ᠪᠠᠶᠢᠭᠠᠯᠢ ᠣᠷᠴᠢᠨ > ᠲᠦᠪ᠎ᠦ᠋ᠨ ᠣᠷᠴᠢᠨ ᠲᠣᠭᠣᠷᠢᠨ᠎ᠤ᠋ ᠬᠠᠮᠠᠭᠠᠯᠠᠯᠲᠠ

2022-04-12 09:10:39

ᠵᠣᠬᠢᠶᠠᠭ᠍ᠴᠢ᠄ ᠯᠢ ᠢᠦᠢ ᠵᠦᠸᠸ ᠸᠠᠩ ᠢᠦᠢ ᠵᠦᠸᠸ ᠵᠧᠩ ᠱᠢᠤᠸᠠᠢ ᠯᠢᠶᠠᠩ ᠯᠢᠦ ᠶᠠᠩ ᠣᠩᠱᠢᠭ᠍ᠰᠠᠨ ᠣᠳᠠᠭ᠎ᠠ᠄ 3

ᠲᠥᠪ ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠣᠷᠣᠵᠤ ᠰᠠᠭᠤᠭ᠍ᠰᠠᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠤᠳᠠ᠎ᠶ᠋ᠢᠨ ᠬᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠯᠳᠠ᠎ᠪᠠᠷ ᠠᠵᠠ ᠲᠣᠬᠢᠶᠠᠯ ᠪᠣᠯᠭᠠᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠦᠨᠡᠨ ᠬᠦ᠌ ᠪᠣᠳᠠᠲᠠᠢ ᠰᠠᠢᠵᠢᠷᠠᠭᠤᠯᠵᠤ᠂ ᠤᠯᠠᠨ ᠲᠦᠮᠡᠨ᠎ᠦ ᠵᠦᠢ ᠶᠣᠰᠣᠨ᠎ᠤ ᠬᠦᠰᠡᠯ ᠱᠠᠭᠠᠷᠳᠠᠯᠭ᠎ᠠ᠎ᠶ᠋ᠢ ᠢᠳᠡᠪᠬᠢᠲᠡᠢ ᠰᠠᠨᠠᠭᠠᠴᠢᠯᠠᠭ᠎ᠠ᠎ᠠᠴᠠ᠎ᠪᠠᠨ ᠵᠣᠬᠢᠰᠲᠠᠢ ᠱᠢᠢᠳᠪᠦᠷᠢᠯᠡᠵᠦ᠍᠂ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ ᠎ᠢ ᠪᠦᠬᠦ᠌ ᠬᠦᠴᠦ᠍ᠨ᠎ᠵᠢᠡᠷ ᠬᠠᠮᠠᠭᠠᠯᠠᠵᠤ᠂ ᠬᠡᠷᠡᠭ ᠎ᠢ ᠱᠢᠢᠳᠪᠦᠷᠢᠯᠡᠬᠦ᠌ ᠠᠵᠢᠯ ᠎ᠢ ᠯᠠᠪᠳᠠᠭᠤᠨ ᠪᠠᠲᠤᠲᠠᠢ ᠠᠬᠢᠭᠤᠯᠵᠤ᠂ ᠤᠯᠠᠨ ᠲᠦᠮᠡᠨ᠎ᠦ ᠬᠠᠨᠤᠮᠵᠢ᠎ᠶ᠋ᠢᠨ ᠭᠡᠮᠵᠢᠢ᠎ᠠ ᠪᠣᠯᠤᠨ ᠵᠢᠷᠭᠠᠯᠲᠤ ᠲᠦᠷᠦᠭ᠌ᠳᠡᠯ ᠎ᠢ ᠲᠡᠭᠡᠭᠰᠢᠯᠡᠬᠦᠯᠵᠦ ᠪᠠᠢᠨ᠎ᠠ᠃

3 ᠰᠠᠷ᠎ᠠ᠎ᠶ᠋ᠢᠨ 28 ᠎ᠤ᠋ ᠡᠳᠦᠷ᠂ ᠲᠥᠪ ᠎ᠦᠨ ᠠᠮᠢ ᠠᠬᠤᠢ ᠣᠷᠴᠢᠨ ᠲᠤᠭᠤᠷᠢᠨ ᠎ᠤ ᠬᠠᠮᠠᠭᠠᠯᠠᠯᠲᠠ ᠎ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠎ᠤᠨ ᠱᠢᠶ᠋ᠳᠪᠦᠷᠢᠯᠡᠭᠦᠯᠬᠦ᠌᠎ᠪᠡᠷ ᠲᠤᠱᠢᠶᠠᠭ᠍ᠰᠠᠨ ᠭᠤᠷᠪᠠᠳᠤᠭᠠᠷ ᠪᠦᠯᠦᠭ ᠎ᠦᠨ ᠵᠠᠬᠢᠳᠠᠯ ᠰᠤᠷᠪᠤᠯᠵᠢᠯᠠᠯ ᠎ᠤᠨ ᠬᠡᠷᠡᠭ᠎ᠲᠦ᠂ ᠤᠯᠠᠨ ᠲᠦᠮᠡᠨ ᠡᠴᠡ《 ᠵᠠᠯᠠᠨ ᠠᠢᠯ ᠬᠣᠲᠠ᠎ᠶ᠋ᠢᠨ ᠲᠢᠶᠸ ᠳ᠋ᠦᠩ ᠵᠡᠭᠡᠯᠢ ᠭᠤᠳᠤᠮᠵᠢ᠎ᠵᠢᠨ ᠬᠡᠷᠡᠭ ᠡᠷᠬᠢᠯᠡᠬᠦ᠌ ᠭᠠᠵᠠᠷ ᠎ᠤᠨ ᠨᠢᠭᠡ ᠭᠤᠤᠯ ᠎ᠤᠨ ᠰᠤᠪᠠᠭ᠎ᠤᠨ ᠮᠦᠰᠦ ᠬᠠᠢᠯᠤᠭᠰᠠᠨ ᠡᠴᠡ ᠡᠯᠳᠡᠪ ᠪᠤᠬᠢᠷ ᠪᠤᠳᠠᠰ ᠬᠤᠷᠠᠵᠤ ᠭᠤᠳᠤᠮᠵᠢᠨ᠎ᠤ ᠠᠮᠠᠰᠠᠷ ᠎ᠢ ᠪᠥᠭ᠌ᠯᠡᠵᠦ᠍᠂ ᠲᠣᠰᠭᠣᠨ᠎ᠤ ᠠᠷᠠᠳ ᠠᠮᠢᠳᠤᠷᠠᠯ ᠎ᠤᠨ ᠬᠣᠭ ᠨᠣᠪᠰᠢ᠎ᠪᠠᠨ ᠰᠢᠢᠳᠪᠤᠷᠢᠯᠡᠬᠦ ᠭᠠᠵᠠᠷ ᠥᠬᠡᠶ ᠪᠣᠯᠵᠤ᠂ ᠲᠠᠷᠠᠴᠢᠯᠠᠨ ᠬᠤᠭ ᠨᠤᠪᠰᠢ ᠡᠴᠡ ᠦᠮᠡᠬᠡᠢ ᠦᠨᠦᠷ ᠭᠠᠷᠴᠤ ᠪᠠᠢᠨ᠎ᠠ》 ᠭᠡᠵᠦ ᠲᠤᠰᠬᠠᠭᠰᠠᠨ ᠪᠠᠢᠨ᠎ᠠ᠃

ᠰᠢᠢᠳᠪᠤᠷᠢᠯᠡᠬᠦᠯᠬᠦ ᠪᠡᠷ ᠰᠢᠯᠵᠢᠬᠦᠯᠤᠨ ᠲᠤᠰᠢᠶᠠᠭᠰᠠᠨ ᠵᠠᠬᠢᠳᠠᠯ ᠰᠤᠷᠪᠤᠯᠵᠢᠯᠠᠯ᠎ᠤ᠋ᠨ ᠭᠡᠷᠡᠭ᠎ᠢ ᠲᠤᠰᠤᠭᠰᠠᠨ᠎ᠤ ᠳᠠᠷᠠᠭ᠎ᠠ᠂ ᠲᠢᠶᠧ ᠳ᠋ᠦᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠬᠢᠨ ᠳᠠᠷᠤᠶ᠎ᠳᠤᠨᠢ ᠪᠠᠢᠴᠠᠭᠠᠯᠳᠠ ᠬᠢᠪᠠ᠃ ᠵᠠᠬᠢᠳᠠᠯ ᠰᠤᠷᠪᠤᠯᠵᠢᠯᠠᠯ ᠎ᠤᠨ ᠬᠡᠷᠡᠭ᠎ᠲᠦ ᠬᠣᠯᠪᠣᠭ᠍ᠳᠠᠭ᠍ᠰᠠᠨ ᠣᠷᠣᠨ ᠪᠦᠰᠡ ᠨᠢ ᠲᠢᠶᠧ ᠳ᠋ᠦᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠱᠢᠨ ᠹᠠ ᠦᠶᠡᠷ ᠵᠠᠯᠠᠬᠤ ᠭᠤᠤ ᠵᠢᠨ ᠣᠷᠴᠢᠮ᠎ᠤᠨ ᠤᠰᠤ ᠤᠷᠤᠰᠤᠨ ᠥᠩᠭᠡᠷᠡᠬᠦ᠌ ᠵᠠᠮ ᠎ᠳᠦ ᠪᠠᠢᠵᠤ᠂ ᠲᠤᠰ ᠦᠶᠡᠷ ᠵᠠᠯᠠᠬᠤ ᠭᠤᠤ ᠨᠢ ᠪᠠᠢᠭᠠᠯᠢ᠎ᠶ᠋ᠢᠨ ᠠᠭᠤᠯᠠᠨ ᠦᠶᠡᠷ ᠎ᠦᠨ ᠭᠤᠤ ᠪᠣᠯᠤᠨ᠎ᠠ᠃ ᠡᠷᠬᠢᠨ ᠲᠣᠭᠣᠷᠢᠨ᠎ᠤ ᠭᠠᠵᠠᠷ᠎ᠤᠨ ᠪᠠᠢᠴᠠ᠎ᠶ᠋ᠢᠨ ᠥᠨᠳᠥᠷ ᠪᠣᠭᠣᠨᠢ ᠨᠢ ᠲᠡᠭ᠌ᠰᠢ ᠥᠬᠡᠶ᠎ᠡᠴᠡ ᠪᠣᠯᠵᠣ᠂ ᠬᠠᠪᠤᠷ᠎ᠤᠨ ᠤᠯᠠᠷᠢᠯ᠎ᠳᠤ ᠬᠠᠢᠯᠤᠭᠰᠠᠨ ᠤᠰᠤ᠎ᠶ᠋ᠢ ᠪᠦᠬᠦᠨ ᠎ᠢ᠋ ᠭᠠᠳᠠᠭ᠍ᠰᠢᠯᠠᠭᠤᠯᠵᠤ ᠳᠡᠢᠯᠬᠦ᠌ ᠥᠬᠡᠶ᠎ᠡᠴᠡ ᠬᠡᠰᠡᠭ ᠬᠠᠢᠯᠤᠭᠰᠠᠨ ᠤᠰᠤ ᠨᠢ ᠪᠢᠯᠬᠠᠵᠤ ᠭᠠᠷᠳᠠᠭ᠃ ᠡᠨᠡ ᠬᠦ᠌ ᠠᠰᠠᠭᠤᠳᠠᠯ ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠲᠢᠶᠧ ᠳ᠋ᠦᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠬᠢᠨ ᠵᠢᠯ ᠪᠦᠷᠢ ᠴᠥᠮ ᠮᠥᠰᠥᠨ ᠭᠠᠳᠠᠷᠭᠤ᠎ᠶ᠋ᠢ ᠴᠤᠭᠤᠯᠵᠤ ᠨᠡᠪᠲᠡᠷᠡᠭᠦᠯᠦᠨ ᠤᠰᠤ ᠲᠠᠲᠠᠭᠤᠯᠵᠤ᠂ 2021 ᠣᠨ᠎ᠳᠤ ᠲᠣᠰ ᠭᠠᠵᠠᠷ ᠎ᠤᠨ ᠳᠡᠭᠡᠷ᠎ᠠ ᠤᠷᠤᠰᠭᠠᠯ᠎ᠤᠨ 400 ᠮᠧᠲ᠋ᠷ ᠎ᠦᠨ ᠭᠠᠵᠠᠷ᠎ᠲᠤ ᠠᠷᠠᠳ᠎ᠲᠤ ᠲᠥᠬᠥᠮ ᠦᠵᠡᠭᠦᠯᠬᠦ᠌ ᠨᠢᠭᠡ ᠲᠡᠮᠦᠷ ᠬᠥᠭᠥᠷᠭᠡ᠎ᠶ᠋ᠢ ᠱᠢᠨ᠎ᠡ᠎ᠪᠡᠷ ᠪᠦᠲᠦᠬᠡᠨ ᠪᠠᠢᠭᠤᠯᠪᠠ᠃ ᠱᠢᠶ᠋ᠳᠪᠦᠷᠢᠯᠡᠭᠦᠯᠬᠦ ᠪᠡᠷ ᠲᠤᠰᠢᠶᠠᠬᠰᠡᠨ ᠵᠠᠬᠢᠳᠠᠯ ᠰᠤᠷᠪᠤᠯᠵᠢᠯᠠᠯ᠎ᠤᠨ ᠬᠡᠷᠡᠭ ᠎ᠢ ᠲᠤᠰᠤᠭᠰᠠᠨ᠎ᠤ ᠳᠠᠷᠠᠭ᠎ᠠ᠂ ᠲᠢᠶᠧ ᠳ᠋ᠦᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠬᠢᠨ ᠮᠥᠰᠥ᠎ᠶ᠋ᠢ ᠠᠷᠢᠯᠭᠠᠵᠤ ᠲᠦᠭ᠌ᠵᠢᠷᠡᠯ ᠎ᠢ ᠠᠷᠢᠯᠭᠠᠬᠤ ᠠᠵᠢᠯ ᠎ᠤᠨ ᠠᠬᠢᠴᠠ᠎ᠪᠠᠨ ᠤᠯᠠᠮ ᠨᠢᠭᠡ ᠠᠯᠬᠤᠮ ᠲᠦᠷᠭᠡᠳᠭᠡᠪᠡ᠃ 3 ᠰᠠᠷ᠎ᠠ᠎ᠶ᠋ᠢᠨ 28 ᠎ᠤ᠋ ᠣᠷᠣᠶ ᠪᠣᠯᠲᠠᠯ᠎ᠠ᠂ ᠬᠤᠷᠠᠭ᠍ᠰᠠᠨ ᠤᠰᠤ᠎ᠶ᠋ᠢ ᠪᠦᠬᠦᠨ ᠎ᠢ ᠵᠠᠯᠠᠵᠤ ᠭᠠᠷᠭᠠᠨ᠂ ᠵᠠᠮ᠎ᠤᠨ ᠬᠣᠶᠠᠷ ᠲᠠᠯ᠎ᠠ᠎ᠪᠠᠷ ᠲᠦᠭᠵᠢᠷᠡᠭᠰᠡᠨ ᠮᠥᠰᠥ ᠵᠡᠷᠭᠡ ᠪᠤᠳᠠᠰ ᠎ᠢ ᠪᠦᠬᠦᠨ ᠎ᠢ ᠴᠡᠪᠡᠷᠯᠡᠵᠦ ᠳᠠᠭᠤᠰᠭᠠᠵᠠᠶ᠃ ᠡᠭᠦᠨ᠎ᠦ ᠬᠠᠮᠲᠤ᠂ ᠲᠢᠶ᠍ᠸ ᠳ᠋ᠦᠩ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠬᠢᠨ ᠪᠠᠰᠠ 30 ᠭᠠᠷᠤᠢ ᠬᠥᠮᠦᠨ ᠎ᠢ ᠵᠣᠬᠢᠶᠠᠨ ᠪᠠᠢᠭᠤᠯᠵᠤ᠂ 2 ᠤᠳᠭᠤᠭᠤᠷ ᠲᠡᠷᠭᠡ᠂ 2 ᠬᠣᠭ ᠨᠣᠪᠰᠢ᠎ᠶ᠋ᠢ ᠴᠡᠪᠡᠷᠯᠡᠨ ᠲᠡᠭᠡᠭᠡᠪᠦᠷᠢᠯᠡᠬᠦ᠌ ᠲᠡᠷᠭᠡ᠂ 1 ᠮᠠᠯᠳᠠᠭᠤᠷ ᠮᠠᠱᠢᠨ ᠬᠥᠳᠡᠯᠭᠡᠵᠦ᠍᠂ ᠬᠠᠷᠢᠶ᠎ᠠ ᠣᠷᠣᠨ᠎ᠤ ᠪᠠᠨ ᠤᠷᠴᠢᠨ ᠲᠤᠭᠤᠷᠢᠨ᠎ᠢ ᠲᠥᠪᠯᠡᠷᠡᠭᠦᠯᠦᠨ ᠴᠡᠭ᠌ᠴᠡᠯᠡᠨ ᠵᠠᠰᠠᠵᠤ᠂ ᠡᠪᠦᠯ ᠎ᠦᠨ ᠤᠯᠠᠷᠢᠯ ᠳ᠋ᠤ ᠬᠤᠷᠠᠮᠳᠤᠭ᠍ᠰᠠᠨ ᠠᠮᠢᠳᠤᠷᠠᠯ ᠎ᠤᠨ ᠬᠣᠭ ᠨᠣᠪᠰᠢ ᠵᠢᠴᠢ ᠲᠣᠰᠭᠣᠨ᠎ᠤ ᠠᠷᠠᠳ᠎ᠤᠨ ᠳᠤᠷ᠎ᠠ᠎ᠪᠠᠷ᠎ᠢᠶᠠᠨ ᠬᠠᠶᠠᠭ᠍ᠰᠠᠨ ᠬᠣᠭ ᠨᠣᠪᠰᠢ᠎ᠶ᠋ᠢ ᠭᠣᠣᠯᠳᠠᠯᠭ᠎ᠠ᠎ᠲᠠᠶ ᠴᠡᠪᠡᠷᠯᠡᠪᠡ᠃ 3 ᠰᠠᠷ᠎ᠠ᠎ᠶ᠋ᠢᠨ 30 ᠎ᠤ᠋ ᠡᠳᠦᠷ ᠪᠣᠯᠲᠠᠯ᠎ᠠ᠂ ᠱᠢᠨ ᠹᠠ ᠦᠶᠡᠷ ᠵᠠᠯᠠᠬᠤ ᠭᠤᠤ᠎ᠶ᠋ᠢ ᠪᠠᠭ᠍ᠲᠠᠭᠠᠭ᠍ᠰᠠᠨ ᠪᠥᠬᠥ᠌ ᠬᠣᠭ ᠨᠣᠪᠰᠢ ᠵᠢᠴᠢ ᠲᠣᠰᠭᠣᠨ᠎ᠤ ᠠᠷᠠᠳ᠎ᠤᠨ ᠳᠤᠷ᠎ᠠ᠎ᠪᠠᠷ᠎ᠢᠶᠠᠨ ᠬᠠᠶᠠᠭᠰᠠᠨ ᠬᠣᠭ ᠨᠣᠪᠰᠢ ᠵᠢ ᠴᠡᠪᠡᠷᠯᠡᠨ ᠲᠡᠭᠡᠭᠡᠪᠦᠷᠢᠯᠡᠬᠦ᠌ ᠠᠵᠢᠯ ᠎ᠢ ᠨᠢᠭᠡᠨᠲᠡ ᠲᠠᠭᠤᠰᠬᠠᠬᠰᠠᠨ ᠪᠥᠭᠡᠳ ᠵᠢᠶᠠᠨ ᠼᠠᠢ ᠵᠠᠮ᠎ᠳᠡᠬᠢ ᠤᠰᠤ ᠤᠷᠤᠰᠤᠨ ᠦᠨᠭᠭᠡᠷᠡᠬᠦ ᠵᠠᠮ ᠎ᠤᠨ ᠣᠢᠷᠠᠯᠴᠠᠭ᠎ᠠ ᠬᠣᠭ ᠨᠣᠪᠰᠢ ᠲᠥᠪᠯᠡᠷᠡᠭᠦᠯᠦᠨ ᠬᠠᠳᠠᠭᠠᠯᠠᠵᠤ ᠱᠢᠯᠵᠢᠭᠦᠯᠦᠨ ᠲᠡᠭᠡᠭᠡᠪᠦᠷᠢᠯᠡᠬᠦ᠌ 1 ᠴᠡᠭ ᠎ᠢ ᠨᠡᠮᠡᠵᠦ᠍ ᠳᠣᠭᠢᠷᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠡᠴᠡ ᠵᠡᠭᠦᠨᠭᠠᠷ ᠬᠣᠱᠢᠭᠤᠨ᠎ᠳᠤ ᠱᠠᠯᠠᠪᠳᠠᠭᠤᠯᠤᠨ ᠱᠢᠶ᠋ᠳᠪᠦᠷᠢᠯᠡᠭᠦᠯᠦᠬᠰᠡᠨ 2 ᠬᠡᠷᠡᠭ ᠎ᠢ ᠣᠷᠳᠣᠰ ᠬᠤᠲᠠ ᠵᠢᠨ ᠬᠢᠨ ᠲᠠᠷᠤᠢ ᠲᠦᠷᠬᠡᠨ ᠲᠣᠬᠢᠷᠠᠭᠤᠯᠤᠨ ᠪᠠᠢᠷᠢᠯᠠᠭᠤᠯᠵᠤ᠂ ᠴᠡᠭ᠌ᠴᠡᠯᠡᠨ ᠰᠠᠢᠵᠢᠷᠠᠭᠤᠯᠬᠤ ᠲᠥᠰᠦᠯ ᠲᠣᠭ᠍ᠲᠠᠭᠠᠵᠤ ᠂ ᠴᠡᠭ᠌ᠴᠡᠯᠡᠨ ᠰᠠᠢᠵᠢᠷᠠᠭᠤᠯᠬᠤ᠎ᠶ᠋ᠢ ᠪᠥᠬᠥ᠌ ᠬᠦᠴᠦᠨ᠎ᠢᠶᠡᠷ ᠠᠬᠢᠭᠤᠯᠪᠠ᠃ ᠲᠣᠭ᠍ᠲᠠᠭᠠᠯ᠎ᠠᠴᠠ ᠵᠥᠷᠢᠴᠡᠵᠦ ᠪᠦᠲᠦᠬᠡᠨ ᠪᠠᠢᠭᠤᠯᠤᠭ᠍ᠰᠠᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠲᠦᠭᠦᠬᠡᠶ ᠮᠠᠲ᠋ᠧᠷᠢᠶᠠᠯ᠎ᠤᠨ ᠴᠥᠭᠥᠷᠥᠮ᠎ᠳᠦ ᠬᠠᠳᠠᠭᠠᠯᠠᠵᠤ ᠪᠠᠢᠭ᠍ᠰᠠᠨ ᠱᠢᠩᠭᠡᠨ ᠪᠡᠶᠡᠲᠦ᠍᠎ᠶ᠋ᠢ ᠨᠢᠭᠡᠨᠲᠡ ᠪᠦᠬᠦᠨ ᠎ᠢ ᠴᠡᠪᠡᠷᠯᠡᠨ ᠱᠢᠯᠵᠢᠭᠦᠯᠦᠭ᠌ᠰᠡᠨ ᠪᠥᠭᠡᠳ ᠳᠤᠮᠳᠠᠳᠤ ᠤᠯᠤᠰ ᠎ᠤᠨ ᠣᠷᠴᠢᠨ ᠲᠣᠭᠣᠷᠢᠨ᠎ᠤ ᠱᠢᠨᠵᠢᠯᠡᠬᠦ᠌ ᠤᠬᠠᠭᠠᠨ᠎ᠤ ᠬᠦᠷᠢᠶᠡᠯᠡᠩ ᠎ᠳᠦ ᠨᠠᠢᠳᠠᠵᠤ᠂ ᠴᠥᠭᠥᠷᠥᠮ ᠎ᠦᠨ ᠳᠣᠲᠣᠷᠠᠬᠢ ᠱᠢᠩᠭᠡᠨ ᠪᠡᠶᠡᠲᠦ᠍᠎ᠶ᠋ᠢᠨ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠦᠵᠡᠭᠦᠯᠬᠦ᠌ ᠨᠥᠯᠥᠭᠡ᠎ᠶ᠋ᠢ ᠶᠡᠷᠦᠩᠬᠡᠢᠯᠡᠨ ᠵᠠᠳᠠᠯᠵᠤ᠂ ᠪᠠᠢᠴᠠᠭᠠᠨ ᠱᠢᠯᠭᠠᠭ᠍ᠰᠠᠨ ᠦᠷ᠎ᠡ ᠳ᠋ᠦᠩ᠎ᠳᠦ ᠨᠡᠪᠴᠢᠬᠦ᠌ ᠪᠠᠢᠳᠠᠯ ᠭᠠᠷᠤᠭ᠍ᠰᠠᠨ ᠥᠬᠡᠶ ᠂ ᠬᠥᠷᠥᠰᠥ᠍ ᠱᠢᠷᠣᠶ᠎ᠶ᠋ᠢ ᠪᠣᠬᠢᠷᠲᠤᠭᠤᠯᠤᠭ᠍ᠰᠠᠨ ᠥᠬᠡᠶ᠃ ᠭᠦᠸᠧ ᠶᠤᠸᠠᠨ ᠨᠡᠭᠦᠷᠡᠰᠦᠨ ᠠᠭᠤᠷᠬᠠᠶ᠎ᠶ᠋ᠢᠨ ᠬᠠᠶᠠᠭ᠍ᠳᠠᠮᠠᠯ ᠤᠰᠤ᠎ᠶ᠋ᠢ ᠲᠤᠬᠠᠶ᠎ᠶ᠋ᠢᠨ ᠭᠠᠵᠠᠷ᠎ᠲᠤᠨᠢ ᠬᠠᠢᠨ ᠪᠠᠢᠴᠠᠭᠠᠵᠤ᠂ ᠳᠠᠭᠠᠭᠤᠯᠢ ᠣᠳᠣᠨ᠎ᠤ ᠰᠡᠭᠦᠳᠡᠷ ᠳᠦᠷᠰᠦ᠎ᠶ᠋ᠢᠨ ᠲᠣᠭ᠎ᠠ ᠪᠠᠷᠢᠮᠲᠠ᠎ᠲᠠᠶ ᠤᠶᠠᠯᠳᠤᠭᠤᠯᠤᠨ ᠵᠠᠳᠠᠯᠤᠯᠳᠠ ᠬᠢᠬᠦ᠎ᠶ᠋ᠢᠨ ᠬᠠᠮᠲᠤ ᠂ ᠥᠪᠡᠷᠲᠡᠭᠡᠨ ᠵᠠᠰᠠᠬᠤ ᠣᠷᠣᠨ᠎ᠤ ᠤᠰᠤᠨ ᠎ᠤ ᠱᠢᠨᠵᠢᠯᠡᠭᠡᠨ᠎ᠦ ᠲᠣᠪᠴᠢᠶ᠎ᠠ ᠎ᠳᠦ ᠨᠠᠢᠳᠠᠵᠤ ᠤᠯᠠᠮ ᠨᠢᠭᠡ ᠠᠯᠬᠤᠮ ᠵᠠᠳᠠᠯᠤᠯᠳᠠ ᠬᠢᠵᠦ ᠬᠢᠨᠠᠨ ᠲᠣᠭ᠍ᠲᠠᠭᠠᠯᠭᠠᠵᠤ᠂ ᠢᠷᠡᠯᠲᠡ ᠨᠢ ᠥᠩᠭᠡᠷᠡᠭ᠌ᠰᠡᠨ ᠵᠢᠯ ᠎ᠦᠨ ᠦᠶᠡᠷ ᠎ᠦᠨ ᠬᠤᠭᠤᠴᠠᠭᠠᠨ᠎ᠳᠤ ᠴᠤᠭ᠍ᠯᠠᠷᠠᠨ ᠪᠣᠶ ᠪᠤᠯᠤᠭᠰᠠᠨ ᠎ᠢ ᠪᠠᠳᠤᠯᠠᠨ ᠂ ᠤᠳᠤ ᠨᠢᠭᠡᠨᠲᠡ ᠪᠦᠬᠦᠨ ᠎ᠢ ᠪᠣᠬᠢᠷ ᠤᠰᠤ ᠱᠢᠶ᠋ᠳᠪᠦᠷᠢᠯᠡᠬᠦ᠌ ᠦᠶ᠋ᠯᠡᠳᠪᠦᠷᠢ᠎ᠳᠦ ᠴᠤᠭ᠍ᠯᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠣᠲᠠ ᠎ᠵᠢᠨ ᠬᠢᠨ ᠲᠥᠪ ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠎ᠤᠨ ᠰᠢᠯᠵᠢᠬᠦᠯᠦᠨ ᠰᠢᠢᠳᠪᠦᠷᠢᠯᠡᠬᠦᠯᠦᠭᠰᠡᠨ ᠬᠡᠷᠡᠭ᠂ ᠬᠠᠷᠢᠭᠤ ᠲᠤᠰᠭᠠᠭ᠍ᠰᠠᠨ ᠠᠰᠠᠭᠤᠳᠠᠯ ᠨᠢᠭᠡᠪᠦᠷᠢ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠂ ᠬᠢᠨᠠᠮᠠᠭᠠᠶ ᠬᠠᠨᠳᠤᠵᠤ ᠂ ᠦᠳᠲᠡᠷ ᠲᠦᠷᠭᠡᠨ ᠪᠠᠢᠴᠠᠭᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠭ᠍ᠲᠠᠭᠠᠭ᠍ᠰᠠᠨ ᠴᠠᠭ ᠬᠤᠭᠤᠴᠠᠭ᠎ᠠ ᠶᠣᠰᠣᠭᠠᠷ ᠴᠡᠭ᠌ᠴᠡᠯᠡᠨ ᠰᠠᠢᠵᠢᠷᠠᠭᠤᠯᠵᠤ ᠰᠢᠢᠳᠪᠤᠷᠢᠯᠡᠭᠰᠡᠨ ᠪᠠᠢᠳᠠᠯ ᠎ᠢ ᠮᠡᠳᠡᠭᠦᠯᠦᠨ ᠬᠦᠷᠭᠡᠪᠡ᠃

4 ᠰᠠᠷ᠎ᠠ᠎ᠶ᠋ᠢᠨ 8 ᠎ᠤ᠋ ᠡᠳᠦᠷ᠂ ᠲᠥᠪ ᠎ᠦᠨ ᠬᠤᠶᠠᠳᠤᠭᠠᠷ ᠡᠭᠡᠯᠵᠢ᠎ᠵᠢᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠬᠥᠬᠡᠬᠣᠲᠠ᠎ᠳᠤ ᠠᠷᠪᠠᠨ ᠳᠥᠷᠪᠡᠳᠦᠭᠡᠷ ᠪᠦᠯᠦᠭ ᠎ᠦᠨ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ ᠎ᠤᠨ ᠢᠯᠡᠴᠢᠯᠡᠨ ᠮᠡᠳᠡᠭᠦᠯᠦᠭ᠌ᠰᠡᠨ 14 ᠬᠡᠷᠡᠭ ᠎ᠢ ᠱᠢᠶ᠋ᠳᠪᠦᠷᠢᠯᠡᠭᠦᠯᠬᠦ ᠪᠡᠷ ᠲᠤᠰᠢᠶᠠᠪᠡ᠃ ᠲᠤᠬᠠᠶ᠎ᠶ᠋ᠢᠨ ᠡᠳᠦᠷ ᠪᠣᠯᠲᠠᠯ᠎ᠠ ᠂ ᠬᠥᠬᠡᠬᠣᠲᠠ ᠨᠢᠭᠡᠨᠲᠡ ᠠᠷᠪᠠᠨ ᠲᠦᠷᠪᠡᠳᠦᠭᠡᠷ ᠪᠦᠯᠦᠭ᠎ᠤᠨ 161 ᠵᠠᠬᠢᠳᠠᠯ ᠰᠤᠷᠪᠤᠯᠵᠢᠯᠠᠯ ᠎ᠤᠨ ᠬᠡᠷᠡᠭ ᠎ᠢ ᠭᠥᠯᠢᠶᠡᠨ ᠠᠪᠴᠤ᠌ ᠱᠢᠶ᠋ᠳᠪᠦᠷᠢᠯᠡᠨ ᠂ ᠨᠢᠭᠡᠨᠲᠡ ᠬᠣᠯᠪᠣᠭ᠍ᠳᠠᠯ ᠪᠥᠬᠥᠶ ᠬᠣᠱᠢᠭᠤ ᠱᠢᠶᠠᠨ ᠲᠣᠭᠣᠷᠢᠭ ᠂ ᠰᠠᠯᠠᠭ᠎ᠠ ᠮᠥᠴᠢᠷ᠎ᠲᠦ 97 ᠬᠤᠪᠢ ᠱᠢᠶ᠋ᠳᠪᠦᠷᠢᠯᠡᠬᠦ᠌ ᠵᠠᠬᠢᠳᠠᠯ ᠢᠯᠡᠭᠡᠵᠤ ᠂ ᠡᠯ᠎ᠡ ᠬᠣᠯᠪᠣᠭ᠍ᠳᠠᠯ ᠪᠥᠬᠥᠶ ᠨᠢᠭᠡᠴᠢ᠎ᠵᠢᠨ ᠬᠢᠨ ᠨᠢᠭᠡᠨᠲᠡ ᠪᠥᠬᠥ᠌ ᠲᠠᠯ᠎ᠠ᠎ᠪᠠᠷ ᠬᠢᠨᠠᠨ ᠪᠠᠢᠴᠠᠭᠠᠵᠤ ᠱᠢᠶ᠋ᠳᠪᠦᠷᠢᠯᠡᠭ᠌ᠰᠡᠨ ᠪᠠᠢᠨ᠎ᠠ᠃ ᠲᠦᠷᠦᠭᠦᠦ ᠳᠥᠷᠪᠡᠨ ᠪᠦᠯᠦᠭ᠎ᠤᠨ 25 ᠵᠠᠬᠢᠳᠠᠯ ᠰᠤᠷᠪᠤᠯᠵᠢᠯᠠᠯ ᠎ᠤᠨ ᠬᠡᠷᠡᠭ ᠎ᠤᠨ ᠱᠢᠶ᠋ᠳᠪᠦᠷᠢᠯᠡᠭ᠌ᠰᠡᠨ ᠪᠠᠢᠳᠠᠯ ᠎ᠢ ᠨᠢᠭᠡᠨᠲᠡ ᠬᠣᠲᠠ᠎ᠶ᠋ᠢᠨ ᠬᠠᠷᠢᠶ᠎ᠠ ᠨᠠᠮ ᠎ᠤᠨ ᠵᠠᠭᠤᠴᠢᠯᠠᠭᠤᠷ᠎ᠲᠤ ᠵᠠᠷᠯᠠᠨ ᠨᠡᠢᠲᠡᠯᠡᠵᠦ᠍᠂ ᠲᠠᠪᠤᠳᠤᠭᠠᠷ ᠪᠦᠯᠦᠭ ᠎ᠤᠨ12 ᠵᠠᠬᠢᠳᠠᠯ ᠰᠤᠷᠪᠤᠯᠵᠢᠯᠠᠯ᠎ᠤᠨ ᠬᠡᠷᠡᠭ ᠎ᠢ ᠵᠠᠷᠯᠠᠨ ᠨᠡᠢᠲᠡᠯᠡᠬᠦ᠌᠎ᠪᠡᠷ ᠲᠥᠯᠥᠪᠯᠡᠵᠦ᠍ ᠂ ᠵᠢᠷᠭᠤᠳᠤᠭᠠᠷ᠂ ᠳᠣᠯᠣᠳᠤᠭᠠᠷ ᠪᠦᠯᠦᠭ᠎ᠤᠨ ᠵᠠᠬᠢᠳᠠᠯ ᠰᠤᠷᠪᠤᠯᠵᠢᠯᠠᠯ ᠎ᠤᠨ ᠬᠡᠷᠡᠭ ᠎ᠢ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠬᠡᠷᠡᠭ ᠰᠢᠢᠳᠪᠦᠷᠢᠯᠡᠬᠦ ᠳᠤᠭᠤᠢᠯᠠᠩ᠎ᠳᠤ ᠮᠡᠳᠡᠭᠦᠯᠵᠦ᠍᠂ ᠨᠠᠶ᠋ᠮᠠᠳᠤᠭᠠᠷ ᠪᠦᠯᠦᠭ᠎ᠤᠨ ᠵᠠᠬᠢᠳᠠᠯ ᠰᠤᠷᠪᠤᠯᠵᠢᠯᠠᠯ᠎ᠤᠨ ᠬᠡᠷᠡᠭ ᠎ᠢ ᠨᠢᠭᠡᠨᠲᠡ ᠱᠢᠶ᠋ᠳᠪᠦᠷᠢᠯᠡᠵᠦ᠍ ᠳᠠᠭᠤᠰᠭᠠᠭ᠍ᠰᠠᠨ ᠪᠥᠭᠡᠳ ᠳᠡᠭᠡᠭ᠌ᠰᠢ ᠬᠣᠲᠠ᠎ᠶ᠋ᠢᠨ ᠨᠠᠮ ᠎ᠤᠨ ᠬᠣᠷᠢᠶ᠎ᠠ ᠂ ᠵᠠᠰᠠᠭ ᠎ᠤᠨ ᠣᠷᠳᠣᠨ᠎ᠳᠤ ᠮᠡᠳᠡᠭᠦᠯᠦᠨ ᠬᠢᠨᠠᠭᠤᠯᠵᠤ ᠭᠠᠷ ᠎ᠤᠨ ᠥᠰᠥᠭ ᠵᠢᠷᠤᠭᠤᠯᠵᠤ ᠂ ᠶᠢᠰᠦᠳᠦᠭᠡᠷ ᠪᠦᠯᠦᠭ᠎ᠤᠨ ᠵᠠᠬᠢᠳᠠᠯ ᠰᠤᠷᠪᠤᠯᠵᠢᠯᠠᠯ ᠎ᠤᠨ ᠬᠡᠷᠡᠭ ᠎ᠢ ᠨᠢᠭᠡᠨᠲᠡ ᠬᠢᠨᠠᠨ ᠬᠠᠷᠭᠤᠭᠤᠯᠵᠤ᠂ ᠱᠢᠶ᠋ᠳᠪᠦᠷᠢᠯᠡᠵᠦ᠍ ᠳᠠᠭᠤᠰᠭᠠᠬᠤ ᠶᠠᠪᠤᠴᠠ᠎ᠶ᠋ᠢ ᠶᠠᠭ ᠭᠦᠶ᠋ᠴᠡᠳᠭᠡᠵᠦ᠍ ᠂ ᠪᠤᠰᠤᠳ ᠬᠡᠷᠡᠭ ᠎ᠢ ᠶᠠᠬ ᠱᠢᠶ᠋ᠳᠪᠦᠷᠢᠯᠡᠵᠦ᠍ ᠪᠠᠢᠨ᠎ᠠ᠃

4 ᠰᠠᠷ᠎ᠠ᠎ᠶ᠋ᠢᠨ 9᠎ᠤ᠋ ᠡᠳᠦᠷ ᠪᠣᠯᠲᠠᠯ᠎ᠠ᠂ ᠬᠥᠯᠥᠨ ᠪᠤᠢ᠌ᠷ ᠬᠤᠳᠠ᠎ᠶ᠋ᠢᠨ ᠬᠢᠨ ᠲᠥᠪ ᠎ᠦᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠭᠤᠷᠪᠠᠳᠤᠭᠠᠷ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠎ᠤᠨ ᠰᠢᠢᠳᠪᠤᠷᠢᠯᠡᠬᠦᠯᠬᠦ ᠪᠡᠷ ᠲᠤᠱᠢᠶᠠᠭ᠍ᠰᠠᠨ ᠠᠷᠪᠠᠨ ᠲᠠᠪᠤᠳᠤᠭᠠᠷ ᠪᠦᠯᠦᠭ ᠎ᠤᠨ ᠣᠷᠴᠢᠨ ᠲᠣᠭᠣᠷᠢᠨ᠎ᠤ ᠬᠦᠷᠢᠶᠡᠨ᠎ᠳᠦ ᠬᠣᠯᠪᠣᠭ᠍ᠳᠠᠭ᠍ᠰᠠᠨ ᠤᠯᠠᠨ ᠲᠦᠮᠡᠨ᠎ᠦ ᠢᠯᠡᠴᠢᠯᠡᠨ ᠮᠡᠳᠡᠭᠦᠯᠦᠭ᠌ᠰᠡᠨ 101 ᠬᠡᠷᠡᠭ (75 ᠤᠲᠠᠰᠤ ᠂ 26 ᠵᠠᠬᠢᠳᠠᠯ ) ᠎ᠢ᠋ ᠬᠦᠯᠢᠶᠠᠨ ᠠᠪᠤᠪᠠ ᠂ ᠡᠭᠦᠨ᠎ᠳᠦ ᠭᠣᠣᠯᠳᠠᠯᠭ᠎ᠠ᠎ᠲᠠᠶ ᠠᠩᠬᠠᠷᠴᠤ ᠪᠦᠬᠦᠢ ᠬᠡᠷᠡᠭ 12 ᠪᠤᠢ᠃ ᠪᠦᠬᠦ ᠬᠡᠷᠡᠭ ᠎ᠢ ᠴᠥᠮ ᠬᠠᠮᠢᠶ᠎ᠠ ᠪᠦᠬᠦᠢ ᠬᠣᠱᠢᠭᠤ ᠬᠣᠲᠠ ᠲᠣᠭᠣᠷᠢᠭ ᠂ ᠬᠣᠲᠠ᠎ᠶ᠋ᠢᠨ ᠱᠢᠭᠤᠳ ᠬᠠᠷᠢᠶ᠎ᠠ ᠰᠠᠯᠠᠭ᠎ᠠ ᠮᠥᠴᠢᠷ ᠵᠢᠴᠢ ᠬᠣᠯᠪᠣᠭ᠍ᠳᠠᠯ ᠪᠦᠬᠦᠢ ᠴᠡᠭ᠌ᠴᠡᠯᠡᠨ ᠰᠠᠢᠵᠢᠷᠠᠭᠤᠯᠵᠤ ᠱᠠᠯᠠᠪᠳᠠᠭᠤᠯᠤᠨ ᠰᠢᠢᠳᠪᠦᠷᠢᠯᠡᠬᠦᠯᠬᠦ ᠠᠵᠢᠯ ᠎ᠤᠨ ᠲᠤᠰᠭᠠᠶ ᠠᠩᠭᠢ᠎ᠳᠤ ᠲᠠᠮᠵᠢᠭᠤᠯᠤᠨ᠂ ᠵᠠᠳᠠᠯᠤᠨ ᠰᠤᠳᠤᠯᠵᠤ ᠮᠠᠭᠠᠳᠯᠠᠬᠤ ᠵᠢᠴᠢ ᠱᠠᠯᠠᠪᠳᠠᠭᠤᠯᠤᠨ ᠪᠠᠢᠴᠠᠭᠠᠵᠤ ᠴᠡᠭ᠌ᠴᠡᠯᠡᠨ ᠰᠠᠢᠵᠢᠷᠠᠭᠤᠯᠬᠤ ᠠᠵᠢᠯ ᠎ᠢ ᠵᠡᠷᠭᠡ᠎ᠳᠦᠨᠢ ᠥᠷᠨᠢᠭᠦᠯᠵᠦ᠍᠂ ᠠᠵᠢᠯ᠎ᠤᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ ᠪᠠᠢᠨ᠎ᠠ᠃ ᠱᠠᠯᠠᠪᠳᠠᠭᠤᠯᠤᠨ ᠪᠠᠢᠴᠠᠭᠠᠬᠤ ᠠᠵᠢᠯ ᠎ᠤᠨ ᠱᠠᠭᠠᠷᠳᠠᠯᠭ᠎ᠠ ᠪᠠ ᠴᠠᠭ ᠎ᠤᠨ ᠲᠣᠬᠢᠷᠠᠭᠤᠯᠤᠯᠲᠠ᠎ᠶ᠋ᠢ ᠦᠨᠳᠦᠰᠦᠯᠡᠨ ᠂ ᠬᠥᠯᠥᠨ ᠪᠣᠢᠷ ᠬᠣᠲᠠ᠎ᠵᠢᠨ ᠬᠢᠨ ᠣᠳᠣᠬᠠᠨ᠎ᠳᠤ ᠥᠪᠡᠷᠲᠡᠭᠡᠨ ᠵᠠᠰᠠᠬᠤ ᠣᠷᠣᠨ᠎ᠤ ᠲᠦᠷᠦᠭᠦᠦ 9 ᠪᠦᠯᠦᠭ ᠨᠡᠢᠲᠡ 58 ᠬᠤᠪᠢ ᠵᠠᠬᠢᠳᠠᠯ ᠰᠤᠷᠪᠤᠯᠵᠢᠯᠠᠯ ᠎ᠤᠨ ᠬᠡᠷᠡᠭ᠎ᠢ ᠨᠢᠭᠡᠨᠲᠡ ᠱᠢᠶ᠋ᠳᠪᠦᠷᠢᠯᠡᠭ᠌ᠰᠡᠨ ᠪᠥᠭᠡᠳ ᠳᠡᠭᠡᠭ᠌ᠰᠢ ᠮᠡᠳᠡᠭᠦᠯᠪᠡ ᠂ ᠡᠭᠦᠨ᠎ᠳᠦ 24 ᠬᠤᠪᠢ᠎ᠶ᠋ᠢ ᠨᠢ ᠨᠢᠭᠡᠨᠲᠡ ᠱᠢᠶ᠋ᠳᠪᠦᠷᠢᠯᠡᠨ ᠳᠠᠭᠤᠰᠭᠠᠵᠤ᠂ 24 ᠬᠤᠪᠢ᠎ᠶ᠋ᠢ ᠨᠢ ᠱᠠᠲᠤᠴᠢ ᠴᠢᠨᠠᠷᠲᠠᠶ᠎ᠪᠠᠷ ᠱᠢᠶ᠋ᠳᠪᠦᠷᠢᠯᠡᠨ ᠳᠠᠭᠤᠰᠭᠠᠵᠤ᠂ 10 ᠬᠤᠪᠢ᠎ᠶ᠋ᠢ ᠨᠢ ᠱᠢᠶ᠋ᠳᠪᠦᠷᠢᠯᠡᠵᠦ ᠳᠠᠭᠤᠰᠤᠭᠠᠳᠤᠢ ᠪᠠᠢᠨ᠎ᠠ᠃

ᠣᠢᠷ᠎ᠠ᠎ᠶ᠋ᠢᠨ ᠡᠳᠦᠷ᠎ᠦᠳ᠎ᠲᠦ ᠂ ᠣᠷᠳᠣᠰ ᠬᠣᠲᠠ᠎ᠵᠢᠨ ᠬᠢᠨ ᠥᠪᠡᠷᠲᠡᠭᠡᠨ ᠵᠠᠰᠠᠬᠤ ᠣᠷᠣᠨ᠎ᠡᠴᠡ ᠬᠤᠷᠠᠯᠳᠤᠭᠤᠯᠤᠭ᠍ᠰᠠᠨ ᠬᠡᠷᠡᠭ ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠲᠤᠬᠢᠷᠠᠭᠤᠯᠤᠯᠳᠠ᠎ᠵᠢᠨ ᠬᠤᠷᠠᠯ ᠪᠠ ᠨᠡᠢᠲᠡᠯᠢᠭ ᠬᠡᠷᠡᠭ᠎ᠤᠨ ᠵᠢᠱ᠌ᠢᠶ᠎ᠡ ᠵᠢ ᠴᠡᠭ᠌ᠴᠡᠯᠡᠨ ᠰᠠᠢᠵᠢᠷᠠᠭᠤᠯᠬᠤ ᠠᠵᠢᠯ᠎ᠤᠨ ᠲᠤᠰᠭᠠᠶ ᠰᠡᠳᠦᠪᠲᠦ ᠬᠤᠷᠠᠯ᠎ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ᠎ᠵᠢᠨ ᠵᠡᠭᠦᠨᠭᠠᠷ ᠬᠣᠱᠢᠭᠤᠨ᠎ᠳᠤ ᠲᠠᠯᠳᠠᠭᠤᠷ ᠪᠠᠢᠴᠠᠭᠠᠵᠤ ᠱᠠᠯᠠᠪᠳᠠᠭᠤᠯᠤᠨ ᠱᠢᠶ᠋ᠳᠪᠦᠷᠢᠯᠡᠭᠦᠯᠬᠦ᠌ ᠱᠠᠭᠠᠷᠳᠠᠯᠭ᠎ᠠ ᠶᠣᠰᠣᠭᠠᠷ᠂ ᠴᠡᠭ᠌ᠴᠡᠯᠡᠨ ᠰᠠᠢᠵᠢᠷᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠴᠡᠭ᠌ᠴᠡᠯᠡᠨ ᠰᠠᠢᠵᠢᠷᠠᠭᠤᠯᠬᠤ ᠰᠠᠬᠢᠯᠭ᠎ᠠ ᠪᠠᠲᠤ᠎ᠶ᠋ᠢ ᠴᠢᠩᠳᠠᠯᠠᠵᠤ᠂ ᠬᠡᠷᠡᠭ ᠎ᠢ ᠱᠢᠶ᠋ᠳᠪᠦᠷᠢᠯᠡᠬᠦ᠌ ᠠᠵᠢᠯ ᠎ᠢ ᠯᠠᠪᠳᠠᠭᠤᠨ ᠪᠠᠲᠤᠲᠠᠶ ᠠᠬᠢᠭᠤᠯᠵᠤ ᠪᠠᠢᠨ᠎ᠠ᠃ ᠬᠣᠲᠠ᠎ᠶ᠋ᠢᠨ ᠨᠠᠮ ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠬᠤᠷᠠᠯ ᠎ᠢ 2 ᠤᠳᠠᠭ᠎ᠠ ᠬᠤᠷᠠᠯᠳᠤᠭᠤᠯᠵᠤ ᠲᠤᠰᠭᠠᠢ ᠰᠡᠳᠦᠪ᠎ᠵᠢᠡᠷ ᠲᠣᠬᠢᠷᠠᠭᠤᠯᠤᠨ ᠪᠠᠢᠷᠢᠯᠠᠭᠤᠯᠵᠤ᠂ ᠠᠵᠢᠯ᠎ᠤᠨ ᠵᠢᠷᠬᠢᠶ᠎ᠠ ᠬᠤᠯᠪᠤᠭ᠎ᠠ᠎ᠳᠠᠭᠠᠨ ᠡᠳᠦᠷ ᠪᠦᠷᠢ ᠲᠣᠬᠢᠷᠠᠭᠤᠯᠤᠯᠲᠠ ᠬᠢᠬᠦ ᠪᠠᠷ ᠲᠠᠮᠵᠢᠭᠤᠯᠤᠨ᠂ ᠬᠣᠲᠠ᠎ᠶ᠋ᠢᠨ ᠱᠠᠲᠤᠨ᠎ᠤ ᠨᠠᠮ ᠵᠠᠰᠠᠭ ᠎ᠤᠨ ᠤᠳᠤᠷᠢᠳᠤᠯᠭ᠎ᠠ᠎ᠶ᠋ᠢᠨ ᠱᠠᠯᠠᠪᠳᠠᠭᠤᠯᠤᠨ ᠪᠠᠢᠴᠠᠭᠠᠯᠲᠠ᠎ᠶ᠋ᠢ ᠴᠢᠩᠭᠠᠳᠭᠠᠵᠤ᠂ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ ᠱᠠᠯᠠᠪᠳᠠᠭᠤᠯᠤᠨ ᠪᠠᠢᠴᠠᠭᠠᠵᠤ ᠱᠠᠯᠠᠪᠳᠠᠭᠤᠯᠤᠨ ᠬᠢᠯᠭᠡᠵᠦ᠍᠂ 《1 ᠴᠠᠭ᠎ᠤᠨ ᠳᠣᠲᠣᠷ᠎ᠠ ᠬᠣᠱᠢᠭᠤ ᠲᠣᠭᠣᠷᠢᠭ᠎ᠲᠤ ᠰᠢᠢᠳᠪᠦᠷᠢᠯᠡᠬᠦᠯᠬᠦ ᠪᠡᠷ ᠲᠤᠱᠢᠶᠠᠨ᠂ 3 ᠴᠠᠭ ᠎ᠤᠨ ᠳᠣᠲᠣᠷ᠎ᠠ ᠲᠤᠬᠠᠢ᠎ᠶ᠋ᠢᠨ ᠲᠠᠯᠠᠪᠤᠷ᠎ᠲᠤ ᠬᠥᠮᠦᠨ ᠲᠣᠮᠢᠯᠠᠨ ᠣᠴᠢᠭᠤᠯᠵᠤ᠂ ᠲᠣᠰ ᠡᠳᠦᠷ᠎ᠲᠦᠨᠢ ᠦᠨᠳᠦᠰᠦᠨ ᠪᠠᠢᠳᠠᠯ᠎ᠢ ᠪᠠᠢᠴᠠᠭᠠᠨ ᠲᠣᠳᠣᠯᠠᠵᠤ᠂ 3 ᠡᠳᠦᠷ᠎ᠦᠨ ᠳᠣᠲᠣᠷ᠎ᠠ ᠠᠩᠬ᠎ᠠ ᠠᠯᠬᠤᠮ ᠎ᠤᠨ ᠪᠠᠢᠴᠠᠭᠠᠯᠲᠠ᠎ᠶ᠋ᠢᠨ ᠮᠡᠳᠡᠭᠦᠯᠦᠯᠲᠡ᠎ᠶ᠋ᠢ ᠪᠦᠷᠢᠯᠳᠦᠭᠦᠯᠵᠦ᠍᠂ 5 ᠡᠳᠦᠷ᠎ᠦᠨ ᠳᠣᠲᠣᠷ᠎ᠠ ᠬᠢᠨᠠᠨ ᠬᠠᠷᠭᠤᠭᠤᠯᠵᠤ ᠰᠤᠳᠤᠯᠤᠨ ᠮᠠᠭᠠᠳᠯᠠᠵᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠍᠂ 7 ᠡᠳᠦᠷ ᠎ᠦᠨ ᠳᠣᠲᠣᠷ᠎ᠠ ᠭᠦᠢᠴᠡᠳᠭᠡᠭ᠌ᠰᠡᠨ ᠦᠷ᠎ᠡ ᠳ᠋ᠦᠩ᠎ᠢᠶᠡᠨ ᠳᠡᠭᠡᠭ᠌ᠰᠢ ᠮᠡᠳᠡᠭᠦᠯᠬᠦ᠌》 ᠬᠠᠷᠢᠭᠤ ᠲᠤᠰᠭᠠᠨ ᠴᠡᠭ᠌ᠴᠡᠯᠡᠨ ᠰᠠᠢᠵᠢᠷᠠᠭᠤᠯᠬᠤ ᠠᠵᠢᠯ ᠎ᠤᠨ ᠲᠣᠭ᠍ᠲᠠᠴᠠ᠎ᠶ᠋ᠢ ᠪᠠᠢᠭᠤᠯᠪᠠ᠃

4 ᠰᠠᠷ᠎ᠠ᠎ᠶ᠋ᠢᠨ 9 ᠎ᠤ᠋ ᠡᠳᠦᠷ ᠪᠣᠯᠲᠠᠯ᠎ᠠ᠂ ᠲᠥᠪ ᠎ᠦᠨ ᠱᠠᠯᠠᠪᠳᠠᠭᠤᠯᠤᠨ ᠪᠠᠢᠴᠠᠭᠠᠬᠤ ᠳᠤᠭᠤᠢᠯᠠᠩ ᠤᠷᠳᠤᠰ ᠬᠤᠳᠠ᠎ᠳᠤ ᠤᠯᠠᠨ ᠲᠦᠮᠡᠨ᠎ᠦ ᠵᠠᠬᠢᠳᠠᠯ ᠰᠤᠷᠪᠤᠯᠵᠢᠯᠠᠯ ᠵᠢᠡᠷ ᠢᠯᠡᠴᠢᠯᠡᠨ ᠮᠡᠳᠡᠭᠦᠯᠦᠭ᠌ᠰᠡᠨ 14 ᠪᠦᠯᠦᠭ 153 ᠬᠡᠷᠡᠭ ᠎ᠢ ᠱᠢᠯᠵᠢᠭᠦᠯᠦᠨ ᠱᠢᠢᠳᠪᠦᠷᠢᠯᠡᠭᠦᠯᠵᠦ᠍᠂ ᠤᠳᠤ ᠨᠢᠭᠡᠨᠲᠡ 118 ᠬᠡᠷᠡᠭ ᠎ᠢ ᠪᠠᠢᠴᠠᠭᠠᠨ ᠲᠠᠭᠤᠰᠬᠠᠵᠤ᠂ 90 ᠭᠡᠷᠡᠭ᠎ᠢ ᠥᠪᠡᠷᠲᠡᠭᠡᠨ ᠵᠠᠰᠠᠬᠤ ᠣᠷᠣᠨ᠎ᠳᠤ ᠮᠡᠳᠡᠭᠦᠯᠦᠨ ᠬᠢᠨᠠᠨ ᠬᠠᠷᠭᠤᠭᠤᠯᠵᠤ ᠂ ᠥᠪᠡᠷᠲᠡᠭᠡᠨ ᠵᠠᠰᠠᠬᠤ ᠣᠷᠣᠨ᠎ᠤ ᠬᠢᠨᠠᠨ ᠬᠠᠷᠭᠤᠭᠤᠯᠤᠯᠲᠠ᠎ᠪᠠᠷ ᠲᠠᠮᠵᠢᠨ 49 ᠬᠡᠷᠡᠭ ᠎ᠢ ᠵᠠᠷᠯᠠᠵᠤ᠂ 18 ᠬᠡᠷᠡᠭ ᠎ᠢ ᠨᠢᠭᠡᠨᠲᠡ ᠱᠢᠢᠳᠪᠦᠷᠢᠯᠡᠨ ᠳᠠᠭᠤᠰᠭᠠᠵᠤ᠂ 18 ᠬᠡᠷᠡᠭ ᠎ᠢ ᠱᠠᠳᠤᠴᠢ ᠴᠢᠨᠠᠷᠲᠠᠢ᠎ᠪᠠᠷ ᠱᠢᠢᠳᠪᠦᠷᠢᠯᠡᠨ ᠳᠠᠭᠤᠰᠭᠠᠵᠠᠢ᠃ 38 ᠬᠥᠮᠦᠨ᠎ᠡᠴᠡ ᠬᠠᠷᠢᠭᠤᠴᠠᠯᠭ᠎ᠠ ᠨᠡᠬᠡᠮᠵᠢᠯᠡᠵᠦ᠍᠂ 6 ᠠᠵᠤ ᠠᠬᠤᠢᠯᠠᠯ᠎ᠢ ᠰᠢᠢᠳᠪᠤᠷᠢᠯᠡᠵᠤ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠡᠴᠡ 4 ᠬᠡᠷᠡᠭ ᠎ᠢ ᠬᠡᠷᠡᠭ ᠪᠣᠯᠭᠠᠨ ᠳᠡᠩᠰᠡᠯᠡᠵᠤ ᠳᠡᠩᠨᠡᠨ ᠰᠢᠢᠳᠪᠤᠷᠢᠯᠡᠵᠤ᠂ 11 ᠭᠡᠷᠡᠭ᠎ᠢ ᠵᠠᠰᠠᠭ ᠵᠠᠬᠢᠷᠭᠠᠨ᠎ᠤ ᠬᠡᠷᠡᠭ ᠪᠣᠯᠭᠠᠨ ᠳᠡᠩᠰᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面