ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-11 11:03:34

ᠵᠣᠬᠢᠶᠠᠭ᠍ᠴᠢ᠄ ᠯᠢ ᠢᠦᠢ ᠵᠦᠸᠸ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 6 ᠡᠴᠡ 7 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠰᠠᠬᠢᠯᠭ᠎ᠠ ᠪᠠᠲᠤ ᠪᠠᠢᠴᠠᠭᠠᠬᠤ ᠬᠣᠷᠢᠶᠠᠨ᠎ᠤ ᠱᠦᠵᠢ᠂ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭ᠌ᠴᠢ ᠯᠢᠦ ᠱᠤᠸᠠᠩ ᠬᠥᠯᠥᠨ ᠪᠤᠢ᠌ᠷ ᠬᠤᠳᠠ᠎ᠶ᠋ᠢᠨ ᠱᠢᠨ᠎ᠡ ᠪᠠᠷᠭᠤ ᠪᠠᠷᠠᠭᠤᠨ ᠬᠣᠱᠢᠭᠤ᠂ ᠱᠢᠨ᠎ᠡ ᠪᠠᠷᠭᠤ ᠵᠡᠭᠦᠨ ᠬᠣᠱᠢᠭᠤᠨ᠎ᠳᠤ ᠬᠦᠷᠴᠦ᠍᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠰᠢᠯᠵᠢᠭᠦᠯᠦᠨ ᠲᠤᠰᠢᠶᠠᠭᠰᠠᠨ ᠵᠠᠬᠢᠳᠠᠯ ᠰᠤᠷᠪᠤᠯᠵᠢᠯᠠᠯ᠎ᠵᠢᠡᠷ ᠢᠯᠡᠴᠢᠯᠡᠨ ᠮᠡᠳᠡᠭᠦᠯᠦᠭ᠌ᠰᠡᠨ ᠠᠰᠠᠭᠤᠳᠠᠯ᠎ᠢ ᠲᠤᠬᠠᠢ᠎ᠶ᠋ᠢᠨ ᠭᠠᠵᠠᠷ᠎ᠲᠤᠨᠢ ᠱᠠᠯᠠᠪᠳᠠᠭᠤᠯᠤᠨ ᠰᠢᠢᠳᠪᠦᠷᠢᠯᠡᠭᠦᠯᠵᠡᠢ᠃

ᠣᠯᠠᠨ ᠲᠦᠮᠡᠨ᠎ᠦ ᠲᠤᠰᠭᠠᠭ᠍ᠰᠠᠨ ᠬᠠᠮᠢᠶ᠎ᠠ ᠪᠥᠬᠥᠶ ᠠᠵᠤ ᠠᠬᠤᠢᠯᠠᠯ᠎ᠤᠨ ᠦᠯᠡᠳᠡᠭ᠌ᠳᠡᠯ ᠠᠭᠤᠷᠬᠠᠶ᠎ᠶ᠋ᠢᠨ ᠬᠥᠮᠥᠷᠭᠡ᠎ᠶ᠋ᠢᠨ ᠲᠣᠭᠣᠰᠣ ᠱᠢᠷᠣᠶ᠎ᠶ᠋ᠢᠨ ᠪᠣᠬᠢᠷᠲᠤᠯ᠂ ᠠᠲᠠᠷ ᠬᠠᠭᠠᠯᠪᠤᠷᠢᠯᠠᠵᠤ ᠨᠤᠲᠤᠭ ᠪᠡᠯᠴᠢᠭᠡᠷ᠎ᠢ ᠡᠪᠳᠡᠭ᠌ᠰᠡᠨ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠯᠢᠦ ᠱᠤᠸᠠᠩ ᠲᠤᠬᠠᠶ᠎ᠶ᠋ᠢᠨ ᠭᠠᠵᠠᠷ᠎ᠤᠨ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠢ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠬᠠᠤᠯᠢ ᠶᠣᠰᠣᠭᠠᠷ ᠪᠠᠢᠴᠠᠭᠠᠨ ᠱᠢᠶ᠋ᠳᠪᠦᠷᠢᠯᠡᠵᠦ᠍᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ᠎ᠶ᠋ᠢ ᠣᠨᠣᠪᠴᠢᠲᠠᠶ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠬᠤ᠎ᠶ᠋ᠢ ᠬᠠᠤᠯᠢ ᠶᠣᠰᠣᠭᠠᠷ ᠠᠬᠢᠭᠤᠯᠵᠤ᠂ ᠠᠰᠠᠭᠤᠳᠠᠯ᠎ᠢ ᠪᠠᠢᠴᠠᠭᠠᠨ ᠲᠣᠳᠣᠷᠬᠠᠢᠯᠠᠬᠤ᠂ ᠴᠡᠭ᠌ᠴᠡᠯᠡᠨ ᠰᠠᠢᠵᠢᠷᠠᠭᠤᠯᠬᠤ᠎ᠶ᠋ᠢ ᠪᠣᠳᠠᠲᠠᠢᠵᠢᠭᠤᠯᠬᠤ᠂ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠬᠤ᠂ ᠣᠯᠠᠨ ᠲᠦᠮᠡᠨ ᠬᠠᠨᠤᠮᠵᠢᠳᠠᠢ ᠪᠤᠯᠬᠤ ᠎ᠶ᠋ᠢ ᠦᠨᠡᠨ ᠬᠦ᠌ ᠪᠡᠶᠡᠯᠡᠭᠦᠯᠬᠦ᠌ ᠬᠡᠷᠡᠭ᠌ᠲᠡᠶ᠃ ᠪᠥᠬᠥ᠌ ᠣᠷᠣᠨ᠎ᠤ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠪᠠᠢᠭᠤᠯᠭ᠎ᠠ᠎ᠵᠢᠨ ᠬᠢᠨ ᠥᠩᠭᠡᠪᠴᠢ ᠴᠡᠭ᠌ᠴᠡᠯᠡᠨ ᠰᠠᠢᠵᠢᠷᠠᠭᠤᠯᠤᠯᠲᠠ᠂ ᠬᠠᠰᠢ ᠶᠠᠰᠢ ᠴᠡᠭ᠌ᠴᠡᠯᠡᠨ ᠰᠠᠢᠵᠢᠷᠠᠭᠤᠯᠬᠤ ᠪᠠ ᠬᠠᠷᠢᠭᠤᠴᠠᠯᠭ᠎ᠠ ᠡᠭᠦᠷᠭᠡᠯᠡᠬᠦ᠌ ᠥᠬᠡᠶ ᠠᠵᠢᠯ ᠬᠢᠬᠦ᠌ ᠥᠬᠡᠶ ᠵᠡᠷᠭᠡ ᠠᠰᠠᠭᠤᠳᠠᠯ᠎ᠢ ᠴᠢᠩᠭ᠎ᠠ ᠪᠠᠢᠴᠠᠭᠠᠨ ᠱᠢᠶ᠋ᠳᠪᠦᠷᠢᠯᠡᠵᠦ᠍᠂ ᠴᠢᠩᠭ᠎ᠠ ᠬᠦᠴᠦᠲᠡᠶ ᠬᠢᠨᠠᠯᠲᠠ᠎ᠪᠠᠷ ᠴᠢᠨᠠᠷ ᠰᠠᠢᠲᠠᠶ ᠴᠡᠭ᠌ᠴᠡᠯᠡᠨ ᠰᠠᠢᠵᠢᠷᠠᠭᠤᠯᠤᠯᠲᠠ᠎ᠶ᠋ᠢ ᠠᠬᠢᠭᠤᠯᠬᠤ ᠬᠡᠷᠡᠭ᠌ᠲᠡᠶ ᠭᠡᠵᠦ ᠱᠠᠭᠠᠷᠳᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面