ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-11 10:59:16

ᠵᠣᠬᠢᠶᠠᠭ᠍ᠴᠢ᠄ ᠱᠤᠸᠠᠢ ᠵᠧᠩ ᠣᠩᠱᠢᠭ᠍ᠰᠠᠨ ᠣᠳᠠᠭ᠎ᠠ᠄ 3

4 ᠰᠠᠷ᠎ᠠ᠎ᠶ᠋ᠢᠨ 9 ᠤ᠋ ᠡᠳᠦᠷ᠂ ᠲᠥᠪ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠬᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠠᠷᠪᠠᠨ ᠲᠠᠪᠤᠳᠤᠭᠠᠷ ᠪᠦᠯᠦᠭ᠎ᠦᠨ ᠣᠷᠴᠢᠨ ᠲᠣᠭᠣᠷᠢᠨ᠎ᠤ ᠬᠦᠷᠢᠶᠡᠨ᠎ᠳᠦ ᠬᠣᠯᠪᠣᠭ᠍ᠳᠠᠭ᠍ᠰᠠᠨ 119 ᠬᠤᠪᠢ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ ᠬᠡᠷᠡᠭ᠎ᠢ ᠰᠢᠢᠳᠪᠦᠷᠢᠯᠡᠭᠦᠯᠬᠦ ᠪᠡᠷ ᠲᠤᠰᠢᠶᠠᠵᠠᠢ᠃ ᠲᠣᠭ᠎ᠠ ᠬᠡᠮᠵᠢᠶ᠎ᠡ᠎ᠪᠡᠷ ᠨᠢ ᠵᠢᠭ᠍ᠰᠠᠭᠠᠪᠠᠯ᠂ ᠬᠥᠬᠡᠬᠣᠲᠠ᠎ᠵᠢᠨ 21 ᠬᠤᠪᠢ᠂ ᠣᠷᠳᠣᠰ ᠬᠤᠲᠠ᠎ᠵᠢᠨ 20 ᠬᠤᠪᠢ᠂ ᠤᠯᠠᠭᠠᠨᠬᠠᠳᠠ ᠬᠤᠲᠠ᠎ᠵᠢᠨ 19 ᠬᠤᠪᠢ᠂ ᠪᠤᠭᠤᠲᠤ ᠬᠤᠲᠠ᠎ᠵᠢᠨ 15 ᠬᠤᠪᠢ᠂ ᠲᠦᠩᠯᠢᠶᠣᠤ ᠬᠤᠲᠠ᠎ᠵᠢᠨ 13 ᠬᠤᠪᠢ᠂ ᠤᠯᠠᠭᠠᠨᠴᠠᠪ ᠬᠤᠲᠠ᠎ᠵᠢᠨ 9 ᠬᠤᠪᠢ᠂ ᠬᠥᠯᠥᠨ ᠪᠣᠢᠷ ᠬᠤᠲᠠ᠎ᠵᠢᠨ 6 ᠬᠤᠪᠢ᠂ ᠬᠢᠩᠭᠠᠨ ᠠᠢᠮᠠᠭ᠎ᠤᠨ 5 ᠬᠤᠪᠢ᠂ ᠪᠠᠶᠠᠨᠨᠠᠭᠤᠷ ᠬᠤᠲᠠ᠂ ᠦᠬᠠᠶ ᠬᠤᠲᠠ᠎ᠵᠢᠨ ᠲᠣᠰᠪᠦᠷᠢ 4 ᠬᠤᠪᠢ᠂ ᠱᠢᠯᠢ᠎ᠶ᠋ᠢᠨ ᠭᠤᠤᠯ ᠠᠢᠮᠠᠭ᠎ᠤᠨ 3 ᠬᠤᠪᠢ ᠪᠣᠶ᠃

ᠪᠣᠬᠢᠷᠲᠤᠯ᠎ᠤᠨ ᠲᠥᠷᠥᠯ᠎ᠢᠶᠡᠷ ᠨᠢ ᠬᠤᠪᠢᠶᠠᠪᠠᠯ (ᠵᠠᠷᠢᠮ ᠬᠡᠷᠡᠭ᠎ᠨᠢ ᠣᠯᠠᠨ ᠲᠥᠷᠥᠯ᠎ᠦᠨ ᠪᠣᠬᠢᠷᠲᠤᠯ᠎ᠳᠤ ᠬᠣᠯᠪᠣᠭ᠍ᠳᠠᠨ᠎ᠠ)᠂ ᠠᠮᠢ ᠠᠬᠤᠶ᠎ᠶ᠋ᠢ ᠡᠪᠳᠡᠭ᠌ᠰᠡᠨ ᠬᠡᠷᠡᠭ 67 ᠬᠤᠪᠢ᠂ ᠠᠭᠠᠷ ᠮᠠᠨᠳᠠᠯ᠎ᠢ ᠪᠣᠬᠢᠷᠲᠤᠭᠤᠯᠤᠭ᠍ᠰᠠᠨ ᠬᠡᠷᠡᠭ 28 ᠬᠤᠪᠢ᠂ ᠤᠰᠤ᠎ᠶ᠋ᠢ ᠪᠣᠬᠢᠷᠲᠤᠭᠤᠯᠤᠭ᠍ᠰᠠᠨ ᠬᠡᠷᠡᠭ 26 ᠬᠤᠪᠢ᠂ ᠬᠥᠷᠥᠰᠥ᠍ ᠱᠢᠷᠣᠶ᠎ᠶ᠋ᠢ ᠪᠣᠬᠢᠷᠲᠤᠭᠤᠯᠤᠭ᠍ᠰᠠᠨ ᠬᠡᠷᠡᠭ 15 ᠬᠤᠪᠢ᠂ ᠱᠤᠤᠬᠢᠶᠠᠨ᠎ᠤ ᠪᠣᠬᠢᠷᠲᠤᠯ᠎ᠤᠨ ᠬᠡᠷᠡᠭ 10 ᠬᠤᠪᠢ᠂ ᠪᠤᠰᠤᠳ ᠪᠣᠬᠢᠷᠲᠤᠯ᠎ᠤᠨ ᠬᠡᠷᠡᠭ 13 ᠬᠤᠪᠢ ᠪᠣᠶ᠃

ᠳᠡᠭᠡᠷᠡᠬᠢ ᠬᠡᠷᠡᠭ᠎ᠢ ᠴᠥᠮ ᠬᠣᠯᠪᠣᠭ᠍ᠳᠠᠯ ᠪᠦᠬᠦᠢ ᠠᠢᠮᠠᠭ ᠬᠣᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠦ ᠱᠢᠯᠵᠢᠭᠦᠯᠦᠨ ᠱᠢᠶ᠋ᠳᠪᠦᠷᠢᠯᠡᠭᠦᠯᠵᠦ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面