭᠣᠷᠢᠭ ᠤ᠋ᠨ ᠬᠣᠶᠠᠷ ᠠᠷᠭ᠎ᠠ ᠵᠠᠮ ᠵᠢᠡᠷ ᠳᠠᠮᠵᠢᠭᠤᠯᠤᠨ ᠬᠠᠮᠲᠤ ᠳ᠋ᠤᠨᠢ ᠱᠢᠯᠵᠢᠭᠦᠯᠦᠨ ᠱᠢᠢᠳᠪᠦᠷᠢᠯᠡᠭᠦᠯᠵᠦ᠍᠂ ᠬᠠᠷᠢᠶ᠎ᠠ ᠭᠠᠵᠠᠷ ᠤ᠋ᠨ ᠶᠣᠰᠣᠭᠠᠷ ᠱᠢᠢᠳᠪᠦᠷᠢᠯᠡᠨ᠂ ᠠᠵᠢᠯ ᠲᠥᠷᠥᠯ ᠤ᠋ᠨ ᠬᠢᠨ ᠬᠢᠨᠠᠨ ᠬᠠᠷᠭᠤᠭᠤᠯᠵᠤ ᠰᠤᠳᠤᠯᠤᠨ ᠮᠠᠭᠠᠳᠯᠠᠬᠤ ᠵᠢᠨ ᠬᠠᠮᠲᠤ ᠲᠤᠰᠭᠠᠢ 《ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ ᠢ᠋ ᠪᠠᠢᠴᠠᠭᠠᠬᠤ ᠳᠤᠭᠤᠢᠯᠠᠩ》 ᠪᠠᠢᠭᠤᠯᠵᠤ᠂ ᠲᠥᠪ ᠤ᠋ᠨ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢᠨ ᠱᠠᠯᠠᠪᠳᠠᠭᠤᠯᠤᠨ ᠪᠠᠢᠴᠠᠭᠠᠵᠤ ᠬᠠᠷᠢᠭᠤ ᠲᠤᠰᠭᠠᠭ᠍ᠰᠠᠨ ᠵᠠᠬᠢᠳᠠᠯ ᠰᠤᠷᠪᠤᠯᠵᠢᠯᠠᠯᠤᠨ ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠭ᠍ᠰᠠᠨ ᠪᠠᠢᠳᠠᠯ ᠢ᠋ ᠨᠢᠭᠡᠳ ᠨᠢᠭᠡᠪᠡᠷ ᠲᠤᠬᠠᠢ ᠵᠢᠨ ᠭᠠᠵᠠᠷᠲᠤᠨᠢ ᠪᠠᠢᠴᠠᠭᠠᠨ᠂ 5 ᠲᠤᠰᠭᠠᠢ ᠬᠠᠤᠯᠢᠴᠢ ᠶ᠋ᠢ ᠤᠷᠢᠵᠤ ᠬᠡᠷᠡᠭ ᠱᠢᠢᠳᠪᠦᠷᠢᠯᠡᠭ᠌ᠰᠡᠨ ᠪᠠᠢᠳᠠᠯ ᠳ᠋ᠤ ᠬᠠᠤᠯᠢ ᠴᠠᠭᠠᠵᠠ ᠵᠢᠨ ᠲᠤᠬᠠᠢ ᠠᠰᠠᠭᠤᠳᠠᠯ ᠢ᠋ ᠬᠠᠷᠢᠭᠤᠴᠠᠭᠤᠯᠵᠤ᠂ ᠱᠢᠢᠳᠪᠦᠷᠢᠯᠡᠬᠦ᠌ ᠦᠷ᠎ᠡ ᠪᠦᠲᠦᠮᠵᠢ ᠪᠠ ᠶᠠᠰᠤ ᠴᠢᠨᠠᠷ ᠢ᠋ ᠦᠨᠡᠨ ᠬᠦ᠌ ᠳᠡᠭᠡᠭ᠌ᠰᠢᠯᠡᠭᠦᠯᠪᠡ᠃
4 ᠰᠠᠷ᠎ᠠ ᠵᠢᠨ 5 ᠤ᠋ ᠡᠳᠦᠷ ᠪᠣᠯᠲᠠᠯ᠎ᠠ᠂ ᠪᠤᠭᠤᠲᠤ ᠬᠣᠲᠠ ᠲᠤᠱᠢᠶᠠᠨ ᠱᠢᠶ᠋ᠳᠪᠦᠷᠢᠯᠡᠭᠦᠯᠦᠭ᠌ᠰᠡᠨ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠬᠡᠷᠡᠭ ᠢ᠋ ᠨᠡᠢᠲᠡ 11 ᠪᠦᠯᠦᠭ ᠤᠳᠠᠭ᠎ᠠ ᠵᠢᠨ 97 ᠬᠤᠪᠢ ᠵᠢ ᠭᠥᠯᠢᠶᠡᠨ ᠠᠪᠴᠤ᠌᠂ ᠣᠳᠣᠬᠠᠨ ᠳ᠋ᠤ᠂ ᠪᠣᠶ ᠪᠥᠬᠥᠶ ᠬᠡᠷᠡᠭ ᠢ᠋ ᠴᠥᠮ ᠴᠠᠭ ᠤ᠋ᠨ ᠬᠢᠵᠠᠭᠠᠷ ᠤ᠋ᠨ ᠱᠠᠭᠠᠷᠳᠠᠯᠭ᠎ᠠ ᠶᠣᠰᠣᠭᠠᠷ ᠱᠠᠯᠠᠪᠳᠠᠨ ᠬᠠᠷᠭᠤᠭᠤᠯᠤᠨ ᠱᠢᠶ᠋ᠳᠪᠦᠷᠢᠯᠡᠵᠦ᠍᠂ ᠥᠪᠡᠷᠲᠡᠭᠡᠨ ᠵᠠᠰᠠᠬᠤ ᠣᠷᠣᠨ ᠤ᠋ ᠲᠦᠷᠦᠭᠦᠦ 5 ᠪᠦᠯᠦᠭ ᠤᠳᠠᠭ᠎ᠠ ᠵᠢᠨ 27 ᠬᠡᠷᠡᠭ ᠢ᠋ ᠪᠠᠢᠴᠠᠭᠠᠨ ᠱᠢᠶ᠋ᠳᠪᠦᠷᠢᠯᠡᠭ᠌ᠰᠡᠨ ᠪᠠᠢᠳᠠᠯ ᠢ᠋ ᠨᠢᠭᠡᠨᠲᠡ ᠬᠢᠨᠠᠨ ᠬᠠᠷᠭᠤᠭᠤᠯᠵᠤ ᠳᠡᠭᠡᠭ᠌ᠰᠢ ᠮᠡᠳᠡᠭᠦᠯᠦᠨ᠂ ᠪᠤᠳᠠᠳᠤ ᠪᠠᠢᠳᠠᠯ ᠲᠠᠢ ᠨᠡᠢᠴᠡᠭᠰᠡᠨ ᠨᠢ 21 ᠬᠤᠪᠢ᠂ 78% ᠶ᠋ᠢ ᠡᠵᠡᠯᠡᠪᠡ; ᠨᠢᠭᠡᠨᠲᠡ 19 ᠬᠡᠷᠡᠭ ᠢ᠋ ᠱᠢᠢᠳᠪᠦᠷᠢᠯᠡᠨ ᠳᠠᠭᠤᠰᠭᠠᠵᠤ᠂ ᠱᠢᠢᠳᠪᠦᠷᠢᠯᠡᠵᠦ᠍ ᠳᠠᠭᠤᠰᠭᠠᠭ᠍ᠰᠠᠨ ᠨᠣᠷᠮ᠎ᠠ 70% ᠬᠦᠷᠴᠦ᠍᠂ ᠶᠡᠷᠦᠩᠬᠡᠢ ᠲᠤᠱᠢᠶᠠᠨ ᠱᠢᠢᠳᠪᠦᠷᠢᠯᠡᠭᠦᠯᠦᠭ᠌ᠰᠡᠨ ᠬᠡᠷᠡᠭ ᠤ᠋ᠨ 19.6% ᠶ᠋ᠢ ᠡᠵᠡᠯᠡᠪᠡ᠃
4 ᠰᠠᠷ᠎ᠠ ᠵᠢᠨ 5 ᠤ᠋ ᠡᠳᠦᠷ ᠪᠣᠯᠲᠠᠯ᠎ᠠ᠂ ᠲᠥᠪ ᠤ᠋ᠨ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠳᠠ ᠵᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠲᠦᠩᠯᠢᠶᠣᠤ ᠬᠤᠳᠠ ᠳ᠋ᠤ ᠠᠮᠢ ᠠᠬᠤᠢ ᠣᠷᠴᠢᠨ ᠲᠣᠭᠣᠷᠢᠨ ᠤ᠋ ᠬᠦᠷᠢᠶᠡᠨᠳᠦ ᠬᠣᠯᠪᠣᠭ᠍ᠳᠠᠭ᠍ᠰᠠᠨ ᠤᠯᠠᠨ ᠲᠦᠮᠡᠨ ᠤ᠋ ᠢᠯᠡᠴᠢᠯᠡᠨ ᠮᠡᠳᠡᠭᠦᠯᠦᠭ᠌ᠰᠡᠨ ᠬᠡᠷᠡᠭ ᠢ᠋ ᠨᠡᠢ᠌ᠳᠡ 61 ᠶ᠋ᠢ ᠲᠤᠱᠢᠶᠠᠨ ᠱᠢᠢᠳᠪᠦᠷᠢᠯᠡᠭᠦᠯᠪᠡ᠂ ᠡᠭᠦᠨᠳᠦ ᠭᠣᠣᠯᠳᠠᠯᠭᠠᠲᠠᠶ ᠠᠩᠬᠠᠷᠬᠤ ᠬᠡᠷᠡᠭ 5 ᠪᠤᠢ᠃ ᠬᠡᠷᠡᠭ ᠤ᠋ᠳᠢ ᠤᠳᠤ ᠶᠠᠭ ᠰᠢᠢᠳᠪᠦᠷᠢᠯᠡᠵᠦ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃