ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-15 10:02:50

ᠵᠣᠬᠢᠶᠠᠭ᠍ᠴᠢ᠄ ᠰᠦᠩ ᠱᠤᠸᠠᠩ ᠣᠩᠱᠢᠭ᠍ᠰᠠᠨ ᠣᠳᠠᠭ᠎ᠠ᠄ 3

4 ᠰᠠᠷ᠎ᠠ ᠎ᠶ᠋ᠢᠨ 11 ᠡᠴᠡ 13 ᠎ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶᠠᠨ ᠎ᠤ ᠪᠠᠢᠩᠭᠤ ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ ᠎ᠦᠨ ᠳᠠᠷᠤᠭ᠎ᠠ ᠶᠠᠩ ᠸᠧᠢ ᠳ᠋ᠦᠩ ᠪᠠᠶᠠᠨᠨᠠᠭᠤᠷ ᠬᠤᠳᠠ᠂ ᠪᠤᠭᠤᠲᠤ ᠬᠤᠳᠠ᠎ᠳᠤ ᠲᠥᠪ ᠎ᠦᠨ ᠠᠮᠢ ᠠᠬᠤᠢ ᠣᠷᠴᠢᠨ ᠲᠣᠭᠣᠷᠢᠨ ᠎ᠤ ᠬᠠᠮᠠᠭᠠᠯᠠᠯᠲᠠ ᠵᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠎ᠤᠨ ᠰᠢᠢᠳᠪᠦᠷᠢᠯᠡᠭᠦᠯᠬᠦ ᠪᠡᠷ ᠲᠤᠱᠢᠶᠠᠭ᠍ᠰᠠᠨ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ ᠵᠢ ᠲᠤᠬᠠᠢ ᠎ᠶ᠋ᠢᠨ ᠭᠠᠵᠠᠷ ᠎ᠲᠤᠨᠢ ᠱᠠᠯᠠᠪᠳᠠᠭᠤᠯᠤᠨ ᠭᠦᠢᠴᠡᠳᠬᠡᠯᠭᠡᠵᠦ᠂ ᠠᠭᠤᠷᠬᠠᠢ ᠎ᠶ᠋ᠢᠨ ᠠᠵᠤ ᠠᠬᠤᠢᠯᠠᠯ ᠎ᠳᠤ ᠭᠦᠨᠵᠡᠭᠡᠢᠷᠡᠨ ᠲᠤᠬᠠᠢ ᠎ᠶ᠋ᠢᠨ ᠲᠠᠯᠠᠪᠠᠢ ᠎ᠳᠤ ᠪᠠᠢᠴᠠᠭᠠᠨ ᠰᠤᠳᠤᠯᠵᠤ᠂ ᠤᠷᠠᠳ ᠎ᠤᠨ ᠡᠮᠦᠨᠡᠲᠦ ᠬᠣᠱᠢᠭᠤᠨ ᠎ᠳᠤ ᠴᠡᠭ᠌ᠴᠡᠯᠡᠨ ᠰᠠᠢᠵᠢᠷᠠᠭᠤᠯᠬᠤ ᠠᠵᠢᠯ ᠎ᠢ ᠠᠬᠢᠭᠤᠯᠬᠤ ᠬᠤᠷᠠᠯ ᠎ᠢ ᠡᠷᠬᠢᠯᠡᠨ ᠬᠤᠷᠠᠯᠳᠤᠭᠤᠯᠵᠤ᠂ ᠠᠰᠠᠭᠤᠳᠠᠯ ᠎ᠢ ᠪᠦᠬᠦ᠌ ᠲᠠᠯ᠎ᠠ ᠎ᠪᠠᠷ ᠲᠤᠢᠯᠪᠤᠷᠢᠲᠠᠢ ᠴᠡᠭ᠌ᠴᠡᠯᠡᠨ ᠰᠠᠢᠵᠢᠷᠠᠭᠤᠯᠬᠤ ᠎ᠶ᠋ᠢ ᠴᠢᠩᠭ᠎ᠠ ᠪᠣᠳᠠᠲᠠᠢ ᠠᠬᠢᠭᠤᠯᠪᠠ᠃

ᠶᠠᠩ ᠸᠧᠢ ᠳ᠋ᠦᠩ᠂ ᠤᠯᠤᠰ ᠲᠦᠷᠦ᠍ ᠪᠠ ᠪᠦᠬᠦ᠌ ᠲᠠᠯ᠎ᠠ᠎ᠶ᠋ᠢᠨ ᠦᠨᠳᠦᠷᠴᠡ ᠡᠴᠡ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠪᠦᠲᠦᠭᠡᠨ ᠪᠠᠢᠭᠤᠯᠤᠯᠲᠠ ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠵᠤ᠂ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠦᠨ᠂ ᠬᠡᠬᠦᠳᠡᠭ ᠴᠡᠭᠡᠵᠢᠨ᠎ᠳᠡᠭᠡᠨ ᠤᠯᠤᠰ᠎ᠤᠨ ᠶᠡᠬᠡ ᠲᠠᠯ᠎ᠠ᠎ᠶ᠋ᠢ ᠪᠠᠭ᠍ᠲᠠᠭᠠᠵᠤ᠂ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶ᠋ᠢ ᠡᠭᠦᠷᠭᠡᠯᠡᠵᠦ᠍᠂《ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠭᠰᠠᠨ᠂ ᠪᠣᠬᠢᠷᠲᠤᠯ ᠦᠭᠡᠢ ᠬᠥᠭ᠌ᠵᠢᠭᠦᠯᠦᠭᠰᠡᠨ》 ᠪᠣᠳᠠᠲᠤ ᠦᠷ᠎ᠡ ᠪᠦᠲᠦᠮᠵᠢ ᠎ᠪᠡᠷ 《ᠬᠣᠶᠠᠷ ᠎ᠢ ᠬᠠᠮᠠᠭᠠᠯᠠᠬᠤ》 ᠵᠢ ᠦᠢᠯᠡᠳᠦᠯᠭᠡᠵᠢᠭᠦᠯᠬᠦ᠌ ᠬᠡᠷᠡᠭ᠌ᠲᠡᠢ᠃ ᠲᠥᠪ ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠎ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠎ᠤᠨ ᠱᠢᠢᠳᠪᠦᠷᠢᠯᠡᠭᠦᠯᠬᠦ᠌ ᠎ᠪᠡᠷ ᠲᠤᠱᠢᠶᠠᠭ᠍ᠰᠠᠨ ᠠᠰᠠᠭᠤᠳᠠᠯ᠎ᠢ ᠲᠠᠷᠤᠢᠬᠠᠨ ᠬᠠᠯᠠᠨ ᠰᠠᠢᠵᠢᠷᠠᠭᠤᠯᠵᠤ᠂ ᠡᠷᠡᠰ ᠴᠡᠭ᠌ᠴᠡᠯᠡᠨ ᠰᠠᠢᠵᠢᠷᠠᠭᠤᠯᠵᠤ᠂ ᠦᠷ᠎ᠡ ᠪᠦᠲᠦᠮᠵᠢ ᠭᠠᠷᠭᠠᠬᠤ ᠬᠡᠷᠡᠭᠳᠡᠢ᠂ ᠡᠷᠬᠡᠪᠰᠢ ᠶᠠᠰᠤ ᠴᠢᠨᠠᠷ᠎ᠲᠤᠭ᠎ᠠ ᠬᠡᠮᠵᠢᠶ᠎ᠡ ᠵᠢ ᠪᠠᠲᠤᠯᠠᠵᠤ᠂ ᠴᠠᠭ ᠲᠤᠬᠠᠢ ᠎ᠳᠤᠨᠢ ᠦᠨᠡᠨ ᠪᠤᠳᠠᠳᠠᠢ ᠴᠡᠭ᠌ᠴᠡᠯᠡᠨ ᠰᠠᠢᠵᠢᠷᠠᠭᠤᠯᠬᠤ ᠬᠡᠷᠡᠭ᠌ᠲᠡᠢ᠃ ᠣᠳᠣᠬᠠᠨ ᠎ᠤ ᠴᠡᠭᠴᠡᠯᠡᠨ ᠰᠠᠢᠵᠢᠷᠠᠭᠤᠯᠤᠯᠲᠠ ᠪᠤᠯᠤᠨ ᠤᠷᠲᠤ ᠬᠤᠭᠤᠴᠠᠭ᠎ᠠ ᠠᠳᠬᠤᠬᠤ ᠵᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠳᠦᠷᠢᠮ ᠲᠣᠭ᠍ᠲᠠᠭᠠᠯ᠎ᠢ ᠴᠢᠩᠭᠠᠳᠭᠠᠵᠤ᠂ ᠪᠦᠬᠦ᠌ ᠲᠠᠯ᠎ᠠ᠎ᠶ᠋ᠢᠨ ᠵᠢᠷᠤᠮᠵᠢᠯ᠎ᠢ ᠠᠬᠢᠭᠤᠯᠬᠤ ᠬᠡᠷᠡᠭ᠌ᠲᠡᠢ᠃ ᠴᠢᠨᠠᠷ ᠰᠠᠢᠲᠠᠢ ᠬᠥᠭ᠌ᠵᠢᠯᠲᠡ᠎ᠶ᠋ᠢᠨ ᠠᠵᠢᠯ ᠎ᠤᠨ ᠠᠮᠵᠢᠯᠲᠠ᠎ᠶ᠋ᠢ ᠬᠢᠨᠠᠨ ᠱᠢᠯᠭᠠᠬᠤ ᠱᠢᠰᠲ᠋ᠧᠮ ᠎ᠢ ᠴᠢᠨᠠᠭ᠍ᠰᠢᠳᠠ ᠲᠡᠭᠦᠯᠳᠡᠷᠵᠢᠭᠦᠯᠵᠦ᠍᠂ ᠡᠯ᠎ᠡ ᠱᠠᠲᠤᠨ ᠎ᠤ ᠨᠠᠮ ᠎ᠤᠨ ᠵᠣᠬᠢᠶᠠᠨ ᠪᠠᠢᠭᠤᠯᠤᠯᠲᠠ ᠪᠣᠯᠤᠨ ᠤᠳᠤᠷᠢᠳᠭᠤ ᠺᠠᠳ᠋ᠷᠴᠤᠳ ᠎ᠤᠨ ᠵᠥᠪ ᠠᠵᠢᠯ ᠎ᠤᠨ ᠠᠮᠵᠢᠯᠲᠠ ᠎ᠶ᠋ᠢᠨ ᠦᠵᠡᠯᠲᠡ᠂ ᠬᠥᠭ᠌ᠵᠢᠯᠲᠡ ᠎ᠶ᠋ᠢᠨ ᠦᠵᠡᠯᠲᠡ᠂ ᠠᠮᠢ ᠠᠬᠤᠢ ᠎ᠶ᠋ᠢᠨ ᠦᠵᠡᠯᠲᠡ᠎ᠶ᠋ᠢ ᠪᠠᠲᠤ ᠪᠡᠬᠢ ᠪᠤᠢ ᠪᠣᠯᠭᠠᠬᠤ ᠎ᠶ᠋ᠢ ᠠᠬᠢᠭᠤᠯᠵᠤ᠂ ᠠᠷᠠᠳ ᠲᠦᠮᠡᠨ ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭ᠌ᠲᠡᠢ᠂ ᠶᠠᠭᠠᠬᠢᠭ᠍ᠰᠠᠨ ᠴᠤ᠌ ᠠᠮᠢ ᠠᠬᠤᠢ ᠣᠷᠴᠢᠨ ᠲᠣᠭᠣᠷᠢᠨ᠎ᠢ ᠦᠷᠡᠭ᠌ᠳᠡᠭᠦᠯᠵᠦ᠍ ᠪᠠᠢᠭᠠᠳ ᠲᠦᠷ ᠵᠠᠭᠤᠷ᠎ᠠ ᠵᠢᠨ ᠠᠵᠤ ᠠᠬᠤᠢ ᠎ᠶ᠋ᠢᠨ ᠨᠡᠮᠡᠭ᠌ᠳᠡᠯ ᠎ᠢ ᠰᠣᠯᠢᠵᠤ ᠪᠣᠯᠬᠤ ᠦᠭᠡᠢ ᠭᠡᠵᠦ ᠴᠢᠬᠤᠯᠠᠴᠢᠯᠠᠪᠠ᠃

ᠪᠤᠭᠤᠲᠤ ᠬᠣᠲᠠ᠎ᠳᠤ᠂ ᠶᠠᠩ ᠸᠧᠶ ᠳ᠋ᠦᠩ ᠪᠠᠰᠠ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢᠨ ᠲᠤᠬᠠᠶ ᠪᠠᠢᠴᠠᠭᠠᠨ ᠰᠤᠳᠤᠯᠤᠯᠲᠠ ᠬᠢᠵᠦ᠍᠂ ᠦᠨᠳᠦᠰᠦᠨ ᠱᠠᠲᠤᠨ ᠎ᠤ ᠨᠠᠮ᠎ᠤᠨ ᠪᠠᠢᠭᠤᠯᠤᠯᠲᠠ᠎ᠶ᠋ᠢᠨ 《ᠭᠤᠷᠪᠠᠨ ᠬᠦᠴᠦᠷᠬᠡᠭ ᠭᠤᠷᠪᠠᠨ ᠱᠢᠯᠢᠳᠡᠭ》 ᠢᠨᠵᠧᠨᠧᠷᠢᠩ ᠎ᠢ ᠬᠦᠴᠦᠯᠡᠨ ᠠᠬᠢᠭᠤᠯᠵᠤ᠂ ᠨᠠᠮ ᠎ᠤᠨ ᠪᠠᠢᠭᠤᠯᠤᠯᠲᠠ ᠎ᠪᠠᠷ ᠲᠤᠤᠷᠵᠢᠭ᠍ᠰᠠᠨ ᠵᠠᠰᠠᠯᠲᠠ ᠎ᠶ᠋ᠢ ᠬᠥᠲᠥᠯᠥᠨ ᠳᠠᠭᠠᠭᠤᠯᠬᠤ ᠎ᠶ᠋ᠢ ᠭᠦᠨᠵᠡᠭᠡᠶ ᠪᠣᠳᠠᠲᠠᠶ ᠠᠬᠢᠭᠤᠯᠵᠤ᠂ ᠨᠠᠮ ᠣᠯᠠᠨ ᠲᠦᠮᠡᠨ᠎ᠦ ᠦᠶ᠋ᠯᠡᠴᠢᠯᠡᠭᠡᠨ᠎ᠦ ᠲᠥᠪ ᠎ᠦᠨ ᠴᠢᠳᠠᠪᠬᠢ ᠦᠶ᠋ᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠦᠨᠳᠦᠰᠦᠨ ᠱᠠᠲᠤᠨ ᠎ᠤ ᠨᠠᠮ ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠴᠢᠳᠠᠪᠬᠢ ᠪᠠ ᠵᠣᠬᠢᠶᠠᠨ ᠪᠠᠢᠭᠤᠯᠬᠤ ᠬᠦᠴᠦᠨ᠂ ᠨᠢᠭᠲᠠᠷᠠᠯ ᠎ᠤᠨ ᠬᠦᠴᠦᠨ᠎ᠢ ᠲᠠᠰᠤᠷᠠᠯᠲᠠ ᠥᠬᠡᠶ ᠴᠢᠩᠭᠠᠳᠭᠠᠬᠤ ᠬᠡᠷᠡᠭ᠌ᠲᠡᠶ ᠭᠡᠵᠦ᠍ ᠴᠢᠬᠤᠯᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面